ᠤᠳᠭ᠎ᠠ ᠤᠷᠠᠯᠢᠭ᠎ᠢᠶᠡᠷ ᠬᠡᠦᠬᠡᠳ᠎ᠦᠨ ᠰᠡᠳᠭᠢᠯ᠎ᠢ ᠤᠮᠳᠠᠯᠠᠵᠤ ᠦᠨᠳᠦᠰᠦᠲᠡᠨ᠎ᠦ ᠪᠦᠯᠬᠦᠮᠳᠡᠯ᠎ᠢ ᠬᠥᠮᠦᠰ᠎ᠦᠨ ᠰᠡᠳᠭᠢᠯ᠎ᠳᠦ ᠬᠠᠳᠠᠩᠱᠢᠭᠤᠯᠤᠨ᠎ᠠ
2026-06-17 11:29:31
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠲᠦᠷᠦᠭᠦᠭᠡᠨ᠂ ᠥᠪᠥᠷ ᠮᠣᠩᠭᠣᠯ᠎ᠤᠨ《ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠎ᠶ᠋ᠢᠨ ᠰᠠᠷ᠎ᠠ》᠂ 《ᠦᠨᠳᠦᠰᠦᠲᠡᠨ᠎ᠦ ᠬᠠᠤᠯᠢ᠎ᠪᠠᠷ ᠵᠠᠰᠠᠬᠤ ᠤᠬᠠᠭᠤᠯᠭ᠎ᠠ᠎ᠶ᠋ᠢᠨ ᠭᠠᠷᠠᠭ》 ᠵᠢᠡᠷ ᠠᠵᠠ ᠲᠣᠬᠢᠶᠠᠯ᠎ᠢᠶᠠᠷ᠂ ᠬᠥᠬᠡᠬᠣᠲᠠ᠎ᠶ᠋ᠢᠨ ᠰᠠᠢᠬᠠᠨ ᠲᠣᠭᠣᠷᠢᠭ᠎ᠤᠨ ᠨᠠᠨ ᠮᠸᠨ ᠸᠠᠢ ᠪᠠᠭ᠎ᠠ ᠰᠤᠷᠭᠠᠭᠤᠯᠢ 《ᠠᠨᠠᠷ᠎ᠦᠨ ᠦᠷ᠎ᠠ ᠰᠡᠳᠭᠢᠯ ᠨᠢᠭᠡᠳᠦᠨ ᠪᠦᠯᠬᠦᠮᠳᠡᠯ᠎ᠢ ᠠᠬᠢᠭᠤᠯᠬᠤ》 ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠎ᠶ᠋ᠢᠨ ᠰᠠᠷ᠎ᠠ ᠵᠢᠴᠢ ᠦᠨᠳᠦᠰᠦᠲᠡᠨ᠎ᠦ ᠬᠠᠤᠯᠢ᠎ᠪᠠᠷ ᠵᠠᠰᠠᠬᠤ ᠤᠬᠠᠭᠤᠯᠭ᠎ᠠ᠎ᠶ᠋ᠢᠨ ᠭᠠᠷᠠᠭ᠎ᠤᠨ ᠭᠤᠤᠯ ᠰᠡᠳᠦᠪᠲᠦ ᠰᠤᠷᠭᠠᠨ ᠬᠥᠮᠦᠵᠢᠯ᠎ᠦᠨ ᠤᠳᠭ᠎ᠠ ᠤᠷᠠᠯᠢᠭ᠎ᠤᠨ ᠦᠵᠡᠭᠦᠯᠭᠡ᠎ᠶ᠋ᠢᠨ ᠲᠣᠭ᠍ᠯᠠᠯᠲᠠ᠎ᠶ᠋ᠢᠨ ᠠᠵᠢᠯᠯᠠᠭ᠎ᠠ ᠡᠷᠭᠢᠯᠡᠪᠡ᠃ ᠲᠣᠰ ᠤᠳᠠᠭᠠᠨ᠎ᠤ ᠠᠵᠢᠯᠯᠠᠭ᠎ᠠ᠎ᠨᠢ ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠵᠤ᠂ ᠦᠵᠡᠯ ᠰᠠᠨᠠᠭ᠎ᠠ ᠤᠯᠤᠰ ᠲᠥᠷᠥ᠎ᠶ᠋ᠢᠨ ᠰᠦᠭ ᠰᠦᠨᠡᠰᠦ᠎ᠶ᠋ᠢ ᠱᠤᠭᠤᠬᠤ᠂ ᠦᠨᠳᠦᠰᠦᠲᠡᠨ᠎ᠦ ᠬᠠᠤᠯᠢ᠎ᠪᠠᠷ ᠵᠠᠰᠠᠬᠤ ᠤᠬᠠᠭᠤᠯᠭ᠎ᠠ᠎ᠶ᠋ᠢᠨ ᠠᠵᠢᠯ᠎ᠢ ᠭᠦᠨᠵᠡᠭᠡᠶ ᠠᠭᠤᠰᠤᠯᠴᠠᠭᠤᠯᠵᠤ᠂ ᠦᠨᠳᠦᠰᠦᠲᠡᠨ᠎ᠦ ᠪᠦᠯᠬᠦᠮᠳᠡᠯ᠎ᠦᠨ ᠬᠥᠮᠦᠵᠢᠯ ᠬᠢᠭᠡᠳ ᠦᠵᠡᠯ ᠰᠠᠨᠠᠭ᠎ᠠ ᠤᠯᠤᠰ ᠲᠥᠷᠥ᠎ᠶ᠋ᠢᠨ ᠬᠥᠮᠦᠵᠢᠯ᠎ᠢ ᠨᠢᠳᠦᠨ᠎ᠳᠦ ᠦᠵᠡᠭᠳᠡᠮ᠎ᠠ᠂ ᠰᠡᠳᠭᠢᠯ᠎ᠳᠦ ᠰᠠᠭᠤᠭᠳᠠᠮ᠎ᠠ᠂ ᠭᠠᠷ᠎ᠲᠦ ᠪᠠᠷᠢᠭᠳᠠᠮ᠎ᠠ ᠰᠠᠢᠳᠤᠷ ᠬᠢᠬᠦ ᠶ᠋ᠢ ᠠᠬᠢᠭᠤᠯᠪᠠ᠃


downLoad-20260617122243.png


ᠲᠣᠰ ᠤᠳᠠᠭᠠᠨ᠎ᠤ ᠲᠣᠭ᠍ᠯᠠᠯᠲᠠ᠎ᠵᠢ ᠭᠤᠷᠪᠠᠨ ᠶᠡᠬᠡ ᠪᠦᠯᠦᠭ ᠬᠤᠪᠢᠶᠠᠵᠤ᠂ ᠨᠢᠭᠡᠳᠦᠭᠡᠷ ᠪᠦᠯᠦᠭ ᠲᠸ᠋ 《1937》 《ᠳᠤᠮᠳᠠᠳᠤ᠎ᠶ᠋ᠢᠨ ᠬᠥᠭ᠌ᠵᠢᠯ ᠮᠠᠨᠳᠤᠯ᠎ᠤᠨ ᠲᠥᠯᠥᠭᠡ ᠨᠣᠮ ᠤᠩᠱᠢᠵᠤ ᠪᠢᠴᠢᠭ ᠰᠤᠷᠤᠶ᠎ᠠ》 ᠭᠡᠬᠦ᠌ ᠬᠤᠪᠢᠰᠭᠠᠯᠲᠤ ᠦᠵᠡᠭ᠌ᠳᠡᠯᠲᠦ ᠵᠦᠴᠦᠭᠡ᠎ᠶ᠋ᠢ ᠲᠣᠭ᠍ᠯᠠᠵᠤ᠂ ᠪᠦᠬᠦ᠌ ᠪᠠᠭ᠍ᠰᠢ ᠰᠤᠷᠤᠭ᠍ᠴᠢᠳ᠎ᠤᠨ ᠤᠯᠤᠰ᠎ᠢᠶᠠᠨ ᠬᠠᠢᠷᠠᠯᠠᠬᠤ ᠰᠡᠳᠭᠢᠯᠭᠡ᠎ᠶ᠋ᠢ ᠵᠤᠵᠠᠭᠠᠳᠭᠠᠪᠠ; ᠬᠣᠶᠠᠳᠤᠭᠠᠷ ᠪᠦᠯᠦᠭ᠎ᠲᠦ ᠤᠯᠠᠭᠠᠨᠬᠦᠦ ᠨᠥᠬᠥᠷ᠎ᠦᠨ ᠦᠨᠳᠦᠰᠦᠲᠡᠨ᠎ᠦ ᠪᠦᠯᠬᠦᠮᠳᠡᠯ᠎ᠢ ᠠᠬᠢᠭᠤᠯᠤᠭ᠍ᠰᠠᠨ ᠰᠡᠳᠭᠢᠯ ᠬᠥᠳᠡᠯᠭᠡᠮ᠎ᠡ ᠦᠯᠢᠬᠡᠷ᠎ᠢ ᠶᠠᠷᠢᠵᠤ᠂ ᠨᠠᠢᠷᠠᠯ ᠲᠠᠭᠤᠤ᠂ ᠤᠷᠠᠨ ᠪᠦᠵᠢᠭ ᠵᠡᠷᠭᠡ ᠲᠣᠭ᠍ᠯᠠᠯᠲᠠ᠎ᠪᠡᠷ ᠲᠠᠮᠵᠢᠭᠤᠯᠤᠨ ᠦᠨᠳᠦᠰᠦᠲᠡᠨ᠎ᠦ ᠪᠦᠯᠬᠦᠮᠳᠡᠯ᠎ᠦᠨ ᠬᠦᠭ ᠠᠶᠠᠰ᠎ᠢ ᠴᠢᠪᠬᠠᠳᠠᠪᠠ; ᠭᠤᠷᠪᠠᠳᠤᠭᠠᠷ ᠪᠦᠯᠦᠭ ᠲᠸ᠋ ᠬᠥᠮᠦᠨ᠎ᠢ ᠬᠥᠮᠦᠵᠢᠭᠦᠯᠬᠦ᠌ ᠰᠤᠳᠤᠯᠤᠨ ᠶᠠᠷᠢᠯᠴᠠᠬᠤ ᠱᠠᠯᠤᠨ᠎ᠢ ᠲᠤᠬᠢᠷᠠᠭᠤᠯᠵᠤ᠂ ᠨᠠᠮ᠎ᠤᠨ ᠪᠠᠢᠭᠤᠯᠤᠯᠲᠠ ᠦᠵᠡᠯ ᠰᠠᠨᠠᠭ᠎ᠠ ᠤᠯᠤᠰ ᠲᠦᠷᠦ ᠵᠢᠨ ᠬᠦᠮᠦᠵᠢᠯ ᠬᠢᠭᠡᠳ ᠦᠨᠳᠦᠰᠦᠲᠡᠨ᠎ᠦ ᠬᠠᠤᠯᠢ᠎ᠪᠠᠷ ᠵᠠᠰᠠᠬᠤ ᠬᠥᠮᠦᠵᠢᠯ᠎ᠦᠨ ᠠᠭᠤᠯᠭ᠎ᠠ᠎ᠶ᠋ᠢ ᠨᠡᠢᠳᠭᠡᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠳᠤ ᠴᠤᠭᠴᠠᠯᠠᠬᠤ ᠰᠠᠭᠤᠷᠢ᠎ᠶ᠋ᠢ ᠪᠡᠬᠢᠵᠢᠭᠦᠯᠪᠡ᠃ ᠠᠵᠢᠯᠯᠠᠭ᠎ᠠ ᠵᠢᠨ ᠠᠬᠤᠢ ᠲᠠᠯᠠᠪᠠᠢ ᠳ᠋ᠤ ᠰᠤᠷᠤᠭᠴᠢᠳ ᠴᠤᠭ ᠵᠢᠪᠬᠤᠭ᠎ᠠ ᠪᠠᠳᠠᠷᠠᠨᠭᠭᠤᠢ ᠪᠠᠢᠵᠤ᠂ ᠱᠢᠨ᠎ᠡ ᠴᠠᠭ ᠦᠶ᠎ᠡ᠎ᠶ᠋ᠢᠨ ᠪᠠᠭᠠᠴᠤᠳ᠎ᠤᠨ ᠥᠭᠡᠳᠡᠯᠡᠨ ᠲᠠᠪᠱᠢᠬᠤ ᠤᠶᠤᠨ ᠰᠠᠨᠠᠭᠠᠨ᠎ᠤ ᠳᠦᠷᠰᠦ ᠪᠠᠢᠳᠠᠯ᠎ᠢ ᠭᠦᠢᠴᠡᠳ ᠢᠯᠡᠷᠡᠭᠦᠯᠪᠡ᠃ ᠲᠣᠰ ᠤᠳᠠᠭᠠᠨ᠎ᠤ ᠤᠳᠭ᠎ᠠ ᠤᠷᠠᠯᠢᠭ᠎ᠤᠨ ᠦᠵᠡᠭᠦᠯᠭᠡ᠎ᠶ᠋ᠢᠨ ᠲᠣᠭ᠍ᠯᠠᠯᠲᠠ ᠪᠣᠯ ᠦᠨᠳᠦᠰᠦᠳᠡᠨ᠎ᠤ ᠲᠦᠷᠦ ᠵᠢᠨ ᠪᠤᠳᠤᠯᠭ᠎ᠠ ᠵᠢᠨ ᠤᠬᠠᠭᠤᠯᠭ᠎ᠠ᠎ᠶ᠋ᠢᠨ ᠰᠠᠷ᠎ᠠ᠎ᠶ᠋ᠢᠨ ᠱᠢᠷᠢᠰ ᠠᠵᠢᠯᠯᠠᠭ᠎ᠠ᠎ᠶ᠋ᠢᠨ ᠦᠷ᠎ᠡ ᠪᠦᠲᠦᠭᠡᠯ᠎ᠦᠨ ᠲᠥᠪᠯᠡᠷᠡᠩᠭᠦᠶ ᠦᠵᠡᠭᠦᠯᠭᠡ ᠮᠥᠨ᠂ ᠲᠠᠢᠰᠠᠨ᠎ᠤ ᠲᠣᠭ᠍ᠯᠠᠯᠲᠠ᠎ᠪᠠᠷ ᠦᠵᠡᠯ ᠰᠠᠨᠠᠭ᠎ᠠ ᠤᠯᠤᠰ ᠲᠥᠷᠥ ᠵᠢᠨ ᠬᠦᠮᠦᠵᠢᠯ᠎ᠤᠨ ᠪᠣᠳᠠᠲᠤ ᠦᠷ᠎ᠡ ᠪᠦᠲᠦᠮᠵᠢ᠎ᠶ᠋ᠢ ᠭᠦᠨᠵᠡᠭᠡᠢᠷᠡᠭᠦᠯᠦᠨ᠂ 《ᠬᠡᠦᠭᠡᠳ ᠪᠠᠭᠠᠴᠤᠳ ᠡᠬᠡ ᠤᠯᠤᠰ᠎ᠤᠨ᠎ᠢᠶᠠᠨ ᠲᠥᠯᠥᠭᠡ ᠴᠢᠷᠮᠠᠢᠨ ᠵᠢᠳᠬᠦᠬᠦ᠌᠂ ᠪᠦᠯᠬᠦᠮᠳᠡᠨ ᠲᠡᠮᠡᠴᠡᠵᠦ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ᠌》 ᠬᠥᠮᠦᠨ᠎ᠢ ᠬᠥᠮᠦᠵᠢᠭᠦᠯᠬᠦ᠌ ᠣᠭ ᠰᠠᠨᠠᠭ᠎ᠠ᠎ᠶ᠋ᠢ ᠦᠶ᠋ᠯᠡᠳᠦᠯᠭᠡᠵᠢᠭᠦᠯᠵᠡᠶ᠃


downLoad-20260617122308.png

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号