ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠣᠨ ᠮᠠᠯᠵᠢᠬᠤ ᠣᠷᠣᠨ ᠤ᠋ ᠲᠢᠩᠬᠢᠮ᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠲᠢᠩᠬᠢᠮ᠂ ᠣᠶ ᠰᠢᠭᠤᠶ ᠨᠤᠲᠤᠭ ᠪᠡᠯᠴᠢᠭᠡᠷ ᠤ᠋ᠨ ᠲᠣᠪᠴᠢᠶ᠎ᠠ ᠬᠠᠮᠲᠤᠷᠠᠨ ᠤᠢᠷ᠎ᠡ ᠳ᠋ᠦ 《ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ 〈ᠦᠷ᠎ᠡ ᠶ᠋ᠢᠨ ᠴᠢᠫ〉 ᠤ᠋ᠨ ᠢᠨᠵᠧᠨᠧᠷᠢᠩ ᠤ᠋ᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠶ᠋ᠢᠡᠷ ᠡᠨ᠋ᠸᠷᠬᠢ ᠤᠯᠭᠤᠬᠤ ᠠᠵᠢᠯᠯᠠᠭᠠᠨ ᠤ᠋ ᠲᠦᠯᠦᠪᠯᠡᠭᠡ (2026 — 2030 ᠤᠨ)》 ᠵᠢ ᠳᠠᠷᠤᠮᠠᠯᠯᠠᠨ ᠲᠠᠷᠬᠠᠭᠠᠵᠤ᠂ ᠦᠷ᠎ᠡ ᠶ᠋ᠢᠨ ᠦᠢᠯᠡᠰ ᠢ᠋ ᠬᠦᠭᠵᠢᠭᠦᠯᠦᠨ ᠮᠠᠨᠳᠤᠭᠤᠯᠬᠤ ᠳ᠋ᠦ ᠬᠦᠴᠦᠨ ᠨᠡᠮᠡᠷᠢᠯᠡᠪᠡ᠃
ᠲᠤᠰ ᠲᠥᠯᠥᠪᠯᠡᠭᠡ ᠳ᠋ᠦ᠂ ᠥᠪᠡᠷᠲᠡᠭᠡᠨ ᠵᠠᠰᠠᠬᠤ ᠣᠷᠣᠨ ᠡᠴᠡ ᠵᠢᠯ ᠪᠤᠯᠭᠠᠨ ᠬᠠᠮᠤᠭ ᠤ᠋ᠨ ᠪᠠᠭ᠎ᠠ ᠳ᠋ᠠᠭᠠᠨ ᠳ᠋ᠦᠩᠰᠢᠭᠤᠷ ᠲᠥᠭᠥᠷᠢᠭ ᠤ᠋ᠨ ᠲᠤᠰᠬᠠᠶ ᠵᠦᠢᠯ ᠤ᠋ᠨ ᠰᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠪᠡᠯᠡ ᠮᠦᠡᠭᠬᠦ ᠭᠠᠷᠭᠠᠵᠤ᠂ ᠰᠠᠯᠠᠭ᠎ᠠ ᠮᠥᠴᠢᠷ ᠠᠯᠤᠰᠯᠠᠨ ᠬᠠᠮᠵᠢᠯᠴᠠᠨ ᠠᠬᠢᠭᠤᠯᠬᠤ ᠵᠢ ᠳᠡᠮᠵᠢᠬᠦ᠌ ᠶ᠋ᠢᠨ ᠬᠠᠮᠲᠤ᠌ ᠦᠷ᠎ᠡ ᠶ᠋ᠢᠨ ᠦᠢᠯᠡᠰ ᠤ᠋ᠨ ᠳᠠᠭᠠᠭᠤᠯᠤᠭᠴᠢ ᠠᠵᠤ ᠠᠬᠤᠶ᠋ᠢᠯᠠᠯ ᠪᠣᠯᠤᠨ ᠣᠨᠴᠠᠯᠢᠭᠲᠤ᠌ ᠠᠵᠤ ᠦᠢᠯᠡᠰ ᠤ᠋ᠨ ᠪᠦᠯᠦᠭᠵᠢᠯ ᠢ᠋ ᠪᠣᠶ᠋ᠢᠵᠢᠭᠤᠯᠵᠤ᠂ ᠣᠶᠤᠨᠴᠢ ᠪᠡᠷ ᠦᠷ᠎ᠡ ᠪᠣᠶ᠋ᠢᠵᠢᠭᠤᠯᠬᠤ᠂ ᠲᠣᠮᠣ ᠳ᠋ᠠᠶ᠋ᠢᠲ᠋ᠠ᠂ ᠭᠧᠨ ᠤ᠋ ᠮᠡᠷᠭᠡᠵᠢᠯ ᠵᠡᠷᠭᠡ ᠬᠦᠷᠢᠶᠡᠨ ᠳ᠋ᠡᠬᠢ ᠳᠡᠭᠡᠳᠦ ᠲᠠᠰ ᠤ᠋ᠨ ᠴᠢᠳᠠᠪᠤᠷᠢᠲᠠᠨ ᠢ᠋ ᠣᠷᠣᠭᠤᠯᠤᠨ ᠠᠪᠴᠢᠷᠠᠵᠤ᠂ ᠰᠤᠳᠤᠯᠭᠠᠨ ᠤ᠋ ᠦᠷ᠎ᠡ ᠪᠦᠲᠦᠭᠡᠯ ᠶ᠋ᠢᠡᠨ ᠤᠨᠳᠤᠤᠰᠢᠭᠤᠯᠬᠤ ᠵᠢ ᠤᠷᠮᠠᠰᠢᠭᠤᠯᠬᠤ ᠠᠷᠭ᠎ᠠ ᠬᠡᠮᠵᠢᠶ᠎ᠠ ᠵᠢ ᠲᠡᠭᠦᠯᠳᠡᠷᠵᠢᠭᠦᠯᠦᠨ᠎ᠡ᠃ ᠤᠯᠤᠰ ᠤ᠋ᠨ ᠳᠣᠲᠣᠭᠠᠳᠤ ᠶ᠋ᠢᠨ ᠰᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠬᠦᠷᠢᠶᠡᠯᠡᠩ᠂ ᠠᠬ᠎ᠠ ᠳᠡᠭᠦᠦ ᠮᠤᠵᠢ ᠣᠷᠣᠨ ᠯᠤᠭ᠎ᠠ ᠵᠢᠨ ᠬᠠᠮᠲᠤᠷᠠᠯᠴᠠᠭ᠎ᠠ ᠪᠠᠨ ᠭᠦᠨᠵᠡᠭᠡᠶ᠋ᠢᠷᠡᠭᠦᠯᠬᠦ᠌ ᠶ᠋ᠢᠨ ᠬᠠᠮᠲᠤ᠌ 《ᠨᠢᠭᠡ ᠪᠦᠰᠡ ᠨᠢᠭᠡ ᠵᠠᠮ》 ᠲᠠᠭᠠᠤ ᠤᠯᠤᠰ ᠤᠷᠤᠨ ᠯᠤᠭ᠎ᠠ ᠵᠢᠨ ᠦᠷ᠎ᠡ ᠶ᠋ᠢᠨ ᠦᠢᠯᠡᠰ ᠤ᠋ᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠰᠣᠯᠢᠯᠴᠠᠭ᠎ᠠ ᠵᠢ ᠥᠷᠭᠡᠳᠬᠡᠵᠦ᠍᠂ ᠰᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠦᠷ᠎ᠡ ᠪᠦᠲᠦᠭᠡᠯ ᠢ᠋ ᠠᠯᠢ ᠲᠦᠷᠭᠡᠨ ᠶ᠋ᠢᠡᠷ ᠲᠤᠷᠰᠢᠯᠲᠠ ᠶ᠋ᠢᠨ ᠲᠠᠰᠤᠭ ᠡᠴᠡ 《ᠲᠠᠷᠢᠶᠠᠨ ᠭᠠᠵᠠᠷ ᠮᠠᠯ ᠤ᠋ᠨ ᠬᠠᠰᠢᠶᠠᠨ》 ᠳ᠋ᠤ ᠨᠠᠢᠳᠠᠪᠤᠷᠢᠵᠢᠭᠤᠯᠤᠨ᠎ᠠ ᠭᠡᠵᠦ ᠲᠤᠭᠲᠠᠭᠠᠪᠠ᠃
ᠲᠤᠰ ᠲᠥᠯᠥᠪᠯᠡᠭᠡ ᠶᠣᠰᠣᠭᠠᠷ᠂ 2030 ᠣᠨ ᠪᠤᠯᠲᠠᠯ᠎ᠠ ᠮᠠᠨ ᠤ᠋ ᠤᠷᠤᠨ 10 ᠲᠦᠷᠦᠯ ᠡᠴᠡ ᠳᠡᠭᠡᠭᠰᠢᠬᠢ ᠦᠷ᠎ᠡ ᠪᠤᠢᠵᠢᠭᠤᠯᠬᠤ ᠭᠤᠤᠯᠯᠠᠬᠤ ᠮᠡᠷᠭᠡᠵᠢᠯ ᠳ᠋ᠦ ᠰᠢᠪᠲᠤᠯᠤᠯᠲᠠ ᠭᠠᠷᠭᠠᠨ᠂ ᠦᠪᠡᠰᠦᠪᠡᠨ 15 ᠲᠦᠷᠦᠯ ᠡᠴᠡ ᠳᠡᠭᠡᠭᠰᠢᠬᠢ ᠰᠢᠨ᠎ᠡ ᠡᠭᠦᠯᠳᠡᠷ ᠢ᠋ ᠪᠤᠢᠵᠢᠭᠤᠯᠵᠤ᠂ ᠨᠤᠲᠤᠭ ᠤ᠋ᠨ ᠡᠭᠦᠯᠳᠡᠷ ᠤ᠋ᠨ ᠵᠠᠬ᠎ᠠ ᠳᠡᠯᠭᠡᠭᠦᠷ ᠤ᠋ᠨ ᠡᠵᠡᠯᠡᠬᠦ ᠨᠤᠷᠮ᠎ᠠ ᠵᠢ ᠵᠠᠭᠤᠨ ᠤ᠋ ᠬᠠᠷᠢᠴᠠᠯ ᠶ᠋ᠢᠡᠷ 5 —10 ᠬᠤᠪᠢ ᠳᠡᠭᠡᠭᠰᠢᠯᠡᠭᠦᠯᠦᠨ᠎ᠡ᠃ ᠡᠭᠦᠨ ᠤ᠋ ᠬᠠᠮᠲᠤ ᠪᠠᠰᠠ ᠡᠯ᠎ᠡ ᠱᠠᠲᠤᠨ ᠤ᠋ ᠦᠷ᠎ᠡ ᠪᠤᠢᠵᠢᠭᠤᠯᠬᠤ ᠲᠠᠪᠴᠠᠡᠭ ᠢ᠋ 15 ᠡᠴᠡ ᠳᠡᠭᠡᠭᠰᠢ ᠪᠠᠢᠭᠤᠯᠵᠤ᠂ ᠤᠯᠤᠰ ᠤ᠋ᠨ ᠳᠤᠲᠤᠭᠠᠳᠤ ᠶ᠋ᠢᠨ ᠲᠡᠷᠢᠭᠦᠨ ᠤ᠋ ᠦᠷ᠎ᠡ ᠶ᠋ᠢᠨ ᠦᠢᠯᠡᠰ ᠤ᠋ᠨ ᠰᠢᠨ᠎ᠡ ᠵᠢ ᠡᠭᠦᠳᠬᠦ ᠪᠦᠯᠬᠦᠮ ᠢ᠋ 10᠂ ᠦᠷ᠎ᠡ ᠶ᠋ᠢᠨ ᠦᠢᠯᠡᠰ ᠤ᠋ᠨ ᠳᠠᠭᠠᠭᠤᠯᠤᠭᠴᠢ ᠠᠵᠤ ᠠᠬᠤᠢᠯᠠᠯ ᠢ᠋ 15 ᠪᠠᠢᠭᠤᠯᠵᠤ᠂ ᠦᠪᠡᠷᠮᠢᠴᠠ ᠤᠨᠴᠠᠯᠢᠭ ᠲᠠᠢ ᠳᠠᠪᠠᠭᠤᠯᠢᠭᠲᠦ ᠠᠵᠤ ᠠᠬᠤᠢᠯᠠᠯ ᠤ᠋ᠨ ᠪᠦᠯᠦᠭᠵᠢᠯ ᠢ᠋ 10 ᠪᠤᠢᠵᠢᠭᠤᠯᠵᠤ᠂ ᠭᠸᠨ ᠡᠴᠡ ᠰᠠᠢᠨ ᠡᠭᠦᠯᠳᠡᠷ ᠬᠦᠷᠲᠡᠯ᠎ᠡ᠂ ᠲᠤᠷᠰᠢᠯᠲᠠ ᠶ᠋ᠢᠨ ᠲᠠᠰᠤᠭ ᠡᠴᠡ ᠠᠵᠤ ᠦᠢᠯᠡᠰ ᠤ᠋ᠨ ᠬᠡᠯᠬᠢᠶ᠎ᠡ ᠬᠦᠷᠲᠡᠯᠡᠬᠢ ᠪᠦᠬᠦ ᠠᠵᠤ ᠦᠢᠯᠡᠰ ᠤ᠋ᠨ ᠬᠡᠯᠬᠢᠶᠡᠨ ᠤ᠋ ᠠᠮᠢᠳᠤ ᠪᠤᠳᠠᠰ ᠤ᠋ᠨ ᠡᠭᠦᠯᠳᠡᠷ ᠪᠤᠢᠵᠢᠭᠤᠯᠬᠤ ᠰᠢᠨ᠎ᠡ ᠵᠢ ᠡᠭᠦᠳᠬᠦ ᠰᠢᠰᠲᠸᠮ ᠢ᠋ ᠪᠦᠷᠢᠯᠳᠦᠭᠦᠯᠬᠦ ᠪᠤᠯᠤᠨ᠎ᠠ᠃