ᠮᠢᠨᠭᠭᠠᠨ ᠤᠨ᠎ᠤ ᠲᠡᠦᠭᠡ ᠲᠠᠢ ᠴᠠᠬᠠᠷ ᠴᠠᠭᠠᠨ ᠢᠳᠡᠭᠡ
2026-06-17 10:43:07
ᠵᠣᠬᠢᠶᠠᠭ᠍ᠴᠢ᠄
​ ᠪᠠᠶᠠᠰᠭᠤᠯᠠᠩ ᠡᠭᠡᠰᠢᠭ
ᠣᠩᠱᠢᠭ᠍ᠰᠠᠨ ᠣᠳᠠᠭ᠎ᠠ᠄
★★★☆☆

ᠡᠯ᠎ᠡ ᠦᠨᠳᠦᠰᠦᠳᠡᠨ ᠪ ᠰᠤᠶᠤᠯ ᠬᠠᠷᠢᠯᠴᠠᠨ ᠠᠭᠤᠰᠤᠯᠴᠠᠬᠤ ᠪᠤᠯ ᠲᠤᠮᠳᠠᠳᠤ ᠵᠢᠨ ᠦᠨᠳᠦᠰᠦᠳᠡᠨ ᠎ᠤ ᠤᠯᠠᠨ ᠲᠠᠯᠠᠳᠤ ᠨᠢᠭᠡ ᠡᠰᠢᠴᠢᠯᠡᠭᠰᠡᠨ ᠰᠤᠶᠤᠯ᠎ᠤᠨ ᠰᠠᠭᠤᠷᠢ ᠮᠦᠨ᠃ ᠡᠯ᠎ᠠ ᠦᠨᠳᠦᠰᠦᠳᠡᠨ ᠪ ᠰᠤᠶᠤᠯ ᠬᠠᠷᠢᠯᠴᠠᠨ ᠠᠭᠤᠰᠤᠯᠴᠠᠵᠤ᠂ ᠠᠭᠠᠵᠢᠮ ᠵᠢᠡᠷ ᠭᠠᠵᠠᠷ ᠤᠷᠤᠨ ᠪ ᠭᠢᠵᠠᠭᠠᠷ᠂  ᠱᠠᠰᠢᠨ ᠰᠤᠷᠳᠠᠬᠤᠨ᠎ᠤ ᠭᠢᠵᠠᠭᠠᠷ ᠵᠡᠷᠭᠡ ᠵᠢ ᠲᠠᠪᠠᠭᠠᠳ ᠬᠦᠴᠦᠷᠭᠡᠭ ᠶᠡᠭᠡ ᠨᠢᠭᠳᠠᠷᠠᠯ᠎ᠤᠨ ᠭᠦᠴᠦᠨ ᠪᠠ ᠲᠠᠳᠠᠬᠤ ᠭᠦᠴᠦᠨ ᠲᠠᠢ ᠲᠤᠮᠳᠠᠳᠤ ᠵᠢᠨ ᠰᠤᠶᠤᠯ ᠪᠤᠯᠵᠤ᠂ ᠲᠤᠮᠳᠠᠳᠤ ᠵᠢᠨ ᠪᠤᠯᠪᠠᠰᠤᠨ᠎ᠤᠤᠯᠠᠨ ᠲᠠᠯᠠᠳᠤ ᠨᠢᠭᠡ ᠡᠰᠢᠴᠢᠯᠡᠭᠰᠡᠨ ᠪᠦᠳᠦᠴᠡ ᠵᠢ ᠪᠦᠷᠢᠯᠳᠦᠭᠦᠯᠵᠡᠢ᠃

ᠲᠡᠦᠭᠡ ᠭᠡᠷᠡᠴᠢᠯᠡᠭᠰᠡᠨ ᠨᠢ ᠭᠡᠷᠡᠯ ᠰᠠᠴᠤᠷᠠᠨᠭᠭᠤᠢ ᠲᠤᠮᠳᠠᠳᠤ ᠵᠢᠨ ᠰᠤᠶᠤᠯ᠎ᠢ ᠲᠤᠮᠳᠠᠳᠤ ᠵᠢᠨ ᠦᠨᠳᠦᠰᠦᠳᠡᠨ ᠬᠠᠮᠳᠤᠪᠠᠷ ᠪᠦᠳᠦᠭᠡᠭᠰᠡᠨ ᠶᠤᠮ᠂ ᠨᠠᠢᠭᠡᠮ ᠵᠢᠷᠤᠮᠳᠤ ᠰᠤᠶᠤᠯ᠎ᠤᠨ ᠭᠡᠷᠡᠯ ᠰᠠᠴᠤᠷᠠᠨᠭᠭᠤᠢ ᠰᠢᠨ᠎ᠠ ᠬᠠᠭᠤᠳᠠᠰᠤ ᠵᠢ ᠪᠢᠴᠢᠭᠯᠡᠭᠦ᠎ᠳᠤ ᠡᠷᠭᠡᠪᠰᠢ ᠲᠠᠰᠤᠷᠠᠯᠳᠠ ᠦᠭᠡᠢ ᠲᠤᠮᠳᠠᠳᠤ ᠵᠢᠨ ᠰᠤᠶᠤᠯ᠎ᠤᠨ ᠲᠠᠨᠢᠯᠳᠠ ᠪᠠᠨ ᠴᠢᠨᠭᠭᠠᠳᠬᠠᠵᠤ᠂ ᠡᠯ᠎ᠠ ᠦᠨᠳᠦᠰᠦᠳᠡᠨ ᠎ᠤ ᠰᠤᠶᠤᠯ᠎ᠤᠨ ᠠᠭᠤᠰᠤᠯᠴᠠᠯ᠎ᠢ ᠠᠭᠢᠭᠤᠯᠬᠤ ᠭᠡᠷᠡᠭᠳᠡᠢ᠃

— ᠶᠡᠷᠦᠨᠭᠭᠡᠢ ᠱᠦᠵᠢ ᠰᠢ ᠵᠢᠨ ᠫᠢᠩ᠎ᠤᠨ  ᠪᠦᠭᠦ ᠤᠯᠤᠰ᠎ᠤᠨ ᠦᠨᠳᠦᠰᠦᠳᠡᠨ ᠤ᠋ ᠪᠦᠯᠭᠦᠮᠳᠠᠯ ᠲᠠᠪᠰᠢᠯᠳᠠ ᠵᠢᠨ ᠭᠦᠭᠢᠭᠦᠯᠦᠨ ᠰᠠᠢᠰᠢᠶᠠᠬᠤ ᠶᠡᠭᠡ ᠬᠤᠷᠠᠯ ᠲᠡᠭᠡᠷᠡᠭᠢ ᠶᠠᠷᠢᠶ᠎ᠠ ᠡᠴᠡ ᠰᠡᠢᠷᠡᠭᠦᠯᠪᠠ (2024 ᠤᠨ ᠎ᠤ 9 ᠰᠠᠷ᠎ᠠ ᠵᠢᠨ 27 ᠎ᠤ ᠡᠳᠦᠷ)


QQ20260617-104443.png


ᠤᠮᠠᠷᠠᠲᠤ ᠥᠷᠭᠡᠷᠢᠭ᠎ᠦᠨ 42 ᠭᠷᠠᠳᠦ᠋ᠰ᠎ᠦᠨ ᠳᠡᠯᠡᠬᠡᠶ᠎ᠶ᠋ᠢᠨ ᠱᠢᠵᠢᠷ ᠠᠯᠲᠠᠨ ᠰᠦ ᠵᠢᠨ ᠡᠭᠢ ᠪᠠᠶᠠᠯᠢᠭ ᠤ᠋ᠨ ᠪᠦᠰᠡᠡ᠎ᠳᠦ ᠪᠠᠢᠷᠢᠯᠠᠵᠤ ᠪᠠᠢᠭ᠎ᠠ ᠱᠢᠯᠢ᠎ᠶ᠋ᠢᠨ ᠭᠤᠤᠯ ᠠᠢᠮᠠᠭ᠎ᠤᠨ ᠱᠢᠯᠤᠭᠤᠨ ᠬᠥᠬᠡ ᠬᠣᠱᠢᠭᠤᠨ᠎ᠤ ᠴᠠᠭᠠᠨ ᠢᠳᠡᠭᠡ ᠦᠶ᠋ᠯᠡᠳᠬᠦ᠌ ᠦᠶ᠋ᠯᠡᠰ ᠨᠢ ᠥᠨᠢ ᠤᠳᠠᠭᠠᠨ ᠲᠡᠦᠬᠡ᠎ᠲᠡᠶ ᠪᠠᠢᠵᠤ᠂ 《ᠳᠤᠮᠳᠠᠳᠤ ᠤᠯᠤᠰ᠎ᠤᠨ ᠴᠠᠭᠠᠨ ᠢᠳᠡᠭᠡᠨ᠎ᠤ ᠨᠤᠲᠤᠭ》᠂ 《ᠳᠤᠮᠳᠠᠳᠤ ᠤᠯᠤᠰ᠎ᠤᠨ ᠴᠠᠭᠠᠨ ᠢᠳᠡᠭᠡᠨ᠎ᠦ ᠰᠣᠶᠣᠯ᠎ᠢ ᠤᠯᠠᠮᠵᠢᠯᠠᠨ ᠵᠠᠯᠭᠠᠮᠵᠢᠯᠠᠬᠤ ᠰᠠᠭᠤᠷᠢᠨ ᠭᠠᠵᠠᠷ》 ᠭᠡᠬᠦ᠌ ᠠᠯᠳᠠᠷᠲᠠᠶ ᠶᠤᠮ᠃ 2014 ᠣᠨ᠎ᠳᠤ᠂ ᠴᠠᠭᠠᠨ ᠢᠳᠡᠭᠡ ᠦᠢᠯᠡᠳᠬᠦ᠌ ᠤᠷ᠎ᠠ ᠮᠡᠷᠭᠡᠵᠢᠯ ( ᠴᠠᠭᠠᠨ ᠢᠳᠡᠭᠡ ) ᠨᠢ ᠤᠯᠤᠰ᠎ᠤᠨ ᠲᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ᠌ ᠴᠢᠨᠠᠷᠲᠠᠢ ᠲᠦᠷᠦᠯ ᠵᠦᠢᠯ᠎ᠦᠨ ᠨᠡᠷᠡᠰ᠎ᠲᠦ ᠵᠢᠭ᠍ᠰᠠᠭᠠᠭ᠍ᠳᠠᠪᠠ᠃


QQ20260617-104453.png


ᠡᠰᠢ ᠨᠢᠭᠡᠳᠡᠢ ᠤᠯᠠᠮᠵᠢᠯᠠᠯ᠄ ᠲᠠᠯ᠎ᠠ ᠨᠤᠲᠤᠭ᠎ᠠᠴᠠ ᠣᠷᠳᠣᠨ᠎ᠤ 《ᠴᠠᠭᠠᠨ ᠢᠳᠡᠭᠡ》 ᠭᠦᠷᠳᠡᠯ᠎ᠠ

ᠴᠠᠭᠠᠨ ᠢᠳᠡᠭᠡ ᠪᠣᠯ ᠮᠣᠩᠭᠣᠯᠴᠤᠳ᠎ᠰᠦ ᠪᠡᠷ ᠨᠠᠷᠢᠯᠢᠭ ᠪᠤᠯᠪᠠᠰᠤᠷᠠᠭᠤᠯᠤᠨ ᠦᠢᠯᠡᠳᠪᠦᠷᠢᠯᠡᠭ᠌ᠰᠡᠨ ᠤᠯᠠᠮᠵᠢᠯᠠᠯᠲᠤ ᠢᠳᠡᠭᠡᠨ ᠪᠠᠢᠵᠤ᠂ ᠲᠡᠭᠦᠨ ᠪ ᠲᠡᠦᠭᠡ ᠨᠢ ᠨᠡᠭᠦᠳᠡᠯ ᠰᠤᠶᠤᠯ ᠲᠠᠢ ᠬᠠᠷᠢᠯᠴᠠᠨ ᠠᠭᠤᠰᠤᠯᠴᠠᠵᠤ ᠪᠠᠢᠳᠠᠭ᠃

ᠱᠢᠯᠤᠭᠤᠨ ᠬᠥᠬᠡ ᠬᠣᠱᠢᠭᠤᠨ᠎ᠤ ᠴᠠᠭᠠᠨ ᠢᠳᠡᠭᠡ ᠦᠶ᠋ᠯᠡᠳᠬᠦ᠌ ᠤᠷ᠎ᠠ ᠮᠡᠷᠭᠡᠵᠢᠯ (ᠴᠠᠭᠠᠨ ᠢᠳᠡᠭᠡ) ᠨᠢ ᠮᠣᠩᠭᠣᠯ ᠦᠨᠳᠦᠰᠦᠲᠡᠨ᠎ᠦ ᠴᠠᠭᠠᠨ ᠢᠳᠡᠭᠡᠨ᠎ᠦ ᠰᠣᠶᠣᠯ᠎ᠳᠤ ᠴᠢᠬᠤᠯᠠ ᠪᠠᠢᠷᠢ ᠲᠠᠢ᠃ ᠠᠯᠢ ᠡᠷᠲᠡ ᠶᠤᠸᠠᠨ ᠤᠯᠤᠰ᠎ᠤᠨ ᠦᠶ᠎ᠡ᠎ᠳᠦ ᠴᠠᠭᠠᠨ ᠢᠳᠡᠭᠡ ᠨᠢ ᠲᠠᠯ᠎ᠠ ᠨᠤᠲᠤᠭ᠎ᠠᠴᠠ ᠣᠷᠳᠣᠨ᠎ᠳᠤ ᠣᠷᠣᠵᠤ᠂ ᠡᠷᠬᠢᠮ ᠳᠡᠭᠡᠳᠦ ᠤᠷᠳᠤᠨ᠎ᠤ ᠢᠳᠡᠭᠡᠨ ᠪᠣᠯᠤᠭ᠍ᠰᠠᠨ ᠪᠠᠢᠨ᠎ᠠ᠃ ᠰᠤᠷᠪᠤᠯᠵᠢ ᠪᠢᠴᠢᠭ᠎ᠲᠡᠬᠢ ᠲᠡᠮᠳᠡᠭ᠌ᠯᠡᠯ᠎ᠢ ᠦᠨᠳᠦᠰᠦᠯᠡᠪᠡᠯ᠂ 13 ᠳ᠋ᠤᠭᠠᠷ ᠵᠠᠭᠤᠨ᠎ᠳᠤ ᠬᠤᠪᠢᠯᠠᠢ ᠬᠠᠭᠠᠨ ᠶᠤᠸᠠᠨ ᠤᠯᠤᠰ᠎ᠤᠨ ᠳᠡᠭᠡᠳᠦ ᠨᠡᠢᠰᠯᠡᠯ ( ᠤᠳᠤ᠎ᠶ᠋ᠢᠨ ᠱᠢᠯᠢ᠎ᠶ᠋ᠢᠨ ᠭᠣᠣᠯ ᠠᠢᠮᠠᠭ᠎ᠤᠨ ᠱᠢᠯᠤᠭᠤᠨ ᠬᠦᠬᠡ ᠬᠣᠱᠢᠭᠤ ) ᠎ᠳ᠋ᠤ᠌ ᠬᠤᠳᠠ᠎ᠶ᠋ᠢᠨ ᠭᠠᠳᠠᠨ᠎ᠠ ᠲᠤᠮᠤ ᠬᠡᠯᠪᠡᠷᠢ᠎ᠶ᠋ᠢᠨ ᠤᠷᠳᠤᠨ᠎ᠤ ᠴᠠᠭᠠᠨ ᠢᠳᠡᠭᠡᠨ᠎ᠦ ᠰᠠᠭᠤᠷᠢᠨ ᠭᠠᠵᠠᠷ ᠪᠠᠢᠭᠤᠯᠵᠠᠢ᠃ ᠴᠢᠩ ᠤᠯᠤᠰ᠎ᠤᠨ ᠦᠶ᠎ᠡ ᠪᠣᠯᠬᠤ᠎ᠳᠤ᠂ ᠴᠠᠬᠠᠷ᠎ᠤᠨ ᠲᠠᠯ᠎ᠠ ᠨᠤᠲᠤᠭ᠎ᠠᠴᠠ ᠢᠷᠡᠭ᠌ᠰᠡᠨ ᠴᠠᠭᠠᠨ ᠢᠳᠡᠭᠡ ᠨᠢ ᠣᠷᠳᠣᠨ᠎ᠤ ᠬᠣᠭᠣᠯᠠᠨ ᠱᠢᠷᠡᠭᠡᠨ ᠪ ᠪᠠᠢᠩᠭᠤ᠎ᠶ᠋ᠢᠨ ᠵᠣᠴᠢᠨ ᠪᠣᠯᠵᠤ᠂ ᠲᠡᠭᠦᠨ᠎ᠦ ᠳᠣᠲᠣᠷ᠎ᠠ ᠬᠤᠷᠤᠳ ᠪᠣᠯᠤᠨ ᠥᠷᠥᠮ᠎ᠡ᠎ᠨᠢ ᠨᠡᠩ ᠴᠤ᠌ ᠡᠷᠭᠦᠴᠡ ᠵᠢᠨ ᠵᠦᠢᠯ ᠵᠢᠡᠷ ᠲᠣᠭ᠍ᠲᠠᠭᠠᠭ᠍ᠳᠠᠭᠰᠠᠨ ᠪᠠᠢᠨ᠎ᠠ᠃

ᠬᠡᠳᠦᠨ ᠵᠠᠭᠤᠨ ᠵᠢᠯ᠎ᠦᠨ ᠤᠯᠠᠮᠵᠢᠯᠠᠯ ᠵᠠᠯᠭᠠᠮᠵᠢᠯᠠᠯ᠎ᠢᠶᠠᠷ ᠳᠠᠮᠵᠢᠭᠠᠳ ᠱᠢᠯᠤᠭᠤᠨ ᠬᠦᠬᠡ ᠬᠣᠱᠢᠭᠤ ᠨᠢ ᠴᠠᠬᠠᠷ ᠴᠠᠭᠠᠨ ᠢᠳᠡᠭᠡᠨ᠎ᠦ ᠥᠪᠡᠷᠮᠢᠴᠡ ᠣᠨᠴᠠᠯᠢᠭ᠎ᠲᠠᠶ ᠰᠣᠶᠣᠯ᠎ᠢ ᠪᠤᠢ ᠪᠣᠯᠭᠠᠵᠤ᠂  《ᠴᠡᠪᠠᠷ᠂ ᠨᠠᠷᠢᠯᠢᠭ᠂ ᠭᠤᠶᠤ》 ᠎ᠪᠠᠷ ᠵᠢᠡᠨ ᠠᠯᠳᠠᠷᠱᠢᠵᠠᠢ᠃ 2011 ᠣᠨ᠎ᠤ 6 ᠰᠠᠷ᠎ᠠ᠎ᠳᠤ ᠱᠢᠯᠤᠭᠤᠨ ᠬᠦᠭᠡ ᠬᠣᠱᠢᠭᠤ ᠨᠢ 《 ᠳᠤᠮᠳᠠᠳᠤ ᠤᠯᠤᠰ᠎ᠤᠨ ᠴᠠᠭᠠᠨ ᠢᠳᠡᠭᠡᠨ᠎ᠦ ᠰᠣᠶᠣᠯ᠎ᠤᠨ ᠨᠤᠲᠤᠭ 》 ᠵᠢᠡᠷ ᠨᠡᠷᠡᠢᠳᠦᠭ᠌ᠳᠡᠪᠡ; 2013 ᠣᠨ᠎ᠤ 12 ᠰᠠᠷ᠎ᠠ᠎ᠳᠤ᠂ 《ᠱᠢᠯᠤᠭᠤᠨ ᠬᠥᠬᠡ ᠬᠣᠱᠢᠭᠤᠨ᠎ᠤ ᠬᠤᠷᠤᠳ》 ᠪᠠ 《ᠱᠢᠯᠤᠭᠤᠨ ᠬᠥᠬᠡ ᠬᠣᠱᠢᠭᠤᠨ᠎ᠤ ᠥᠷᠥᠮ᠎ᠡ 》 ᠤᠯᠤᠰ᠎ᠤᠨ ᠭᠠᠵᠠᠷ ᠵᠦᠶ᠎ᠶ᠋ᠢᠨ ᠲᠡᠮᠳᠡᠭ᠌ᠲᠦ ᠪᠦᠲᠦᠭᠡᠭ᠌ᠳᠡᠬᠦᠨ᠎ᠦ ᠬᠠᠮᠠᠭᠠᠯᠠᠯᠲᠠ᠎ᠶ᠋ᠢ ᠠᠮᠵᠢᠯᠲᠠᠲᠠᠶ ᠭᠥᠷᠳᠡᠪᠡ᠂ ᠡᠬᠦᠨᠴᠡ ᠰᠢᠯᠤᠭᠤᠨ ᠬᠦᠭᠡ ᠬᠤᠰᠢᠭᠤ 《ᠳᠤᠮᠳᠠᠳᠤ ᠤᠯᠤᠰ᠎ᠤᠨ ᠴᠠᠭᠠᠨ ᠢᠳᠡᠭᠡᠨ᠎ᠦ ᠰᠣᠶᠣᠯ᠎ᠤᠨ ᠨᠤᠲᠤᠭ》 ᠭᠡᠭᠦ ᠨᠡᠷ᠎ᠠ ᠨᠢᠳᠡᠷ ᠲᠡᠭᠡᠨ ᠶᠤᠰᠤᠳᠠᠢ ᠲᠡᠨᠭᠴᠡᠵᠡᠢ᠃

《ᠭᠠᠵᠠᠷ ᠵᠦᠶ᠎ᠶ᠋ᠢᠨ ᠣᠷᠴᠢᠨ ᠲᠣᠭᠣᠷᠢᠨ᠂ ᠠᠮᠢᠳᠤᠷᠠᠯ᠎ᠤᠨ ᠳᠠᠳᠭᠠᠯ ᠪᠠ ᠪᠣᠯᠪᠠᠰᠤᠷᠠᠭᠤᠯᠬᠤ ᠤᠷ᠎ᠠ ᠮᠡᠷᠭᠡᠵᠢᠯ᠎ᠤᠨ ᠣᠷᠣᠨ ᠪᠦᠰᠡ᠎ᠶ᠋ᠢᠨ ᠣᠨᠴᠠᠯᠢᠭ ᠨᠢ ᠱᠢᠯᠤᠭᠤᠨ ᠬᠥᠬᠡ ᠬᠣᠱᠢᠭᠤᠨ᠎ᠤ ᠴᠠᠭᠠᠨ ᠢᠳᠡᠭᠡᠨ᠎ᠦ ᠴᠡᠪᠡᠷ ᠴᠢᠨᠠᠷ᠎ᠢ ᠲᠣᠭ᠍ᠲᠠᠭᠠᠪᠠ》ᠭᠡᠵᠤ 《ᠴᠠᠩ ᠬᠤᠩ》ᠰᠦᠨ ᠪᠦᠳᠦᠭᠡᠭᠳᠡᠭᠦᠨ ᠎ᠤ ᠦᠢᠯᠡᠳᠪᠦᠷᠢ ᠵᠢᠨ ᠭᠡᠷᠡᠭ ᠮᠡᠳᠡᠭᠴᠢ ᠰᠦᠨ ᠯᠢ ᠱᠠᠨ ᠶᠠᠷᠢᠨ᠎ᠠ᠃《ᠴᠠᠩ ᠬᠣᠩ》ᠰᠦᠨ ᠪᠦᠲᠦᠭᠡᠭ᠌ᠳᠡᠬᠦᠨ᠎ᠦ ᠲᠥᠷᠥᠯ ᠵᠦᠶ᠋ᠯ ᠡᠯᠪᠡᠭ᠂ ᠦᠶ᠋ᠯᠡᠳᠦᠭ᠌ᠰᠡᠨ ᠪᠢᠱᠢᠯᠠᠭ᠎ᠲᠤ ᠨᠢ ᠨᠡᠮᠡᠯᠲᠡ ᠡᠳ᠋ ᠥᠬᠡᠶ᠃《ᠥᠪᠥᠷ ᠮᠣᠩᠭᠣᠯ᠎ᠤᠨ ᠬᠠᠭᠤᠴᠢᠨ ᠨᠠᠷᠠᠲᠤ ᠲᠡᠮᠳᠡᠭ᠌ᠲᠦ》᠂ 《ᠮᠣᠩᠭᠣᠯ》 ᠲᠡᠮᠳᠡᠭ᠌ᠲᠦ ᠭᠡᠷᠡᠴᠢᠯᠡᠯ᠎ᠦᠨ ᠠᠵᠤ ᠠᠬᠤᠢᠯᠠᠯ᠎ᠤᠨ ᠨᠠᠷᠠᠲᠤ ᠲᠡᠮᠳᠡᠭ᠌ᠲᠦ ᠪᠠ ᠵᠢᠭᠤᠯᠴᠢᠯᠠᠯ᠎ᠤᠨ ᠦᠶ᠋ᠯᠡᠳᠬᠦᠨ᠎ᠦ ᠵᠢᠱ᠌ᠢᠶ᠎ᠡ ᠦᠵᠡᠭᠦᠯᠬᠦ᠌ ᠠᠵᠤ ᠠᠬᠤᠢᠯᠠᠯ᠎ᠤᠨ ᠪᠣᠶ ᠪᠣᠯᠭᠠᠭ᠍ᠰᠠᠨ ᠣᠷᠣᠨ ᠪᠦᠰᠡ᠎ᠶ᠋ᠢᠨ ᠨᠥᠯᠥᠭᠡᠯᠡᠬᠦ᠌ ᠬᠦᠴᠦᠨ᠎ᠳᠦ ᠲᠦᠱᠢᠭ᠌ᠯᠡᠨ᠂ 《ᠴᠠᠩ ᠬᠣᠩ》ᠴᠠᠭᠠᠨ ᠢᠳᠡᠭᠡᠨ ᠨᠢ ᠨᠢᠭᠡᠨᠲᠡ ᠲᠠᠷᠢᠶᠠᠯᠠᠩ᠎ᠰᠣᠶᠣᠯ ᠵᠢᠭᠤᠯᠴᠢᠯᠠᠯ᠎ᠤᠨ ᠠᠵᠤ ᠦᠶ᠋ᠯᠡᠰ᠎ᠢ ᠠᠭᠤᠰᠤᠯᠴᠠᠭᠤᠯᠤᠭᠰᠠᠨ ᠴᠢᠬᠤᠯᠠ ᠨᠠᠷᠠᠲᠤ ᠲᠡᠮᠳᠡᠭ᠌ᠲᠦ ᠪᠣᠯᠵᠠᠶ᠃


ᠤᠷᠠᠨ ᠲᠠᠷᠬᠠᠨ᠎ᠤ ᠵᠠᠯᠭᠠᠮᠵᠢ᠄ ᠪᠤᠤᠭᠢᠶ᠎ᠠ ᠲᠠᠮᠵᠢᠭᠤᠯᠵᠤ ᠤᠯᠠᠮᠵᠢᠯᠠᠨ ᠰᠢᠨᠠᠴᠢᠯᠡᠨ᠎ᠠ

ᠴᠠᠭᠠᠨ ᠢᠳᠡᠭᠡ᠎ᠳᠤ ᠬᠤᠷᠤᠳ᠂ ᠥᠷᠥᠮ᠎ᠠ᠂ ᠪᠢᠰᠢᠯᠠᠭ ᠮᠡᠳᠦ ᠵᠢᠨ 30 ᠭᠠᠷᠤᠢ ᠲᠦᠷᠦᠯ ᠵᠦᠢᠯ ᠪᠠᠢᠳᠠᠭ᠃ ᠦᠨᠳᠦᠰᠦᠨ ᠤᠷ᠎ᠠ ᠮᠡᠷᠭᠡᠵᠢᠯ ᠪᠣᠯ ᠰᠦ ᠪᠠᠨ ᠢᠰᠭᠡᠵᠦ᠍ ᠬᠤᠪᠢᠷᠠᠭᠤᠯᠬᠤ᠂ ᠰᠠᠯᠭᠠᠬᠤ᠂ ᠵᠥᠭᠡᠯᠡᠨ ᠭᠠᠯ᠎ᠢᠶᠠᠷ ᠪᠣᠯᠪᠠᠰᠤᠷᠠᠭᠤᠯᠬᠤ ᠵᠡᠷᠭᠡ ᠠᠷᠭ᠎ᠠ᠎ᠪᠠᠷ ᠠᠳᠠᠯᠢ ᠪᠤᠰᠤ ᠤᠷ᠎ᠠ ᠮᠡᠷᠭᠡᠵᠢᠯ᠂ ᠶᠠᠪᠤᠴᠠ᠎ᠪᠠᠷ ᠠᠳᠠᠯᠢ ᠪᠤᠰᠤ ᠴᠠᠭᠠᠨ ᠢᠳᠡᠭᠡ ᠪᠣᠯᠪᠠᠰᠤᠷᠠᠭᠤᠯᠵᠤ ᠭᠠᠷᠭᠠᠳᠠᠭ᠃ ᠢᠯᠭᠠᠷᠠᠭᠤᠯᠵᠤ ᠭᠠᠷᠭᠠᠭ᠍ᠰᠠᠨ ᠰᠢᠷᠠᠠᠤᠰᠤ᠎ᠪᠠᠷ ᠨᠢ ᠰᠠᠭᠠᠯᠢ᠎ᠶ᠋ᠢᠨ ᠠᠷᠢᠬᠢ ᠬᠢᠵᠦ᠍᠂ ᠰᠦ ᠵᠢ ᠪᠦᠬᠦ ᠲᠠᠯ᠎ᠠ ᠪᠡᠷ ᠠᠱᠢᠭ᠍ᠯᠠᠵᠤ ᠪᠣᠯᠤᠨ᠎ᠠ᠃ ᠴᠠᠭᠠᠨ ᠢᠳᠡᠭᠡ ᠪᠣᠯᠪᠠᠰᠤᠷᠠᠭᠤᠯᠬᠤ ᠤᠷ᠎ᠠ ᠮᠡᠷᠭᠡᠵᠢᠯ ( ᠴᠠᠭᠠᠨ ᠢᠳᠡᠭᠡ)ᠨᠢ ᠪᠤᠳᠤᠯᠢᠶᠠᠨ᠎ᠲᠠᠶ᠂ ᠠᠵᠢᠯ᠎ᠤᠨ ᠳᠠᠷᠠᠭᠠᠯᠠᠯ ᠨᠢ ᠨᠠᠷᠢᠨ ᠨᠢᠭ᠍ᠲᠠ᠂ ᠤᠷ᠎ᠠ ᠮᠡᠷᠭᠡᠵᠢᠯ ᠨᠢ ᠱᠠᠭᠠᠷᠳᠠᠯᠭ᠎ᠠ ᠦᠨᠳᠦᠷ ᠪᠠᠢᠵᠤ᠂ ᠡᠭᠦᠨ ᠎ᠤ ᠭᠤᠤᠯ ᠴᠦᠮᠦᠭᠡ ᠨᠢ ᠲᠣᠭ᠍ᠲᠠᠭ᠍ᠰᠠᠨ ᠴᠠᠭ ᠪᠠ ᠲᠣᠭ᠍ᠲᠠᠭ᠍ᠰᠠᠨ ᠣᠷᠴᠢᠨ᠎ᠳᠤ ᠮᠢᠺᠷᠣᠪ᠎ᠢ ᠠᠱᠢᠭ᠍ᠯᠠᠨ ᠥᠭᠡᠷ᠎ᠡ ᠨᠢᠭᠡ ᠵᠦᠢᠯ᠎ᠦᠨ ᠢᠳᠡᠭᠡᠨ ᠎ᠢ ᠪᠤᠯᠪᠠᠰᠤᠷᠠᠭᠤᠯᠤᠨ ᠭᠢᠵᠤ᠂ ᠱᠢᠮ᠎ᠡ ᠲᠡᠵᠢᠭᠡᠯ᠎ᠢ ᠨᠢ ᠲᠡᠰ ᠲᠡᠪᠰᠢᠭᠦᠯᠦᠨ᠎ᠠ᠃ ᠴᠠᠭᠠᠨ ᠢᠳᠡᠭᠡ ᠬᠢᠬᠦ᠌ ᠮᠡᠷᠭᠡᠵᠢᠯ ( ᠴᠠᠭᠠᠨ ᠢᠳᠡᠭᠡ) ᠨᠢ ᠦᠨᠢᠶᠠᠨ ᠰᠦ᠂  ᠢᠮᠠᠭᠠᠨ ᠰᠦ ᠵᠡᠷᠭᠡ ᠪᠡᠷ ᠭᠣᠣᠯ ᠲᠦᠭᠦᠬᠡᠢ ᠮᠠᠲᠸᠷᠢᠶᠠᠯ ᠪᠤᠯᠭᠠᠳᠠᠭ ᠪᠤᠯᠬᠤᠷ ᠴᠤᠯ ᠪᠠᠢᠭᠠᠯᠢᠯᠢᠭ ᠪᠠᠢᠵᠤ᠂ ᠴᠠᠭᠠᠨ ᠢᠳᠡᠭᠡ᠎ᠶ᠋ᠢᠨ ᠱᠢᠮ᠎ᠡ ᠲᠡᠵᠢᠭᠡᠯ᠎ᠢ ᠪᠠᠲᠤᠯᠠᠵᠤ᠂ ᠭᠠᠷ ᠦᠢᠯᠡᠳᠪᠦᠷᠢᠯᠡᠯ ᠪᠠ ᠪᠠᠢᠭᠠᠯᠢ᠎ᠶ᠋ᠢᠨ ᠢᠰᠭᠡᠯᠲᠡ᠎ᠶ᠋ᠢᠨ ᠠᠷᠭ᠎ᠠ᠎ᠪᠠᠷ ᠲᠦᠭᠦᠬᠡᠢ ᠡᠳ᠋᠎ᠢ ᠨᠠᠷᠢᠯᠢᠭ ᠱᠢᠢᠳᠪᠦᠷᠢᠯᠡᠳᠡᠭ ᠪᠠᠢᠨ᠎ᠠ᠃

5 ᠰᠠᠷ᠎ᠠ᠎ᠶ᠋ᠢᠨ 6 ᠎ᠪ ᠡᠳᠦᠷ᠂ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠴᠠᠭᠠᠨ ᠢᠳᠡᠭᠡ ᠦᠶ᠋ᠯᠡᠳᠬᠦ᠌ ᠤᠷ᠎ᠠ ᠮᠡᠷᠭᠡᠵᠢᠯ (ᠴᠠᠭᠠᠨ ᠢᠳᠡᠭᠡ)᠎ᠤ᠋ᠨ ᠪᠤᠳᠠᠰ᠎ᠤᠨ ᠪᠤᠰᠤ ᠰᠤᠶᠤᠯ᠎ᠤᠨ ᠦᠪ᠎ᠤᠨ ᠲᠥᠯᠥᠭᠡᠯᠡᠬᠦ᠌ ᠴᠢᠨᠠᠷᠲᠠᠶ ᠤᠯᠠᠮᠵᠢᠯᠠᠭ᠍ᠴᠢ ᠲᠤᠭᠤ 《ᠬᠠᠨ ᠢᠳ᠋ᠡᠭᠡ》ᠴᠠᠭᠠᠨ ᠢᠳᠡᠭᠡ ᠪᠣᠯᠪᠠᠰᠤᠷᠠᠭᠤᠯᠬᠤ ᠦᠶ᠋ᠯᠡᠳᠪᠦᠷᠢ᠎ᠳᠡᠭᠡᠨ ᠱᠠᠪᠢᠨᠠᠷ᠎ᠢᠶᠠᠨ ᠵᠢᠯᠣᠭᠣᠳᠤᠨ ᠬᠤᠷᠤᠳ ᠬᠢᠵᠦ᠍ ᠶᠠᠭᠠᠷᠠᠨ᠎ᠠ᠃ ᠲᠡᠷᠡ ᠨᠢᠭᠡ ᠰᠠᠭᠤᠯᠠᠭ᠎ᠠ ᠰᠦ ᠵᠢ ᠠᠭᠠᠵᠢᠮ᠎ᠢᠶᠠᠷ ᠲᠣᠭᠣᠭᠠᠨ᠎ᠳᠤ ᠬᠢᠵᠦ᠍᠂ ᠠᠭᠠᠵᠢᠮ᠎ᠢᠶᠠᠷ ᠬᠠᠯᠠᠭᠠᠭᠠᠳ ᠲᠣᠬᠢᠷᠠᠮᠵᠢᠲᠠᠢ ᠳᠤᠯᠠᠭᠠᠨ᠎ᠤ ᠬᠡᠮᠵᠢᠶᠡᠨ᠎ᠳᠦ ᠬᠦᠷᠭᠡᠵᠦ᠍᠂ ᠲᠠᠰᠤᠷᠠᠯᠲᠠ ᠦᠭᠡᠢ ᠬᠤᠳᠭᠤᠭ᠍ᠰᠠᠨ᠎ᠤ ᠳᠠᠷᠠᠭ᠎ᠠ ᠱᠢᠷᠠᠠᠤᠰᠤ᠎ᠶ᠋ᠢ ᠨᠢ ᠰᠠᠯᠭᠠᠨ ᠠᠪᠴᠤ᠌᠂ ᠡᠭᠡᠳᠡᠮ᠎ᠢ ᠨᠢ ᠦᠯᠡᠳᠡᠭᠡᠭᠰᠡᠨ ᠎ᠤ ᠳᠠᠷᠠᠭ᠎ᠠ ᠬᠡᠪ ᠲᠤ᠌ ᠬᠢᠵᠦ᠍ ᠬᠡᠪᠱᠢᠭᠦᠯᠦᠭᠡᠳ ᠯᠠ ᠰᠠᠢᠬᠠᠨ ᠠᠮᠳᠠᠳᠠᠢ ᠰᠦᠨ ᠬᠤᠷᠤᠳ ᠬᠢᠵᠦ᠍ ᠭᠠᠷᠭᠠᠪᠠ᠃

ᠲᠤᠭᠤ ᠰᠠᠩ᠎ᠤᠨ ᠳᠠᠯᠠᠢ ᠪᠠᠯᠭᠠᠰᠤᠨ᠎ᠤ ᠠᠯᠲᠠᠢ ᠭᠠᠴᠠᠭᠠᠨ᠎ᠤ ᠮᠠᠯᠴᠢᠨ ᠠᠢᠯ᠎ᠳᠤ ᠲᠥᠷᠦᠵᠤ᠂ 7 ᠨᠠᠰᠤᠨ᠎ᠠᠴᠠ᠎ᠪᠠᠨ ᠭᠡᠷ ᠪᠦᠯᠢ᠎ᠪᠡᠨ ᠬᠠᠪᠰᠤᠷᠴᠤ᠌ ᠦᠨᠢᠶ᠎ᠠ ᠰᠠᠭᠠᠵᠤ᠂ ᠱᠢᠷᠭᠠᠭᠤ ᠰᠤᠷᠤᠯᠴᠠᠨ ᠱᠢᠷᠭᠠᠭᠤ ᠪᠣᠯᠪᠠᠰᠤᠷᠠᠭ᠍ᠰᠠᠨ᠎ᠢᠶᠠᠷ 17 ᠨᠠᠰᠤᠲᠠᠢ᠎ᠳᠤ᠎ᠪᠠᠨ ᠪᠡᠶ᠎ᠡ᠎ᠪᠡᠨ ᠳᠠᠭᠠᠭᠠᠵᠤ ᠴᠠᠭᠠᠨ ᠢᠳᠡᠭᠡ ᠬᠢᠵᠦ᠍᠂ ᠨᠤᠳᠤᠭ ᠤᠰᠤᠨ᠎ᠳᠠᠭᠠᠨ ᠠᠯᠳᠠᠷᠰᠢᠭᠰᠠᠨ ᠪᠠᠢᠨ᠎ᠠ᠃

ᠭᠤᠴᠢ ᠭᠠᠷᠤᠢ ᠵᠢᠯ᠎ᠦᠨ ᠲᠤᠷᠰᠢ᠂ ᠲᠡᠷᠡ ᠶᠠᠷᠦᠨᠢ ᠤᠯᠠᠮᠵᠢᠯᠠᠯᠲᠤ ᠤᠷ᠎ᠠ ᠮᠡᠷᠭᠡᠵᠢᠯ᠎ᠢᠶᠡᠨ ᠢᠮᠠᠭ᠍ᠲᠠ ᠪᠠᠷᠢᠮᠲᠠᠯᠠᠵᠤ᠂ ᠲᠦᠭᠦᠭᠡᠢ ᠰᠦ ᠰᠣᠩᠭᠣᠬᠤ᠂ ᠰᠦ ᠪᠠᠨ ᠢᠰᠭᠡᠵᠤ ᠳᠤᠯᠠᠭᠠᠨ ᠎ᠤ ᠭᠡᠮᠵᠢᠶ᠎ᠠ ᠵᠢ᠎ᠨᠢ ᠡᠵᠡᠮᠳᠡᠬᠦ᠌᠎ᠡᠴᠡ ᠭᠠᠷ᠎ᠢᠶᠠᠷ ᠭᠡᠪᠰᠢᠭᠦᠯᠭᠦ ᠬᠦᠷᠲᠡᠯ᠎ᠡ᠂ ᠭᠣᠭ᠍ᠴᠣᠭ᠎ᠠ ᠪᠦᠷᠢ᠎ᠳᠦ ᠤᠯᠠᠮᠵᠢᠯᠠᠯᠳᠤ ᠠᠷᠭ᠎ᠠ᠎ᠶ᠋ᠢ ᠴᠢᠩᠭ᠎ᠠ ᠵᠢᠷᠤᠮᠯᠠᠵᠤ᠂ ᠶᠠᠮᠠᠷ ᠴᠤ᠌ ᠲᠤᠰᠠᠯᠠᠬᠤ ᠮᠠᠲ᠋ᠧᠷᠢᠶᠠᠯ ᠨᠡᠮᠡᠳᠡᠭ ᠦᠭᠡᠢ᠃ ᠢᠩᠭᠢᠵᠤ ᠬᠢᠭ᠌ᠰᠡᠨ ᠴᠠᠭᠠᠨ ᠢᠳᠡᠭᠡᠨ᠎ᠦ ᠠᠮᠲᠠ ᠨᠢ ᠭᠤᠶᠤ᠂ ᠱᠢᠮ᠎ᠡ ᠲᠡᠵᠢᠭᠡᠯ ᠨᠢ ᠡᠯᠪᠡᠭ ᠲᠤᠯᠠ ᠵᠠᠬᠢᠶᠠᠯᠠᠭ᠎ᠠ᠎ᠶ᠋ᠢᠨ ᠬᠠᠭᠤᠳᠠᠰᠤ ᠡᠳᠦᠷ ᠢᠷᠡᠬᠦᠶ᠎ᠡ ᠨᠡᠮᠡᠭᠳᠡᠵᠤ᠂ 2019 ᠣᠨ᠎ᠳᠤ᠂ ᠲᠡᠷᠡ ᠬᠡᠷ ᠪᠦᠯᠢ᠎ᠶ᠋ᠢᠨ ᠵᠢᠵᠢᠭ ᠦᠶ᠋ᠯᠡᠳᠭᠡᠯ᠎ᠦᠨ ᠭᠠᠵᠠᠷ ᠵᠢᠡᠨ ᠬᠡᠪᠴᠢᠶᠡᠵᠢᠭᠦᠯᠦᠨ ᠪᠣᠯᠪᠠᠰᠤᠷᠠᠭᠤᠯᠬᠤ ᠦᠶ᠋ᠯᠡᠳᠪᠦᠷᠢ ᠪᠣᠯᠭᠠᠨ ᠬᠥᠭ᠌ᠵᠢᠭᠦᠯᠦᠭ᠌ᠰᠡᠨ ᠪᠥᠭᠡᠳ ᠰᠠᠨᠠᠭᠠᠴᠢᠯᠠᠭ᠎ᠠ᠎ᠠᠴᠠ᠎ᠪᠠᠨ ᠪᠥᠬᠥ᠌ ᠬᠣᠱᠢᠭᠤᠨ᠎ᠤ 200 ᠭᠠᠷᠤᠶ ᠡᠷᠦᠬᠡ ᠮᠠᠯᠴᠢᠨ᠎ᠲᠠᠶ ᠬᠠᠷᠢᠯᠴᠠᠵᠤ᠂ ᠡᠳᠦᠷ ᠪᠦᠷᠢ 1000 ᠭᠠᠷᠤᠶ ᠵᠢᠩ ᠱᠢᠨ᠎ᠡ ᠰᠣᠷᠭᠣᠭ ᠦᠨᠢᠶᠡᠨ ᠰᠦ ᠬᠤᠳᠠᠯᠳᠤᠨ ᠠᠪᠴᠤ᠌᠂ ᠲᠦᠭᠦᠬᠡᠶ ᠮᠠᠲ᠋ᠧᠷᠢᠶᠠᠯ᠎ᠤᠨ ᠵᠢᠡᠨ ᠶᠠᠰᠤ ᠴᠢᠨᠠᠷ᠎ᠢ ᠪᠠᠲᠤᠯᠠᠭ᠍ᠰᠠᠨ ᠪᠥᠭᠡᠳ ᠪᠠᠰᠠ ᠮᠠᠯᠴᠢᠳ᠎ᠤᠨ ᠣᠷᠣᠯᠭ᠎ᠠ᠎ᠶ᠋ᠢ ᠨᠡᠮᠡᠭᠳᠡᠭᠦᠯᠦᠭᠰᠡᠨ ᠪᠠᠢᠨ᠎ᠠ᠃

《ᠣᠲᠣ ᠡᠳᠦᠷ ᠪᠦᠷᠢ ᠠᠷᠪᠠᠨ ᠬᠡᠳᠦᠨ ᠵᠦᠶ᠋ᠯ᠎ᠦᠨ ᠴᠠᠭᠠᠨ ᠢᠳᠡᠭᠡᠨ ᠦᠶ᠋ᠯᠡᠳᠪᠦᠷᠢᠯᠡᠵᠤ᠂ ᠦᠶ᠋ᠯᠡᠳᠬᠦᠨ᠎ᠢᠶᠡᠨ ᠪᠡᠭᠡᠵᠢᠩ᠂ ᠱᠠᠩᠬᠠᠶ᠂ ᠱᠧᠨᠵᠧᠨ ᠵᠡᠷᠭᠡ ᠬᠣᠲᠠ᠎ᠳᠤ ᠪᠣᠷᠣᠯᠠᠭᠤᠯᠵᠤ ᠪᠤᠢ᠃ ᠤᠳᠤ ᠮᠢᠨᠦ᠍ ᠠᠵᠢᠯ᠎ᠤᠨ ᠭᠣᠣᠯᠳᠠᠯᠭ᠎ᠠ ᠨᠢᠭᠡᠨᠲᠡ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠬᠤ᠎ᠳᠤ ᠱᠢᠯᠵᠢᠭᠰᠡᠨ᠂ ᠴᠠᠭᠠᠨ ᠢᠳᠡᠭᠡ ᠭᠢᠭᠦ ᠤᠷ᠎ᠠ ᠮᠡᠷᠭᠡᠵᠢᠯ᠎ᠤᠨ ᠢᠷᠡᠭᠡᠳᠦᠢ ᠨᠡᠩ ᠰᠠᠷᠠᠭᠤᠯ ᠪᠠᠢᠬᠤ ᠵᠢ ᠭᠦᠰᠡᠨ᠎ᠠ》 ᠭᠡᠵᠤ ᠲᠤᠭᠤ ᠭᠡᠯᠡᠨ᠎ᠠ᠃

ᠣᠳᠣᠬᠠᠨ᠎ᠳᠤ᠂ ᠱᠢᠯᠤᠭᠤᠨ ᠬᠥᠬᠡ ᠬᠣᠱᠢᠭᠤᠨ᠎ᠤ ᠴᠠᠭᠠᠨ ᠢᠳᠡᠭᠡᠨ ᠦᠶ᠋ᠯᠡᠳᠬᠦ᠌ ᠤᠷ᠎ᠠ ᠮᠡᠷᠭᠡᠵᠢᠯ (ᠴᠠᠭᠠᠨ ᠢᠳᠡᠭᠡ)᠎ᠢ᠋ ᠤᠯᠠᠮᠵᠢᠯᠠᠨ ᠵᠠᠯᠭᠠᠮᠵᠢᠯᠠᠬᠤ ᠡᠩᠨᠡᠭᠡ ᠲᠠᠰᠤᠷᠠᠯᠲᠠ ᠥᠬᠡᠶ ᠪᠤᠵᠠᠭᠠᠢᠷᠠᠵᠤ᠂ ᠲᠠᠰ ᠳᠠᠪᠬᠤᠷᠭ᠎ᠠ ᠲᠣᠳᠣᠷᠬᠠᠶ ᠤᠯᠠᠮᠵᠢᠯᠠᠨ ᠵᠠᠯᠭᠠᠮᠵᠢᠯᠠᠬᠤ ᠱᠢᠰᠲ᠋ᠧᠮ᠎ᠢ ᠪᠠᠢᠭᠤᠯᠵᠤ᠂ 1 ᠤᠯᠤᠰ᠎ᠤᠨ ᠲᠠᠰ᠎ᠤᠨ᠂ 2 ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠂ 4 ᠠᠢᠮᠠᠭ᠎ᠤᠨ ᠲᠠᠰ᠎ᠤᠨ ᠵᠢᠴᠢ 20 ᠬᠣᠱᠢᠭᠤᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ᠌ ᠴᠢᠨᠠᠷᠲᠠᠶ ᠤᠯᠠᠮᠵᠢᠯᠠᠨ ᠵᠠᠯᠭᠠᠮᠵᠢᠯᠠᠭ᠍ᠴᠢ᠎ᠲᠠᠶ ᠪᠣᠯᠵᠠᠶ᠃ ᠪᠥᠬᠥ᠌ ᠬᠣᠱᠢᠭᠤᠨ᠎ᠳᠤ ᠳᠠᠩᠰᠠᠯᠠᠭᠤᠯᠤᠭ᠍ᠰᠠᠨ ᠴᠠᠭᠠᠨ ᠢᠳᠡᠭᠡᠨ᠎ᠦ ᠦᠶ᠋ᠯᠡᠳᠭᠡᠯ ᠎ᠤᠨ ᠭᠠᠵᠠᠷ 118 ᠪᠣᠯᠵᠣ᠂ ᠤᠯᠠᠮᠵᠢᠯᠠᠯᠳᠤ ᠴᠠᠭᠠᠨ ᠢᠳᠡᠭᠡ ᠭᠢᠭᠦ ᠤᠷ᠎ᠠ ᠮᠡᠷᠭᠡᠵᠢᠯ᠎ᠨᠢ ᠪᠠᠷᠢᠮᠵᠢᠶᠠᠵᠢᠭ᠍ᠰᠠᠨ᠂ ᠲᠦᠷᠢᠮᠵᠢᠭᠰᠡᠨ ᠬᠥᠭ᠌ᠵᠢᠯᠲᠡ᠎ᠶ᠋ᠢᠨ ᠵᠠᠮ ᠵᠢᠡᠷ ᠤᠷᠤᠭᠰᠢᠯᠠᠨ ᠵᠠᠮᠨᠠᠵᠤ ᠪᠤᠢ᠃


ᠭᠠᠵᠠᠷ ᠤᠷᠤᠨ ᠭᠦᠴᠦᠨ ᠨᠡᠮᠡᠷᠢᠯᠡᠨ᠎ᠠ᠄ ᠤᠯᠠᠮᠵᠢᠯᠠᠯ ᠪᠠ ᠵᠠᠯᠭᠠᠮᠵᠢᠯᠠᠯ ᠰᠢᠨ᠎ᠠ ᠠᠵᠠ ᠵᠠᠪᠰᠢᠶᠠᠨ᠎ᠢ ᠤᠭᠳᠤᠪᠠ

ᠤᠢᠷ᠎ᠠ ᠵᠢᠨ ᠵᠢᠯ ᠡᠴᠡ ᠰᠢᠯᠤᠭᠤᠨ ᠭᠦᠭᠡ ᠬᠤᠰᠢᠭᠤ ᠴᠠᠭᠠᠨ ᠢᠳᠡᠭᠡ ᠵᠢᠨ ᠰᠤᠶᠤᠯ᠎ᠢ ᠤᠯᠠᠮᠵᠢᠯᠠᠨ ᠭᠦᠭᠵᠢᠭᠦᠯᠭᠦ ᠵᠢ ᠲᠡᠭᠡᠳᠦ ᠭᠡᠮᠵᠢᠶ᠎ᠠ ᠪᠡᠷ ᠭᠦᠨᠳᠦᠳᠭᠡᠨ ᠦᠵᠡᠵᠤ᠂  ᠪᠤᠳᠠᠰ᠎ᠤᠨ ᠪᠤᠰᠤ ᠰᠤᠶᠤᠯ᠎ᠤᠨ ᠲᠤᠬᠠᠢ ᠬᠠᠮᠠᠭᠠᠯᠠᠯᠳᠠ ᠵᠢᠨ ᠭᠦᠴᠦᠯᠡᠴᠡ ᠪᠠᠨ ᠨᠡᠩ ᠴᠢᠨᠭᠭᠠᠳᠬᠠᠵᠤ᠂ ᠤᠯᠠᠮᠵᠢᠯᠠᠯᠳᠤ ᠴᠠᠭᠠᠨ ᠢᠳᠡᠭᠡᠨ ᠪ ᠰᠤᠶᠤᠯ ᠪᠠ ᠰᠤᠶᠤᠯ ᠵᠢᠭᠤᠯᠴᠢᠯᠠᠯ᠎ᠤᠨ ᠦᠢᠯᠡᠰ᠎ᠤᠨ ᠠᠭᠤᠰᠤᠯᠴᠠᠨ ᠭᠦᠭᠵᠢᠭᠦ ᠵᠢ ᠠᠭᠢᠭᠤᠯᠵᠠᠢ᠃

ᠲᠤᠰ ᠬᠤᠰᠢᠭᠤᠨ᠎ᠤ ᠪᠤᠳᠠᠰ᠎ᠤᠨ ᠪᠤᠰᠤ ᠰᠤᠶᠤᠯ᠎ᠤᠨ ᠤᠯᠠᠮᠵᠢᠯᠠᠯ᠎ᠤᠨ ᠰᠢᠰᠲᠸᠮ᠎ᠢ ᠲᠠᠰᠤᠷᠠᠯᠳᠠ ᠦᠭᠡᠢ ᠲᠡᠭᠦᠯᠳᠡᠷᠵᠢᠭᠦᠯᠵᠤ᠂ ᠤᠷ᠎ᠠ ᠮᠡᠷᠭᠡᠵᠢᠯ᠎ᠤᠨ ᠪᠤᠯᠪᠠᠰᠤᠷᠠᠯ᠎ᠢ ᠪᠠᠢᠨᠭᠭᠤ ᠵᠢᠨ ᠴᠢᠨᠠᠷᠳᠠᠢ ᠡᠷᠭᠢᠯᠡᠵᠤ᠂ ᠠᠯᠳᠠᠨᠭᠬᠤᠸ᠎ᠠ ᠴᠡᠴᠡᠭ᠎ᠤᠨ ᠵᠢᠭᠤᠯᠴᠢᠯᠠᠯ᠎ᠤᠨ ᠤᠯᠠᠷᠢᠯ᠂ ᠴᠠᠭᠠᠨ ᠢᠳᠡᠭᠡ ᠰᠤᠶᠤᠯ᠎ᠤᠨ ᠰᠤᠯᠢᠯᠴᠠᠭ᠎ᠠ ᠵᠡᠷᠭᠡ ᠭᠦᠳᠡᠯᠭᠡᠭᠡᠨ ᠵᠢᠡᠷ ᠨᠡᠩ ᠤᠯᠠᠨ ᠭᠦᠮᠦᠨ᠎ᠳᠤ ᠤᠯᠠᠮᠵᠢᠯᠠᠯᠳᠤ ᠴᠠᠭᠠᠨ ᠢᠳᠡᠭᠡ ᠭᠢᠭᠦ ᠮᠡᠷᠭᠡᠵᠢᠯ᠎ᠢ ᠲᠠᠨᠢᠯᠴᠠᠭᠤᠯᠬᠤ ᠵᠢᠨ ᠬᠠᠮᠳᠤ 《ᠰᠢᠯᠤᠭᠤᠨ ᠭᠦᠭᠡ ᠵᠢᠨ ᠴᠠᠭᠠᠨ ᠢᠳᠡᠭᠡ》᠂ 《ᠰᠢᠯᠢ ᠵᠢᠨ ᠭᠤᠤᠯ ᠴᠠᠭᠠᠨ ᠢᠳᠡᠭᠡ》 ᠮᠡᠳᠦ ᠵᠢᠨ ᠲᠦᠷᠦᠯ ᠲᠡᠮᠳᠡᠭ᠎ᠢ ᠠᠯᠳᠠᠷᠰᠢᠭᠤᠯᠵᠤ᠂ ᠴᠠᠭᠠᠨ ᠢᠳᠡᠭᠡᠨ ᠎ᠤ ᠦᠢᠯᠡᠳᠭᠡᠯ᠎ᠤᠨ ᠭᠠᠵᠠᠷ ᠪᠠ ᠦᠢᠯᠡᠳᠪᠦᠷᠢ ᠠᠵᠤ ᠠᠬᠤᠢᠯᠠᠯ᠎ᠢ ᠲᠡᠳᠭᠦᠨ ᠲᠡᠮᠵᠢᠭᠰᠡᠨ ᠪᠠᠢᠨ᠎ᠡ᠃


QQ20260617-104503.png


2023 ᠤᠨ ᠎ᠳᠤ᠂ 6600 ᠲᠡᠭᠰᠢ ᠲᠦᠷᠪᠡᠯᠵᠢᠨ ᠮᠸᠲᠷ᠎ᠤᠨ ᠰᠢᠯᠤᠭᠤᠨ ᠭᠦᠭᠡ ᠬᠤᠰᠢᠭᠤ ᠵᠢᠨ ᠴᠠᠭᠠᠨ ᠢᠳᠡᠭᠡ ᠵᠢᠨ ᠵᠤᠴᠢᠨ ᠎ᠤ ᠦᠷᠦᠭᠡ ᠪᠠᠢᠭᠤᠯᠤᠭᠳᠠᠪᠠ᠃ 2024 ᠤᠨ ᠎ᠳᠤ᠂ ᠰᠢᠯᠤᠭᠤᠨ ᠭᠦᠭᠡ ᠬᠤᠰᠢᠭᠤᠨ ᠎ᠤ ᠭᠠᠵᠠᠷ ᠤᠷᠤᠨ ᠪ ᠤᠨᠴᠠᠯᠢᠭᠳᠤ ᠴᠠᠭᠠᠨ ᠢᠳᠡᠭᠡᠨ ᠎ᠤ ᠡᠭᠢ ᠢᠷᠠᠯᠳᠠ ᠵᠢ ᠬᠠᠢᠬᠤ ᠲᠠᠪᠴᠠᠩ ᠠᠰᠢᠭᠯᠠᠯᠳᠠ᠎ᠳᠤ ᠤᠷᠤᠵᠤ᠂  ᠪᠦᠳᠦᠭᠡᠭᠳᠡᠭᠦᠨ᠎ᠤ ᠪᠦᠭᠦ ᠶᠠᠪᠤᠴᠠ ᠵᠢ ᠬᠠᠢᠬᠤ  ᠵᠢ ᠪᠡᠶᠡᠯᠡᠭᠦᠯᠪᠠ᠃ 2025 ᠤᠨ᠎ᠳᠤ ᠰᠢᠯᠤᠭᠤᠨ ᠭᠦᠭᠡ ᠬᠤᠰᠢᠭᠤ ᠵᠢᠨ ᠴᠠᠭᠠᠨ ᠢᠳᠡᠭᠡ ᠵᠢᠨ ᠵᠤᠴᠢᠨ ᠎ᠤ ᠦᠷᠦᠭᠡ ᠨᠢ ᠨᠠᠢᠳᠠ5 ᠲᠦᠮᠡᠨ ᠭᠦᠮᠦᠨ ᠤᠳᠠᠭ᠎ᠠ ᠵᠢᠨ ᠵᠢᠭᠤᠯᠴᠢᠯᠠᠭᠴᠢ ᠵᠢ ᠭᠦᠯᠢᠶᠠᠨ ᠠᠪᠴᠦ᠂ 50 ᠲᠦᠮᠡᠨ ᠲᠦᠭᠦᠷᠢᠭ᠎ᠤᠨ ᠪᠤᠷᠤᠯᠠᠭᠤᠯᠭ᠎ᠠ ᠵᠢ ᠡᠭᠦᠳᠦᠭᠰᠡᠨ ᠪᠠᠢᠨ᠎ᠠ᠃

ᠤᠳᠤᠬᠠᠨ᠎ᠳᠤ ᠰᠢᠯᠤᠭᠤᠨ ᠭᠦᠭᠡ ᠬᠤᠰᠢᠭᠤᠨ ᠪ ᠰᠠᠭᠠᠯᠢ ᠵᠢᠨ ᠦᠨᠢᠶ᠎ᠠ ᠵᠢᠨ ᠲᠤᠭ᠎ᠠ ᠲᠤᠯᠤᠭᠠᠢ 6.1 ᠲᠦᠮᠡ ᠭᠦᠷᠴᠦ᠂ ᠵᠢᠯ᠎ᠤᠨ ᠰᠦ ᠵᠢᠨ ᠭᠠᠷᠤᠯᠳᠠ 10.8 ᠲᠦᠮᠡᠨ ᠲᠤᠨ ᠎ᠳᠤ ᠭᠦᠷᠴᠦ ᠪᠤᠢ᠃ ᠤᠯᠠᠮᠵᠢᠯᠠᠯᠳᠤ ᠴᠠᠭᠠᠨ ᠢᠳᠡᠭᠡ ᠨᠢ ᠦᠪᠦᠷ ᠮᠤᠨᠭᠭᠤᠯ᠂ ᠪᠡᠭᠡᠵᠢᠩ ᠲᠢᠶᠠᠨᠵᠢᠨ ᠾᠸᠪᠸᠢ᠂ ᠭᠦᠭᠡᠮᠦ᠋ᠷᠡᠨ ᠎ᠤ  ᠭᠤᠷᠪᠠᠯᠵᠢᠨ ᠬᠤᠢᠭ᠎ᠤᠨ ᠵᠠᠬ᠎ᠠ ᠲᠡᠯᠭᠡᠭᠦᠷ᠎ᠢ ᠠᠭᠠᠵᠢᠮ ᠵᠢᠡᠷ ᠡᠵᠡᠯᠡᠵᠤ᠂ ᠴᠢᠨᠠᠷ ᠰᠠᠢᠳᠠᠢ ᠴᠠᠭᠠᠨ ᠢᠳᠡᠭᠡ ᠭᠡᠷᠡᠭᠯᠡᠭᠴᠢᠳ᠎ᠤᠨ ᠬᠠᠯᠠᠭᠤᠨ ᠭᠦᠷᠢᠶᠡᠯᠡᠯ᠎ᠢ ᠤᠯᠵᠤ ᠪᠤᠢ᠃

ᠴᠠᠭ᠎ᠤᠨ ᠤᠷᠳᠤ᠎ᠳᠤ ᠴᠠᠭᠠᠨ ᠢᠳᠡᠭᠡ ᠲᠡᠭᠡᠵᠢᠯᠡᠭᠳᠡᠨ᠂ ᠪᠤᠳᠠᠰ᠎ᠤᠨ ᠪᠤᠰᠤ ᠰᠤᠶᠤᠯ᠎ᠤᠨ ᠦᠪ ᠰᠢᠨ᠎ᠠ ᠠᠮᠢᠵᠢᠷᠠᠯ ᠵᠢᠡᠷ ᠪᠢᠯᠬᠠᠨ᠎ᠠ᠃ ᠤᠳᠤᠬᠠᠨ᠎ᠳᠤ ᠴᠠᠭᠠᠨ ᠢᠳᠡᠭᠡ ᠨᠢ ᠨᠢᠭᠡᠨᠳᠡ ᠢᠳᠡᠭᠡᠨ ᠎ᠤ ᠲᠦᠷᠦᠯ ᠲᠡᠮᠳᠡᠭ ᠡᠴᠡ ᠲᠠᠪᠠᠵᠤ᠂ ᠭᠠᠵᠠᠷ ᠤᠷᠤᠨ ᠎ᠤ ᠤᠨᠴᠠᠯᠢᠭ᠎ᠢ ᠬᠠᠷᠠᠭᠤᠯᠤᠭᠰᠠᠨ᠂ ᠤᠯᠠᠨ ᠲᠦᠮᠡᠨ ᠪ ᠤᠷᠤᠯᠭ᠎ᠠ ᠵᠢ ᠨᠡᠮᠡᠭᠳᠡᠭᠦᠯᠭᠦ ᠴᠢᠬᠤᠯᠠ ᠶᠡᠭᠡ ᠰᠤᠶᠤᠯ᠎ᠤᠨ IP ᠪᠤᠯᠵᠤ᠂ ᠤᠯᠠᠮᠵᠢᠯᠠᠯ ᠪᠠ ᠰᠢᠨᠡᠴᠢᠯᠡᠯ ᠲᠤᠮᠳᠠ ᠭᠦᠭᠵᠢᠯᠳᠡ ᠵᠢᠨ ᠰᠢᠨ᠎ᠠ ᠬᠠᠭᠤᠳᠠᠰᠤ ᠵᠢ ᠪᠢᠴᠢᠭᠯᠡᠭᠰᠡᠭᠡᠷ  ᠁

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号