ᠪᠣᠳᠠᠲᠠᠢ ᠠᠷᠭ᠎ᠠ ᠬᠡᠮᠵᠢᠶ᠎ᠡ ᠠᠪᠴᠤ ᠪᠣᠳᠠᠲᠤ ᠦᠷ᠎ᠡ ᠪᠦᠲᠦᠮᠵᠢ᠎ᠶᠢ ᠡᠷᠬᠢᠮᠯᠡᠨ ᠰᠠᠭᠤᠷᠢ ᠲᠠᠯᠪᠢᠵᠤ ᠠᠯᠤᠰ ᠬᠡᠲᠦ᠎ᠳᠦ ᠠᠰᠢᠭ᠋ ᠬᠦᠷᠲᠡᠭᠡᠨ᠎ᠡ — ᠪᠦᠬᠦ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ ᠬᠢᠨ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ ᠪᠣᠶ
2026-06-17 10:22:56
ᠵᠣᠬᠢᠶᠠᠭ᠍ᠴᠢ᠄
​ ᠸᠠᠩ ᠬᠤᠤ ᠰᠢᠤᠸᠠᠢ ᠯᠠᠢ ᠯᠢᠦ ᠬᠣᠩ ᠵᠠᠩ
ᠣᠩᠱᠢᠭ᠍ᠰᠠᠨ ᠣᠳᠠᠭ᠎ᠠ᠄
★★★☆☆

ᠪᠦᠬᠦ ᠤᠷᠤᠨ᠎ᠤ ᠡᠯ᠎ᠡ ᠭᠠᠵᠠᠷ ᠡᠯ᠎ᠡ ᠰᠠᠯᠠᠭ᠎ᠠ ᠮᠦᠴᠢᠷ᠎ᠤᠨ ᠬᠢᠨ ᠵᠠᠰᠠᠭ᠎ᠤᠨ ᠠᠵᠢᠯ᠎ᠤᠨ ᠪᠦᠲᠦᠮᠵᠢ ᠵᠢᠨ ᠳᠤᠬᠠᠢ ᠵᠦᠪ ᠦᠵᠡᠯᠲᠡ ᠵᠢ ᠪᠤᠢ ᠪᠤᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠦᠮᠦᠵᠢᠯ᠎ᠢ ᠯᠠᠪᠳᠠᠭᠤᠨ ᠪᠠᠳᠤᠲᠠᠢ ᠦᠷᠨᠢᠭᠦᠯᠵᠦ ᠪᠤᠢ


ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭᠰᠡᠨ᠎ᠡᠴᠡ ᠨᠠᠭᠠᠰᠢ᠂ ᠮᠠᠨ᠎ᠤ ᠣᠷᠣᠨ᠎ᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠦᠵᠡᠯ ᠰᠠᠨᠠᠭ᠎ᠠ ᠲᠠᠨᠢᠯᠲᠠ᠎ᠪᠠᠨ ᠦᠷᠭᠦᠯᠵᠢᠯᠡᠨ ᠭᠦᠨᠵᠡᠭᠡᠢᠷᠡᠭᠦᠯᠵᠦ᠂ ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ᠎ᠶᠢ ᠨᠢᠭᠡ ᠴᠣᠭᠴᠠᠵᠢᠭᠤᠯᠤᠨ ᠠᠬᠢᠭᠤᠯᠵᠤ᠂ ᠬᠠᠷᠠᠯᠲᠠ᠎ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠤᠶᠠᠯᠳᠤᠭᠤᠯᠬᠤ᠎ᠶᠢ ᠪᠠᠷᠢᠮᠲᠠᠯᠠᠵᠤ᠂ ᠰᠤᠷᠤᠯᠴᠠᠯᠭ᠎ᠠ᠎ᠶᠢᠨ ᠦᠷ᠎ᠡ ᠪᠦᠲᠦᠭᠡᠯ ᠵᠢᠠᠨ ᠦᠢᠯᠡᠳᠦᠯᠭᠡ᠎ᠵᠢ ᠵᠢᠯᠣᠭᠣᠳᠬᠤ᠂ ᠠᠵᠢᠯ᠎ᠢ ᠠᠬᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ 《 ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠶᠢ ᠰᠠᠢᠲᠤᠷ ᠡᠬᠢᠯᠡᠭᠦᠯᠬᠦ᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠵᠤ ᠪᠤᠢ᠃

ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶᠢ ᠬᠠᠮᠠᠭᠠᠯᠠᠬᠤ ᠲᠢᠩᠬᠢᠮ ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ ᠡᠯ᠎ᠡ ᠵᠦᠢᠯ᠎ᠦᠨ ᠠᠵᠢᠯ᠎ᠢ ᠨᠠᠷᠢᠨ ᠨᠢᠭ᠍ᠲᠠ ᠪᠠᠢᠷᠢᠯᠠᠭᠤᠯᠤᠨ ᠠᠬᠢᠭᠤᠯᠵᠤ᠂ 《ᠤᠳᠤᠷᠢᠳᠤᠯᠭ᠎ᠠ ᠲᠦᠷᠦᠭᠦᠯᠡᠨ᠂ ᠲᠤᠰᠬᠠᠢ ᠠᠩᠭᠢ ᠨᠢᠭᠡᠳᠦᠯᠲᠡᠢ ᠲᠥᠯᠥᠪᠵᠢᠭᠦᠯᠵᠦ᠂ ᠴᠠᠭᠳᠠᠭᠠᠨ᠎ᠤ ᠲᠥᠷᠥᠯ ᠬᠠᠮᠲᠤᠷᠠᠨ ᠬᠥᠳᠡᠯᠦᠯᠴᠡᠬᠦ》 ᠠᠵᠢᠯ᠎ᠤᠨ ᠲᠣᠭᠲᠡᠴᠡ᠎ᠶᠢ ᠪᠠᠢᠭᠤᠯᠤᠨ᠂ ᠨᠡᠪᠲᠡᠷᠡᠯᠴᠡᠬᠦ ᠠᠷᠭ᠎ᠠ ᠵᠠᠮ᠎ᠢ ᠰᠠᠭᠠᠳ ᠦᠭᠡᠢ ᠨᠠᠪᠲᠠᠷᠡᠭᠦᠯᠵᠦ᠂ ᠣᠯᠠᠨ ᠲᠦᠮᠡᠨ᠎ᠦ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠢᠳᠡᠪᠬᠢᠲᠡᠢ ᠬᠠᠷᠢᠭᠤᠯᠲᠠ ᠥᠭᠴᠦ᠂ ᠳᠣᠲᠣᠭᠠᠳᠤ᠎ᠶᠢ ᠬᠠᠮᠠᠭᠠᠯᠠᠬᠤ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ᠎ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠲᠢᠩᠬᠢᠮ᠎ᠦᠨ ᠨᠠᠮ᠎ᠤᠨ ᠬᠣᠷᠢᠶᠠᠨ᠎ᠤ ᠤᠳᠤᠷᠢᠳᠬᠤ ᠪᠠᠭ᠎ᠤᠨ ᠬᠢᠨ 《ᠲᠦᠷᠦᠭᠦᠴᠢ ᠭᠠᠯᠠᠭᠤ᠎ᠶᠢᠨ ᠦᠢᠯᠡᠳᠦᠯ》 ᠢ᠋ ᠪᠠᠳᠠᠷᠠᠭᠤᠯᠵᠤ᠂ ᠲᠢᠩᠬᠢᠮ᠎ᠦᠨ ᠪᠠᠢᠭᠤᠯᠭ᠎ᠠ᠎ᠶᠢᠨ ᠭᠠᠵᠠᠷ᠎ᠤᠨ ᠲᠠᠰ᠎ᠡᠴᠡ ᠳᠡᠭᠡᠭᠰᠢᠬᠢ ᠤᠳᠤᠷᠢᠳᠬᠤ ᠪᠠᠭ ᠵᠢᠴᠢ ᠪᠦᠷᠢᠯᠳᠦᠭᠦᠨ᠎ᠢ ᠲᠦᠷᠦᠭᠦᠯᠡᠨ ᠳᠠᠶ᠋ᠢᠴᠢᠯᠠᠵᠤ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠦᠵᠡᠯᠲᠡ᠎ᠶᠢᠨ ᠵᠥᠷᠢᠶ᠎ᠡ᠎ᠶᠢᠨ ᠠᠰᠠᠭᠤᠳᠠᠯ᠎ᠤᠨ ᠨᠠᠷᠢᠨ ᠳᠠᠨᠭᠰᠠ ᠪᠣᠯᠣᠨ ᠡᠯ᠎ᠡ ᠲᠥᠷᠥᠯ᠎ᠦᠨ ᠬᠢᠨᠠᠯᠲᠠ ᠲᠠᠯᠪᠢᠵᠤ ᠬᠠᠷᠢᠭᠤ ᠲᠤᠰᠬᠠᠭᠰᠠᠨ ᠠᠰᠠᠭᠤᠳᠠᠯ᠎ᠲᠠᠢ ᠬᠠᠷᠭᠤᠭᠤᠯᠵᠤ᠂ ᠬᠢᠨᠠᠯᠲᠠ ᠲᠠᠯᠪᠢᠵᠤ ᠨᠡᠪᠲᠡᠷᠡᠯᠴᠡᠭᠦᠯᠦᠨ ᠵᠣᠬᠢᠴᠠᠭᠤᠯᠬᠤ ᠲᠣᠭᠲᠡᠴᠡ᠎ᠳᠤ ᠲᠦᠰᠢᠭᠯᠡᠵᠦ᠂ ᠳᠣᠲᠣᠭᠠᠳᠤ᠎ᠶᠢ ᠬᠠᠮᠠᠭᠠᠯᠠᠬᠤ ᠭᠣᠣᠯ ᠬᠠᠷᠢᠭᠤᠴᠠᠯᠭ᠎ᠠ ᠭᠣᠣᠯ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠬᠠᠤᠯᠢ ᠬᠡᠷᠡᠭᠵᠢᠭᠦᠯᠬᠦ᠂ ᠠᠮᠤᠷ ᠠᠮᠤᠭᠤᠯᠠᠩ᠎ᠤᠨ ᠪᠠᠢᠭᠤᠯᠤᠯᠲᠠ᠂ ᠣᠯᠠᠨ ᠲᠦᠮᠡᠨ᠎ᠳᠦ ᠦᠢᠯᠡᠴᠢᠯᠡᠬᠦ᠂ ᠡᠩᠨᠡᠭᠡᠨ᠎ᠦ ᠬᠠᠮᠢᠶᠠᠷᠤᠯᠲᠠ ᠵᠡᠷᠭᠡ ᠬᠦᠷᠢᠶᠡᠨ᠎ᠳᠡᠬᠢ ᠲᠣᠪᠣᠢᠮ᠎ᠠ ᠳᠤᠲᠠᠭᠤᠳᠠᠯ᠎ᠢ ᠣᠨᠣᠪᠴᠢᠲᠠᠶ ᠪᠠᠢᠴᠠᠭᠠᠨ ᠲᠣᠳᠣᠯᠠᠵᠤ᠂ ᠠᠰᠠᠭᠤᠳᠠᠯ᠎ᠤᠨ ᠦᠨᠳᠦᠰᠦ ᠰᠤᠷᠪᠤᠯᠵᠢ᠎ᠶᠢ ᠭᠦᠨᠵᠡᠭᠡᠢ ᠠᠭᠤᠳᠠᠯᠪᠠ᠃ ᠡᠭᠦᠨ᠎ᠦ ᠬᠠᠮᠲᠤ᠂ ᠡᠭᠦᠷᠭᠡ ᠴᠢᠳᠠᠪᠬᠢ᠎ᠳᠠᠭᠠᠨ ᠰᠠᠭᠤᠷᠢᠯᠠᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠵᠦ᠂ ᠵᠥᠷᠢᠴᠡᠯ ᠵᠠᠭᠤᠷᠠᠯᠳᠤᠭᠠᠨ᠎ᠢ ᠪᠠᠢᠴᠠᠭᠠᠨ ᠰᠢᠢᠳᠪᠦᠷᠢᠯᠡᠬᠦ᠎ᠶᠢ ᠭᠦᠨᠵᠡᠭᠡᠢᠷᠡᠭᠦᠯᠦᠨ᠂ ᠡᠯ᠎ᠡ ᠲᠥᠷᠥᠯ᠎ᠦᠨ ᠬᠠᠤᠯᠢ᠎ᠶᠢ ᠵᠥᠷᠢᠴᠡᠭᠰᠡᠨ ᠲᠣᠪᠣᠢᠮ᠎ᠠ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠳᠣᠲᠣᠭᠠᠳᠤ᠎ᠶᠢ ᠬᠠᠮᠠᠭᠠᠯᠠᠬᠤ ᠠᠵᠢᠯ᠎ᠤᠨ ᠲᠠᠯ᠎ᠠ᠎ᠪᠠᠷ ᠠᠷᠠᠳ᠎ᠲᠤ ᠲᠥᠬᠥᠮ ᠦᠵᠡᠭᠦᠯᠵᠦ ᠠᠵᠤ ᠠᠬᠤᠢᠯᠠᠯ᠎ᠳᠤ ᠠᠰᠢᠭ᠋ ᠬᠦᠷᠲᠡᠭᠡᠬᠦ ᠵᠠᠰᠠᠭ᠎ᠤᠨ ᠶᠠᠪᠤᠳᠠᠯ᠎ᠤᠨ ᠦᠢᠯᠡᠴᠢᠯᠡᠭᠡ᠎ᠶᠢ ᠰᠢᠯᠢᠳᠡᠭᠵᠢᠭᠦᠯᠦᠨ᠂ ᠣᠯᠠᠨ ᠲᠦᠮᠡᠨ᠎ᠦ ᠬᠦᠷᠲᠡᠮᠵᠢ᠎ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ᠎ᠦ ᠲᠥᠷᠥᠭᠳᠡᠯ᠎ᠢ ᠦᠨᠡᠨ ᠬᠦ᠌ ᠨᠡᠮᠡᠭᠳᠡᠭᠦᠯᠪᠡ᠃ ᠵᠢᠯ᠎ᠤᠨ ᠡᠬᠢᠨ᠎ᠡᠴᠡ ᠨᠠᠭᠠᠰᠢ᠂ ᠪᠥᠬᠥ ᠣᠷᠣᠨ᠎ᠤ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ ᠵᠥᠷᠢᠴᠡᠯ ᠵᠠᠭᠤᠷᠠᠯᠳᠤᠭᠠᠨ᠎ᠢ ᠨᠡᠶ᠋ᠢᠲᠡ 19.33 ᠲᠦᠮᠡ ᠭᠠᠷᠤᠢ ᠵᠢᠭ᠍ᠰᠠᠭᠠᠨ ᠪᠠᠢᠴᠠᠭᠠᠵᠤ᠂ 19.11 ᠲᠦᠮᠡ ᠭᠠᠷᠤᠢ ᠎ᠶᠢ ᠨᠢ ᠰᠢᠢᠳᠪᠦᠷᠢᠯᠡᠵᠦ᠂ ᠰᠢᠢᠳᠪᠦᠷᠢᠯᠡᠭᠰᠡᠨ ᠨᠣᠷᠮ᠎ᠠ ᠨᠢ 98.86% ᠎ᠳ᠋ᠤ᠌ ᠬᠦᠷᠴᠡᠢ᠃ ᠡᠨᠡ ᠵᠢᠯ᠎ᠦᠨ 1 ᠰᠠᠷ᠎ᠠ᠎ᠡᠴᠡ 4 ᠰᠠᠷ᠎ᠠ ᠪᠣᠯᠲᠠᠯ᠎ᠠ᠂ ᠡᠷᠡᠭᠦᠦ᠎ᠶᠢᠨ ᠬᠡᠷᠡᠭ᠎ᠦᠨ ᠶᠡᠷᠦᠩᠬᠡᠢ ᠬᠡᠮᠵᠢᠶ᠎ᠡ ᠠᠳᠠᠯᠢ ᠬᠤᠭᠤᠴᠠᠭᠠᠨ᠎ᠤ ᠬᠢ᠎ᠡᠴᠡ 14.2% ᠎ᠵᠢᠡᠷ ᠪᠠᠭᠤᠷᠠᠵᠤ᠂ ᠬᠡᠷᠡᠭ ᠢᠯᠡᠷᠡᠭᠦᠯᠦᠭᠰᠡᠨ ᠨᠣᠷᠮ᠎ᠠ ᠠᠳᠠᠯᠢ ᠬᠤᠭᠤᠴᠠᠭᠠᠨ᠎ᠤ ᠬᠢ᠎ᠡᠴᠡ 5.2% ᠵᠢᠡᠷ ᠳᠡᠭᠡᠭᠰᠢᠯᠡᠵᠦ᠂ ᠴᠠᠬᠢᠯᠭᠠᠨ ᠬᠤᠯᠪᠤᠭᠠᠨ᠎ᠤ᠎ᠮᠡᠬᠡᠯᠡᠯ᠎ᠤᠨ ᠬᠡᠷᠡᠭ᠎ᠦᠨ ᠬᠡᠷᠡᠭ ᠪᠣᠯᠭᠠᠨ ᠳᠠᠩᠰᠠᠯᠠᠭᠰᠠᠨ ᠲᠣᠭ᠎ᠠ᠂ ᠣᠯᠠᠨ ᠲᠦᠮᠡᠨ᠎ᠦ ᠬᠣᠬᠢᠷᠠᠯ᠎ᠤᠨ ᠲᠣᠭ᠎ᠠ ᠲᠣᠰ ᠲᠣᠰ 17.5%᠂ 34.7% ᠎ᠪᠠᠷ ᠪᠠᠭᠤᠷᠠᠵᠤ᠂ ᠤᠯᠠᠮᠵᠢᠯᠠᠯᠲᠤ 《ᠬᠤᠯᠠᠭᠠᠢᠯᠠᠬᠤ ᠪᠤᠯᠢᠶᠠᠬᠤ ᠮᠡᠬᠡᠯᠡᠬᠦ》 ᠬᠡᠷᠡᠭ᠎ᠢ ᠢᠯᠡᠷᠡᠭᠦᠯᠦᠭᠰᠡᠨ ᠨᠣᠷᠮ᠎ᠠ ᠶᠡᠬᠡ᠎ᠪᠡᠷ ᠳᠡᠭᠡᠭᠰᠢᠯᠡᠪᠡ᠃

ᠪᠠᠶᠠᠨᠨᠠᠭᠤᠷ ᠬᠣᠲᠠ ᠰᠤᠷᠤᠯᠴᠠᠯᠭ᠎ᠠ ᠬᠥᠮᠦᠵᠢᠯ᠎ᠦᠨ ᠶᠡᠷᠦᠩᠬᠡᠶ ᠱᠠᠭᠠᠷᠳᠠᠯᠭ᠎ᠠ᠎ᠶᠢ ᠡᠵᠡᠮᠳᠡᠵᠦ᠍᠂ ᠭᠤᠤᠯᠳᠠᠯᠭ᠎ᠠ᠎ᠲᠠᠶ ᠬᠥᠮᠦᠰ᠎ᠢ ᠴᠢᠩᠭ᠎ᠠ ᠠᠩᠬᠠᠷᠴᠤ᠌᠂ ᠦᠵᠡᠯ ᠰᠠᠨᠠᠭᠠᠨ᠎ᠤ ᠰᠠᠭᠤᠷᠢ᠎ᠶᠢ ᠴᠢᠩᠭ᠎ᠠ ᠪᠥᠭᠡᠳ ᠪᠣᠳᠠᠲᠠᠶ ᠪᠠᠲᠤ᠌ ᠲᠠᠯᠪᠢᠪᠠ᠃        

ᠪᠠᠶᠠᠨᠨᠠᠭᠤᠷ ᠬᠣᠲᠠ᠎ᠶᠢᠨ ᠨᠠᠮ᠎ᠤᠨ ᠬᠣᠷᠢᠶ᠎ᠠ ᠲᠦᠷᠦᠭᠦᠯᠡᠨ ᠨᠣᠮ ᠤᠩᠰᠢᠬᠤ ᠠᠩᠭᠢ ᠡᠷᠭᠢᠯᠡᠵᠦ᠂ ᠤᠨᠤᠯ ᠰᠤᠷᠤᠯᠴᠠᠬᠤ ᠭᠣᠣᠯ ᠳᠤᠭᠤᠶ᠋ᠢᠯᠠᠩ᠎ᠲᠠᠶ ᠤᠶᠠᠯᠳᠤᠭᠤᠯᠤᠨ 3 ᠤᠳᠠᠭ᠎ᠠ ᠰᠤᠷᠤᠯᠴᠠᠵᠤ ᠰᠤᠳᠤᠯᠤᠨ ᠶᠠᠷᠢᠯᠴᠠᠵᠤ᠂ ᠪᠦᠬᠦ᠌ ᠬᠣᠲᠠ᠎ᠶᠢᠨ 86 ᠰᠤᠷᠤᠯᠴᠠᠯᠭ᠎ᠠ ᠬᠥᠮᠦᠵᠢᠯ᠎ᠳᠤ ᠣᠷᠣᠯᠴᠠᠭᠰᠠᠨ ᠨᠢᠭᠡᠴᠢ᠎ᠶᠢ ᠳᠠᠶ᠋ᠢᠴᠢᠯᠠᠨ ᠨᠣᠮ ᠤᠩᠰᠢᠬᠤ ᠠᠩᠭᠢ ᠡᠷᠬᠢᠯᠡᠵᠦ᠂ ᠦᠨᠳᠦᠰᠦᠨ ᠱᠠᠲᠤᠨ᠎ᠤ ᠨᠠᠮ᠎ᠤᠨ ᠡᠭᠦᠷ 《ᠭᠤᠷᠪᠠᠨ ᠬᠤᠷᠠᠯ ᠨᠢᠭᠡ ᠬᠢᠴᠢᠶᠡᠯ》᠂ ᠭᠤᠤᠯ ᠰᠡᠳᠦᠪᠲᠦ᠍ ᠨᠠᠮ᠎ᠤᠨ ᠡᠳᠦᠷ ᠵᠡᠷᠭᠡ ᠪᠡᠷ ᠲᠠᠮᠵᠢᠨ᠂ ᠤᠯᠤᠰ ᠲᠦᠷᠦ᠎ᠶᠢᠨ ᠤᠨᠤᠯ᠎ᠤ᠋ᠨ 《ᠲᠠᠪᠤᠨ ᠰᠤᠷᠤᠯᠴᠠᠯᠭ᠎ᠠ》(ᠳᠡᠭᠡᠳᠦ ᠱᠠᠲᠤᠨ᠎ᠡᠴᠡ ᠵᠣᠬᠢᠶᠠᠨ ᠪᠠᠶ᠋ᠢᠭᠤᠯᠵᠤ ᠵᠢᠯᠣᠭᠣᠳᠤᠨ ᠰᠤᠷᠤᠯᠴᠠᠬᠤ᠂ ᠨᠠᠮ᠎ᠤᠨ ᠡᠭᠦᠷ᠎ᠦᠨ ᠱᠦᠵᠢ ᠲᠠᠭᠠᠭᠤᠯᠤᠨ ᠰᠤᠷᠤᠯᠴᠠᠬᠤ᠂ ᠨᠠᠮ᠎ᠤᠨ ᠬᠣᠷᠢᠶ᠎ᠠ᠎ᠡᠴᠡ ᠠᠵᠢᠯᠲᠠᠨ ᠲᠣᠮᠢᠯᠠᠵᠤ ᠰᠤᠷᠤᠯᠴᠠᠯᠭ᠎ᠠ᠎ᠶᠢ ᠠᠬᠢᠭᠤᠯᠬᠤ᠂ ᠵᠣᠬᠢᠶᠠᠨ ᠪᠠᠶ᠋ᠢᠭᠤᠯᠤᠯᠲᠠ᠎ᠶᠢᠨ ᠠᠮᠢᠳᠤᠷᠠᠯ᠎ᠳ᠋ᠤ ᠰᠤᠷᠤᠯᠴᠠᠭᠰᠠᠨ ᠵᠢᠡᠨ ᠮᠡᠳᠡᠬᠦᠯᠬᠦ᠂ ᠠᠷᠠᠳᠴᠢᠯᠠᠯ᠎ᠢᠶᠠᠷ ᠦᠨᠡᠯᠡᠨ ᠶᠠᠷᠢᠯᠴᠠᠵᠤ ᠰᠤᠷᠤᠯᠴᠠᠬᠤ) ᠵᠢᠨ ᠬᠡᠪ ᠵᠠᠭᠪᠤᠷ ᠳ᠋ᠤ ᠲᠦᠰᠢᠭᠯᠡᠨ᠂ ᠲᠥᠪᠯᠡᠷᠡᠩᠭᠦᠢ ᠰᠤᠷᠤᠯᠴᠠᠯᠭ᠎ᠠ᠎ᠶᠢ 11027 ᠤᠳᠠᠭ᠎ᠠ ᠥᠷᠨᠢᠭᠦᠯᠵᠦ᠂ ᠪᠥᠬᠥ᠌ ᠬᠣᠲᠠ᠎ᠶᠢᠨ ᠠᠵᠢᠯ᠎ᠡᠴᠡ᠎ᠪᠠᠨ ᠳᠠᠷᠬᠠᠯᠠᠭᠳᠠᠭᠰᠠᠨ ᠠᠵᠢᠯ᠎ᠡᠴᠡ᠎ᠪᠠᠨ ᠠᠮᠠᠷᠠᠭᠰᠠᠨ ᠺᠠᠳ᠋ᠷᠴᠤᠳ᠎ᠲᠤ᠌ 《ᠲᠠᠪᠤᠨ ᠲᠠᠯ᠎ᠡ ᠪᠡᠷ ᠲᠦᠷᠦᠬᠦᠯᠡᠬᠦ》 (ᠲᠦᠷᠦᠭᠦᠯᠡᠨ ᠭᠦᠨᠵᠡᠭᠡᠢ ᠰᠤᠷᠤᠯᠴᠠᠨ ᠨᠡᠪᠲᠡᠷᠡᠲᠡᠯ᠎ᠠ ᠤᠢᠢᠯᠠᠭᠠᠬᠤ᠂ ᠲᠦᠷᠦᠭᠦᠯᠡᠨ ᠤᠬᠠᠭᠤᠯᠤᠨ ᠲᠠᠶ᠋ᠢᠯᠪᠤᠷᠢᠯᠠᠬᠤ᠂ ᠲᠦᠷᠦᠭᠦᠯᠡᠨ ᠰᠠᠨᠠᠯ ᠵᠥᠪᠯᠡᠯᠭᠡ ᠳᠤᠷᠠᠳᠴᠤ᠌ ᠠᠷᠭ᠎ᠠ ᠤᠬᠠᠭᠠᠨ ᠭᠠᠷᠭᠠᠬᠤ᠂ ᠲᠦᠷᠦᠭᠦᠯᠡᠨ ᠣᠯᠠᠨ ᠲᠦᠮᠡᠨ᠎ᠳᠦ ᠦᠢᠯᠡᠴᠢᠯᠡᠬᠦ᠂ ᠲᠦᠷᠦᠭᠦᠯᠡᠨ ᠪᠡᠶ᠎ᠡ᠎ᠪᠡᠨ ᠴᠢᠩᠭ᠎ᠠ ᠱᠠᠭᠠᠷᠳᠠᠬᠤ) ᠵᠢᠨ ᠰᠠᠨᠠᠭᠠᠴᠢᠯᠠᠭ᠎ᠠ᠎ᠶᠢᠨ ᠪᠢᠴᠢᠭ ᠭᠠᠷᠭᠠᠪᠠ᠃ ᠵᠠᠯᠠᠭᠤ ᠺᠠᠳ᠋ᠷᠴᠤᠳ᠎ᠤᠨ ᠭᠣᠣᠯᠳᠠᠯᠭ᠎ᠠ᠎ᠲᠠᠶ ᠬᠥᠮᠦᠰ᠎ᠢ ᠴᠢᠩᠭ᠎ᠠ ᠠᠩᠬᠠᠷᠴᠤ᠌᠂ 《ᠪᠣᠷᠣᠲᠣᠬᠣᠢ᠎ᠶᠢᠨ ᠰᠢᠨ᠎ᠡ ᠭᠠᠪᠰᠢᠭᠠᠢ ᠵᠠᠯᠠᠭᠤᠴᠤᠳ·ᠠᠷᠠᠳ ᠲᠦᠮᠡᠨ᠎ᠤ᠋ ᠲᠦᠯᠦᠭᠡ ᠵᠠᠰᠠᠭ ᠤ᠋ᠨ ᠠᠵᠢᠯ᠎ᠤᠨ ᠪᠦᠲᠦᠮᠵᠢ ᠭᠠᠷᠭᠠᠵᠤ  ᠪᠣᠳᠠᠲᠠᠢ ᠠᠵᠢᠯᠯᠠᠬᠤ ᠪᠡᠷ ᠵᠠᠰᠠᠭ ᠤ᠋ᠨ ᠠᠵᠢᠯ᠎ᠤᠨ ᠪᠦᠲᠦᠮᠵᠢ ᠭᠠᠷᠭᠠᠬᠤ》 ᠵᠠᠯᠠᠭᠤ ᠺᠠᠳ᠋ᠷᠴᠤᠳ᠎ᠤᠨ ᠦᠰᠦᠨ ᠪᠣᠶ᠋ᠢᠵᠢᠬᠤ ᠪᠣᠯᠪᠠᠰᠤᠷᠠᠯ᠎ᠤᠨ ᠬᠤᠸᠠᠷᠠᠨ᠎ᠢ ᠡᠷᠬᠢᠯᠡᠵᠦ᠍᠂ ᠤᠨᠤᠯ᠎ᠤᠨ ᠵᠢᠯᠤᠭᠤᠳᠤᠯᠭ᠎ᠠ᠂ ᠰᠤᠷᠤᠯᠴᠠᠵᠦ᠍ ᠰᠤᠳᠤᠯᠤᠨ ᠶᠠᠷᠢᠯᠴᠠᠬᠤ᠂ ᠰᠡᠷᠡᠮᠵᠢᠯᠡᠭᠦᠯᠬᠦ᠌ ᠬᠥᠮᠦᠵᠢᠯ ᠵᠡᠷᠭᠡ ᠠᠷᠭ᠎ᠠ ᠬᠡᠯᠪᠡᠷᠢ᠎ᠪᠡᠷ 205 ᠵᠠᠯᠠᠭᠤ ᠺᠠᠳ᠋ᠷ᠎ᠢ ᠵᠣᠬᠢᠶᠠᠨ ᠪᠠᠶ᠋ᠢᠭᠤᠯᠵᠤ ᠲᠤᠰᠬᠠᠢ ᠰᠡᠳᠦᠪᠲᠦ᠍ ᠪᠣᠯᠪᠠᠰᠤᠷᠠᠯ ᠥᠷᠨᠢᠭᠦᠯᠪᠡ᠃ ᠵᠥᠪ ᠪᠤᠷᠤᠭᠤ ᠲᠠᠯ᠎ᠠ᠎ᠶᠢᠨ ᠨᠡᠶ᠋ᠢᠲᠡᠯᠢᠭ ᠬᠡᠷᠡᠭ᠎ᠦᠨ ᠵᠢᠱ᠌ᠢᠶ᠎ᠡ᠎ᠶᠢᠨ 《ᠬᠣᠶᠠᠷ ᠲᠣᠯᠢ》 ᠵᠢ ᠰᠠᠶ᠋ᠢᠲᠤᠷ ᠬᠡᠷᠡᠭᠯᠡᠵᠦ᠍᠂ ᠲᠢᠩᠬᠢᠮ᠎ᠦᠨ ᠲᠠᠰ᠎ᠤᠨ ᠤᠳᠤᠷᠢᠳᠤᠯᠭ᠎ᠠ᠎ᠳᠤ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠲᠠᠰ ᠳᠠᠪᠬᠤᠷᠭ᠎ᠠ᠎ᠶᠢᠨ ᠵᠥᠪ ᠪᠤᠷᠤᠭᠤ ᠲᠠᠯ᠎ᠠ᠎ᠶᠢᠨ ᠨᠡᠶ᠋ᠢᠲᠡᠯᠢᠭ ᠬᠡᠷᠡᠭ᠎ᠦᠨ ᠵᠢᠱ᠌ᠢᠶ᠎ᠡ᠎ᠶᠢ ᠳᠠᠷᠤᠮᠠᠯᠯᠠᠨ ᠲᠠᠷᠬᠠᠭᠠᠵᠤ᠂ ᠰᠢᠶᠠᠨ ᠭᠠᠵᠠᠷ᠎ᠤᠨ ᠲᠠᠰ᠎ᠤᠨ ᠤᠳᠤᠷᠢᠳᠬᠤ ᠪᠠᠭ᠎ᠤᠨ ᠪᠠᠷᠢᠮᠵᠢᠶ᠎ᠠ ᠪᠤᠯᠭᠠᠵᠤ ᠰᠤᠷᠤᠯᠴᠠᠬᠤ᠎ᠶᠢ ᠴᠠᠭ ᠲᠤᠬᠠᠶ᠎ᠳᠤᠨᠢ ᠤᠯᠠᠮᠵᠢᠯᠠᠨ ᠲᠠᠷᠬᠠᠭᠠᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢ ᠱᠠᠯᠠᠪᠳᠠᠭᠤᠯᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ᠂ 《ᠭᠤᠷᠪᠠᠨ ᠬᠤᠷᠠᠯ ᠨᠢᠭᠡ ᠬᠢᠴᠢᠶᠡᠯ》 ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠰᠤᠷᠤᠯᠴᠠᠵᠤ᠂ ᠲᠡᠷᠢᠭᠦᠨ᠎ᠦ ᠨᠡᠶ᠋ᠢᠲᠡᠯᠢᠭ ᠵᠢᠱ᠌ᠢᠶ᠎ᠡ ᠪᠡᠷ᠎ᠪᠠᠷᠢᠮᠵᠢᠶ᠎ᠠ ᠪᠤᠯᠭᠠᠨ ᠨᠠᠮᠴᠢ ᠴᠢᠨᠠᠷ᠎ᠤᠨ ᠤᠬᠠᠮᠰᠠᠷ᠎ᠢᠶᠠᠨ ᠴᠢᠩᠭᠠᠳᠬᠠᠵᠤ᠂ ᠡᠰᠡᠷᠭᠦ᠌ ᠲᠠᠯ᠎ᠠ᠎ᠶᠢᠨ ᠨᠡᠶ᠋ᠢᠲᠡᠯᠢᠭ ᠵᠢᠱ᠌ᠢᠶ᠎ᠡ᠎ᠪᠡᠷ ᠪᠠᠷᠢᠮᠵᠢᠶ᠎ᠠ ᠪᠤᠯᠭᠠᠨ ᠬᠡᠷᠡᠭ᠎ᠢᠶᠡᠷ ᠴᠡᠭᠴᠡᠯᠡᠨ ᠵᠠᠰᠠᠬᠤ᠎ᠶᠢ ᠠᠬᠢᠭᠤᠯᠬᠤ᠎ᠶᠢ ᠭᠦᠨᠵᠡᠭᠡᠶ᠋ᠢᠷᠡᠭᠦᠯᠪᠡ᠃

ᠠᠯᠠᠱᠠ ᠠᠶ᠋ᠢᠮᠠᠭ ᠠᠷᠠᠳ ᠲᠦᠮᠡᠨ᠎ᠦ ᠵᠣᠭᠰᠣᠯᠲᠠ᠎ᠳᠤ ᠪᠠᠲᠤ᠌ ᠵᠣᠭᠰᠣᠵᠤ᠂ ᠣᠯᠠᠨ ᠲᠦᠮᠡᠨ᠎ᠦ ᠠᠩᠬᠠᠷᠤᠨ ᠬᠠᠯᠠᠮᠵᠢᠯᠠᠵᠤ ᠪᠠᠶ᠋ᠢᠭ᠎ᠠ᠂ ᠲᠥᠪᠯᠡᠷᠡᠩᠭᠦᠶ ᠲᠤᠰᠬᠠᠯ ᠲᠠᠢ ᠪᠠᠢᠭ᠎ᠠ ᠬᠣᠲᠠ᠎ᠶᠢᠨ ᠰᠠᠭᠤᠷᠢ ᠲᠥᠬᠥᠭᠡᠷᠦᠮᠵᠢ᠎ᠶᠢᠨ ᠪᠥᠲᠥᠭᠡᠨ ᠪᠠᠶ᠋ᠢᠭᠤᠯᠤᠯᠲᠠ᠂ ᠬᠣᠲᠠ᠎ᠶᠢᠨ ᠶᠠᠪᠤᠳᠠᠯ᠎ᠤᠨ ᠬᠠᠮᠢᠶᠠᠷᠤᠯᠲᠠ᠎ᠶᠢᠨ ᠬᠤᠭᠤᠯᠠᠢ ᠲᠤᠤᠷ᠎ᠢ ᠥᠭᠡᠷᠡᠴᠢᠯᠡᠨ ᠰᠠᠶ᠋ᠢᠵᠢᠷᠠᠭᠤᠯᠬᠤ᠂ ᠵᠠᠮ ᠬᠠᠷᠢᠯᠴᠠᠭᠠᠨ᠎ᠤ ᠨᠥᠬᠥᠴᠡᠯ᠎ᠢ ᠰᠠᠶ᠋ᠢᠵᠢᠷᠠᠭᠤᠯᠬᠤ ᠵᠡᠷᠭᠡ ᠠᠷᠠᠳ᠎ᠤᠨ ᠠᠮᠢᠳᠤᠷᠠᠯ᠎ᠤᠨ ᠬᠦᠰᠡᠯ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠴᠡᠭᠴᠡᠯᠡᠨ ᠰᠠᠶ᠋ᠢᠵᠢᠷᠠᠭᠤᠯᠵᠤ ᠴᠡᠭᠴᠡᠯᠡᠨ ᠵᠠᠰᠠᠬᠤ᠎ᠶᠢ ᠴᠢᠩᠭ᠎ᠠ ᠪᠣᠳᠠᠲᠠᠶ ᠰᠠᠶ᠋ᠢᠲᠤᠷ ᠠᠳᠬᠤᠵᠤ᠂ ᠣᠯᠠᠨ ᠲᠦᠮᠡᠨ᠎ᠦ ᠰᠡᠳᠬᠢᠯ ᠬᠠᠨᠤᠮᠵᠢᠲᠠᠶ ᠪᠠᠶ᠋ᠢᠬᠤ ᠬᠡᠮᠵᠢᠶ᠎ᠡ᠎ᠶᠢ ᠴᠡᠭᠴᠡᠯᠡᠨ ᠰᠠᠶ᠋ᠢᠵᠢᠷᠠᠭᠤᠯᠤᠭᠰᠠᠨ ᠦᠷ᠎ᠡ ᠪᠦᠲᠦᠮᠵᠢ᠎ᠶᠢᠨ 《ᠰᠢᠯᠭᠠᠭᠤᠷ》 ᠪᠣᠯᠭᠠᠵᠤ᠂ ᠣᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠰᠡᠳᠬᠢᠯ ᠳᠡᠯᠪᠢᠨ ᠰᠢᠢᠳᠪᠦᠷᠢᠯᠡᠪᠡ᠃ ᠡᠯ᠎ᠡ ᠱᠠᠲᠤ᠌ ᠡᠯ᠎ᠡ ᠰᠠᠯᠠᠭ᠎ᠠ ᠮᠥᠴᠢᠷ᠎ᠦᠨ᠎ᠬᠢᠨ ᠣᠳᠣᠬᠢᠴᠢᠯᠠᠭᠰᠠᠨ ᠰᠡᠯᠡᠭᠦᠴᠡᠯ᠎ᠦᠨ 《ᠠᠮᠠᠷᠠᠵᠤ ᠰᠡᠯᠡᠭᠦᠴᠡᠬᠦ ᠬᠣᠲᠠ》 ᠵᠢ ᠪᠥᠲᠥᠭᠡᠨ ᠪᠠᠶ᠋ᠢᠭᠤᠯᠬᠤ᠎ᠪᠠᠷ ᠬᠦᠴᠦᠯᠡᠬᠦ᠌ ᠴᠡᠭ ᠪᠣᠯᠭᠠᠵᠤ᠂ ᠳᠡᠭᠡᠳᠦ ᠳᠤᠤᠷᠠᠳᠤ ᠱᠠᠲᠤ᠎ᠪᠠᠷ᠎ᠢᠶᠠᠨ ᠬᠣᠯᠪᠣᠭᠠᠯᠠᠨ ᠬᠥᠳᠡᠯᠦᠯᠴᠡᠵᠦ᠍᠂ ᠬᠠᠮᠲᠤ᠎ᠪᠠᠷ ᠬᠥᠳᠡᠯᠦᠯᠴᠡᠵᠦ᠍᠂ ᠠᠷᠠᠳ᠎ᠤᠨ ᠠᠮᠢᠳᠤᠷᠠᠯ᠎ᠤᠨ ᠢᠨᠵᠧᠨᠧᠷᠢᠩ᠎ᠢ ᠠᠬᠢᠭᠤᠯᠤᠨ ᠢᠯᠡᠳᠲᠡ ᠦᠷ᠎ᠡ ᠪᠦᠲᠦᠮᠵᠢ ᠣᠯᠵᠤ᠂ ᠠᠯᠠᠱᠠ ᠵᠡᠭᠦᠨ ᠬᠣᠰᠢᠭᠤᠨ᠎ᠤ ᠪᠠᠶᠠᠨᠬᠣᠲᠠ ᠪᠠᠯᠭᠠᠰᠤᠨ᠎ᠤ ᠳᠤᠯᠠᠭᠠᠨ ᠵᠡᠭᠡᠯᠢ᠂ ᠠᠯᠠᠱᠠ ᠵᠠᠮ ᠵᠡᠷᠭᠡ ᠵᠠᠮ᠎ᠤᠨ ᠢᠨᠵᠧᠨᠧᠷᠢᠩ᠎ᠢ ᠬᠡᠰᠡᠭ ᠬᠤᠪᠢᠶᠠᠨ ᠪᠠᠶ᠋ᠢᠭᠤᠯᠵᠤ᠂ ᠠᠯᠬᠤᠮ ᠠᠯᠬᠤᠮ᠎ᠢᠶᠠᠷ ᠠᠬᠢᠭᠤᠯᠵᠤ᠂ ᠵᠠᠮ᠎ᠤᠨ ᠭᠠᠳᠠᠷᠭᠤ᠎ᠶᠢ ᠰᠡᠯᠪᠢᠨ ᠵᠠᠰᠠᠬᠤ ᠪᠠ ᠬᠣᠭᠣᠯᠠᠶ ᠲᠤᠤᠷ᠎ᠢ ᠲᠠᠰ ᠳᠡᠪᠰᠢᠭᠦᠯᠬᠦ᠌᠎ᠶᠢ ᠵᠡᠷᠭᠡ᠎ᠳᠦᠨᠢ ᠪᠡᠶᠡᠯᠡᠭᠦᠯᠵᠦ᠍᠂ ᠡᠨᠡ ᠵᠢᠯ ᠨᠡᠶ᠋ᠢᠲᠡ 5.8 ᠺᠢᠯᠣᠮᠧᠲ᠋ᠷ ᠵᠠᠮ᠎ᠢ ᠰᠡᠯᠪᠢᠨ ᠵᠠᠰᠠᠵᠤ᠂ ᠤᠰᠤ ᠬᠠᠩᠭᠠᠬᠤ ᠵᠢᠴᠢ ᠪᠣᠷᠣᠭᠠᠨ᠎ᠤ ᠪᠣᠬᠢᠷ ᠤᠰᠤᠨ᠎ᠤ ᠬᠣᠭᠣᠯᠠᠶ ᠲᠤᠤᠷ᠎ᠢ 30.7 ᠺᠢᠯᠣᠮᠧᠲ᠋ᠷ ᠵᠠᠰᠠᠨ ᠰᠢᠨᠡᠳᠬᠡᠪᠡ᠃ ᠪᠥᠬᠥ᠌ ᠠᠶ᠋ᠢᠮᠠᠭ ᠵᠢᠠᠷ ᠵᠢᠠᠨ 10 ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠢ ᠥᠭᠡᠷᠡᠴᠢᠯᠡᠨ ᠰᠢᠨᠡᠳᠬᠡᠬᠦ᠌ ᠠᠵᠢᠯ᠎ᠢ ᠵᠡᠷᠭᠡ ᠪᠡᠷ ᠠᠬᠢᠭᠤᠯᠵᠤ᠂ 2800 ᠭᠠᠷᠤᠶ ᠰᠠᠭᠤᠭᠠᠯᠢ ᠠᠷᠠᠳ᠎ᠲᠤ᠌ ᠠᠰᠢᠭ ᠬᠦᠷᠲᠡᠭᠡᠵᠦ᠍᠂ ᠴᠠᠬᠢᠯᠭᠠᠨ ᠱᠠᠲᠤ᠌ ᠨᠡᠮᠡᠵᠦ᠍ ᠤᠭᠰᠠᠷᠠᠬᠤ᠂ ᠠᠮᠤᠷ ᠲᠦᠪᠰᠢᠨ᠎ᠦ ᠰᠡᠷᠭᠡᠶ᠋ᠢᠯᠡᠯᠲᠡ᠎ᠶᠢᠨ ᠲᠥᠬᠥᠭᠡᠷᠦᠮᠵᠢ᠎ᠶᠢ ᠰᠢᠨᠡᠳᠬᠡᠬᠦ᠌᠎ᠪᠡᠷ ᠳᠠᠮᠵᠢᠭᠤᠯᠤᠨ᠂ ᠣᠷᠣᠰᠢᠨ ᠰᠠᠭᠤᠬᠤ ᠣᠷᠴᠢᠨ ᠨᠥᠬᠥᠴᠡᠯ᠎ᠢ ᠦᠷᠭᠦᠯᠵᠢᠯᠡᠨ ᠰᠠᠶ᠋ᠢᠵᠢᠷᠠᠭᠤᠯᠪᠠ᠃ ᠡᠭᠦᠨ᠎ᠡᠴᠡ ᠭᠠᠳᠠᠨ᠎ᠠ᠂ 2 ᠬᠠᠷᠮᠠᠨ ᠴᠡᠴᠡᠷᠯᠢᠭ᠂ 3 ᠣᠯᠠᠨ ᠨᠡᠶ᠋ᠢᠲᠡ᠎ᠶᠢᠨ ᠲᠡᠷᠭᠡᠨ ᠵᠣᠭᠰᠣᠭᠠᠯ᠎ᠢ ᠰᠢᠨ᠎ᠡ᠎ᠪᠡᠷ ᠪᠠᠶ᠋ᠢᠭᠤᠯᠵᠤ᠂ 205 ᠲᠡᠷᠭᠡᠨ ᠵᠣᠭᠰᠣᠭᠠᠯ᠎ᠢ ᠰᠢᠨ᠎ᠡ᠎ᠪᠡᠷ ᠨᠡᠮᠡᠭᠳᠡᠭᠦᠯᠬᠦ᠌᠎ᠶᠢᠨ ᠬᠠᠮᠲᠤ᠌ ᠴᠠᠬᠢᠯᠭᠠᠨ ᠴᠡᠨᠡᠭᠯᠡᠬᠦ᠌ ᠱᠣᠩ᠎ᠢ ᠢᠵᠢ ᠪᠦᠷᠢᠳᠦᠭᠦᠯᠦᠨ ᠪᠥᠲᠥᠭᠡᠨ ᠪᠠᠶ᠋ᠢᠭᠤᠯᠵᠤ᠂ ᠬᠣᠲᠠ᠎ᠶᠢᠨ ᠣᠯᠠᠨ ᠨᠡᠶ᠋ᠢᠲᠡ᠎ᠶᠢᠨ ᠦᠢᠯᠡᠴᠢᠯᠡᠭᠡ᠎ᠶᠢ ᠲᠠᠰ ᠳᠡᠪᠰᠢᠭᠦᠯᠵᠦ᠍᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶᠢᠨ ᠲᠦᠪᠰᠢᠨ᠎ᠢ ᠳᠠᠬᠢᠨ ᠰᠢᠨ᠎ᠡ ᠳᠡᠭᠲᠡᠷ᠎ᠲᠦ᠍ ᠭᠠᠷᠭᠠᠵᠤ᠂ ᠣᠯᠠᠨ ᠲᠦᠮᠡᠨ᠎ᠦ ᠬᠦᠷᠲᠡᠮᠵᠢ᠎ᠶᠢᠨ ᠲᠥᠷᠥᠭᠳᠡᠯ᠂ ᠵᠢᠷᠭᠠᠯᠲᠤ᠌ ᠲᠥᠷᠥᠭᠳᠡᠯ᠂ ᠠᠮᠤᠷ ᠲᠦᠪᠰᠢᠨ᠎ᠦ ᠲᠥᠷᠥᠭᠳᠡᠯ᠎ᠢ ᠦᠷᠭᠦᠯᠵᠢᠯᠡᠨ ᠨᠡᠮᠡᠭᠳᠡᠭᠦᠯᠵᠦ᠍᠂ ᠵᠠᠰᠠᠭ ᠤ᠋ᠨ ᠠᠵᠢᠯ᠎ᠤᠨ ᠪᠦᠲᠦᠮᠵᠢ᠎ᠶᠢᠨ ᠲᠤᠬᠠᠶ ᠵᠥᠪ ᠦᠵᠡᠯᠲᠡ᠎ᠶᠢ ᠦᠨᠳᠦᠰᠦᠨ ᠱᠠᠲᠤᠨ᠎ᠳᠤ ᠨᠠᠶ᠋ᠢᠳᠠᠪᠤᠷᠢᠵᠢᠭᠤᠯᠬᠤ᠎ᠶᠢ ᠠᠬᠢᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号