— ᠲᠤᠮᠳᠠᠳᠤ ᠤᠯᠤᠰ ᠤ᠋ᠨ ᠤᠯᠠᠨ ᠤᠯᠤᠰ ᠤ᠋ᠨ ᠠᠷᠠᠯᠵᠢᠶ᠎ᠠ᠎ᠶᠢ ᠠᠬᠢᠭᠤᠯᠬᠤ ᠬᠤᠷᠢᠶ᠎ᠠ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠦᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠳᠠᠷᠤᠭ᠎ᠠ ᠴᠢᠨ ᠶᠠᠨ᠎ᠢ ᠰᠤᠷᠪᠤᠯᠵᠢᠯᠠᠭᠰᠠᠨ᠎ᠨᠢ
ᠳᠣᠲᠣᠭᠠᠳᠤ ᠭᠠᠳᠠᠭᠠᠳᠤ᠎ᠶᠢ ᠬᠣᠯᠪᠣᠭᠰᠠᠨ ᠴᠢᠬᠤᠯᠠ ᠠᠷᠠᠯᠵᠢᠶᠠᠨ᠎ᠤ ᠵᠠᠩᠭᠢᠯᠠᠭ᠎ᠠ᠎ᠶᠢᠨ ᠴᠡᠭ᠎ᠢ ᠴᠣᠭᠴᠠᠯᠠᠨ᠎ᠠ᠃
— 《ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠶᠡᠷᠦᠩᠬᠡᠶ ᠲᠥᠰᠦᠯ》
《ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠶᠡᠷᠦᠩᠬᠡᠶ ᠲᠥᠰᠦᠯ》 (ᠳᠣᠷᠣᠭᠰᠢ 《ᠶᠡᠷᠦᠩᠬᠡᠶ ᠲᠥᠰᠦᠯ》 ᠭᠡᠵᠦ᠍ ᠲᠣᠪᠴᠢᠯᠠᠨ᠎ᠠ) ᠳ᠋ᠤ᠂ ᠳᠣᠲᠣᠭᠠᠳᠤ ᠭᠠᠳᠠᠭᠠᠳᠤ᠎ᠶᠢ ᠬᠣᠯᠪᠣᠭᠰᠠᠨ ᠴᠢᠬᠤᠯᠠ ᠠᠷᠠᠯᠵᠢᠶᠠᠨ᠎ᠤ ᠵᠠᠩᠭᠢᠯᠠᠭ᠎ᠠ᠎ᠶᠢᠨ ᠴᠡᠭ᠎ᠢ ᠴᠤᠬᠴᠠᠯᠠᠨ᠎ᠠ ᠭᠡᠵᠦ᠍ ᠲᠣᠳᠣᠷᠬᠠᠶ ᠳᠤᠷᠠᠳᠴᠠᠶ᠃ ᠰᠤᠷᠪᠤᠯᠵᠢᠯᠠᠭᠴᠢ ᠥᠪᠥᠷ ᠮᠣᠩᠭᠣᠯ᠎ᠤᠨ ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠦᠲᠦᠭᠡᠨ ᠪᠠᠶ᠋ᠢᠭᠤᠯᠤᠯᠲᠠ ᠥᠭᠡᠷᠡᠴᠢᠯᠡᠯᠲᠡ᠎ᠶᠢᠨ ᠡᠭᠦᠷᠭᠡ᠎ᠶᠢ ᠬᠡᠷᠬᠢᠨ ᠪᠣᠳᠠᠲᠠᠢ᠎ᠳᠤ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶᠢ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠨ ᠤᠯᠤᠰ ᠤ᠋ᠨ ᠠᠷᠠᠯᠵᠢᠶ᠎ᠠ᠎ᠶᠢ ᠠᠬᠢᠭᠤᠯᠬᠤ ᠵᠦᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠳᠠᠷᠤᠭ᠎ᠠ ᠴᠢᠨ ᠶᠠᠨ᠎ᠢ ᠰᠤᠷᠪᠤᠯᠵᠢᠯᠠᠪᠠ᠃
ᠴᠢᠨ ᠶᠠᠨ᠂ 《ᠶᠡᠷᠦᠩᠬᠡᠶ ᠲᠥᠰᠦᠯ》 ᠢ᠋ ᠨᠡᠶ᠋ᠢᠲᠡᠯᠡᠭᠰᠡᠨ᠎ᠡᠴᠡ ᠨᠠᠭᠠᠰᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠨ ᠤᠯᠤᠰ ᠤ᠋ᠨ ᠠᠷᠠᠯᠵᠢᠶ᠎ᠠ᠎ᠶᠢ ᠠᠬᠢᠭᠤᠯᠬᠤ ᠵᠦᠪᠯᠡᠯ 《ᠵᠠᠰᠠᠭ ᠠᠵᠤ ᠠᠬᠤᠶ᠋ᠢᠯᠠᠯ᠎ᠢ ᠬᠣᠯᠪᠣᠨ ᠨᠡᠪᠲᠡᠷᠡᠯᠴᠡᠭᠦᠯᠵᠦ᠍᠂ ᠳᠣᠲᠣᠭᠠᠳᠤ ᠭᠠᠳᠠᠭᠠᠳᠤ᠎ᠶᠢ ᠠᠭᠤᠰᠤᠯᠴᠠᠭᠤᠯᠤᠨ ᠨᠡᠪᠲᠡᠷᠡᠯᠴᠡᠭᠦᠯᠵᠦ᠍᠂ ᠬᠠᠩᠭᠠᠯᠭ᠎ᠠ ᠬᠡᠷᠡᠭᠴᠡᠭᠡ᠎ᠶᠢ ᠰᠠᠭᠠᠳ ᠥᠬᠡᠶ ᠨᠡᠪᠲᠡᠷᠡᠭᠦᠯᠬᠦ᠌》 ᠦᠢᠯᠡᠳᠦᠯ᠎ᠢ ᠪᠠᠳᠠᠷᠠᠭᠤᠯᠵᠤ᠂ ᠭᠠᠳᠠᠭᠠᠳᠤ᠎ᠳᠤ ᠬᠣᠯᠪᠣᠭᠳᠠᠬᠤ ᠬᠤᠳᠠᠯᠳᠤᠭᠠᠨ᠎ᠤ ᠬᠠᠤᠯᠢ᠎ᠶᠢᠨ ᠦᠢᠯᠡᠴᠢᠯᠡᠭᠡᠨ᠎ᠦ ᠰᠢᠰᠲ᠋ᠧᠮ ᠢ᠋ ᠲᠡᠭᠦᠯᠳᠡᠷᠵᠢᠭᠦᠯᠦᠨ᠂ ᠲᠦᠷᠦᠯ ᠲᠡᠮᠳᠡᠭᠲᠦ᠍ ᠠᠵᠤ ᠠᠬᠤᠶ ᠠᠷᠠᠯᠵᠢᠶᠠᠨ᠎ᠤ ᠠᠵᠢᠯᠯᠠᠭ᠎ᠠ᠎ᠶᠢᠨ ᠰᠢᠨ᠎ᠡ᠎ᠶᠢ ᠡᠭᠦᠳᠦᠨ ᠴᠤᠬᠴᠠᠯᠠᠵᠦ᠂ ᠣᠯᠠᠨ ᠤᠯᠤᠰ ᠪᠠ ᠤᠯᠤᠰ᠎ᠤᠨ ᠳᠣᠲᠣᠭᠠᠳᠤ᠎ᠶᠢᠨ ᠬᠣᠯᠪᠣᠭ᠎ᠠ ᠠᠪᠬᠤ ᠬᠠᠮᠲᠤᠷᠠᠯᠴᠠᠭ᠎ᠠ᠎ᠶᠢ ᠭᠦᠨᠵᠡᠭᠡᠶ᠋ᠢᠷᠡᠭᠦᠯᠦᠨ᠂ ᠥᠪᠡᠷᠲᠡᠭᠡᠨ ᠵᠠᠰᠠᠬᠤ ᠣᠷᠣᠨ᠎ᠤ ᠭᠠᠳᠠᠭᠠᠳᠤ ᠠᠷᠠᠯᠵᠢᠶᠠᠨ᠎ᠤ ᠠᠵᠤ ᠠᠬᠤᠶ᠋ᠢᠯᠠᠯ᠎ᠳᠤ ᠴᠢᠨᠠᠷ ᠰᠠᠶ᠋ᠢᠲᠠᠶ ᠡᠬᠢ ᠪᠠᠶᠠᠯᠢᠭ᠎ᠢ ᠦᠷᠭᠦᠯᠵᠢᠯᠡᠨ ᠵᠠᠯᠭᠠᠯᠳᠤᠭᠤᠯᠵᠤ᠂ ᠣᠯᠠᠨ ᠤᠯᠤᠰ᠎ᠤᠨ ᠵᠠᠬ᠎ᠠ ᠳᠡᠯᠭᠡᠭᠦᠷ᠎ᠢ ᠥᠷᠭᠡᠳᠬᠡᠨ᠂ ᠪᠥᠬᠥ᠌ ᠪᠥᠮᠪᠥᠷᠴᠡᠭ᠎ᠦᠨ ᠬᠤᠳᠠᠯᠳᠤᠭᠠᠨ᠎ᠤ ᠲᠣᠬᠢᠶᠠᠯ᠎ᠢ ᠬᠤᠷᠠᠮᠳᠤᠭᠤᠯᠵᠤ᠂ ᠣᠯᠠᠨ ᠤᠯᠤᠰ᠎ᠤᠨ ᠠᠷᠠᠯᠵᠢᠶᠠᠨ᠎ᠤ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ᠌᠎ᠪᠡᠷ ᠥᠪᠥᠷ ᠮᠣᠩᠭᠣᠯ᠎ᠤᠨ ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠥᠲᠥᠭᠡᠨ ᠪᠠᠶ᠋ᠢᠭᠤᠯᠤᠯᠲᠠ᠎ᠳᠤ ᠬᠦᠴᠦᠨ ᠨᠡᠮᠡᠷᠢᠯᠡᠪᠡ᠃ 5 ᠰᠠᠷ᠎ᠠ᠎ᠶᠢᠨ ᠰᠡᠭᠦᠯᠴᠢ ᠪᠣᠯᠲᠠᠯ᠎ᠠ᠂ ᠪᠥᠬᠥ᠌ ᠣᠷᠣᠨ᠎ᠤ ᠤᠯᠠᠨ ᠤᠯᠤᠰ ᠤ᠋ᠨ ᠠᠷᠠᠯᠵᠢᠶ᠎ᠠ᠎ᠶᠢ ᠠᠬᠢᠭᠤᠯᠬᠤ ᠰᠢᠰᠲ᠋ᠧᠮ᠎ᠦᠨ ᠣᠯᠭᠣᠭᠰᠠᠨ ᠣᠭ ᠭᠠᠷᠤᠯᠲᠠ᠎ᠶᠢᠨ ᠣᠷᠣᠨ᠎ᠢ ᠬᠠᠷᠠᠭᠠᠯᠵᠠᠬᠤ ᠦᠨᠡᠮᠯᠡᠯ᠎ᠦᠨ ᠲᠣᠭ᠎ᠠ ᠲᠡᠭᠡᠷ᠎ᠡ ᠵᠢᠯ ᠤ᠋ᠨ ᠠᠳᠠᠯᠢ ᠬᠤᠭᠤᠴᠠᠭᠠᠨ᠎ᠤ᠎ᠬᠢ᠎ᠡᠴᠡ 15.6% ᠪᠠᠷ ᠨᠡᠮᠡᠭᠳᠡᠵᠦ᠍᠂ RCEP ᠣᠭ ᠭᠠᠷᠤᠯᠲᠠ᠎ᠶᠢᠨ ᠣᠷᠣᠨ᠎ᠤ ᠦᠨᠡᠮᠯᠡᠯ᠎ᠦᠨ ᠲᠣᠭ᠎ᠠ ᠲᠡᠭᠡᠷ᠎ᠡ ᠵᠢᠯ ᠤ᠋ᠨ ᠠᠳᠠᠯᠢ ᠬᠤᠭᠤᠴᠠᠭᠠᠨ᠎ᠤ᠎ᠬᠢ᠎ᠡᠴᠡ 144% ᠪᠠᠷ ᠨᠡᠮᠡᠭᠳᠡᠵᠠᠢ ᠭᠡᠵᠦ ᠢᠯᠡᠳᠭᠡᠪᠡ᠃
ᠠᠵᠤ ᠠᠬᠤᠶ᠋ᠢᠯᠠᠯ᠎ᠤᠨ《ᠭᠠᠳᠠᠭᠰᠢ ᠭᠠᠷᠬᠤ》᠂ 《ᠣᠷᠣᠭᠤᠯᠤᠨ ᠠᠪᠴᠢᠷᠠᠬᠤ》 ᠳ᠋ᠤ ᠬᠠᠤᠯᠢ ᠴᠠᠭᠠᠵᠠ᠎ᠶᠢᠨ ᠬᠠᠮᠠᠭᠠᠯᠠᠭᠴᠢ ᠲᠣᠬᠢᠷᠠᠭᠤᠯᠤᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠨ ᠤᠯᠤᠰ ᠤ᠋ᠨ ᠠᠷᠠᠯᠵᠢᠶ᠎ᠠ᠎ᠶᠢ ᠠᠬᠢᠭᠤᠯᠬᠤ ᠵᠦᠪᠯᠡᠯ᠎ᠤᠨ ᠬᠤᠳᠠᠯᠳᠤᠭᠠᠨ᠎ᠤ ᠶᠠᠪᠤᠳᠠᠯ᠎ᠤᠨ ᠬᠠᠤᠯᠢ ᠴᠠᠭᠠᠵᠠ᠎ᠶᠢᠨ ᠦᠢᠯᠡᠴᠢᠯᠡᠭᠡᠨ᠎ᠦ ᠲᠥᠪ᠎ᠢ ᠪᠠᠶ᠋ᠢᠭᠤᠯᠵᠤ᠂ ᠭᠠᠳᠠᠭᠠᠳᠤ᠎ᠳᠠᠬᠢ ᠮᠡᠳᠡᠯᠭᠡ ᠵᠢᠨ ᠦᠮᠴᠢᠯᠡᠯ ᠤ᠋ᠨ ᠡᠷᠬᠡ᠎ᠶᠢᠨ ᠬᠠᠮᠠᠭᠠᠯᠠᠯᠲᠠ᠎ᠶᠢᠨ ᠯᠠᠪᠯᠠᠭ᠎ᠠ ᠠᠪᠬᠤ᠂ ᠠᠵᠤ ᠠᠬᠤᠶ ᠠᠷᠠᠯᠵᠢᠶᠠᠨ᠎ᠤ ᠰᠡᠷᠡᠮᠵᠢᠯᠡᠭᠦᠯᠦᠯ ᠨᠡᠶ᠋ᠢᠲᠡᠯᠡᠬᠦ᠌ ᠵᠡᠷᠭᠡ ᠦᠢᠯᠡᠴᠢᠯᠡᠭᠡ ᠵᠢ ᠥᠷᠨᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠭᠠᠳᠠᠭᠠᠳᠤ᠎ᠳᠤ ᠬᠣᠯᠪᠣᠭᠳᠠᠬᠤ ᠬᠤᠳᠠᠯᠳᠤᠭᠠᠨ᠎ᠤ ᠶᠠᠪᠤᠳᠠᠯ᠎ᠤᠨ ᠡᠶᠡᠳᠡᠭᠦᠯᠬᠦ᠌᠂ ᠬᠥᠨᠳᠡᠯᠡᠨ᠎ᠡᠴᠡ ᠲᠠᠰᠤᠯᠬᠤ ᠰᠢᠰᠲ᠋ᠧᠮ ᠢ᠋ ᠪᠦᠷᠢᠨᠰᠢᠬᠦᠯᠦᠨ ᠠᠰᠠᠭᠤᠳᠠᠯ ᠢ᠋ ᠰᠢᠢᠳᠪᠦᠷᠢᠯᠡᠬᠦ ᠵᠢ ᠠᠬᠢᠭᠤᠯᠤᠨ᠎ᠠ᠃ ᠳᠦᠷᠢᠮ᠎ᠦᠨ ᠰᠢᠨ᠎ᠡ᠎ᠶᠢ ᠡᠭᠦᠳᠬᠦ᠌᠎ᠪᠡᠷ ᠭᠣᠣᠯ ᠪᠣᠯᠭᠠᠬᠤ᠎ᠶᠢ ᠪᠠᠷᠢᠮᠲᠠᠯᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ᠌ ᠬᠣᠷᠢᠶ᠎ᠠ᠎ᠲᠠᠶ ᠬᠠᠮᠲᠤᠷᠠᠨ 《ᠬᠤᠳᠠᠯᠳᠤᠭᠠᠨ᠎ᠤ ᠶᠠᠪᠤᠳᠠᠯ᠎ᠤᠨ ᠵᠠᠭᠤᠷᠠᠯᠳᠤᠭᠠᠨ᠎ᠤ 〈ᠶᠡᠷᠦᠩᠭᠡᠢ ᠪᠤᠯᠤᠨ ᠶᠡᠷᠦᠩᠭᠡᠢ ᠵᠢ ᠬᠠᠷᠠᠭᠠᠯᠵᠠᠭᠤᠯᠬᠤ〉 ᠰᠦᠯᠵᠢᠶᠡᠨ ᠳᠡᠭᠡᠷᠡᠬᠢ ᠵᠠᠭᠠᠯᠳᠤᠬᠤ ᠡᠶᠡᠳᠡᠭᠦᠯᠬᠦ᠌᠎ᠶᠢ ᠵᠣᠯᠭᠠᠭᠤᠯᠬᠤ ᠲᠣᠭᠲᠠᠴᠠ᠎ᠶᠢ ᠪᠠᠶ᠋ᠢᠭᠤᠯᠬᠤ ᠲᠤᠬᠠᠢ ᠬᠡᠷᠡᠭᠵᠢᠭᠦᠯᠬᠦ᠌ ᠰᠠᠨᠠᠯ》 ᠢ᠋ ᠳᠠᠷᠤᠮᠠᠯᠯᠠᠨ ᠲᠠᠷᠬᠠᠭᠠᠵᠤ᠂ ᠳᠤᠮᠳᠠᠳᠤ ᠤᠯᠤᠰ᠎ᠤᠨ ᠠᠷᠠᠯᠵᠢᠶ᠎ᠠ᠎ᠶᠢ ᠠᠬᠢᠭᠤᠯᠬᠤ ᠵᠦᠪᠯᠡᠯ᠎ᠤᠨ ᠥᠪᠥᠷ ᠮᠣᠩᠭᠣᠯ᠎ᠤᠨ ᠡᠶᠡᠳᠡᠭᠦᠯᠬᠦ᠌ ᠲᠥᠪ᠎ᠢ ᠪᠦᠬᠦ᠌ ᠣᠷᠣᠨ᠎ᠤ ᠰᠢᠭᠦᠬᠦ᠌ ᠬᠣᠷᠢᠶ᠎ᠠ᠎ᠶᠢᠨ 《ᠶᠡᠷᠦᠩᠭᠡᠢ ᠪᠤᠯᠤᠨ ᠶᠡᠷᠦᠩᠭᠡᠢ ᠵᠢ ᠬᠠᠷᠠᠭᠠᠯᠵᠠᠭᠤᠯᠬᠤ》 ᠰᠦᠯᠵᠢᠶᠡᠨ ᠳᠡᠭᠡᠷᠡᠬᠢ ᠵᠠᠭᠠᠯᠳᠤᠬᠤ ᠡᠶᠡᠳᠡᠭᠦᠯᠬᠦ᠌᠎ᠶᠢ ᠵᠣᠯᠭᠠᠭᠤᠯᠬᠤ ᠰᠢᠰᠲ᠋ᠧᠮ᠎ᠳᠦ ᠣᠷᠣᠭᠤᠯᠵᠤ᠂ ᠵᠠᠷᠭᠤᠯᠳᠤᠬᠤ ᠪᠠ ᠡᠶᠡᠳᠡᠭᠦᠯᠬᠦ᠌᠎ᠶᠢ ᠬᠠᠮᠵᠢᠯᠴᠠᠭᠤᠯᠤᠨ ᠬᠣᠯᠪᠣᠯᠳᠤᠭᠤᠯᠬᠤ᠂ ᠣᠷᠭᠠᠨᠢᠭ᠎ᠢᠶᠠᠷ ᠵᠣᠯᠭᠠᠭᠤᠯᠬᠤ᠎ᠶᠢ ᠪᠡᠶᠡᠯᠡᠭᠦᠯᠵᠦ᠍᠂ ᠨᠢᠭᠡ ᠦᠷᠳᠡᠭᠡᠴᠢᠯᠡᠭᠰᠡᠨ ᠤᠯᠠᠨ ᠤᠯᠤᠰ᠎ᠤᠨ ᠬᠤᠳᠠᠯᠳᠤᠭᠠᠨ᠎ᠤ ᠶᠠᠪᠤᠳᠠᠯ᠎ᠤᠨ ᠵᠠᠭᠤᠷᠠᠯᠳᠤᠭᠠᠨ᠎ᠢ ᠤᠯᠠᠨ ᠡᠰᠢᠴᠢᠯᠡᠨ ᠰᠢ᠌ᠳᠪᠦᠷᠢᠯᠡᠬᠦ᠌ ᠲᠣᠭᠲᠠᠴᠠ᠎ᠶᠢ ᠲᠡᠭᠦᠯᠳᠡᠷᠵᠢᠭᠦᠯᠤᠨ᠎ᠠ᠃ 《ᠳᠤᠮᠳᠠᠳᠤ ᠤᠯᠤᠰ᠎ᠤᠨ ᠤᠯᠠᠨ ᠤᠯᠤᠰ ᠤ᠋ᠨ ᠠᠷᠠᠯᠵᠢᠶ᠎ᠠ᠎ᠶᠢ ᠠᠬᠢᠭᠤᠯᠬᠤ ᠵᠦᠪᠯᠡᠯ᠎ᠤᠨ ᠥᠪᠥᠷ ᠮᠣᠩᠭᠣᠯ᠎ᠤᠨ ᠡᠶᠡᠳᠡᠭᠦᠯᠬᠦ᠌ ᠲᠥᠪ᠎ᠡᠴᠡ ᠡᠶᠡᠳᠡᠭᠦᠯᠦᠭᠴᠢ᠎ᠳᠦ ᠬᠢᠷᠢ ᠬᠡᠮ ᠣᠯᠭᠣᠬᠤ ᠲᠣᠭᠲᠠᠭᠠᠯ》 《ᠳᠤᠮᠳᠠᠳᠤ ᠤᠯᠤᠰ᠎ᠤᠨ ᠤᠯᠠᠨ ᠤᠯᠤᠰ ᠤ᠋ᠨ ᠠᠷᠠᠯᠵᠢᠶ᠎ᠠ᠎ᠶᠢ ᠠᠬᠢᠭᠤᠯᠬᠤ ᠵᠦᠪᠯᠡᠯ᠎ᠤᠨ ᠥᠪᠥᠷ ᠮᠣᠩᠭᠣᠯ᠎ᠤᠨ ᠡᠶᠡᠳᠡᠭᠦᠯᠬᠦ᠌ ᠲᠥᠪ᠎ᠦᠨ ᠡᠶᠡᠳᠡᠭᠦᠯᠦᠭᠴᠢ᠎ᠶᠢᠨ ᠰᠠᠬᠢᠬᠤ ᠲᠦᠷᠢᠮ》 ᠢ᠋ ᠨᠡᠶ᠋ᠢᠲᠡᠯᠡᠵᠦ᠍᠂ ᠬᠤᠳᠠᠯᠳᠤᠭᠠᠨ᠎ᠤ ᠶᠠᠪᠤᠳᠠᠯ᠎ᠤᠨ ᠡᠶᠡᠳᠡᠭᠦᠯᠬᠦ᠌ ᠠᠵᠢᠯ ᠡᠷᠭᠢᠯᠡᠬᠦ᠌ ᠪᠠᠷᠢᠮᠵᠢᠶ᠎ᠠ ᠬᠢᠭᠡᠳ ᠠᠵᠢᠯᠯᠠᠭᠠᠨ᠎ᠤ ᠲᠡᠰ ᠲᠠᠷᠠᠭᠠᠯᠠᠯ᠎ᠢ ᠪᠥᠬᠥ᠌ ᠲᠠᠯ᠎ᠠ᠎ᠪᠠᠷ ᠵᠢᠷᠤᠮᠵᠢᠭᠤᠯᠤᠨ᠎ᠠ᠃ ᠥᠪᠥᠷ ᠮᠣᠩᠭᠣᠯ᠎ᠤᠨ ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠥᠲᠥᠭᠡᠨ ᠪᠠᠶ᠋ᠢᠭᠤᠯᠤᠯᠲᠠ᠎ᠶᠢᠨ ᠲᠣᠭᠣᠷᠢᠨ᠎ᠳᠤ᠂ ᠠᠵᠤ ᠠᠬᠤᠶ᠋ᠢᠯᠠᠯ᠎ᠤᠨ ᠳᠡᠯᠡᠬᠡᠶ᠋ᠢᠵᠢᠭᠰᠡᠨ ᠡᠵᠡᠩᠨᠡᠯᠲᠡ᠎ᠶᠢᠨ ᠲᠣᠭᠲᠠᠭᠠᠯ᠎ᠳᠤ ᠨᠡᠶ᠋ᠢᠴᠡᠬᠦ᠌ ᠲᠦᠭᠰᠢᠭᠦᠷᠢ᠎ᠶᠢ ᠵᠢᠭᠰᠠᠭᠠᠨ ᠪᠠᠶ᠋ᠢᠴᠠᠭᠠᠬᠤ᠎ᠶᠢ ᠭᠦᠨᠵᠡᠭᠡᠶ᠋ᠢᠷᠡᠭᠦᠯᠵᠦ᠍᠂ ᠪᠥᠬᠥ᠌ ᠣᠷᠣᠨ᠎ᠤ 196 ᠭᠠᠳᠠᠭᠠᠳᠤ᠎ᠳᠤ ᠬᠠᠨᠳᠤᠭᠰᠠᠨ ᠠᠵᠤ ᠠᠬᠤᠶ᠋ᠢᠯᠠᠯ᠎ᠳᠤ ᠬᠠᠨᠳᠤᠭᠤᠯᠤᠨ 4 ᠲᠠᠯᠠᠪᠤᠷ ᠲᠤᠰᠬᠠᠶ᠋ᠢᠵᠢᠭᠰᠠᠨ ᠲᠣᠭᠲᠠᠭᠠᠯ᠎ᠳᠤ ᠨᠡᠶ᠋ᠢᠴᠡᠬᠦ᠌ ᠲᠦᠭᠰᠢᠭᠦᠷᠢ᠎ᠶᠢ ᠵᠢᠭᠰᠠᠭᠠᠨ ᠪᠠᠶ᠋ᠢᠴᠠᠭᠠᠬᠤ ᠦᠢᠯᠡᠴᠢᠯᠡᠭᠡ ᠬᠠᠩᠭᠠᠵᠤ᠂ 《ᠨᠢᠭᠤᠷᠳᠠᠨ》 ᠦᠨᠡᠯᠡᠨ ᠵᠢᠱ᠌ᠢᠭᠰᠡᠨ ᠮᠡᠳᠡᠭᠦᠯᠦᠯᠲᠡ ᠭᠠᠷᠭᠠᠵᠤ᠂ ᠠᠵᠤ ᠠᠬᠤᠶ᠋ᠢᠯᠠᠯ᠎ᠢ ᠬᠠᠪᠰᠤᠷᠤᠨ ᠣᠯᠠᠨ ᠤᠯᠤᠰ᠎ᠤᠨ ᠠᠵᠤ ᠠᠬᠤᠶ ᠠᠷᠠᠯᠵᠢᠶᠠᠨ᠎ᠤ ᠲᠦᠷᠢᠮ᠎ᠦᠨ ᠰᠢᠨ᠎ᠡ ᠪᠠᠶ᠋ᠢᠳᠠᠯ᠎ᠢ ᠡᠵᠡᠮᠰᠢᠭᠦᠯᠵᠦ᠍᠂ 《ᠥᠪᠥᠷ ᠮᠣᠩᠭᠣᠯ᠎ᠤᠨ ᠬᠤᠳᠠᠯᠳᠤᠭᠠᠴᠢᠨ᠎ᠢ ᠭᠡᠯᠬᠢᠶ᠎ᠡ ᠳ᠋ᠦ ᠤᠷᠤᠭᠤᠯᠬᠤ》᠂ 《ᠦᠪᠦᠷ ᠮᠣᠩᠭᠣᠯ ᠤ᠋ᠨ ᠦᠢᠯᠡᠳᠬᠦᠨ᠎ᠢ ᠭᠠᠳᠠᠭᠠᠳᠤ ᠳ᠋ᠤ ᠭᠠᠷᠭᠠᠬᠤ》 ᠵᠢ ᠬᠠᠮᠠᠭᠠᠯᠠᠨ᠎ᠠ᠃
ᠦᠢᠯᠡᠳᠬᠦᠨ᠎ᠦ 《ᠪᠥᠬᠥ ᠪᠥᠮᠪᠥᠷᠴᠡᠭ᠎ᠦᠨ ᠬᠡᠯᠬᠢᠶ᠎ᠡ》᠂ 《ᠵᠠᠬ᠎ᠠ ᠳᠡᠯᠭᠡᠭᠦᠷ᠎ᠢ ᠥᠷᠭᠡᠳᠬᠡᠬᠦ》 ᠳ᠋ᠤ᠌ ᠳᠡᠭᠡᠳᠦ ᠴᠢᠳᠠᠮᠵᠢ᠎ᠶᠢᠨ ᠲᠠᠰ᠎ᠤᠨ ᠲᠠᠪᠴᠠᠩ ᠪᠠᠢᠭᠤᠯᠤᠨ᠎ᠠ᠃ 《ᠮᠢᠩᠭᠠᠨ ᠪᠦᠯᠬᠦᠮ ᠭᠠᠳᠠᠭᠠᠳᠤ᠎ᠳᠦ ᠭᠠᠷᠬᠤ》 ᠠᠵᠢᠯᠯᠠᠭ᠎ᠠ᠎ᠶᠢ ᠭᠦᠨᠵᠡᠭᠡᠢ ᠥᠷᠨᠢᠭᠦᠯᠵᠦ᠂ ᠡᠨᠡ ᠵᠢᠯ ᠠᠦ᠋ᠰᠲᠷᠠᠯᠢᠶ᠎ᠠ᠂ ᠮᠠᠯᠠᠢᠰᠢᠶ᠎ᠠ᠂ ᠹᠷᠠᠨᠼᠢ ᠵᠡᠷᠭᠡ 11 ᠭᠠᠳᠠᠭᠠᠳᠤ᠎ᠳᠤ ᠠᠢᠯᠴᠢᠯᠠᠬᠤ ᠪᠦᠯᠬᠦᠮ ᠳᠤᠭᠤᠢᠯᠠᠩ ᠠᠵᠤ ᠠᠬᠤᠢᠯᠠᠯ᠎ᠢ ᠳᠠᠭᠠᠭᠤᠯᠤᠨ 《ᠭᠠᠳᠠᠭᠠᠳᠤ᠎ᠳᠦ ᠭᠠᠷᠴᠤ》 ᠵᠠᠬ᠎ᠠ ᠳᠡᠯᠭᠡᠭᠦᠷ᠎ᠢᠶᠡᠨ ᠥᠷᠭᠡᠳᠬᠡᠵᠦ᠂ ᠳᠤᠮᠳᠠᠳᠤ ᠤᠷᠤᠰ ᠮᠣᠩᠭᠣᠯ᠎ᠤᠨ ᠦᠢᠯᠡᠳᠪᠦᠷᠢ ᠬᠤᠳᠠᠯᠳᠤᠭᠠᠨ᠎ᠤ ᠶᠠᠷᠢᠶᠠᠨ᠎ᠤ ᠲᠠᠪᠴᠠᠩ ᠵᠡᠷᠭᠡ ᠤᠯᠠᠨ ᠲᠠᠯᠠᠲᠤ ᠪᠠ ᠬᠣᠶᠠᠷ ᠲᠠᠯᠠᠲᠤ ᠠᠵᠤ ᠠᠬᠤᠢ ᠠᠷᠠᠯᠵᠢᠶᠠᠨ᠎ᠤ ᠠᠵᠢᠯᠯᠠᠭ᠎ᠠ᠎ᠶᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠡᠷᠬᠢᠯᠡᠨ᠎ᠡ᠃ 《ᠥᠪᠥᠷ ᠮᠣᠩᠭᠣᠯ᠎ᠤᠨ ᠭᠠᠳᠠᠭᠠᠳᠤ ᠠᠷᠠᠯᠵᠢᠶᠠᠨ᠎ᠤ ᠠᠶᠠᠯᠠᠯ》 ᠤ᠋ᠨ ᠲᠦᠷᠦᠯ ᠲᠡᠮᠳᠡᠭ᠎ᠢ ᠴᠤᠬᠴᠠᠯᠠᠵᠦ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ᠎ᠦ ᠭᠤᠷᠪᠠᠯᠵᠢᠨ ᠬᠣᠢᠭ᠋᠂ ᠴᠧᠩᠳᠦ᠋ ᠴᠦᠩᠴᠢᠩ᠂ ᠭᠤᠸᠠᠩᠳᠦ᠋ᠩ ᠰᠢᠶᠠᠩᠭᠠᠩ ᠣᠣᠮᠧᠨ᠎ᠦ ᠲᠣᠮᠣ᠌ ᠪᠤᠯᠤᠩ᠎ᠤᠨ ᠣᠷᠣᠨ ᠵᠡᠷᠭᠡ ᠤᠯᠤᠰ᠎ᠤᠨ ᠳᠣᠲᠣᠭᠠᠳᠤ᠎ᠶᠢᠨ ᠭᠣᠣᠯᠳᠠᠯᠭ᠎ᠠ᠎ᠲᠠᠢ ᠣᠷᠣᠨ ᠪᠦᠰᠡ᠎ᠳᠦ ᠬᠠᠨᠳᠤᠭᠤᠯᠤᠨ ᠨᠠᠷᠢᠯᠢᠭ᠋ ᠣᠨᠣᠴᠠᠲᠠᠢ ᠵᠣᠯᠭᠠᠯᠴᠠᠭ᠎ᠠ ᠥᠷᠨᠢᠭᠦᠯᠵᠦ᠂ ᠪᠥᠬᠥ ᠪᠥᠮᠪᠥᠷᠴᠡᠭ᠎ᠦᠨ ᠠᠷᠠᠯᠵᠢᠶᠠᠨ᠎ᠤ ᠪᠡᠯᠡ ᠣᠷᠣᠭᠤᠯᠤᠯᠲᠠ᠎ᠶᠢ ᠠᠬᠢᠭᠤᠯᠬᠤ ᠲᠦᠷᠦᠭᠦᠴᠦᠳ᠎ᠦᠨ ᠬᠤᠷᠠᠯ᠎ᠳᠤ ᠣᠷᠣᠯᠴᠠᠵᠤ᠂ ᠠᠵᠤ ᠠᠬᠤᠢᠯᠠᠯ᠎ᠢ ᠵᠣᠬᠢᠶᠠᠨ ᠪᠠᠢᠭᠤᠯᠤᠨ 2026 ᠣᠨ᠎ᠤ ᠰᠢᠶᠠᠩᠭᠠᠩ᠎ᠤᠨ ᠣᠯᠠᠨ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠦᠵᠡᠰᠬᠦᠯᠡᠩ᠂ ᠵᠢᠷᠭᠤᠳᠤᠭᠠᠷ ᠬᠤᠭᠤᠴᠠᠭᠠᠨ᠎ᠤ ᠳᠤᠮᠳᠠᠳᠤ ᠤᠯᠤᠰ (ᠰᠢᠶᠠᠮᠸᠨ) ᠤ᠋ᠨ ᠤᠯᠠᠨ ᠤᠯᠤᠰ᠎ᠤᠨ ᠬᠢᠯᠢ ᠠᠯᠤᠰᠯᠠᠭᠰᠠᠨ ᠡᠯᠸᠺᠲ᠋ᠷᠤᠨ ᠬᠤᠳᠠᠯᠳᠤᠭᠠᠨ᠎ᠤ ᠦᠵᠡᠰᠭᠦᠯᠡᠩ ᠵᠡᠷᠭᠡ ᠭᠣᠣᠯᠳᠠᠯᠭ᠎ᠠ᠎ᠲᠠᠢ ᠠᠵᠢᠯᠯᠠᠭ᠎ᠠ᠎ᠳᠤ ᠣᠷᠣᠯᠴᠠᠭᠤᠯᠤᠨ᠎ᠠ᠃ ᠥᠪᠥᠷ ᠮᠣᠩᠭᠣᠯ ᠭᠤᠸᠠᠩᠳᠦ᠋ᠩ᠎ᠦᠨ ᠠᠷᠠᠯᠵᠢᠶ᠎ᠠ᠎ᠶᠢ ᠠᠬᠢᠭᠤᠯᠬᠤ ᠬᠠᠮᠲᠤᠷᠠᠯᠴᠠᠭᠠᠨ᠎ᠤ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠵᠦ᠂ ᠭᠤᠸᠠᠩᠳᠦ᠋ᠩ᠎ᠤᠨ ᠠᠵᠤ ᠠᠬᠤᠢᠯᠠᠯ᠎ᠢ ᠥᠪᠥᠷ ᠮᠣᠩᠭᠣᠯ᠎ᠤᠨ ᠣᠯᠠᠨ ᠤᠯᠤᠰ᠎ᠤᠨ ᠬᠤᠳᠠᠯᠳᠤᠭᠠᠴᠢᠳ᠎ᠤᠨ ᠡᠪᠯᠡᠯ᠎ᠳᠦ ᠣᠷᠣᠭᠤᠯᠤᠨ᠂ ᠥᠪᠥᠷ ᠮᠣᠩᠭᠣᠯ ᠭᠤᠸᠠᠩᠳᠦ᠋ᠩ᠎ᠦᠨ ᠠᠵᠤ ᠠᠬᠤᠢᠯᠠᠯ᠎ᠢ ᠮᠠᠯ ᠠᠵᠤ ᠠᠬᠤᠢ ᠲᠠᠷᠢᠶᠠᠯᠠᠩ ᠵᠡᠷᠭᠡ ᠠᠵᠤ ᠦᠢᠯᠡᠰ᠎ᠦᠨ ᠬᠠᠮᠲᠤᠷᠠᠯᠴᠠᠭ᠎ᠠ᠎ᠳᠤ ᠣᠷᠣᠯᠴᠠᠭᠤᠯᠵᠤ᠂ ᠥᠪᠥᠷ ᠮᠣᠩᠭᠣᠯ᠎ᠤᠨ ᠤᠬᠢ ᠠᠮᠲᠠ᠎ᠶᠢ ᠭᠤᠸᠠᠩᠳᠦ᠋ᠩ ᠰᠢᠶᠠᠩᠭᠠᠩ ᠣᠣᠮᠧᠨ᠎ᠦ ᠲᠣᠮᠣ᠌ ᠪᠤᠯᠤᠩ᠎ᠤᠨ ᠣᠷᠣᠨ᠎ᠳᠤ ᠬᠦᠷᠭᠡᠨ᠎ᠡ᠃
ᠣᠯᠠᠨ ᠤᠯᠤᠰ᠎ᠤᠨ 《ᠨᠠᠢᠵᠠ᠎ᠶᠢᠨ ᠲᠣᠭᠣᠷᠢᠭ᠋》᠂ 《ᠬᠠᠨᠢᠲᠠᠨ᠎ᠤ ᠬᠤᠯᠪᠤᠭ᠎ᠠ》 ᠳ᠋ᠤ᠌ ᠶᠠᠪᠤᠯᠴᠠᠭ᠎ᠠ ᠪᠠ ᠰᠡᠳᠬᠢᠯ᠎ᠤᠨ ᠬᠣᠯᠪᠣᠭᠠᠰᠤ ᠪᠠᠢᠭᠤᠯᠤᠨ᠎ᠠ᠃ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠠᠰᠢᠬ ᠤᠯᠵᠠᠪᠤᠷᠢ ᠳ᠋ᠦ ᠰᠠᠭᠤᠷᠢᠯᠠᠨ᠂ ᠡᠨᠡ ᠵᠢᠯ ᠨᠢᠭᠡᠨᠲᠡ ᠰᠢᠨ᠎ᠡ ᠽᠢᠯᠠᠨᠳ᠋᠂ ᠴᠢᠯᠢ ᠵᠡᠷᠭᠡ ᠬᠤᠳᠠᠯᠳᠤᠭᠠᠴᠢᠳ᠎ᠤᠨ ᠨᠡᠢᠭᠡᠮᠯᠢᠭ᠎ᠦᠨ ᠠᠢᠯᠴᠢᠯᠠᠯᠲᠠ ᠵᠢ 13 ᠪᠦᠯᠦᠭ ᠤᠳᠠᠭ᠎ᠠ ᠭᠥᠯᠢᠶᠡᠨ ᠠᠪᠴᠤ᠂ ᠳᠤᠮᠳᠠᠳᠤ ᠤᠯᠤᠰ᠎ᠤᠨ ᠰᠢᠶᠠᠩᠭᠠᠩ᠂ ᠤᠷᠤᠰ ᠵᠡᠷᠭᠡ ᠠᠷᠠᠯᠵᠢᠶᠠᠨ᠎ᠤ ᠪᠡᠯᠡ ᠣᠷᠣᠭᠤᠯᠤᠯᠲᠠ᠎ᠶᠢᠨ ᠪᠠᠢᠭᠤᠯᠤᠮᠵᠢ ᠪᠣᠯᠣᠨ ᠬᠤᠳᠠᠯᠳᠤᠭᠠᠴᠢᠳ᠎ᠤᠨ ᠨᠡᠢᠭᠡᠮᠯᠢᠭ᠎ᠲᠦ ᠠᠢᠯᠴᠢᠯᠠᠵᠤ᠂ ᠠᠷᠠᠪ᠎ᠤᠨ ᠬᠣᠯᠪᠣᠭᠠᠲᠤ ᠠᠬᠠᠮᠠᠳ᠎ᠲᠤ ᠤᠯᠤᠰ᠂ ᠺᠠᠨᠠᠳᠠ᠂ ᠡᠺᠦ᠋ᠸᠠᠳᠤᠷ᠂ ᠦᠽᠪᠸᠺᠰᠲ᠋ᠠᠨ ᠵᠡᠷᠭᠡ ᠤᠯᠤᠰ᠎ᠤᠨ ᠬᠤᠳᠠᠯᠳᠤᠭᠠᠴᠢᠳ᠎ᠤᠨ ᠨᠡᠢᠭᠡᠮᠯᠢᠭ ᠪᠣᠯᠣᠨ ᠠᠵᠤ ᠠᠬᠤᠢᠯᠠᠯ᠎ᠲᠠᠢ ᠢᠳᠡᠪᠬᠢᠲᠡᠢ ᠵᠣᠯᠭᠠᠯᠴᠠᠵᠤ᠂ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠳᠠᠪᠠᠭᠤᠯᠢᠭ᠋ ᠠᠵᠤ ᠦᠢᠯᠡᠰ᠎ᠦᠨ ᠲᠦᠷᠦ᠎ᠶᠢᠨ ᠪᠣᠳᠣᠯᠭ᠎ᠠ᠎ᠶᠢ ᠤᠬᠠᠭᠤᠯᠤᠨ ᠲᠠᠨᠢᠯᠴᠠᠭᠤᠯᠵᠤ᠂ ᠪᠸᠢ ᠪᠸᠨ ᠬᠦᠨᠳᠦ ᠠᠴᠢᠶᠠᠨ᠎ᠤ ᠮᠠᠰᠢᠨ ᠲᠡᠷᠭᠡ᠂ ᠱᠧᠩ ᠺᠸ ᠠᠮᠢᠳᠤ ᠪᠣᠳᠠᠰ ᠵᠡᠷᠭᠡ ᠠᠵᠤ ᠠᠬᠤᠢᠯᠠᠯ᠎ᠤᠨ ᠬᠠᠮᠲᠤᠷᠠᠯᠴᠠᠭ᠎ᠠ ᠲᠣᠭᠲᠠᠬᠤ᠎ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠦᠢᠯᠡᠳᠬᠦᠨ᠎ᠦ ᠭᠠᠳᠠᠭᠠᠳᠤ᠎ᠳᠠᠬᠢ ᠵᠠᠬ᠎ᠠ ᠳᠡᠯᠭᠡᠭᠦᠷ᠎ᠢᠶᠡᠨ ᠥᠷᠭᠡᠳᠬᠡᠬᠦ᠎ᠳᠦ ᠬᠦᠴᠦᠨ ᠨᠡᠮᠡᠷᠢᠯᠡᠪᠡ᠃
ᠴᠢᠨ ᠶᠠᠨ᠄ 《ᠪᠢᠳᠡ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ᠎ᠶᠢ ᠥᠨᠳᠥᠷ ᠪᠠᠷᠢᠮᠵᠢᠶ᠎ᠠ ᠪᠡᠷ ᠴᠢᠨᠠᠷ ᠰᠠᠢᠲᠠᠢ ᠠᠬᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠭᠠᠳᠠᠭᠠᠳᠤ᠎ᠳᠤ ᠬᠣᠯᠪᠣᠭᠳᠠᠬᠤ ᠬᠤᠳᠠᠯᠳᠤᠭᠠᠨ᠎ᠤ ᠶᠠᠪᠤᠳᠠᠯ᠎ᠤᠨ ᠬᠠᠤᠯᠢ ᠴᠠᠭᠠᠵᠠ᠎ᠶᠢᠨ ᠦᠢᠯᠡᠴᠢᠯᠡᠭᠡᠨ᠎ᠦ ᠥᠷᠭᠡᠴᠡ ᠪᠠ ᠭᠦᠨᠴᠡ᠎ᠶᠢ ᠦᠷᠭᠦᠯᠵᠢᠯᠡᠨ ᠥᠷᠭᠡᠳᠬᠡᠵᠦ᠂ ᠥᠪᠡᠷᠲᠡᠭᠡᠨ ᠵᠠᠰᠠᠬᠤ ᠣᠷᠣᠨ᠎ᠤ ᠤᠯᠠᠨ ᠤᠯᠤᠰ᠎ᠤᠨ ᠠᠷᠠᠯᠵᠢᠶ᠎ᠠ᠎ᠶᠢ ᠠᠬᠢᠭᠤᠯᠬᠤ ᠬᠤᠷᠠᠯ᠎ᠤᠨ ᠳᠤᠮᠳᠠᠳᠤ ᠮᠣᠩᠭᠣᠯ᠂ ᠳᠤᠮᠳᠠᠳᠤ ᠰᠢᠨᠭᠭᠠᠫᠤᠷ᠂ ᠳᠤᠮᠳᠠᠳᠤ ᠫᠣᠷᠲ᠋ᠦ᠋ᠭᠠᠯ᠎ᠤᠨ ᠬᠠᠷᠢᠯᠴᠠᠭᠠᠨ᠎ᠤ ᠠᠯᠪᠠᠨ ᠭᠡᠷ ᠵᠡᠷᠭᠡ ᠲᠣᠭᠲᠡᠴᠡ᠎ᠶᠢᠨ ᠳᠠᠪᠠᠭᠤᠯᠢᠭ᠋᠎ᠢ ᠪᠠᠳᠠᠷᠠᠭᠤᠯᠵᠤ᠂ ᠣᠷᠣᠰ ᠮᠣᠩᠭᠣᠯ ᠵᠢᠴᠢ 〈 ᠨᠢᠭᠡ ᠪᠦᠰᠡ ᠨᠢᠭᠡ ᠵᠠᠮ 〉 ᠢ᠋ ᠬᠠᠮᠲᠤ᠎ᠪᠠᠷ ᠪᠦᠲᠦᠭᠡᠨ ᠪᠠᠶ᠋ᠢᠭᠤᠯᠬᠤ ᠤᠯᠤᠰ ᠯᠤᠭ᠎ᠠ᠎ᠶᠢᠨ ᠦᠢᠯᠡᠳᠪᠦᠷᠢ ᠬᠤᠳᠠᠯᠳᠤᠭᠠᠨ᠎ᠤ ᠡᠲᠡᠭᠡᠳ᠎ᠦᠨ ᠪᠠᠢᠨᠭᠭᠤᠵᠢᠭᠰᠠᠨ ᠬᠠᠷᠢᠯᠴᠠᠭ᠎ᠠ᠎ᠶᠢ ᠭᠦᠨᠵᠡᠭᠡᠢᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢᠯᠠᠯ᠎ᠤᠨ ᠤᠯᠤᠰ (ᠬᠢᠯᠢ) ᠤ᠋ᠨ ᠳᠣᠲᠣᠭᠠᠳᠤ ᠭᠠᠳᠠᠭᠠᠳᠤ᠎ᠶᠢᠨ ᠦᠵᠡᠭᠦᠯᠭᠡ᠎ᠶᠢᠨ ᠠᠵᠢᠯᠯᠠᠭ᠎ᠠ᠎ᠳᠤ ᠣᠷᠣᠯᠴᠠᠬᠤ᠎ᠶᠢ ᠵᠣᠬᠢᠶᠠᠨ ᠪᠠᠢᠭᠤᠯᠵᠤ᠂ ᠳᠤᠮᠳᠠᠳᠤ ᠤᠯᠤᠰ᠎ᠤᠨ ᠤᠯᠠᠨ ᠤᠯᠤᠰ᠎ᠤᠨ ᠬᠠᠨᠭᠭᠠᠯᠭ᠎ᠠ᠎ᠵᠢᠨ ᠬᠡᠯᠬᠢᠶ᠎ᠡ᠎ᠵᠢ ᠠᠬᠢᠭᠤᠯᠬᠤ ᠦᠵᠡᠰᠬᠦᠯᠡᠩ᠂ ᠳᠤᠮᠳᠠᠳᠤ ᠤᠷᠤᠰ ᠮᠣᠩᠭᠣᠯ᠎ᠤᠨ ᠦᠢᠯᠡᠳᠪᠦᠷᠢ ᠬᠤᠳᠠᠯᠳᠤᠭᠠᠨ᠎ᠤ ᠶᠠᠷᠢᠶᠠᠨ᠎ᠤ ᠲᠠᠪᠴᠠᠩ ᠵᠡᠷᠭᠡ ᠴᠢᠬᠤᠯᠠ ᠶᠡᠬᠡ ᠠᠵᠤ ᠠᠬᠤᠢ ᠠᠷᠠᠯᠵᠢᠶᠠᠨ᠎ᠤ ᠲᠠᠪᠴᠠᠩ᠎ᠳᠦ ᠲᠦᠰᠢᠭᠯᠡᠨ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠢ ᠲᠤᠰᠬᠠᠢ ᠰᠡᠳᠦᠪ᠎ᠢᠶᠡᠷ ᠲᠠᠨᠢᠯᠴᠠᠭᠤᠯᠵᠤ᠂ ᠥᠪᠥᠷ ᠮᠣᠩᠭᠣᠯ᠎ᠤᠨ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ᠎ᠶᠢ ᠪᠠᠶ᠋ᠢᠭᠤᠯᠬᠤ᠎ᠳᠤ ᠤᠯᠠᠨ ᠤᠯᠤᠰ᠎ᠤᠨ ᠠᠷᠠᠯᠵᠢᠶ᠎ᠠ᠎ᠶᠢ ᠠᠬᠢᠭᠤᠯᠬᠤ ᠬᠤᠷᠠᠯ᠎ᠤᠨ ᠬᠦᠴᠦᠨ᠎ᠢ ᠲᠠᠰᠤᠷᠠᠯᠲᠠ ᠦᠭᠡᠢ ᠨᠡᠮᠡᠷᠢᠯᠡᠨ᠎ᠡ》 ᠭᠡᠪᠡ᠃