ᠱᠢᠨ᠎ᠡ ᠬᠣᠲᠠ ᠲᠣᠭᠣᠷᠢᠭ᠎ᠤᠨ ᠠᠷᠠᠳ ᠤ᠋ᠨ ᠪᠠᠢᠴᠠᠭᠠᠬᠤ ᠬᠣᠷᠢᠶ᠎ᠠ ᠳᠤᠮᠳᠠᠳᠤ ᠤᠯᠤᠰ᠎ᠤᠨ ᠤᠯᠤᠰ ᠲᠥᠷᠥ᠍ ᠬᠠᠤᠯᠢ ᠴᠠᠭᠠᠵᠠ᠎ᠶ᠋ᠢᠨ ᠶᠡᠬᠡ ᠰᠤᠷᠭᠠᠭᠤᠯᠢ᠎ᠳᠤ ᠬᠦᠷᠴᠦ᠍ ᠬᠠᠮᠲᠤᠷᠠᠯᠴᠠᠭ᠎ᠠ ᠰᠣᠯᠢᠯᠴᠠᠭ᠎ᠠ ᠵᠢᠨ ᠠᠵᠢᠯᠯᠠᠭ᠎ᠠ ᠥᠷᠨᠢᠭᠦᠯᠪᠡ
2026-06-18 11:03:36
ᠵᠣᠬᠢᠶᠠᠭ᠍ᠴᠢ᠄
​ ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ᠂ ᠬᠥᠬᠡᠬᠣᠲᠠ᠎ᠶ᠋ᠢᠨ ᠱᠢᠨ᠎ᠡ ᠬᠤᠳᠠ ᠲᠣᠭᠣᠷᠢᠭ᠎ᠤᠨ ᠠᠷᠠᠳ᠎ᠤᠨ ᠪᠠᠢᠴᠠᠭᠠᠬᠤ ᠬᠤᠷᠢᠶ᠎ᠠ ᠬᠢᠬᠡᠳ ᠳᠤᠮᠳᠠᠳᠤ ᠤᠯᠤᠰ᠎ᠤᠨ ᠤᠯᠤᠰ ᠲᠦᠷᠦ᠍ ᠬᠠᠤᠯᠢ ᠴᠠᠭᠠᠵᠠ᠎ᠶ᠋ᠢᠨ ᠶᠡᠬᠡ ᠰᠤᠷᠭᠠᠭᠤᠯᠢ᠎ᠶ᠋ᠢᠨ ᠡᠷᠡᠭᠦᠦ᠍᠎ᠶ᠋ᠢᠨ ᠬᠡᠷᠡᠭ ᠤ᠋ᠨ ᠬᠠᠤᠯᠢ ᠴᠠᠭᠠᠵᠠ᠎ᠶ᠋ᠢᠨ ᠳᠡᠭᠡᠳᠦ ᠰᠤᠷᠭᠠᠭᠤᠯᠢ ᠶᠠᠷᠢᠯᠴᠠᠬᠤ ᠬᠤᠷᠠᠯ ᠬᠤᠷᠠᠯᠳᠤᠭᠤᠯᠵᠤ᠂ ᠪᠠᠢᠴᠠᠭᠠᠬᠤ ᠪᠠᠢᠭᠤᠯᠭ᠎ᠠ ᠰᠤᠷᠭᠠᠭᠤᠯᠢ ᠬᠠᠮᠵᠢᠯᠴᠠᠨ ᠬᠥᠮᠦᠨ᠎ᠢ ᠬᠥᠮᠦᠵᠢᠭᠦᠯᠬᠦ᠌᠎ᠶ᠋ᠢ ᠭᠦᠨᠵᠡᠭᠡᠢᠷᠡᠭᠦᠯᠵᠦ᠍᠂ ᠬᠠᠤᠯᠢ᠎ᠶ᠋ᠢᠨ ᠤᠬᠠᠭᠠᠨ᠎ᠤ ᠤᠨᠤᠯ ᠬᠢᠬᠡᠳ ᠪᠠᠢᠴᠠᠭᠠᠬᠤ ᠠᠵᠢᠯ᠎ᠤᠨ ᠪᠣᠳᠠᠲᠤ ᠶᠠᠪᠤᠳᠠᠯ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠤᠨ᠎ᠠ᠃ 

ᠲᠤᠰ ᠤᠳᠠᠭ᠎ᠠ᠎ᠶ᠋ᠢᠨ ᠶᠠᠷᠢᠯᠴᠠᠬᠤ ᠬᠤᠷᠠᠯ᠎ᠤᠨ ᠵᠣᠷᠢᠯᠭ᠎ᠠ ᠨᠢ ᠡᠮᠦᠨᠡᠬᠢ ᠬᠤᠭᠤᠴᠠᠭᠠᠨ᠎ᠤ ᠬᠠᠮᠲᠤᠷᠠᠯᠴᠠᠭᠠᠨ᠎ᠤ ᠦᠷ᠎ᠡ ᠪᠦᠲᠦᠭᠡᠯ᠎ᠢ ᠬᠤᠷᠢᠶᠠᠩᠭᠤᠢᠯᠠᠨ ᠳ᠋ᠦᠩᠨᠡᠵᠦ᠂ ᠬᠠᠮᠲᠤᠷᠠᠯᠴᠠᠭᠠᠨ᠎ᠤ ᠠᠷᠭ᠎ᠠ ᠵᠠᠮ᠎ᠢ ᠥᠷᠭᠡᠳᠭᠡᠵᠦ᠍᠂ ᠬᠠᠮᠵᠢᠯᠴᠠᠭᠠᠨ᠎ᠤ ᠴᠢᠭ᠌ᠯᠡᠯ᠎ᠢ ᠨᠠᠷᠢᠯᠢᠬ᠍ᠵᠢᠭᠤᠯᠵᠤ᠂ ᠲᠠᠷᠠᠭᠠᠴᠢ ᠵᠢᠨ ᠬᠠᠮᠲᠤᠷᠠᠯᠴᠠᠭ᠎ᠠ᠎ᠳᠤ ᠪᠠᠲᠤ ᠪᠡᠬᠢ ᠰᠠᠭᠤᠷᠢ ᠵᠢ ᠲᠠᠯᠪᠢᠵᠤ ᠥᠭ᠌ᠬᠦ᠎ᠶ᠋ᠢᠨ ᠲᠥᠯᠥᠭᠡ ᠶᠤᠮ᠃ 

ᠳᠤᠮᠳᠠᠳᠤ ᠤᠯᠤᠰ᠎ᠤᠨ ᠤᠯᠤᠰ ᠲᠥᠷᠥ᠍ ᠬᠠᠤᠯᠢ ᠴᠠᠭᠠᠵᠠ᠎ᠶ᠋ᠢᠨ ᠶᠡᠬᠡ ᠰᠤᠷᠭᠠᠭᠤᠯᠢ᠎ᠶ᠋ᠢᠨ ᠡᠷᠡᠭᠦᠦ᠍᠎ᠶ᠋ᠢᠨ ᠬᠡᠷᠡᠭ᠎ᠦᠨ ᠬᠠᠤᠯᠢ ᠴᠠᠭᠠᠵᠠ᠎ᠶ᠋ᠢᠨ ᠳᠡᠭᠡᠳᠦ ᠰᠤᠷᠭᠠᠭᠤᠯᠢ ᠵᠢᠨ ᠬᠠᠷᠢᠭᠤᠴᠠᠯᠭᠠᠳᠠᠨ ᠡᠴᠨ 《ᠱᠢᠨ᠎ᠡ ᠴᠠᠭ ᠦᠶ᠎ᠡ᠎ᠶ᠋ᠢᠨ ᠪᠥᠬᠥ᠌ ᠤᠯᠤᠰ᠎ᠤᠨ ᠤᠯᠤᠰ ᠲᠥᠷᠥ᠍ ᠬᠠᠤᠯᠢ ᠴᠠᠭᠠᠵᠠ᠎ᠶ᠋ᠢᠨ ᠰᠤᠷᠭᠠᠨ ᠬᠥᠮᠦᠵᠢᠯ᠎ᠦᠨ ᠲᠥᠪ》 ᠎ᠤ᠋ᠨ ᠪᠠᠢᠭᠤᠯᠤᠯᠲᠠ᠎ᠶ᠋ᠢᠨ ᠪᠠᠢᠷᠢ ᠲᠣᠭ᠍ᠲᠠᠭᠠᠯᠲᠠ ᠵᠢᠴᠢ ᠳᠡᠭᠡᠳᠦ ᠰᠤᠷᠭᠠᠭᠤᠯᠢ᠎ᠶ᠋ᠢᠨ ᠱᠢᠨᠵᠢᠯᠡᠭᠡᠨ᠎ᠦ ᠬᠥᠭ᠌ᠵᠢᠯᠲᠡ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ᠂ ᠴᠢᠳᠠᠪᠤᠷᠢᠲᠠᠨ᠎ᠢ ᠬᠥᠮᠦᠵᠢᠭᠦᠯᠬᠦ᠌ ᠵᠡᠷᠭᠡ ᠭᠤᠤᠯ ᠪᠠᠢᠳᠠᠯ᠎ᠢ ᠲᠠᠨᠢᠯᠴᠠᠭᠤᠯᠪᠠ᠃ ᠰᠢᠨ᠎ᠡ ᠬᠤᠳᠠ ᠲᠤᠭᠤᠷᠢᠬ ᠤ᠋ᠨ ᠠᠷᠠᠳ ᠤ᠋ᠨ ᠪᠠᠢᠴᠠᠭᠠᠬᠤ ᠬᠤᠷᠢᠶ᠎ᠠ ᠵᠢᠨ ᠬᠠᠷᠢᠭᠤᠴᠠᠯᠭᠠᠳᠠᠨ ᠡᠴᠨ ᠪᠠᠢᠴᠠᠭᠠᠬᠤ ᠬᠤᠷᠢᠶ᠎ᠠ ᠶ᠋ᠢᠨ ᠬᠥᠭ᠌ᠵᠢᠯᠲᠡ᠎ᠶ᠋ᠢᠨ ᠪᠠᠢᠳᠠᠯ᠂ ᠬᠡᠷᠡᠭ ᠱᠢᠢᠳᠪᠦᠷᠢᠯᠡᠬᠦ᠌ ᠣᠨᠴᠠᠯᠢᠭ ᠵᠢᠴᠢ ᠴᠢᠳᠠᠪᠤᠷᠢᠲᠠᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢᠨ ᠪᠠᠢᠳᠠᠯ᠎ᠢ ᠨᠠᠷᠢᠨ ᠲᠠᠨᠢᠯᠴᠠᠭᠤᠯᠪᠠ᠃ ᠬᠤᠶᠠᠷ ᠲᠠᠯ᠎ᠠ ᠪᠡᠷ ᠵᠢᠡᠨ ᠭᠤᠷᠪᠠᠨ ᠵᠢᠯ᠎ᠦᠨ ᠲᠤᠷᠱᠢᠬᠢ ᠬᠠᠮᠲᠤᠷᠠᠯᠴᠠᠭᠠᠨ᠎ᠤ ᠥᠩᠭᠡᠷᠡᠯᠲᠡ ᠪᠠ ᠦᠷ᠎ᠡ ᠪᠦᠲᠦᠮᠵᠢ᠎ᠶ᠋ᠢ ᠡᠷᠬᠢᠴᠡᠬᠦᠯᠦᠨ᠂ ᠪᠠᠢᠴᠠᠭᠠᠬᠤ ᠤᠬᠠᠭᠠᠨ᠎ᠤ ᠪᠠᠢᠭᠤᠯᠤᠯᠲᠠ᠂ ᠭᠠᠳᠠᠭᠠᠳᠤ᠎ᠳᠤ ᠬᠣᠯᠪᠣᠭ᠍ᠳᠠᠬᠤ ᠬᠠᠤᠯᠢ᠎ᠪᠠᠷ ᠵᠠᠰᠠᠬᠤ᠂ ᠨᠠᠰᠤᠨ᠎ᠳᠤ ᠥᠯᠥ᠍ ᠭᠦᠷᠦᠭ᠌ᠰᠡᠳ᠎ᠢ ᠬᠠᠮᠠᠭᠠᠯᠠᠬᠤ ᠵᠡᠷᠭᠡ ᠭᠤᠤᠯᠳᠠᠯᠭ᠎ᠠ᠎ᠲᠠᠶ ᠬᠦᠷᠢᠶ᠎ᠡ᠎ᠪᠡᠷ ᠭᠤᠤᠯᠯᠠᠭᠤᠯᠤᠨ᠂ ᠣᠲᠣ᠎ᠶ᠋ᠢᠨ ᠪᠠᠢᠭ᠎ᠠ ᠬᠠᠮᠲᠤᠷᠠᠯᠴᠠᠭᠠᠨ᠎ᠤ ᠰᠠᠭᠤᠷᠢ ᠪᠠ ᠳᠠᠯᠳᠠ ᠬᠠᠮᠲᠤᠷᠠᠯᠴᠠᠭᠠᠨ᠎ᠤ ᠣᠷᠣᠨ ᠵᠠᠶ᠎ᠶ᠋ᠢ ᠡᠮᠬᠢᠯᠡᠨ ᠳᠢᠭ᠌ᠯᠡᠪᠡ᠃ 

ᠰᠣᠯᠢᠯᠴᠠᠭᠠᠨ᠎ᠤ ᠭᠣᠭ᠍ᠴᠣᠭ᠎ᠠ ᠎ᠳᠤ᠂ ᠬᠣᠶᠠᠷ ᠲᠠᠯ᠎ᠠ᠎ᠪᠠᠷ᠎ᠢᠶᠠᠨ ᠪᠠᠢᠴᠠᠭᠠᠬᠤ ᠪᠠᠢᠭᠤᠯᠭ᠎ᠠ ᠰᠤᠷᠭᠠᠭᠤᠯᠢ ᠬᠠᠮᠲᠤᠷᠠᠯᠴᠠᠬᠤ᠎ᠶ᠋ᠢᠨ ᠲᠣᠭᠣᠷᠢᠨ᠎ᠳᠤ ᠭᠦᠨᠵᠡᠭᠡᠶ ᠰᠤᠳᠤᠯᠤᠨ ᠶᠠᠷᠢᠯᠴᠠᠪᠠ᠃ ᠡᠷᠳᠡᠮ ᠱᠢᠨᠵᠢᠯᠡᠭᠡᠨ᠎ᠦ ᠰᠤᠳᠤᠯᠭᠠᠨ᠎ᠤ ᠲᠠᠯ᠎ᠠ᠎ᠪᠠᠷ᠂ ᠬᠣᠶᠠᠷ ᠲᠠᠯ᠎ᠠ᠎ᠪᠠᠷ᠎ᠢᠶᠠᠨ ᠬᠠᠤᠯᠢ᠎ᠶ᠋ᠢᠨ ᠤᠬᠠᠭᠠᠨ᠎ᠤ ᠪᠡᠶ᠎ᠡ᠎ᠪᠡᠨ ᠳᠠᠭᠠᠭᠠᠭ᠍ᠰᠠᠨ ᠮᠡᠳᠡᠯᠭᠡ᠎ᠶ᠋ᠢᠨ ᠱᠢᠰᠲ᠋ᠧᠮ᠎ᠢ ᠪᠠᠢᠭᠤᠯᠬᠤ᠂ ᠬᠢᠯᠢ ᠬᠢᠵᠠᠭᠠᠷ ᠣᠷᠣᠨ᠎ᠳᠤ ᠬᠣᠯᠪᠣᠭ᠍ᠳᠠᠭ᠍ᠰᠠᠨ ᠶᠠᠯᠠᠲᠤ ᠠᠵᠢᠯᠯᠠᠭ᠎ᠠ᠎ᠶ᠋ᠢ ᠵᠠᠰᠠᠬᠤ᠂ ᠮᠥᠩᠭᠥᠨ ᠭᠦᠶ᠋ᠯᠭᠡᠭᠡᠨ᠎ᠦ ᠶᠠᠯᠠᠲᠤ ᠠᠵᠢᠯᠯᠠᠭ᠎ᠠ ᠵᠡᠷᠭᠡ ᠬᠣᠱᠢᠭᠤᠷᠠᠯ ᠵᠥᠪᠯᠡᠬᠦ᠌ ᠵᠦᠶ᠋ᠯ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠡᠷᠳᠡᠮ ᠱᠢᠨᠵᠢᠯᠡᠭᠡᠨ᠎ᠦ ᠰᠤᠳᠤᠯᠭᠠᠨ᠎ᠤ ᠲᠠᠪᠴᠠᠩ᠎ᠢ ᠬᠠᠮᠲᠤ᠎ᠪᠠᠷ ᠪᠠᠢᠭᠤᠯᠬᠤ᠎ᠶ᠋ᠢ ᠰᠦᠪᠡᠭ᠌ᠴᠢᠯᠡᠪᠡ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号