ᠦᠨᠳᠦᠰᠦᠨ ᠱᠠᠲᠤᠨ᠎ᠤ ᠵᠠᠰᠠᠯᠲᠠ᠎ᠶ᠋ᠢ ᠠᠬᠢᠭᠤᠯᠤᠭᠰᠠᠨ 《ᠪᠤᠬᠢᠨᠢᠳᠤᠯ᠎ᠵᠢᠡᠨ ᠢᠯᠡᠳᠬᠡᠬᠦ ᠬᠤᠷᠠᠯ》
2026-06-18 10:04:06
ᠵᠣᠬᠢᠶᠠᠭ᠍ᠴᠢ᠄
ᠭᠣᠣ ᠮᠢᠨ ᠨᠠ
ᠣᠩᠱᠢᠭ᠍ᠰᠠᠨ ᠣᠳᠠᠭ᠎ᠠ᠄
★★★☆☆

6 ᠰᠠᠷ᠎ᠠ᠎ᠶ᠋ᠢᠨ 4 ᠎ᠤ᠋ ᠡᠳᠦᠷ᠂ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠨᠠᠮ᠎ᠤᠨ ᠬᠡᠰᠢᠬᠦᠨ ᠪᠠ᠎ᠣᠯᠠᠨ ᠲᠦᠮᠡᠨ᠎ᠦ ᠦᠶ᠋ᠯᠡᠴᠢᠯᠡᠭᠡᠨ᠎ᠦ ᠲᠥᠪ᠎ᠦᠨ ᠳᠤᠯᠠᠭᠠᠨ ᠨᠡᠢᠭᠡᠮ ᠲᠣᠭᠣᠷᠢᠭ᠎ᠤᠨ ᠪᠡᠶ᠎ᠡ ᠴᠢᠭᠢᠷᠠᠭ᠍ᠵᠢᠭᠤᠯᠬᠤ ᠠᠭᠤᠳᠠᠮ ᠲᠠᠯᠠᠪᠠᠶ᠎ᠳᠤ᠂ ᠫᠢᠩᠫᠠᠩ ᠪᠥᠮᠪᠥᠭᠡ᠎ᠶ᠋ᠢᠨ ᠲᠠᠢᠰᠠ ᠨᠢ ᠲᠦᠷ ᠴᠠᠭ ᠬᠡᠷᠡᠭ ᠵᠥᠪᠯᠡᠬᠦ᠌ ᠱᠢᠷᠡᠭᠡ ᠪᠣᠯᠤᠨ ᠬᠤᠪᠢᠷᠠᠵᠤ᠂ ᠠᠷᠪᠠᠨ ᠬᠡᠳᠦᠨ ᠰᠦᠯᠢᠶᠣᠣ ᠰᠠᠨᠳᠠᠯᠢ᠎ᠵᠢ ᠲᠤᠭᠤᠷᠢᠭᠤᠯᠤᠨ ᠲᠠᠯᠪᠢᠵᠤ᠂ ᠨᠡᠢᠭᠡᠮ ᠲᠣᠭᠣᠷᠢᠭ᠎ᠤᠨ ᠠᠵᠢᠯᠲᠠᠨ᠂ ᠠᠳᠠᠯ ᠠᠬᠤᠶ᠎ᠶ᠋ᠢᠨ ᠬᠠᠮᠢᠶᠠᠷᠤᠯᠳᠠ ᠵᠢᠨ ᠳᠠᠭᠠᠭᠠᠮᠠᠯ᠂ ᠲᠣᠮᠢᠯᠠᠭ᠍ᠰᠠᠨ ᠰᠠᠯᠪᠤᠷᠢ᠎ᠶ᠋ᠢᠨ ᠠᠷᠠᠳ᠎ᠤᠨ ᠴᠠᠭ᠍ᠳᠠᠭ᠎ᠠ ᠵᠢᠴᠢ ᠰᠠᠭᠤᠭᠠᠯᠢ ᠠᠷᠠᠳ ᠬᠠᠮᠳᠤ ᠪᠡᠷ ᠰᠠᠭᠤᠯᠴᠠᠪᠠ᠃ ᠢᠩᠭᠢᠭᠡᠳ ᠲᠡᠷᠢᠭᠦᠯᠡᠭ᠌ᠴᠢᠳ᠎ᠦᠨ ᠲᠠᠢ᠌ᠰᠠ ᠭᠡᠵᠦ ᠦᠭᠡᠢ᠂ ᠶᠠᠷᠢᠶᠠᠨ᠎ᠤ ᠨᠤᠤᠷᠠᠭ ᠭᠡᠵᠦ ᠦᠭᠡᠢ᠂ ᠤᠯᠠᠨ ᠲᠦᠮᠡᠨ᠎ᠲᠡᠶ ᠤᠢ᠍ᠢᠷᠠᠳᠤᠭ᠍ᠰᠠᠨ 《ᠪᠤᠬᠢᠨᠢᠳᠤᠯ᠎ᠵᠢᠡᠨ ᠢᠯᠡᠳᠬᠡᠬᠦ ᠬᠤᠷᠠᠯ》 ᠬᠥᠭ᠌ᠵᠢᠶᠡᠨ ᠲᠡᠢ ᠡᠬᠢᠯᠡᠪᠡ᠃

《ᠳᠡᠭᠡᠷ᠎ᠡ ᠤᠳᠠᠭ᠎ᠠ ᠲᠤᠰᠭᠠᠭ᠍ᠰᠠᠨ ᠪᠠᠷᠠᠭᠤᠨ ᠡᠭᠦᠳᠡᠨ ᠳ᠋ᠡᠬᠢ ᠵᠠᠮ᠎ᠤᠨ ᠭᠠᠳᠠᠷᠭᠤ  ᠡᠪᠳᠡᠷᠡᠭᠰᠡᠨ ᠠᠰᠠᠭᠤᠳᠠᠯ᠎ᠢ ᠱᠢᠶ᠋ᠳᠪᠦᠷᠢᠯᠡᠪᠡ᠂ ᠣᠳᠣ ᠭᠠᠳᠠᠭ᠍ᠰᠢ ᠭᠠᠷᠬᠤ᠎ᠳᠤ ᠮᠠᠰᠢ ᠠᠮᠠᠷᠬᠠᠨ ᠪᠤᠯᠵᠠᠢ》 ᠭᠡᠵᠦ ᠰᠠᠭᠤᠭᠠᠯᠢ ᠠᠷᠠᠳ ᠡᠸ᠋ ᠪᠠᠭᠠᠲᠤᠷ ᠲᠦᠷᠦᠭᠦᠯᠡᠨ ᠦᠭᠡ ᠬᠡᠯᠡᠵᠦ᠍᠂ ᠵᠦᠪᠰᠢᠶᠡᠵᠦ ᠪᠠᠢᠭ᠎ᠠ ᠪᠡᠨ ᠢᠯᠡᠳᠭᠡᠪᠡ᠃ ᠢᠩᠭᠢᠭᠡᠳ ᠲᠤᠬᠠᠶ᠎ᠶ᠋ᠢᠨ ᠲᠠᠯᠠᠪᠠᠢ᠎ᠶ᠋ᠢᠨ ᠰᠠᠭᠤᠭᠠᠯᠢ ᠠᠷᠠᠳ ᠬᠣᠢᠨ᠎ᠠ ᠬᠣᠢᠨ᠎ᠠ᠎ᠡᠴᠡ᠎ᠪᠠᠨ ᠦᠪᠡᠷ ᠦᠪᠡᠷ᠎ᠤᠨ ᠢᠯᠡᠷᠡᠬᠦᠯᠦᠭᠰᠡᠨ ᠠᠰᠠᠭᠤᠳᠠᠯ᠎ᠢᠶᠡᠨ ᠲᠡᠯᠬᠡᠵᠤ ᠡᠬᠢᠯᠡᠪᠡ᠃《ᠨᠡᠭᠦᠳᠡᠯ ᠬᠤᠳᠠᠯᠳᠤᠭᠠᠴᠢᠨ᠎ᠤ ᠪᠦᠷᠢᠶ᠎ᠡ᠎ᠶ᠋ᠢᠨ ᠲᠠᠭᠤᠨ ᠳᠡᠩᠳᠡᠭᠦᠦ ᠶᠡᠬᠡ᠂ ᠣᠯᠠᠨ᠎ᠢᠶᠠᠷ᠎ᠢᠶᠠᠨ ᠦᠳᠡ᠎ᠳᠦ ᠠᠮᠠᠷᠠᠬᠤ᠎ᠶ᠋ᠢᠨ ᠠᠷᠭ᠎ᠠ ᠥᠬᠡᠶ》᠂ 《ᠰᠠᠭᠤᠭᠠᠯᠢ ᠠᠷᠠᠳ᠎ᠤᠨ ᠲᠣᠭᠣᠷᠢᠭ᠎ᠲᠤ᠌ ᠲᠡᠨᠦᠭᠦᠯ ᠨᠣᠬᠠᠶ ᠣᠯᠠᠨ ᠪᠤᠯᠵᠠᠢ᠂ ᠠᠮᠤᠷ ᠲᠦᠪᠱᠢᠨ᠎ᠦ  ᠬᠡᠮ ᠣᠷᠣᠱᠢᠵᠤ ᠪᠠᠢᠨ᠎ᠠ》᠂ 《ᠰᠠᠭᠤᠭᠠᠯᠢ ᠠᠷᠠᠳ᠎ᠤᠨ ᠲᠣᠭᠣᠷᠢᠭ᠎ᠤᠨ ᠬᠢᠨᠠᠨ ᠡᠵᠡᠮᠳᠡᠬᠦ᠌ ᠴᠡᠭ ᠬᠦᠷᠦᠯᠴᠡᠬᠦ᠌ ᠥᠬᠡᠶ ᠪᠠᠢᠨ᠎ᠠ᠂ ᠵᠣᠬᠢᠰᠲᠠᠶ ᠨᠡᠮᠡᠵᠦ᠍ ᠪᠠᠢᠭᠤᠯᠵᠤ ᠪᠣᠯᠤᠨ᠎ᠠ ᠦᠦ ᠥᠬᠡᠶ ᠦᠦ 》 ᠁ ᠣᠯᠠᠨ᠎ᠢᠶᠠᠷ᠎ᠢᠶᠠᠨ ᠲᠣᠭᠣᠷᠢᠭᠤᠯᠵᠤ ᠲᠣᠭ᠍ᠰᠢᠬᠤ ᠥᠬᠡᠶ᠂ ᠦᠨᠡᠨ ᠪᠣᠳᠠᠲᠠᠶ ᠬᠦᠰᠡᠯ ᠱᠠᠭᠠᠷᠳᠠᠯᠭ᠎ᠠ ᠪᠡᠨ ᠰᠢᠭᠤᠳ ᠶᠠᠷᠢᠵᠠᠭᠠᠪᠠ᠃

ᠨᠡᠢᠭᠡᠮ ᠲᠣᠭᠣᠷᠢᠭ᠎ᠤᠨ ᠠᠵᠢᠯᠲᠠᠨ ᠨᠠᠷᠢᠨ ᠬᠢᠨᠠᠮᠠᠭᠠᠶ ᠰᠣᠨᠣᠰᠴᠤ᠌᠂ ᠵᠦᠢᠯ ᠵᠤᠷᠪᠤᠰ ᠳᠠᠷᠠᠭᠠᠯᠠᠨ ᠲᠡᠮᠳᠡᠭ᠌ᠯᠡᠵᠦ᠍᠂ ᠲᠤᠬᠠᠶ᠎ᠶ᠋ᠢᠨ ᠲᠠᠯᠠᠪᠠᠶ᠎ᠳᠤ ᠬᠠᠷᠢᠭᠤᠯᠵᠤ ᠳᠡᠢᠯᠬᠦ᠌᠎ᠶ᠋ᠢ ᠨᠢ ᠲᠡᠷᠡ ᠳᠠᠷᠤᠶ᠎ᠳᠤᠨᠢ ᠬᠠᠷᠢᠭᠤᠯᠳᠠ ᠥᠭ᠌ᠴᠦ᠂ ᠵᠣᠬᠢᠴᠠᠭᠤᠯᠤᠨ ᠱᠢᠶ᠋ᠳᠪᠦᠷᠢᠯᠡᠬᠦ᠌ ᠴᠢᠬᠤᠯᠠᠲᠠᠶ᠎ᠶ᠋ᠢ ᠨᠢ ᠨᠢᠭᠡᠳ ᠨᠢᠭᠡ᠎ᠪᠡᠷ ᠲᠡᠮᠳᠡᠭ᠌ᠯᠡᠵᠤ ᠠᠪᠴᠠᠢ᠃ ᠡᠨᠡ ᠨᠢ ᠳᠤᠯᠠᠭᠠᠨ ᠨᠡᠢᠭᠡᠮ ᠲᠣᠭᠣᠷᠢᠭ᠎ᠤᠨ 《ᠪᠤᠬᠢᠨᠢᠳᠤᠯ᠎ᠵᠢᠡᠨ ᠢᠯᠡᠳᠬᠡᠬᠦ ᠬᠤᠷᠠᠯ》᠎ᠤ᠋ᠨ ᠠᠬᠤᠢ ᠪᠠᠢᠳᠠᠯ ᠪᠤᠯᠤᠨ᠎ᠠ᠃

2025 ᠣᠨ ᠢ᠋ ᠡᠷᠭᠢᠴᠡᠭᠦᠯᠬᠦᠶ᠎ᠡ᠂ ᠣᠯᠠᠨ ᠲᠦᠮᠡᠨ᠎ᠦ 《ᠴᠢᠯᠥᠭᠡᠲᠡᠶ ᠶᠠᠷᠢᠬᠤ》 ᠵᠠᠰᠠᠯᠲᠠ᠎ᠶ᠋ᠢᠨ ᠱᠢᠨ᠎ᠡ ᠬᠡᠪ ᠵᠠᠭ᠍ᠪᠤᠷ᠎ᠨᠢ ᠲᠣᠰ ᠬᠣᠱᠢᠭᠤᠨ᠎ᠤ ᠶᠡᠬᠡᠰᠦ᠋ᠮ᠎ᠡ ᠨᠡᠢᠭᠡᠮ ᠲᠣᠭᠣᠷᠢᠭ᠎ᠤᠨ ᠱᠢᠨ᠎ᠡ᠎ᠶ᠋ᠢ ᠡᠭᠦᠳᠬᠦ᠌ ᠰᠥᠪᠡᠭ᠌ᠴᠢᠯᠡᠯᠲᠡ᠎ᠡᠴᠡ ᠢᠷᠡᠯᠲᠡ ᠲᠠᠢ᠃

《ᠥᠩᠭᠡᠷᠡᠭ᠌ᠰᠡᠨ᠎ᠳᠦ ᠶᠠᠷᠢᠯᠴᠠᠬᠤ ᠬᠤᠷᠠᠯ ᠬᠢᠬᠦ ᠬᠡᠪᠡᠯ᠂ ᠰᠠᠭᠤᠭᠠᠯᠢ ᠠᠷᠠᠳ ᠢᠷᠡᠴᠢᠬᠡᠭᠡᠳ ᠦᠭᠡ ᠶᠠᠷᠢᠬᠤ ᠦᠭᠡᠢ᠂ ᠶᠠᠭᠤ ᠠᠰᠠᠭᠤᠭ᠍ᠰᠠᠨ ᠴᠤ᠌ 〈ᠨᠡᠯᠢᠶᠡᠳ ᠰᠠᠢ᠌ᠨ〉 ᠭᠡᠵᠦ᠍ ᠬᠡᠯᠡᠳᠡᠭ᠂ ᠵᠠᠷᠢᠮ ᠰᠠᠭᠤᠭᠠᠯᠢ ᠠᠷᠠᠳ ᠲᠤᠳᠤᠷ᠎ᠠ ᠪᠠᠨ ᠪᠤᠳᠤᠯ᠎ᠲᠠᠶ᠂ ᠬᠦᠰᠡᠯ ᠱᠠᠭᠠᠷᠳᠠᠯᠭ᠎ᠠ᠎ᠲᠠᠶ ᠪᠣᠯᠪᠠᠴᠤ᠌ ᠬᠠᠷᠢᠨ ᠨᠢᠭᠤᠷ ᠎ᠢᠶᠡᠨ ᠪᠤᠳᠤᠵᠤ ᠲᠠᠳᠠᠭᠠᠯᠵᠠᠨ ᠶᠠᠭᠤ ᠴᠤ᠌ ᠬᠡᠯᠡᠬᠦ ᠳᠤᠷ᠎ᠠ ᠦᠭᠡᠢ ᠪᠠᠢᠪᠠ》᠃ ᠶᠡᠬᠡᠰᠦ᠋ᠮ᠎ᠡ ᠨᠡᠢᠭᠡᠮ ᠲᠣᠭᠣᠷᠢᠭ᠎ᠤᠨ ᠳᠡᠳ᠋ ᠱᠦᠵᠢ ᠬᠠᠨ ᠹᠸᠩ ᠯᠢᠩ᠂ ᠡᠲᠤᠷ ᠎ᠤᠨ ᠤᠲᠠᠭᠠᠨ ᠎ᠳᠠᠭᠠᠨ  ᠠᠷᠠᠳ ᠤᠯᠠᠨ ᠦᠨᠳᠦᠰᠦᠨ ᠱᠠᠲᠤᠨ᠎ᠤ ᠵᠠᠰᠠᠯᠲᠠ᠎ᠶ᠋ᠢᠨ ᠬᠠᠵᠠᠭᠤ᠎ᠡᠴᠡ ᠬᠠᠷᠠᠭ᠍ᠴᠢ ᠪᠤᠯᠵᠤ᠂ ᠮᠠᠰᠢ ᠤᠯᠠᠨ ᠶᠠᠯᠢᠮ ᠦᠭᠡᠢ ᠵᠥᠷᠢᠴᠡᠯ᠎ᠢ ᠴᠠᠭ ᠲᠤᠬᠠᠢ᠎ᠳᠤᠨᠢ ᠱᠢᠢᠳᠪᠦᠷᠢᠯᠡᠵᠦ᠍ ᠳᠡᠢᠯᠬᠦ᠌ ᠦᠭᠡᠢ ᠡᠴᠡ ᠪᠤᠯᠵᠤ᠂ ᠪᠠᠭ᠎ᠠ ᠠᠰᠠᠭᠤᠳᠠᠯ ᠨᠢ ᠠᠭᠠᠵᠢᠮ᠎ᠢᠶᠠᠷ ᠵᠠᠰᠠᠯᠲᠠ᠎ᠶ᠋ᠢᠨ ᠲᠤᠮᠳᠠᠬᠢ ᠬᠦᠴᠢᠷ ᠠᠰᠠᠭᠤᠳᠠᠯ ᠪᠣᠯᠪᠠ ᠭᠡᠪᠡ᠃

ᠺᠠᠳ᠋ᠷ ᠤᠯᠠᠨ ᠲᠦᠮᠡᠨ᠎ᠦ ᠨᠡᠪᠲᠡᠷᠡᠯᠴᠡᠭᠡ᠎ᠶ᠋ᠢᠨ ᠲᠤᠮᠳᠠᠬᠢ ᠬᠠᠷᠰᠢ ᠰᠠᠭᠠᠳ᠎ᠢ ᠲᠤᠢᠯᠪᠤᠷᠢᠲᠠᠢ ᠠᠷᠢᠯᠭᠠᠵᠦ᠂ ᠠᠷᠠᠳ ᠤᠯᠠᠨ᠎ᠤ ᠰᠠᠨᠠᠭ᠎ᠠ᠎ᠪᠡᠨ ᠢᠯᠡᠳᠭᠡᠬᠦ᠌ ᠠᠷᠭ᠎ᠠ ᠵᠠᠮ᠎ᠢ ᠱᠢᠯᠤᠭᠤᠳᠭᠠᠬᠤ᠎ᠶ᠋ᠢᠨ ᠲᠥᠯᠥᠭᠡ᠂ ᠶᠡᠬᠡᠰᠦ᠋ᠮ᠎ᠡ ᠨᠡᠢᠭᠡᠮ ᠲᠣᠭᠣᠷᠢᠭ᠎ᠤᠨ ᠬᠢᠨ ᠤᠯᠠᠨ ᠲᠦᠮᠡᠨ᠎ᠲᠡᠶ ᠤᠢ᠍ᠢᠷᠠᠳᠤᠭ᠍ᠰᠠᠨ 《ᠪᠤᠬᠢᠨᠢᠳᠤᠯ᠎ᠵᠢᠡᠨ ᠢᠯᠡᠳᠬᠡᠬᠦ ᠬᠤᠷᠠᠯ》 ᠬᠡᠬᠦ ᠬᠡᠷᠡᠭ ᠵᠥᠪᠯᠡᠬᠦ᠌ ᠵᠠᠭ᠍ᠪᠤᠷ᠎ᠢ ᠱᠢᠨ᠎ᠡ᠎ᠪᠡᠷ ᠡᠭᠦᠳᠴᠦ᠍᠂ ᠶᠠᠷᠢᠯᠴᠠᠬᠤ ᠬᠤᠷᠠᠯ᠎ᠤᠨ ᠬᠡᠪᠰᠢᠮᠡᠯ ᠵᠠᠭ᠍ᠪᠤᠷ᠎ᠢ ᠲᠤᠢᠯᠪᠤᠷᠢᠲᠠᠢ ᠲᠠᠶᠠᠭ᠍ᠳᠠᠵᠤ᠂ ᠬᠡᠷᠡᠭ ᠵᠥᠪᠯᠡᠬᠦ᠌ ᠲᠤᠬᠠᠢ᠎ᠶ᠋ᠢᠨ ᠲᠠᠯᠠᠪᠠᠢ᠎ᠶ᠋ᠢ ᠬᠤᠷᠠᠯ᠎ᠤᠨ ᠭᠡᠷ᠎ᠡᠴᠡ ᠰᠠᠭᠤᠭᠠᠯᠢ ᠠᠷᠠᠳ᠎ᠤᠨ ᠲᠣᠭᠣᠷᠢᠭ᠎ᠤᠨ ᠵᠦᠯᠭᠡᠨ ᠲᠡᠬᠡᠷ᠎ᠡ᠂ ᠪᠡᠶ᠎ᠡ ᠴᠢᠭᠢᠷᠠᠭ᠍ᠵᠢᠭᠤᠯᠬᠤ ᠠᠭᠤᠳᠠᠮ ᠲᠠᠯᠠᠪᠠᠢ᠂ ᠰᠠᠭᠤᠭᠠᠯᠢ ᠠᠷᠠᠳ᠎ᠤᠨ ᠬᠦᠷᠢᠶ᠎ᠠ ᠬᠠᠰᠢᠶ᠎ᠠ ᠵᠢᠨ ᠲᠤᠮᠳᠠ ᠨᠡᠭᠦᠯᠭᠡᠵᠦ᠍᠂ ᠦᠨᠳᠦᠰᠦᠨ ᠱᠠᠲᠤᠨ᠎ᠤ ᠵᠠᠰᠠᠯᠲᠠ᠎ᠶ᠋ᠢ ᠦᠨᠡᠨ ᠬᠦ᠌ ᠤᠯᠠᠨ ᠲᠦᠮᠡᠨ᠎ᠦ ᠳᠡᠷᠭᠡᠳᠡ ᠬᠦᠷᠭᠡᠵᠦ᠍᠂ ᠠᠷᠠᠳ᠎ᠤᠨ ᠠᠮᠢᠳᠤᠷᠠᠯ᠎ᠤᠨ ᠡᠮᠦᠨ᠎ᠡ ᠹᠷᠣᠨᠲ᠎ᠲᠤ ᠦᠨᠳᠦᠰᠦᠯᠡᠭᠦᠯᠪᠡ᠃

ᠡᠨᠡ ᠬᠦ᠌ ᠱᠢᠨ᠎ᠡ ᠵᠠᠭ᠍ᠪᠤᠷ᠎ᠢ ᠨᠠᠢᠳᠠᠪᠤᠷᠢᠵᠢᠭᠤᠯᠤᠭ᠍ᠰᠠᠨ᠎ᠤ ᠳᠠᠷᠠᠭ᠎ᠠ᠂ ᠵᠠᠰᠠᠯᠲᠠ ᠨᠢ ᠠᠪᠤᠨ ᠳᠣᠣᠷ᠎ᠠ᠎ᠪᠠᠨ ᠦᠷ᠎ᠡ ᠪᠦᠲᠦᠮᠵᠢ ᠤᠯᠪᠠ᠃ ᠯᠢᠶᠠᠨ ᠲᠦᠩ ᠰᠠᠭᠤᠭᠠᠯᠢ ᠠᠷᠠᠳ᠎ᠤᠨ ᠲᠤᠭᠤᠷᠢᠭ ᠤ᠋ᠨ ᠠᠷᠠᠳ᠎ᠤᠨ ᠲᠤᠰᠭᠠᠭ᠍ᠰᠠᠨ ᠰᠠᠭᠤᠭᠠᠯᠢ ᠠᠷᠠᠳ᠎ᠤᠨ ᠬᠠᠭᠤᠴᠢᠨ ᠲᠣᠭᠣᠷᠢᠭ᠎ᠨᠢ ᠵᠢᠷᠤᠮᠵᠢᠭ᠍ᠰᠠᠨ ᠨᠡᠷᠡᠢᠳᠦᠯ ᠥᠬᠡᠶ᠂ ᠢᠯᠭᠠᠬᠤ ᠲᠡᠮᠳᠡᠭ ᠢᠯᠡᠷᠬᠡᠢᠯᠡᠯ ᠳᠤᠲᠠᠭ᠍ᠳᠠᠵᠤ ᠪᠠᠢᠭ᠎ᠠ ᠠᠰᠠᠭᠤᠳᠠᠯ᠎ᠳᠤ ᠴᠢᠭ᠌ᠯᠡᠭᠦᠯᠦᠨ᠂ ᠨᠡᠢᠭᠡᠮ ᠲᠣᠭᠣᠷᠢᠭ ᠎ᠤᠨ ᠬᠢᠨ ᠲᠡᠷᠡ ᠳᠠᠷᠤᠶ᠎ᠳᠤᠨᠢ ᠴᠡᠭ᠌ᠴᠡᠯᠡᠨ ᠰᠠᠢᠵᠢᠷᠠᠭᠤᠯᠬᠤ ᠪᠡᠷ ᠪᠤᠯᠵᠦ᠂ ᠲᠤᠰᠬᠠᠢ ᠨᠡᠷ᠎ᠡ ᠲᠣᠭ᠍ᠲᠠᠭᠠᠨ ᠫᠠᠢᠰᠠ ᠡᠯᠭᠦᠬᠦ᠌ ᠠᠵᠢᠯ᠎ᠢ ᠨᠠᠢᠳᠠᠪᠤᠷᠢᠵᠢᠭᠤᠯᠵᠤ᠂ ᠰᠠᠭᠤᠭᠠᠯᠢ ᠠᠷᠠᠳ᠎ᠤᠨ ᠵᠠᠬᠢᠶᠠᠯᠠᠭ᠎ᠠ᠎ᠶ᠋ᠢᠨ ᠬᠣᠭᠣᠯᠠ᠎ᠶᠢ ᠬᠦᠷᠭᠡᠬᠦ᠌᠂ ᠲᠦᠷᠭᠡᠨ ᠬᠦᠷᠭᠡᠯᠲᠡ ᠵᠢᠨ ᠪᠤᠳᠠᠰ᠎ᠢᠶᠡᠨ ᠬᠤᠷᠢᠶᠠᠵᠤ ᠠᠪᠬᠤ᠎ᠳᠤ ᠳᠥᠭᠥᠮ ᠦᠭᠡᠢ ᠪᠠᠢᠬᠰᠠᠨ  ᠬᠦᠴᠢᠷ ᠠᠰᠠᠭᠤᠳᠠᠯ᠎ᠢ ᠲᠤᠢᠯᠪᠤᠷᠢᠲᠠᠶ ᠱᠢᠶ᠋ᠳᠪᠦᠷᠢᠯᠡᠪᠡ᠃ ᠪᠠᠢᠱᠢᠩ ᠭᠡᠷ᠎ᠦᠨ ᠲᠣᠭᠣᠷᠢᠭ᠎ᠤᠨ ᠵᠠᠮ᠎ᠤᠨ ᠳ᠋ᠧᠩ ᠴᠥᠭᠡᠨ᠂ ᠰᠥᠨᠢ᠎ᠪᠡᠷ ᠶᠠᠪᠤᠵᠤ ᠰᠠᠭᠤᠬᠤ᠎ᠳᠤ ᠳᠥᠭᠥᠮ ᠦᠭᠡᠢ᠂ ᠨᠡᠢᠭᠡᠮ ᠲᠣᠭᠣᠷᠢᠭ᠎ᠤᠨ ᠬᠥᠳᠡᠯᠭᠡᠭᠡᠨ᠎ᠦ ᠲᠠᠰᠤᠭ᠎ᠲᠤ ᠠᠭᠠᠷ ᠲᠣᠬᠢᠷᠠᠭᠤᠯᠤᠭ᠍ᠴᠢ ᠦᠭᠡᠢ᠂ ᠵᠤᠨ᠎ᠤ ᠤᠯᠠᠷᠢᠯ ᠳ᠋ᠤ ᠪᠦᠭ᠌ᠴᠢᠮ ᠬᠠᠯᠠᠭᠤᠨ᠂ ᠨᠡᠢᠭᠡᠮ ᠲᠣᠭᠣᠷᠢᠭ᠎ᠤᠨ ᠨᠣᠮ᠎ᠤᠨ ᠲᠠᠰᠤᠭ᠎ᠤᠨ ᠨᠣᠮ ᠪᠢᠴᠢᠭ ᠬᠠᠭᠤᠴᠢᠷᠡᠵᠦ᠂ ᠤᠩᠱᠢᠯᠭ᠎ᠠ᠎ᠶ᠋ᠢᠨ ᠡᠬᠢ ᠪᠠᠶᠠᠯᠢᠭ ᠳᠤᠲᠠᠮᠠᠭ ᠵᠡᠷᠭᠡ ᠠᠯᠢ ᠤᠯᠠᠨ ᠠᠷᠠᠳ᠎ᠤᠨ ᠠᠮᠢᠳᠤᠷᠠᠯ᠎ᠤᠨ ᠲᠤᠬᠠᠢ ᠬᠦᠰᠡᠯ ᠱᠠᠭᠠᠷᠳᠠᠯᠭ᠎ᠠ᠎ᠳᠤ ᠴᠢᠭ᠌ᠯᠡᠭᠦᠯᠦᠨ᠂ ᠠᠵᠢᠯᠲᠠᠳ ᠲᠦᠷᠦᠯ ᠬᠤᠪᠢᠶᠠᠨ ᠠᠬᠢᠭᠤᠯᠵᠤ᠂ ᠴᠠᠭ ᠲᠣᠭ᠍ᠲᠠᠭᠠᠨ ᠴᠡᠭ᠌ᠴᠡᠯᠡᠨ ᠰᠠᠢᠵᠢᠷᠠᠭᠤᠯᠵᠤ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ ᠪᠦᠬᠦᠨ᠎ᠢ ᠪᠣᠳᠠᠲᠠᠢ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠤ᠂ ᠤᠯᠠᠨ ᠲᠦᠮᠡᠨ᠎ᠦ ᠬᠦᠰᠡᠯ ᠡᠷᠡᠮᠡᠯᠵᠡᠯ᠎ᠳᠦ ᠦᠨᠡᠨ ᠬᠦ᠌ ᠬᠠᠷᠢᠭᠤᠯᠲᠠ ᠥᠭ᠌ᠪᠡ᠃

ᠡᠳᠦᠭᠡ᠂ ᠭᠠᠵᠠᠷ ᠪᠣᠯᠭᠠᠨ᠎ᠳᠤ ᠬᠠᠷᠠᠭ᠍ᠳᠠᠬᠤ ᠨᠡᠭᠡᠭᠡᠯᠲᠡᠲᠦ ᠬᠡᠯᠪᠡᠷᠢ᠎ᠶ᠋ᠢᠨ ᠬᠡᠷᠡᠭ ᠵᠥᠪᠯᠡᠬᠦ᠌ ᠠᠬᠤᠢ ᠲᠠᠯᠠᠪᠤᠷ᠎ᠨᠢ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠨᠡᠢᠭᠡᠮ ᠲᠣᠭᠣᠷᠢᠭ᠎ᠤᠨ ᠵᠠᠰᠠᠯᠲᠠ᠎ᠶ᠋ᠢᠨ ᠱᠢᠨ᠎ᠡ ᠬᠡᠪ ᠰᠤᠷᠲᠠᠯ ᠪᠣᠯᠪᠠ᠃ ᠰᠠᠭᠤᠭᠠᠯᠢ ᠠᠷᠠᠳ ᠤ᠋ᠨ ᠲᠣᠭᠣᠷᠢᠭ᠎ᠤᠨ ᠰᠠᠭᠤᠷᠢ ᠲᠥᠬᠥᠭᠡᠷᠦᠮᠵᠢ᠎ᠶ᠋ᠢᠨ ᠳᠤᠲᠠᠭᠤᠳᠠᠯ᠂ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡᠨ᠎ᠦ ᠳᠤᠲᠠᠭᠤᠳᠠᠯ᠂ ᠣᠷᠴᠢᠨ ᠲᠣᠭᠣᠷᠢᠨ᠎ᠤ ᠡᠷᠡᠭᠦᠯ ᠬᠠᠮᠠᠭᠠᠯᠠᠯ᠎ᠤᠨ ᠠᠰᠠᠭᠤᠳᠠᠯ ᠭᠡᠰᠡᠨ ᠦᠭᠡᠢ᠂ ᠬᠥᠷᠰᠢ ᠵᠡᠷᠭᠡᠯᠡᠳᠡᠭᠡ᠎ᠶ᠋ᠢᠨ ᠬᠤᠭᠤᠷᠤᠨᠳᠤᠬᠢ ᠵᠠᠭᠤᠷᠠᠯᠳᠤᠭᠠᠨ᠂ ᠬᠤᠳᠠᠯᠳᠤᠭᠠᠨ᠎ᠤ ᠡᠷᠦᠬᠡ ᠵᠢᠨ ᠠᠵᠢᠯᠯᠠᠭ᠎ᠠ ᠨᠢ ᠠᠷᠠᠳ ᠤᠯᠠᠨ᠎ᠤ ᠬᠡᠪ᠎ᠤᠨ ᠠᠮᠢᠳᠦᠷᠠᠯ᠎ᠢ ᠨᠦᠯᠦᠬᠡᠯᠡᠭᠰᠡᠨ ᠶᠠᠪᠤᠳᠠᠯ᠂ ᠡᠳᠦᠷ ᠲᠤᠲᠤᠮ᠎ᠤᠨ ᠪᠠᠭ᠎ᠠ ᠵᠥᠷᠢᠯᠳᠦᠭᠡᠨ ᠵᠡᠷᠬᠡ ᠵᠢ 《ᠪᠤᠬᠢᠨᠢᠳᠤᠯ᠎ᠵᠢᠡᠨ ᠢᠯᠡᠳᠬᠡᠬᠦ ᠬᠤᠷᠠᠯ》 ᠲᠡᠭᠡᠷ᠎ᠡ ᠰᠠᠭᠤᠭᠠᠯᠢ ᠠᠷᠠᠳ ᠡᠴᠡ ᠡᠷᠡᠭᠡᠯᠵᠡᠬᠦ ᠥᠬᠡᠶ ᠪᠡᠷ ᠰᠢᠭᠤᠳ ᠶᠠᠷᠢᠬᠤ ᠪᠤᠯᠵᠠᠢ᠃

《ᠡᠨᠡ ᠬᠦ᠌ ᠬᠡᠷᠡᠭ ᠰᠢᠢᠳᠪᠦᠷᠢᠯᠡᠬᠦ ᠬᠡᠯᠪᠡᠷᠢ ᠮᠠᠰᠢ ᠰᠠᠢ᠌ᠨ᠂ ᠮᠠᠨ᠎ᠤ ᠰᠡᠳᠭᠢᠯ᠎ᠦᠨ ᠦᠭᠡ᠎ᠶ᠋ᠢ ᠰᠣᠨᠣᠰᠭᠤ ᠬᠥᠮᠦᠨ᠎ᠲᠡᠶ᠂ ᠰᠠᠨᠠᠭᠠᠰᠢᠷᠠᠵᠤ ᠪᠠᠢᠭ᠎ᠠ ᠶᠠᠪᠤᠳᠠᠯ᠎ᠢ ᠬᠠᠮᠢᠶᠠᠷᠬᠤ ᠬᠥᠮᠦᠨ᠎ᠲᠡᠶ ᠪᠤᠯᠵᠠᠢ》 ᠭᠡᠵᠦ ᠬᠠᠷᠢᠶ᠎ᠠ ᠣᠷᠣᠨ᠎ᠤ ᠰᠠᠭᠤᠭᠠᠯᠢ ᠠᠷᠠᠳ 《ᠪᠤᠬᠢᠨᠢᠳᠤᠯ᠎ᠵᠢᠡᠨ ᠢᠯᠡᠳᠬᠡᠬᠦ ᠬᠤᠷᠠᠯ》᠎ᠢ᠋ ᠮᠠᠭ᠍ᠲᠠᠨ ᠰᠠᠢᠱᠢᠶᠠᠪᠠ᠃

ᠶᠡᠬᠡᠰᠦ᠋ᠮ᠎ᠡ ᠨᠡᠢᠭᠡᠮ ᠲᠣᠭᠣᠷᠢᠭ᠎ᠤᠨ ᠦᠨᠳᠦᠰᠦᠨ ᠱᠠᠲᠤᠨ᠎ᠤ ᠵᠠᠰᠠᠯᠲᠠ᠎ᠶ᠋ᠢᠨ ᠱᠢᠨ᠎ᠡ᠎ᠶ᠋ᠢ ᠡᠭᠦᠳᠬᠦ᠌ ᠦᠶ᠋ᠯᠡᠳᠦᠯᠭᠡ᠎ᠶ᠋ᠢ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠨᠠᠮ᠎ᠤᠨ ᠬᠣᠷᠢᠶ᠎ᠠ ᠵᠢᠨ ᠨᠡᠢᠭᠡᠮ᠎ᠦᠨ ᠠᠵᠢᠯ᠎ᠤᠨ ᠬᠡᠯᠲᠡᠰ ᠬᠢᠨᠠᠨ ᠵᠢᠯᠣᠭᠣᠳᠭᠤ ᠳᠤᠮᠳᠠ ᠴᠠᠭ ᠲᠤᠬᠠᠶ᠎ᠳᠤᠨᠢ ᠢᠯᠡᠷᠡᠭᠦᠯᠵᠦ᠍᠂ ᠭᠤᠤᠯᠳᠠᠯᠭ᠎ᠠ᠎ᠲᠠᠶ ᠠᠩᠬᠠᠷᠪᠠ᠃ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠨᠠᠮ᠎ᠤᠨ ᠬᠣᠷᠢᠶ᠎ᠠ ᠵᠢᠨ ᠨᠡᠢᠭᠡᠮ᠎ᠦᠨ ᠠᠵᠢᠯ᠎ᠤᠨ ᠬᠡᠯᠲᠡᠰ᠎ᠦᠨ ᠳᠠᠷᠤᠭ᠎ᠠ ᠰᠣᠶᠣᠯᠲᠤ᠄《〈ᠪᠤᠬᠢᠨᠢᠳᠤᠯ᠎ᠵᠢᠡᠨ ᠢᠯᠡᠳᠬᠡᠬᠦ ᠬᠤᠷᠠᠯ〉 ᠤ᠋ᠨ ᠪᠣᠳᠠᠲᠠᠶ ᠶᠠᠪᠤᠬᠳᠠᠭᠤᠯᠬᠤ ᠪᠠᠷᠢᠮᠵᠢᠶ᠎ᠠ᠎ᠨᠢ ᠳᠤᠤᠷ᠎ᠠ᠂ ᠨᠠᠢᠳᠠᠪᠤᠷᠢᠵᠢᠭᠤᠯᠬᠤ ᠦᠷ᠎ᠡ ᠪᠦᠲᠦᠮᠵᠢ᠎ᠪᠡᠷ ᠲᠦᠷᠭᠡᠨ᠂ ᠲᠦᠭᠡᠮᠡᠯ ᠴᠢᠨᠠᠷ᠎ᠨᠢ ᠲᠤᠢᠯ᠎ᠤᠨ ᠴᠢᠩᠭ᠎ᠠ ᠪᠠᠢᠵᠤ᠂ ᠪᠥᠬᠥ᠌ ᠬᠣᠱᠢᠭᠤᠨ᠎ᠤ ᠡᠯ᠎ᠡ ᠭᠠᠴᠡᠭ᠎ᠠ᠂ ᠨᠡᠢᠭᠡᠮ ᠲᠣᠭᠣᠷᠢᠭ᠎ᠲᠤ ᠪᠥᠬᠥ᠌ ᠲᠠᠯ᠎ᠠ᠎ᠪᠠᠷ ᠳᠡᠯᠭᠡᠷᠡᠭᠦᠯᠬᠦ᠌᠎ᠳᠦ ᠳᠣᠭᠢᠷᠠᠮᠵᠢᠳᠠᠢ᠃ ᠬᠠᠮᠤᠭ᠎ᠤᠨ ᠵᠠᠩᠭᠢᠯᠠᠭ᠎ᠠ ᠨᠢ᠂ ᠲᠡᠷᠡ ᠨᠢ ᠣᠯᠠᠨ ᠲᠦᠮᠡᠨ᠎ᠦ ᠰᠠᠨᠠᠭᠠᠴᠢᠯᠠᠭᠠᠲᠤ ᠪᠤᠰᠤ᠎ᠪᠠᠷ ᠪᠠᠢᠳᠠᠯ᠎ᠢ ᠠᠵᠢᠭ᠍ᠯᠠᠬᠤ ᠵᠠᠰᠠᠯᠲᠠ᠎ᠶ᠋ᠢᠨ ᠪᠠᠢᠳᠠᠯ᠎ᠢ ᠲᠤᠢᠯᠪᠤᠷᠢᠲᠠᠶ ᠬᠤᠪᠢᠷᠠᠭᠤᠯᠵᠤ᠂ ᠰᠠᠭᠤᠭᠠᠯᠢ ᠠᠷᠠᠳ᠎ᠤᠨ ᠣᠯᠠᠨ ᠨᠡᠢᠲᠡ᠎ᠶ᠋ᠢᠨ ᠬᠡᠷᠡᠭ ᠶᠠᠪᠤᠳᠠᠯ᠎ᠳᠤ ᠣᠷᠣᠯᠴᠠᠬᠤ ᠢᠳᠡᠪᠬᠢᠵᠢᠯ᠎ᠢ ᠪᠦᠲᠦᠮᠵᠢᠲᠡᠶ ᠳᠠᠢᠴᠢᠯᠠᠵᠤ᠂ ᠣᠯᠠᠨ ᠲᠦᠮᠡᠨ᠎ᠢ ᠵᠠᠰᠠᠯᠲᠠ᠎ᠶ᠋ᠢᠨ ᠠᠵᠢᠯ᠎ᠤᠨ ᠬᠥᠨᠳᠡᠯᠡᠨ᠎ᠡᠴᠡ ᠬᠠᠷᠠᠭ᠍ᠴᠢ᠎ᠪᠠᠢᠭᠰᠠᠨ ᠡᠴᠡ ᠬᠠᠮᠲᠤ᠎ᠪᠠᠷ ᠪᠠᠢᠭᠤᠯᠬᠤ ᠣᠷᠣᠯᠴᠠᠭ᠍ᠴᠢ ᠪᠣᠯᠭᠠᠭ᠍ᠰᠠᠨ ᠪᠠᠢᠨ᠎ᠠ》 ᠭᠡᠪᠡ᠃

ᠡᠨᠡ ᠵᠢᠯ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤ 《ᠭᠠᠴᠡᠭ᠎ᠠ ᠨᠡᠢᠭᠡᠮ ᠲᠣᠭᠣᠷᠢᠭ 〈ᠪᠤᠬᠢᠨᠢᠳᠤᠯ᠎ᠵᠢᠡᠨ ᠢᠯᠡᠳᠬᠡᠬᠦ ᠬᠤᠷᠠᠯ〉 ᠬᠢᠵᠤ ᠠᠷᠠᠳ᠎ᠤᠨ ᠰᠡᠳᠭᠢᠯ᠎ᠢ ᠲᠥᠪᠯᠡᠷᠡᠭᠦᠯᠵᠦ᠍ ᠵᠠᠰᠠᠯᠲᠠ᠎ᠵᠢ ᠴᠢᠨᠭᠭᠠᠳᠬᠠᠬᠤ》 ᠭᠤᠤᠯ ᠰᠡᠳᠦᠪ᠎ᠢ ᠲᠣᠭ᠍ᠲᠠᠭᠠᠵᠤ᠂ 14 ᠲᠤᠷᠱᠢᠯᠲᠠ᠎ᠶ᠋ᠢᠨ ᠴᠡᠭ᠎ᠪᠦᠬᠦᠢ ᠨᠡᠢᠭᠡᠮ ᠲᠣᠭᠣᠷᠢᠭ᠂ 12 ᠭᠠᠴᠡᠭ᠎ᠠ᠎ᠳᠤ ᠤᠷᠢᠳ᠎ᠢᠶᠠᠷ 《ᠪᠤᠬᠢᠨᠢᠳᠤᠯ᠎ᠵᠢᠡᠨ ᠢᠯᠡᠳᠬᠡᠬᠦ ᠬᠤᠷᠠᠯ》 ᠤ᠋ᠨ ᠵᠠᠭ᠍ᠪᠤᠷ᠎ᠢ ᠬᠡᠷᠡᠭᠵᠢᠭᠦᠯᠵᠦ᠂ ᠪᠠᠷᠢᠮᠵᠢᠶᠠᠵᠢᠭᠤᠯᠤᠯᠲᠠ᠎ᠶ᠋ᠢᠨ ᠶᠠᠪᠤᠴᠠ ᠵᠢ ᠠᠳᠠᠯᠢ ᠠᠯᠬᠤᠮ᠎ᠢᠶᠠᠷ ᠲᠤᠭᠲᠠᠭᠠᠵᠤ᠂ ᠨᠠᠢᠳᠠᠪᠤᠷᠢᠵᠢᠭᠤᠯᠵᠤ ᠪᠣᠯᠬᠤ᠂ ᠲᠡᠷᠡ ᠬᠡᠪ᠎ᠢᠶᠡᠷ ᠨᠢ ᠲᠡᠯᠬᠡᠷᠡᠬᠦᠯᠵᠤ ᠪᠣᠯᠬᠤ ᠦᠨᠳᠦᠰᠦᠨ ᠱᠠᠲᠤᠨ᠎ᠤ ᠵᠠᠰᠠᠯᠲᠠ᠎ᠶ᠋ᠢᠨ ᠥᠯᠢᠭᠡᠷ ᠳᠠᠭᠤᠷᠢᠶᠠᠯ᠎ᠢ ᠪᠣᠶ ᠪᠣᠯᠭᠠᠪᠠ᠃

ᠬᠦᠰᠡᠯ ᠱᠠᠭᠠᠷᠳᠠᠯᠭ᠎ᠠ᠎ᠶ᠋ᠢ ᠱᠢᠢᠳᠪᠦᠷᠢᠯᠡᠬᠦ᠌᠎ᠳᠡᠭᠡᠨ ᠬᠡᠢ ᠬᠣᠭᠣᠰᠣᠨ ᠪᠢᠰᠢ᠂ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠤᠭᠰᠠᠨ ᠨᠢ ᠲᠦᠢᠯᠪᠤᠷᠢᠲᠠᠢ ᠪᠠᠢᠬᠤ᠎ᠶ᠋ᠢ ᠪᠠᠲᠤᠯᠠᠬᠤ᠎ᠶ᠋ᠢᠨ ᠲᠥᠯᠥᠭᠡ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤ ᠲᠥᠷᠥᠯ ᠬᠤᠪᠢᠶᠠᠨ ᠨᠠᠷᠢᠨ ᠳᠠᠩᠰᠠ ᠪᠠᠢᠭᠤᠯᠵᠤ᠂ 《ᠨᠠᠷᠢᠨ ᠣᠨᠣᠪᠴᠢᠲᠠᠢ᠎ᠪᠠᠷ ᠠᠰᠠᠭᠤᠳᠠᠯ᠎ᠢ ᠲᠤᠰᠢᠶᠠᠵᠤ ᠬᠤᠪᠢᠶᠠᠷᠢᠯᠠᠬᠤ᠂ ᠴᠠᠭ ᠬᠢᠵᠠᠭᠠᠷᠯᠠᠨ ᠱᠢᠢᠳᠪᠦᠷᠢᠯᠡᠵᠦ᠍ ᠳᠠᠭᠤᠰᠭᠠᠬᠤ》᠎ᠶ᠋ᠢ ᠪᠡᠶᠡᠯᠡᠭᠦᠯᠪᠡ᠃ ᠲᠤᠤᠷᠵᠢᠭᠤᠯᠤᠯᠲᠠ᠎ᠵᠢᠨ ᠠᠵᠢᠯᠲᠠᠨ ᠰᠠᠭᠤᠭᠠᠯᠢ ᠠᠷᠠᠳ᠎ᠤᠨ 《ᠪᠤᠬᠢᠨᠢᠳᠤᠯ ᠰᠠᠨᠠᠭᠠᠰᠢᠷᠠᠯ》᠎ᠢ᠋ ᠪᠦᠬᠦ᠌ ᠶᠠᠪᠤᠴᠠ᠎ᠪᠠᠷ ᠲᠡᠮᠳᠡᠭ᠌ᠯᠡᠵᠦ᠍᠂ ᠲᠤᠬᠠᠶ᠎ᠶ᠋ᠢᠨ ᠲᠠᠯᠠᠪᠤᠷ᠎ᠲᠤ ᠱᠢᠶ᠋ᠳᠪᠦᠷᠢᠯᠡᠵᠦ᠍ ᠳᠡᠢᠯᠬᠦ᠌ ᠵᠥᠷᠢᠴᠡᠯ᠎ᠢ ᠲᠡᠷᠡ ᠳᠠᠷᠤᠶ᠎ᠳᠤᠨᠢ ᠡᠶᠡᠳᠡᠭᠦᠯᠵᠦ᠍᠂ ᠪᠤᠳᠤᠯᠢᠶᠠᠨᠲᠠᠶ ᠵᠥᠷᠢᠴᠡᠯ᠎ᠳᠦ ᠡᠬᠡ ᠳᠠᠩᠰᠠ ᠪᠠᠢᠭᠤᠯᠵᠤ᠂ ᠱᠢᠶ᠋ᠳᠪᠦᠷᠢᠯᠡᠬᠦ᠌ ᠴᠠᠭ᠎ᠤᠨ ᠬᠢᠵᠠᠭᠠᠷ᠎ᠢ ᠲᠣᠳᠣᠷᠬᠠᠢᠯᠠᠵᠤ᠂ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶ᠋ᠢ ᠨᠠᠷᠢᠯᠢᠬ᠍ᠵᠢᠭᠤᠯᠵᠤ᠂ ᠲᠣᠭ᠍ᠲᠠᠭ᠍ᠰᠠᠨ ᠬᠤᠭᠤᠴᠠᠭ᠎ᠠ᠎ᠲᠠᠶ᠎ᠪᠠᠷ ᠰᠠᠭᠤᠭᠠᠯᠢ ᠠᠷᠠᠳ᠎ᠲᠤ ᠱᠢᠶ᠋ᠳᠪᠦᠷᠢᠯᠡᠭ᠌ᠰᠡᠨ ᠠᠬᠢᠴᠠ ᠪᠠ ᠡᠶᠡᠳᠡᠭᠦᠯᠦᠭ᠌ᠰᠡᠨ ᠦᠷ᠎ᠡ ᠳ᠋ᠦᠩ᠎ᠢ ᠬᠠᠷᠢᠭᠤ ᠲᠤᠰᠭᠠᠪᠠ᠃ ᠣᠯᠠᠨ ᠰᠠᠯᠠᠭ᠎ᠠ ᠮᠥᠴᠢᠷ᠎ᠲᠦ ᠬᠣᠯᠪᠣᠭ᠍ᠳᠠᠭ᠍ᠰᠠᠨ ᠪᠤᠳᠤᠯᠢᠶᠠᠨᠲᠠᠶ ᠠᠰᠠᠭᠤᠳᠠᠯ᠎ᠳᠤ᠂ ᠬᠣᠱᠢᠭᠤᠨ᠎ᠤ ᠨᠠᠮ᠎ᠤᠨ ᠬᠣᠷᠢᠶ᠎ᠠ ᠵᠢᠨ ᠨᠡᠢᠭᠡᠮ᠎ᠦᠨ ᠠᠵᠢᠯ᠎ᠤᠨ ᠬᠡᠯᠲᠡᠰ ᠲᠦᠷᠦᠭᠦᠯᠡᠨ ᠵᠣᠬᠢᠴᠠᠭᠤᠯᠬᠤ ᠬᠤᠷᠠᠯ ᠬᠤᠷᠠᠯᠳᠤᠭᠤᠯᠵᠤ᠂ ᠰᠠᠯᠠᠭ᠎ᠠ ᠮᠥᠴᠢᠷ᠎ᠦᠨ ᠲᠤᠱᠢᠶᠠᠯ ᠬᠠᠷᠢᠭᠤᠴᠠᠯᠭ᠎ᠠ ᠬᠢᠭᠡᠳ ᠬᠠᠮᠵᠢᠯᠴᠠᠬᠤ ᠶᠠᠪᠤᠴᠠ᠎ᠶ᠋ᠢ ᠲᠣᠳᠣᠷᠬᠠᠢᠯᠠᠵᠤ᠂ 《ᠣᠯᠠᠨ ᠲᠠᠯ᠎ᠠ᠎ᠡᠴᠡ ᠬᠠᠮᠢᠶᠠᠷᠬᠤ᠂ ᠬᠠᠷᠢᠭᠤᠴᠠᠬᠤ ᠬᠥᠮᠦᠨ ᠥᠬᠡᠶ》 ᠪᠣᠯᠬᠤ᠎ᠡᠴᠡ ᠵᠠᠢᠯᠠᠰᠭᠢᠪᠠ᠃

ᠣᠳᠣᠬᠠᠨ ᠪᠣᠯᠲᠠᠯ᠎ᠠ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤ ᠨᠢᠭᠡᠨᠲᠡ 53 ᠤᠳᠠᠭ᠎ᠠ ᠪᠤᠬᠢᠨᠢᠳᠤᠯ᠎ᠵᠢᠡᠨ ᠢᠯᠡᠳᠬᠡᠬᠦ ᠠᠵᠢᠯᠯᠠᠭ᠎ᠠ ᠵᠢ ᠡᠷᠭᠢᠯᠡᠵᠦ᠍᠂ ᠦᠨᠳᠦᠰᠦᠲᠡᠨ᠎ᠨᠦᠭᠦᠳ᠎ᠦᠨ 740 ᠭᠠᠷᠤᠶ ᠰᠠᠭᠤᠭᠠᠯᠢ ᠠᠷᠠᠳ ᠢᠳᠡᠪᠬᠢᠳᠡᠢ ᠣᠷᠣᠯᠴᠠᠵᠤ᠂ ᠡᠯ᠎ᠡ ᠲᠥᠷᠥᠯ᠎ᠦᠨ ᠬᠦᠰᠡᠯ ᠱᠠᠭᠠᠷᠳᠠᠯᠭ᠎ᠠ᠎ᠶ᠋ᠢ 138 ᠵᠤᠷᠪᠤᠰ ᠡᠮᠬᠢᠳᠭᠡᠵᠦ᠂  ᠣᠯᠠᠨ ᠲᠦᠮᠡᠨ᠎ᠦ ᠪᠠᠴᠢᠮᠳᠡᠵᠦ ᠬᠦᠴᠢᠷᠳᠡᠵᠦ ᠵᠣᠪᠠᠨᠢᠵᠤ ᠬᠦᠰᠡᠵᠦ ᠪᠠᠢᠭ᠎ᠠ 104 ᠠᠰᠠᠭᠤᠳᠠᠯ᠎ᠢ ᠲᠣᠬᠢᠲᠠᠶ ᠱᠢᠶ᠋ᠳᠪᠦᠷᠢᠯᠡᠵᠦ᠍᠂ ᠣᠯᠠᠨ ᠲᠦᠮᠡᠨ᠎ᠦ ᠬᠠᠨᠤᠮᠵᠢ ᠲᠠᠢ ᠪᠤᠯᠤᠬᠰᠠᠨ ᠨᠣᠷᠮ᠎ᠠ 100%᠎ᠳᠤ ᠬᠦᠷᠴᠡᠶ᠃

ᠰᠣᠶᠣᠯᠲᠤ᠄ 《ᠲᠠᠷᠠᠭᠠᠴᠢ᠎ᠶ᠋ᠢᠨ ᠠᠯᠬᠤᠮ᠎ᠳᠤ᠂ ᠪᠢᠳᠡ 〈ᠪᠤᠬᠢᠨᠢᠳᠤᠯ᠎ᠵᠢᠡᠨ ᠢᠯᠡᠳᠬᠡᠬᠦ ᠬᠤᠷᠠᠯ〉 ᠤ᠋ᠨ ᠬᠡᠷᠡᠭ ᠵᠥᠪᠯᠡᠬᠦ᠌ ᠠᠴᠢᠶᠠᠯᠠᠪᠤᠷᠢ᠎ᠳᠤ ᠲᠦᠱᠢᠭ᠌ᠯᠡᠨ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠳᠠᠢᠴᠢᠨ ᠪᠡᠬᠢᠯᠡᠯᠲᠡ᠎ᠶ᠋ᠢᠨ ᠦᠶ᠋ᠯᠡᠳᠦᠯ᠎ᠢ ᠦᠷᠭᠦᠯᠵᠢᠯᠡᠨ ᠪᠠᠳᠠᠷᠠᠭᠤᠯᠵᠦ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠮᠲᠤ᠎ᠪᠠᠷ ᠪᠠᠢᠭᠤᠯᠵᠤ ᠬᠠᠮᠲᠤ᠎ᠪᠠᠷ ᠵᠠᠰᠠᠬᠤ ᠳᠣᠲᠣᠭᠠᠳᠤ ᠬᠥᠳᠡᠯᠭᠡᠬᠦ᠌ ᠬᠦᠴᠦᠨ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠳᠠᠢᠴᠢᠯᠠᠵᠤ᠂ ᠣᠯᠠᠨ ᠲᠦᠮᠡᠨ᠎ᠳᠦ ᠨᠡᠢᠭᠡᠮ ᠲᠣᠭᠣᠷᠢᠭ᠎ᠤᠨ ᠵᠠᠰᠠᠯᠲᠠ᠎ᠶ᠋ᠢᠨ ᠬᠤᠪᠢᠷᠠᠯᠲᠠ᠎ᠶ᠋ᠢ ᠦᠨᠡᠨ ᠪᠣᠳᠠᠲᠠᠶ ᠦᠵᠡᠭᠦᠯᠵᠦ᠍᠂ ᠠᠷᠠᠳ᠎ᠤᠨ ᠠᠮᠢᠳᠤᠷᠠᠯ᠎ᠤᠨ ᠦᠶ᠋ᠯᠡᠴᠢᠯᠡᠭᠡᠨ᠎ᠦ ᠪᠣᠳᠠᠲᠤ ᠦᠷ᠎ᠡ ᠪᠦᠲᠦᠮᠵᠢ᠎ᠶ᠋ᠢ ᠤᠢᠯᠠᠭᠠᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠮᠲᠤ᠎ᠪᠠᠷ ᠪᠠᠢᠭᠤᠯᠵᠤ ᠬᠠᠮᠲᠤ᠎ᠪᠠᠷ ᠵᠠᠰᠠᠵᠤ ᠬᠠᠮᠲᠤ᠎ᠪᠠᠷ ᠡᠳ᠋ᠯᠡᠬᠦ᠌ ᠡᠶ᠎ᠡ ᠵᠣᠬᠢᠴᠠᠩᠭᠤᠶ ᠵᠣᠯ ᠵᠢᠷᠭᠠᠯ᠎ᠤᠨ ᠦᠵᠡᠮᠵᠢᠳᠤ ᠵᠢᠷᠤᠭ᠎ᠢ ᠪᠥᠬᠥ᠌ ᠬᠦᠴᠦᠨ᠎ᠢᠶᠡᠷ᠎ᠢᠶᠡᠨ ᠵᠢᠷᠤᠭ᠍ᠯᠠᠨ᠎ᠠ》 ᠭᠡᠪᠡ᠃


[ᠰᠤᠷᠪᠤᠯᠵᠢᠯᠠᠭ᠍ᠴᠢ᠎ᠶ᠋ᠢᠨ ᠡᠪᠦᠷ ᠲᠡᠮᠳᠡᠭ᠌ᠯᠡᠯ]

ᠦᠨᠳᠦᠰᠦᠨ ᠱᠠᠲᠤᠨ᠎ᠤ ᠵᠠᠰᠠᠯᠲᠠ ᠨᠢ ᠡᠴᠦᠰ᠎ᠦᠨ ᠡᠴᠦᠰ᠎ᠲᠡᠬᠡᠨ ᠤᠯᠠᠨ ᠲᠦᠮᠡᠨ᠎ᠳᠦ ᠤᠴᠢᠷ ᠶᠠᠪᠤᠳᠠᠯ ᠲᠤᠯᠭᠠᠷᠠᠪᠠᠯ 《ᠬᠠᠮᠢᠶᠠᠷᠬᠤ ᠬᠥᠮᠦᠨ᠎ᠲᠡᠶ》 ᠪᠠᠢᠬᠤ ᠲᠦᠷᠦᠭ᠌ᠳᠡᠯ᠎ᠢ ᠪᠤᠢ ᠪᠤᠯᠭᠠᠬᠤ ᠬᠡᠷᠡᠭᠳᠡᠢ᠃ ᠤᠯᠠᠨ ᠲᠦᠮᠡᠨ᠎ᠢ ᠦᠭᠡ ᠬᠡᠯᠡᠭᠦᠯᠵᠦ᠍᠂ ᠠᠰᠠᠭᠤᠳᠠᠯ᠎ᠢ ᠱᠢᠷᠡᠭᠡᠨ ᠳᠡᠭᠡᠷ᠎ᠡ ᠳᠡᠯᠭᠡᠵᠦ᠍᠂ ᠪᠣᠳᠠᠲᠠᠢ ᠠᠵᠢᠯᠯᠠᠬᠤ ᠪᠡᠷ ᠬᠠᠷᠢᠭᠤᠯᠲᠠ ᠦᠭᠬᠦ ᠪᠣᠯ 《ᠪᠤᠬᠢᠨᠢᠳᠤᠯ᠎ᠢᠶᠡᠨ ᠢᠯᠡᠳᠬᠡᠬᠦ ᠬᠤᠷᠠᠯ》᠎ᠤ᠋ᠨ ᠤᠶᠤᠨ ᠤᠬᠠᠭᠠᠨ ᠪᠣᠯᠤᠨ᠎ᠠ᠃

ᠰᠤᠷᠪᠤᠯᠵᠢᠯᠠᠬᠤ ᠳᠤᠮᠳᠠ᠂ ᠪᠢᠳᠡ ᠬᠤᠷᠠᠯ᠎ᠤᠨ ᠭᠡᠷ ᠪᠣᠯᠤᠨ ᠶᠠᠷᠢᠶᠠᠨ᠎ᠤ ᠨᠤᠤᠷᠠᠭ᠎ᠢ ᠣᠯᠵᠤ ᠦᠵᠡᠭ᠌ᠰᠡᠨ ᠦᠭᠡᠢ᠂ ᠺᠠᠳ᠋ᠷ ᠤᠯᠠᠨ ᠲᠦᠮᠡᠨ ᠨᠢᠬᠡ ᠲᠤᠤᠷ᠎ᠠ ᠬᠠᠮᠲᠤ ᠰᠠᠭᠤᠯᠴᠠᠵᠤ᠂ ᠦᠭᠡ ᠪᠠᠢᠪᠠᠯ ᠱᠢᠭᠤᠳ ᠶᠠᠷᠢᠵᠤ᠂ ᠤᠴᠢᠷ ᠶᠠᠪᠤᠳᠠᠯ ᠪᠠᠢᠪᠠᠯ ᠳᠠᠷᠤᠢᠬᠠᠨ ᠱᠢᠢᠳᠪᠦᠷᠢᠯᠡᠵᠦ᠍ ᠪᠠᠢᠯ᠎ᠠ᠃ ᠡᠢᠮᠦᠷᠬᠦᠦ ᠰᠢᠭᠤᠳ ᠨᠡᠪᠲᠡᠷᠡᠯᠴᠡᠬᠦ ᠬᠡᠯᠪᠡᠷᠢ ᠨᠢ ᠶᠠᠭ ᠰᠠᠢᠬᠠᠨ ᠦᠨᠳᠦᠰᠦᠨ ᠱᠠᠲᠤᠨ᠎ᠤ ᠵᠠᠰᠠᠯᠲᠠ᠎ᠶ᠋ᠢᠨ ᠵᠢᠩᠬᠢᠨᠢ ᠡᠪᠡᠷᠱᠢᠶᠡᠯ ᠴᠡᠭ᠎ᠢ ᠣᠨᠣᠭᠠᠪᠠ᠃

ᠶᠡᠬᠡᠰᠦ᠋ᠮ᠎ᠡ ᠨᠡᠢᠭᠡᠮ ᠲᠣᠭᠣᠷᠢᠭ᠎ᠤᠨ ᠲᠤᠷᠱᠢᠯᠲᠠ᠎ᠡᠴᠡ ᠠᠪᠤᠭᠠᠳ ᠪᠦᠬᠦ᠌ ᠬᠣᠱᠢᠭᠤᠨ᠎ᠤ ᠡᠯ᠎ᠡ ᠰᠤᠮᠤ ᠪᠠᠯᠭᠠᠰᠤᠨ ᠳ᠋ᠤ ᠪᠦᠬᠦ᠌ ᠲᠠᠯ᠎ᠠ᠎ᠪᠠᠷ ᠲᠡᠯᠬᠡᠷᠡᠬᠦᠯᠦᠨ ᠬᠡᠷᠡᠭ᠌ᠵᠢᠭᠦᠯᠦᠭ᠌ᠰᠡᠨ ᠬᠦᠷᠲᠡᠯ᠎ᠡ᠂ 《ᠪᠤᠬᠢᠨᠢᠳᠤᠯ᠎ᠢᠶᠡᠨ ᠢᠯᠡᠳᠬᠡᠬᠦ ᠬᠤᠷᠠᠯ》 ᠨᠢ ᠤᠯᠠᠨ ᠲᠦᠮᠡᠨ᠎ᠳᠦ ᠮᠡᠳᠡᠷᠡᠭᠳᠡᠵᠤ ᠲᠠᠭᠠᠰᠢᠶᠠᠬᠳᠠᠬᠰᠠᠨ ᠨᠢ ᠦᠨᠡᠨ ᠬᠦ᠌ ᠪᠣᠳᠠᠲᠠᠢ᠎ᠶ᠋ᠢ ᠡᠷᠬᠢᠮᠯᠡᠭ᠌ᠰᠡᠨ᠎ᠳᠦ ᠪᠤᠢ᠃ ᠦᠨᠳᠦᠰᠦᠨ ᠱᠠᠲᠤᠨ᠎ᠤ ᠵᠠᠰᠠᠯᠲᠠ ᠵᠢᠨ ᠠᠵᠢᠯ ᠲᠤᠮᠳᠠ᠎ᠯᠠᠷᠵᠢᠶ᠎ᠠ ᠭᠠᠷᠭᠠᠨ ᠶᠠᠩᠪᠠ ᠲᠠᠲᠠᠬᠤ ᠬᠡᠷᠡᠭ ᠥᠬᠡᠶ᠂ ᠠᠷᠠᠳ ᠣᠯᠠᠨ᠎ᠤ ᠰᠠᠨᠠᠭᠠᠰᠢᠷᠠᠵᠤ ᠪᠠᠢᠭ᠎ᠠ ᠶᠠᠪᠤᠳᠠᠯ᠎ᠢ ᠰᠢᠢᠳᠪᠦᠷᠢᠯᠡᠵᠤ᠂ ᠣᠯᠠᠨ ᠲᠦᠮᠡᠨ᠎ᠢ 《ᠬᠠᠵᠠᠭᠤ ᠡᠴᠡ ᠬᠠᠷᠠᠬᠴᠢ》 ᠪᠠᠢᠭ᠍ᠰᠠᠨ᠎ᠡᠴᠡ 《ᠭᠤᠤᠯ ᠲᠣᠭ᠍ᠯᠠᠭ᠍ᠴᠢ》 ᠪᠣᠯᠭᠠᠵᠤ ᠴᠢᠳᠠᠬᠤ ᠪᠣᠯ ᠳᠠᠷᠤᠶ ᠬᠠᠮᠤᠭ᠎ᠤᠨ ᠰᠠᠢᠨ ᠵᠠᠰᠠᠯᠲᠠ ᠮᠥᠨ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号