ᠴᠠᠭᠠᠨ ᠢᠳᠡᠭᠡ ᠦᠢᠯᠡᠳᠭᠦ ᠪᠣᠯᠪᠠᠰᠤᠷᠠᠯ ᠲᠠᠯ᠎ᠠ ᠨᠤᠳᠤᠭ ᠲᠤ᠌ ᠰᠦ ᠵᠢᠨ ᠦᠨᠦᠷ ᠠᠩᠭᠢᠯᠤᠨᠠᠮ
2026-06-17 10:52:41
ᠵᠣᠬᠢᠶᠠᠭ᠍ᠴᠢ᠄
ᠵᠢᠢ ᠴᠢᠩ ᠯᠢᠩ
ᠣᠩᠱᠢᠭ᠍ᠰᠠᠨ ᠣᠳᠠᠭ᠎ᠠ᠄
★★★☆☆

ᠱᠢᠯᠢ᠎ᠶ᠋ᠢᠨ ᠭᠤᠤᠯ ᠠᠢᠮᠠᠭ᠎ᠤᠨ ᠱᠢᠯᠤᠭᠤᠨ ᠬᠥᠬᠡ ᠬᠤᠱᠢᠭᠤᠨ᠎ᠳᠤ᠂ ᠦᠶ᠎ᠠ ᠤᠯᠠᠷᠢᠨ ᠤᠯᠠᠮᠵᠢᠯᠠᠭᠳᠠᠭᠰᠠᠨ ᠴᠠᠭᠠᠨ ᠢᠳᠡᠭᠡ ᠦᠢᠯᠡᠳᠬᠦ᠌ ᠤᠷ᠎ᠠ ᠮᠡᠷᠭᠡᠵᠢᠯ (ᠴᠠᠭᠠᠨ ᠢᠳᠡᠭᠡ) ᠨᠢ ᠵᠦᠪᠭᠡᠨ ᠤᠷ᠎ᠠ ᠮᠡᠷᠭᠡᠵᠢᠯ ᠲᠡᠳᠦᠢ ᠪᠢᠰᠢ ᠬᠠᠷᠢᠨ ᠦᠨᠳᠦᠰᠦᠳᠡᠨ᠎ᠤ ᠰᠣᠶᠣᠯ᠎ᠲᠠᠢ ᠠᠭᠤᠰᠤᠯᠴᠠᠵᠤ᠂ ᠠᠷᠠᠳ ᠣᠯᠠᠨ᠎ᠤ ᠠᠵᠠ ᠵᠢᠷᠭᠠᠯ᠎ᠲᠠᠢ ᠬᠤᠯᠪᠤᠭᠳᠠᠭᠰᠠᠨ ᠠᠴᠢᠶᠠᠯᠠᠪᠤᠷᠢ ᠪᠤᠯᠵᠠᠢ᠃

ᠶᠤᠸᠠᠨ ᠤᠯᠤᠰ᠎ᠤᠨ ᠦᠶ᠎ᠡ᠎ᠳᠤ ᠣᠷᠳᠣᠨ ᠪ ᠢᠳᠡᠭᠡ ᠪᠠᠢᠭᠰᠠᠨ᠎ᠠᠴᠠ ᠤᠳᠤ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ᠌ ᠴᠢᠨᠠᠷᠲᠠᠶ ᠲᠥᠷᠥᠯ ᠵᠦᠶ᠋ᠯ ᠪᠣᠯᠲᠠᠯ᠎ᠠ᠂ ᠮᠠᠯᠵᠢᠬᠤ ᠣᠷᠣᠨ᠎ᠤ ᠬᠡᠷ ᠪᠦᠯᠢ᠎ᠶ᠋ᠢᠨ ᠡᠳᠦᠷ ᠲᠤᠲᠤᠮ᠎ᠤᠨ ᠴᠠᠭᠠᠨ ᠢᠳᠡᠭᠡᠨ᠎ᠠᠴᠠ ᠪᠥᠬᠦ᠌ ᠤᠯᠤᠰ ᠲᠤ᠌ ᠪᠤᠷᠤᠯᠠᠭᠤᠯᠭ᠎ᠠ ᠰᠠᠢᠳᠠᠢ ᠤᠨᠴᠠᠯᠢᠬ᠍ᠳᠤ ᠠᠵᠤ ᠦᠶ᠋ᠯᠡᠰ᠎ᠤᠨ ᠨᠠᠷᠠᠲᠤ ᠲᠥᠷᠥᠯ ᠲᠡᠮᠳᠡᠭ᠌ᠲᠦ᠍᠎ᠪᠤᠯᠳᠠᠯ᠎ᠠ᠂ ᠴᠠᠭᠠᠨ ᠢᠳᠡᠭᠡ ᠦᠶ᠋ᠯᠡᠳᠬᠦ᠌ ᠤᠷ᠎ᠠ ᠮᠡᠷᠭᠡᠵᠢᠯ (ᠴᠠᠭᠠᠨ ᠢᠳᠡᠭᠡ) ᠨᠢ ᠤᠯᠠᠮᠵᠢᠯᠠᠯᠲᠤ ᠰᠣᠶᠣᠯ᠎ᠤᠨ ᠠᠮᠢᠳᠤᠯᠢᠭ ᠤᠯᠠᠮᠵᠢᠯᠠᠯ᠂ ᠤᠨᠴᠠᠯᠢᠬ᠍ᠳᠤ ᠡᠬᠢ ᠪᠠᠶᠠᠯᠢᠭ᠎ᠤᠨ ᠦᠨ᠎ᠡ ᠦᠷᠳᠡᠭ᠎ᠤᠨ ᠰᠢᠯᠵᠢᠯᠳᠡ᠂ ᠠᠵᠤ ᠦᠶ᠋ᠯᠡᠰ᠎ᠢ ᠠᠭᠤᠰᠤᠯᠴᠠᠭᠤᠯᠤᠨ ᠬᠠᠮᠲᠤ᠎ᠪᠠᠷ ᠪᠠᠶᠠᠵᠢᠬᠤ᠎ᠶ᠋ᠢᠨ ᠠᠴᠢ ᠬᠤᠯᠪᠣᠭ᠍ᠳᠠᠯ᠎ᠢ ᠠᠮᠢᠳᠤᠯᠢᠭ᠎ᠢᠶᠠᠷ ᠲᠠᠢᠯᠪᠤᠷᠢᠯᠠᠵᠠᠢ᠃

ᠪᠣᠳᠠᠰ᠎ᠤ᠋ᠨ ᠪᠤᠰᠤ ᠰᠣᠶᠣᠯ᠎ᠤ᠋ᠨ ᠥᠪ᠎ᠤᠨ ᠤᠯᠠᠮᠵᠢᠯᠠᠯ ᠨᠢ ᠡᠰᠢ ᠨᠢᠭᠡᠳᠡᠢ᠂ ᠴᠡᠪᠡᠷᠭᠡᠨ ᠪᠠᠢᠬᠤ᠎ᠳᠤ ᠤᠷᠤᠰᠢᠨ᠎ᠠ᠃  ᠱᠢᠯᠤᠭᠤᠨ ᠬᠥᠬᠡ ᠬᠤᠱᠢᠭᠤ᠎ᠨᠢ ᠤᠮᠠᠷᠠᠲᠤ ᠥᠷᠭᠡᠷᠢᠭ᠎ᠤᠨ 42 ᠭᠷᠠᠳᠦ᠋ᠰ᠎ᠤᠨ ᠳᠡᠯᠡᠬᠡᠶ᠎ᠶ᠋ᠢᠨ ᠱᠢᠵᠢᠷ ᠠᠯᠲᠠᠨ ᠰᠦ᠎ᠶ᠋ᠢᠨ ᠡᠭᠢ ᠪᠠᠶᠠᠯᠢᠭ᠎ᠤᠨ ᠪᠦᠰᠡᠨ᠎ᠳᠤ ᠤᠷᠤᠰᠢᠵᠤ᠂ ᠪᠠᠢᠭᠠᠯᠢ ᠵᠢᠨ ᠲᠠᠪᠠᠭᠤᠯᠢᠭ ᠪᠠ ᠶᠤᠸᠠᠨ ᠎ᠤ ᠲᠡᠭᠡᠳᠦ ᠨᠠᠢᠰᠯᠡᠯ᠎ᠤᠨ ᠭᠦᠨ ᠵᠤᠵᠠᠭᠠᠨ ᠲᠡᠦᠭᠡ ᠵᠢᠨ ᠭᠦᠷᠦᠰᠦ ᠰᠢᠷᠤᠢ᠎ᠳᠤ ᠲᠦᠰᠢᠭᠯᠡᠨ᠂ ᠴᠠᠭᠠᠨ ᠢᠳᠡᠭᠡ ᠭᠢᠭᠦ ᠤᠯᠠᠮᠵᠢᠯᠠᠯᠳᠤ ᠤᠷ᠎ᠠ ᠮᠡᠷᠭᠡᠵᠢᠯ ᠎ᠢ ᠵᠠᠯᠭᠠᠮᠵᠢᠯᠠᠭᠠᠳ᠂ ᠤᠯᠠᠮᠵᠢᠯᠠᠯ ᠵᠠᠯᠭᠠᠮᠵᠢᠯᠠᠯ᠎ᠢ ᠪᠠᠶᠠᠯᠡᠭᠦᠯᠵᠤ᠂ ᠦᠨᠳᠦᠰᠦᠳᠡᠨ ᠎ᠤ ᠰᠤᠶᠤᠯ᠎ᠤᠨ ᠲᠡᠮᠳᠡᠭ ᠪᠤᠯᠤᠭᠰᠠᠨ ᠪᠠᠢᠨ᠎ᠠ᠃

ᠬᠤᠯᠠ ᠵᠢᠨ ᠪᠤᠳᠤᠯ᠎ᠢ ᠡᠪᠦᠷᠯᠡᠵᠤ᠂ ᠤᠯᠠᠮᠵᠢᠯᠠᠯᠳᠤ ᠰᠤᠶᠤᠯ᠎ᠢ ᠵᠠᠯᠭᠠᠮᠵᠢᠯᠠᠨ ᠭᠦᠭᠵᠢᠭᠦᠯᠭᠦ ᠴᠢᠬᠤᠯᠠᠳᠠᠢ᠃ ᠪᠣᠳᠠᠰ᠎ᠤ᠋ᠨ ᠪᠤᠰᠤ ᠰᠣᠶᠣᠯ᠎ᠤ᠋ᠨ ᠥᠪ ᠨᠢ ᠴᠠᠭ ᠦᠶ᠎ᠡ᠎ᠲᠡᠢ ᠵᠡᠷᠭᠡᠪᠡᠷ ᠤᠷᠤᠭ᠍ᠱᠢᠯᠠᠨ᠂ ᠰᠢᠨᠡᠴᠢᠯᠡᠨ ᠭᠦᠭᠵᠢᠭᠦ ᠠᠮᠢᠵᠢᠷᠠᠯ᠎ᠤ᠋ᠨ ᠬᠦᠴᠦᠨ᠎ᠲᠡᠢ ᠶᠤᠮ᠃ ᠠᠬᠠᠮᠠᠳ ᠲᠤᠮᠤᠭᠠᠳᠠᠳ᠎ᠤᠨ ᠤᠯᠠᠮᠵᠢᠯᠠᠯ ᠡᠴᠡ ᠵᠠᠯᠠᠭᠤᠴᠤᠳ ᠵᠠᠯᠭᠠᠮᠵᠢᠯᠠᠨ ᠰᠢᠨᠡᠴᠢᠯᠡᠭᠦ ᠭᠦᠷᠳᠡᠯ᠎ᠠ᠂ ᠭᠡᠷ ᠪᠦᠯᠢ᠎ᠶ᠋ᠢᠨ ᠵᠢᠵᠢᠭ ᠦᠢᠯᠡᠳᠭᠡᠯ᠎ᠤᠨ ᠭᠠᠵᠠᠷ᠎ᠠᠴᠠ ᠬᠡᠪᠴᠢᠶᠠᠵᠢᠨ ᠲᠦᠷᠢᠮᠵᠢᠭᠰᠡᠨ ᠦᠢᠯᠡᠳᠪᠦᠷᠢ ᠬᠦᠷᠲᠡᠯ᠎ᠡ᠂ ᠭᠠᠷ ᠤᠷᠠᠯᠠᠯ᠎ᠤᠨ ᠰᠤᠯᠠ ᠦᠢᠯᠡᠳᠭᠡᠯ᠎ᠠᠴᠠ ᠪᠠᠷᠢᠮᠵᠢᠶᠠᠵᠢᠭᠤᠯᠤᠨ  ᠦᠢᠯᠡᠳᠪᠦᠷᠢᠯᠡᠬᠦ᠌ ᠬᠦᠷᠲᠡᠯ᠎ᠡ᠂ ᠦᠶ᠎ᠡ ᠦᠶ᠎ᠡ᠎ᠶ᠋ᠢᠨ ᠤᠯᠠᠮᠵᠢᠯᠠᠨ ᠵᠠᠯᠭᠠᠮᠵᠢᠯᠠᠭᠴᠢ ᠵᠢᠨ ᠵᠢᠳᠭᠦᠯ ᠴᠢᠷᠮᠠᠢᠯᠭ᠎ᠠ ᠪᠡᠷ ᠴᠠᠭᠠᠨ ᠢᠳᠡᠭᠡ ᠦᠢᠯᠡᠳᠬᠦ᠌ ᠤᠷ᠎ᠠ ᠮᠡᠷᠭᠡᠵᠢᠯ (ᠴᠠᠭᠠᠨ ᠢᠳᠠᠭᠡ) ᠎ᠰᠢᠨ᠎ᠠ ᠴᠠᠭ ᠦᠶ᠎ᠠ᠎ᠳᠤ ᠠᠮᠢᠵᠢᠷᠠᠯ ᠵᠢᠡᠨ ᠤᠯᠵᠤ᠂ ᠦᠷᠭᠦᠯᠵᠢᠯᠡᠨ  ᠦᠷᠨᠢᠨ ᠭᠦᠭᠵᠢᠵᠡᠢ᠃

ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠴᠢᠳᠠᠯ ᠣᠯᠭᠤᠵᠤ᠂ ᠰᠣᠶᠣᠯ ᠵᠢᠭᠤᠯᠴᠢᠯᠠᠯ᠎ᠢ ᠠᠭᠤᠰᠤᠯᠴᠠᠭᠤᠯᠵᠤ᠂ ᠠᠷᠠᠳ᠎ᠢ ᠪᠠᠶᠠᠵᠢᠭᠤᠯᠤᠨ ᠦᠢᠯᠡᠰ᠎ᠢᠶᠠᠨ ᠬᠥᠭ᠌ᠵᠢᠭᠦᠯᠬᠦ᠌᠎ᠭᠡᠷᠡᠭᠳᠡᠢ᠃ ᠰᠣᠶᠣᠯ ᠪᠣᠯ ᠠᠵᠤ ᠦᠢᠯᠡᠰ᠎ᠤᠨ ᠰᠦᠭ ᠰᠦᠨᠡᠰᠦ ᠮᠥᠨ᠂ ᠠᠵᠤ ᠦᠢᠯᠡᠰ ᠪᠣᠯ ᠰᠣᠶᠣᠯ᠎ᠤᠨ ᠲᠤᠯᠭᠠᠭᠤᠷᠢᠯᠠᠯ ᠮᠥᠨ᠃ ᠠᠵᠤ ᠦᠢᠯᠡᠰ᠎ᠤᠨ ᠲᠤᠯᠭᠠᠭᠤᠷᠢᠯᠠᠯ᠎ᠠᠴᠠ ᠰᠠᠯᠤᠩᠭᠢᠷᠠᠭ᠍ᠰᠠᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠯᠠᠮᠵᠢᠯᠠᠯ ᠨᠢ ᠤᠷᠲᠤ ᠤᠳᠠᠭᠠᠨ ᠪᠠᠢᠵᠤ ᠴᠢᠳᠠᠬᠤ ᠦᠭᠡᠢ᠂ ᠰᠣᠶᠣᠯ᠎ᠤᠨ ᠴᠢᠳᠠᠪᠤᠷᠢ ᠳᠤᠲᠠᠭ᠍ᠳᠠᠵᠤ ᠪᠠᠢᠭ᠎ᠠ ᠠᠵᠤ ᠦᠢᠯᠡᠰ᠎ᠤᠨ ᠬᠥᠭ᠌ᠵᠢᠯᠲᠡ᠎ᠳᠤ ᠰᠦᠭ ᠰᠦᠨᠡᠰᠦ ᠦᠭᠡᠢ ᠶᠤᠮ᠃ ᠱᠢᠯᠤᠭᠤᠨ ᠬᠥᠬᠡ ᠬᠤᠱᠢᠭᠤ ᠣᠨᠴᠠᠯᠢᠭ᠍ᠲᠤ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠰᠠᠭᠤᠷᠢᠯᠠᠨ᠂ ᠠᠵᠤ ᠦᠶ᠋ᠯᠡᠰ᠎ᠤᠨ ᠲᠠᠰ ᠳᠡᠪᠱᠢᠯᠳᠡ᠎ᠪᠠᠷ ᠭᠠᠷᠳᠠᠴᠠ ᠪᠣᠯᠭᠠᠵᠤ᠂ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢᠶᠠᠷ ᠠᠴᠢᠶᠠᠯᠠᠪᠤᠷᠢ ᠪᠣᠯᠭᠠᠨ᠂ 《ᠪᠣᠳᠠᠰ᠎ᠤᠨ ᠪᠤᠰᠤ ᠰᠣᠶᠣᠯ᠎ᠤᠨ ᠥᠪ  ᠴᠠᠭᠠᠨ ᠢᠳᠡᠭᠡ ᠵᠢᠨ ᠠᠵᠤ ᠦᠶ᠋ᠯᠡᠰ ᠰᠣᠶᠣᠯ ᠵᠢᠭᠤᠯᠴᠢᠯᠠᠯ》᠎ᠤ᠋ᠨ ᠪᠥᠬᠦ᠌ ᠬᠡᠯᠬᠢᠶ᠎ᠡ᠎ᠶ᠋ᠢᠨ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ᠎ᠢ ᠪᠥᠬᠦ᠌ ᠬᠦᠴᠦᠨ᠎ᠢᠶᠠᠷ᠎ᠢᠶᠠᠨ ᠪᠠᠢᠭᠤᠯᠵᠤ ᠪᠤᠢ᠃

ᠣᠨ ᠴᠠᠭ ᠤᠷᠠᠨ ᠳᠠᠷᠬᠠᠨ᠎ᠢ ᠳᠠᠪᠲᠠᠵᠤ᠂ ᠰᠦ᠎ᠴᠠᠭ᠎ᠠ ᠬᠤᠪᠢᠷᠠᠯ ᠭᠦᠭᠵᠢᠯ᠎ᠢ ᠭᠡᠷᠡᠴᠢᠯᠡᠨ᠂ ᠤᠯᠠᠮᠵᠢᠯᠠᠯ ᠵᠠᠯᠭᠠᠮᠵᠢᠯᠠᠯ᠎ᠤᠨ ᠶᠠᠪᠤᠴᠠ᠎ᠳᠤ ᠰᠢᠨ᠎ᠠ ᠵᠢ ᠡᠭᠦᠳᠦᠨ᠂ ᠪᠤᠳᠠᠳᠤ ᠦᠢᠯᠡᠳᠦᠯᠭᠡ ᠪᠡᠷ ᠢᠷᠡᠭᠡᠳᠦᠢ ᠪᠠᠨ ᠴᠤᠭᠴᠠᠯᠠᠨᠠᠮ᠃ ᠴᠠᠭᠠᠨ ᠢᠳᠡᠭᠡ ᠦᠢᠯᠡᠳᠬᠦ᠌ ᠤᠷ᠎ᠠ ᠮᠡᠷᠭᠡᠵᠢᠯ (ᠴᠠᠭᠠᠨ ᠢᠳᠡᠭᠡ) ᠨᠢ ᠦᠨᠳᠦᠰᠦ ᠰᠠᠭᠤᠷᠢ ᠪᠠᠨ ᠪᠠᠳᠤ ᠰᠠᠭᠢᠵᠤ᠂ ᠤᠷᠠᠨ ᠲᠠᠷᠬᠠᠨ ᠎ᠤ ᠵᠤᠷᠢᠭ ᠰᠠᠨᠠᠭ᠎ᠠ ᠵᠢ ᠪᠠᠳᠠᠷᠠᠭᠤᠯᠤᠨ᠂ ᠠᠵᠤ ᠦᠢᠯᠡᠰ᠎ᠤᠨ ᠰᠠᠭᠤᠷᠢ ᠪᠠᠨ ᠪᠠᠳᠤᠳᠬᠠᠵᠤ᠂ ᠠᠭᠤᠰᠤᠯᠴᠠᠨ ᠭᠦᠭᠵᠢᠭᠦ ᠵᠠᠮ ᠵᠢᠡᠷ ᠰᠠᠢᠳᠤᠷ ᠵᠠᠮᠨᠠᠪᠠᠯ ᠰᠠᠶᠢ ᠤᠷᠳᠤ ᠤᠳᠠᠭᠠᠨ ᠭᠦᠭᠵᠢᠯᠳᠡ ᠪᠠᠨ ᠤᠯᠵᠤ ᠴᠢᠳᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号