ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠣᠶ᠋ᠢᠷ᠎ᠠ᠎ᠳᠤ ᠵᠡᠭᠦᠨ ᠪᠠᠷᠠᠭᠤᠨ ᠣᠷᠣᠨ᠎ᠤ ᠬᠠᠮᠵᠢᠯᠴᠠᠭᠠᠨ᠎ᠤ ᠠᠵᠢᠯ᠎ᠢ ᠪᠠᠶ᠋ᠢᠩᠭᠤᠵᠢᠭᠤᠯᠤᠨ ᠰᠠᠶ᠋ᠢᠲᠤᠷ ᠬᠢᠬᠦ᠌ ᠲᠤᠬᠠᠶ ᠴᠢᠬᠤᠯᠠ ᠵᠢᠭᠠᠪᠤᠷᠢ ᠥᠭᠴᠦ᠍᠂ ᠵᠡᠭᠦᠨ ᠪᠠᠷᠠᠭᠤᠨ ᠣᠷᠣᠨ᠎ᠤ ᠬᠠᠮᠵᠢᠯᠴᠠᠭ᠎ᠠ ᠥᠷᠨᠢᠭᠦᠯᠦᠭᠰᠡᠨ 30 ᠵᠢᠯ᠎ᠦᠨ ᠲᠤᠷᠰᠢ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠰᠢᠪᠲᠤᠯᠬᠤ᠎ᠳᠤ ᠬᠦᠴᠦᠨ ᠨᠡᠮᠡᠷᠢᠯᠡᠬᠦ᠌᠂ ᠣᠷᠣᠨ ᠪᠦᠰᠡ᠎ᠶᠢᠨ ᠵᠣᠬᠢᠴᠠᠩᠭᠤᠶ ᠬᠥᠭᠵᠢᠯᠲᠡ᠎ᠶᠢ ᠠᠬᠢᠭᠤᠯᠬᠤ ᠵᠡᠷᠭᠡ ᠲᠠᠯ᠎ᠠ᠎ᠪᠠᠷ ᠴᠢᠬᠤᠯᠠ ᠦᠢᠯᠡᠳᠦᠯ ᠦᠵᠡᠭᠦᠯᠵᠦ᠍᠂ ᠮᠠᠨ᠎ᠤ ᠨᠠᠮ᠎ᠤᠨ ᠤᠯᠤᠰ ᠲᠥᠷᠥ᠎ᠶᠢᠨ ᠳᠠᠪᠠᠭᠤᠯᠢᠭ ᠪᠠ ᠮᠠᠨ᠎ᠤ ᠤᠯᠤᠰ᠎ᠤᠨ ᠨᠡᠶ᠋ᠢᠭᠡᠮ ᠵᠢᠷᠤᠮ᠎ᠤᠨ ᠪᠠᠶ᠋ᠢᠭᠤᠯᠤᠯ᠎ᠤᠨ ᠳᠠᠪᠠᠭᠤᠯᠢᠭ᠎ᠢ ᠢᠯᠡᠷᠡᠭᠦᠯᠵᠠᠢ ᠭᠡᠵᠦ ᠵᠢᠭᠠᠵᠤ ᠭᠠᠷᠭᠠᠪᠠ᠃
ᠰᠢ ᠵᠢᠨ ᠫᠢᠩ᠂ ᠡᠨᠡ ᠵᠢᠯ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶᠢᠨ ᠵᠢᠯ ᠪᠣᠯᠤᠨ᠎ᠠ᠂ ᠮᠥᠨ ᠴᠦ᠍ ᠪᠠᠶ᠋ᠢᠩᠭᠤᠵᠢᠭᠰᠠᠨ ᠬᠠᠪᠰᠤᠷᠤᠨ ᠲᠡᠳᠬᠦᠬᠦ᠌ ᠠᠵᠢᠯ ᠥᠷᠨᠢᠭᠦᠯᠬᠦ᠌ ᠠᠩᠬᠠᠨ᠎ᠤ ᠵᠢᠯ ᠪᠣᠯᠤᠨ᠎ᠠ᠃ ᠹᠦᠵᠢᠶᠠᠨ ᠨᠢᠩᠰᠢᠶᠠ᠎ᠶᠢᠨ ᠬᠠᠮᠵᠢᠯᠴᠠᠭ᠎ᠠ ᠵᠡᠷᠭᠡ ᠠᠰᠢᠭᠲᠠᠢ ᠲᠤᠷᠰᠢᠯᠭ᠎ᠠ᠎ᠶᠢ ᠳ᠋ᠦᠩᠨᠡᠨ ᠬᠡᠷᠡᠭᠯᠡᠵᠦ᠍᠂ ᠬᠠᠮᠵᠢᠯᠴᠠᠬᠤ ᠲᠣᠭᠲᠠᠴᠠ᠎ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠬᠠᠮᠵᠢᠯᠴᠠᠬᠤ ᠠᠷᠭ᠎ᠠ ᠮᠠᠶᠢᠭ᠎ᠢᠶᠠᠨ ᠰᠢᠯᠢᠳᠡᠭᠵᠢᠭᠦᠯᠵᠦ᠍᠂ ᠬᠠᠮᠵᠢᠯᠴᠠᠬᠤ ᠬᠦᠷᠢᠶ᠎ᠡ ᠬᠡᠪᠴᠢᠶ᠎ᠡ᠎ᠪᠡᠨ ᠥᠷᠭᠡᠳᠬᠡᠨ᠂ ᠵᠡᠭᠦᠨ ᠪᠠᠷᠠᠭᠤᠨ ᠣᠷᠣᠨ᠎ᠤ ᠠᠵᠤ ᠦᠢᠯᠡᠰ ᠬᠠᠷᠢᠯᠴᠠᠨ ᠨᠥᠬᠥᠪᠥᠷᠢᠯᠡᠬᠦ᠌᠂ ᠠᠵᠢᠯᠲᠠᠳ ᠬᠠᠷᠢᠯᠴᠠᠨ ᠬᠤᠷᠰᠢᠯᠴᠠᠬᠤ᠂ ᠮᠡᠷᠭᠡᠵᠢᠯ᠎ᠢᠶᠡᠨ ᠬᠠᠷᠢᠯᠴᠠᠨ ᠰᠤᠷᠤᠯᠴᠠᠬᠤ᠂ ᠦᠵᠡᠯᠲᠡ ᠬᠠᠷᠢᠯᠴᠠᠨ ᠨᠡᠪᠲᠡᠷᠡᠯᠴᠡᠬᠦ᠌᠂ ᠰᠤᠷᠲᠠᠯ᠎ᠢᠶᠠᠨ ᠬᠠᠷᠢᠯᠴᠠᠨ ᠲᠣᠯᠢ ᠪᠤᠯᠭᠠᠬᠤ᠎ᠶᠢ ᠠᠬᠢᠭᠤᠯᠵᠤ᠂ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠬᠦᠷᠲᠡᠬᠦ᠌᠂ ᠬᠠᠮᠲᠤ᠎ᠪᠠᠷ ᠬᠥᠭᠵᠢᠬᠦ᠌᠎ᠶᠢ ᠪᠡᠶᠡᠯᠡᠭᠦᠯᠬᠦ᠌ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠪᠠᠶ᠋ᠢᠩᠭᠤᠵᠢᠭᠰᠠᠨ ᠬᠠᠪᠰᠤᠷᠤᠨ ᠲᠡᠳᠬᠦᠬᠦ᠌ ᠬᠠᠷᠢᠭᠤᠴᠠᠯᠭ᠎ᠠ᠎ᠶᠢ ᠨᠠᠷᠢᠨ ᠬᠢᠨᠠᠮᠠᠭᠠᠶ ᠨᠠᠶ᠋ᠢᠳᠠᠪᠤᠷᠢᠵᠢᠭᠤᠯᠵᠤ᠂ ᠬᠡᠪᠴᠢᠶᠡᠵᠢᠯ᠎ᠦᠨ ᠴᠢᠨᠠᠷᠲᠠᠶ ᠳᠠᠬᠢᠨ ᠦᠯᠦ ᠶᠠᠳᠠᠭᠤᠷᠠᠬᠤ ᠬᠣᠷᠢᠭ᠎ᠠ ᠱᠤᠭᠤᠮ᠎ᠢ ᠡᠷᠡᠰ ᠰᠠᠬᠢᠵᠤ᠂ ᠬᠥᠳᠡᠭᠡ ᠲᠣᠰᠬᠣᠨ᠎ᠢ ᠪᠥᠬᠥ᠌ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠯᠠᠪᠳᠠᠭᠤᠨ ᠪᠠᠲᠤᠲᠠᠶ ᠠᠬᠢᠭᠤᠯᠵᠤ᠂ ᠣᠷᠣᠨ ᠪᠦᠰᠡ᠎ᠶᠢᠨ ᠬᠥᠭᠵᠢᠯᠲᠡ᠎ᠶᠢᠨ ᠵᠣᠬᠢᠴᠠᠩᠭᠤᠶ ᠴᠢᠨᠠᠷ᠎ᠢ ᠲᠠᠰᠤᠷᠠᠯᠲᠠ ᠥᠬᠡᠶ ᠴᠢᠩᠭᠠᠳᠬᠠᠵᠤ᠂ ᠪᠥᠬᠥ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ ᠵᠢ ᠠᠬᠢᠭᠤᠯᠬᠤ ᠬᠡᠷᠡᠭᠲᠡᠶ ᠭᠡᠵᠦ᠍ ᠴᠢᠬᠤᠯᠠᠴᠢᠯᠠᠪᠠ᠃
ᠪᠦᠬᠦ᠌ ᠤᠯᠤᠰ᠎ᠤᠨ ᠵᠡᠭᠦᠨ ᠪᠠᠷᠠᠭᠤᠨ ᠣᠷᠣᠨ᠎ᠤ ᠬᠠᠮᠵᠢᠯᠴᠠᠭᠠᠨ᠎ᠤ ᠠᠵᠢᠯ᠎ᠤᠨ ᠬᠤᠷᠠᠯ 17᠎ᠤ᠋ ᠡᠳᠦᠷ ᠨᠢᠩᠰᠢᠶᠠ᠎ᠶᠢᠨ ᠢᠷᠭᠠᠢ᠎ᠳᠤ ᠬᠤᠷᠠᠯᠳᠤᠪᠠ᠃ ᠬᠤᠷᠠᠯ ᠳᠡᠭᠡᠷ᠎ᠡ ᠰᠢ ᠵᠢᠨ ᠫᠢᠩ᠎ᠦᠨ ᠴᠢᠬᠤᠯᠠ ᠵᠢᠭᠠᠪᠤᠷᠢ᠎ᠶᠢ ᠤᠯᠠᠮᠵᠢᠯᠠᠪᠠ᠃ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠎ᠶᠢᠨ ᠲᠣᠪᠴᠢᠶ᠎ᠠ ᠵᠢᠨ ᠭᠡᠰᠢᠭᠦᠨ᠂ ᠲᠦᠷᠦ᠎ᠶᠢᠨ ᠶᠠᠪᠤᠳᠠᠯ᠎ᠤᠨ ᠬᠤᠷᠢᠶ᠎ᠠ ᠵᠢᠨ ᠳᠡᠳ᠋ ᠶᠡᠷᠦᠩᠬᠡᠢ ᠰᠠᠶ᠋ᠢᠳ ᠯᠢᠦ ᠭᠦᠸᠧ ᠵᠦᠩ ᠬᠤᠷᠠᠯ᠎ᠳᠤ ᠣᠷᠣᠯᠴᠠᠬᠰᠡᠨ ᠪᠦᠭᠡᠳ ᠶᠠᠷᠢᠶ᠎ᠠ ᠲᠠᠯᠪᠢᠪᠠ᠃ ᠲᠡᠷᠡ᠂ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ ᠨᠢ ᠥᠨᠳᠥᠷ᠎ᠲᠦ᠍ ᠵᠣᠭᠰᠣᠨ ᠠᠯᠤᠰ᠎ᠢ ᠪᠡᠷᠡᠯᠡᠵᠦ᠍᠂ ᠨᠠᠷᠢᠨ ᠲᠣᠳᠣᠷᠬᠠᠶ ᠭᠦᠨ ᠭᠦᠨᠵᠡᠭᠡᠶ ᠪᠠᠶ᠋ᠢᠵᠤ᠂ ᠮᠠᠰᠢ ᠴᠢᠩᠭ᠎ᠠ ᠤᠯᠤᠰ ᠲᠥᠷᠥ᠎ᠶᠢᠨ ᠴᠢᠨᠠᠷ᠂ ᠦᠵᠡᠯ ᠰᠠᠨᠠᠭᠠᠴᠢ ᠴᠢᠨᠠᠷ᠂ ᠵᠢᠯᠣᠭᠣᠳᠬᠤ ᠴᠢᠨᠠᠷᠲᠠᠶ ᠪᠠᠶ᠋ᠢᠵᠤ᠂ ᠵᠡᠭᠦᠨ ᠪᠠᠷᠠᠭᠤᠨ ᠣᠷᠣᠨ᠎ᠤ ᠬᠠᠮᠵᠢᠯᠴᠠᠭ᠎ᠠ᠎ᠶᠢ ᠪᠠᠶ᠋ᠢᠩᠭᠤᠵᠢᠭᠤᠯᠬᠤ᠎ᠳᠤ ᠦᠨᠳᠦᠰᠦᠨ ᠵᠢᠷᠤᠮᠯᠠᠯ ᠬᠠᠩᠭᠠᠪᠠ᠂ ᠡᠷᠬᠡᠪᠰᠢ ᠭᠦᠨᠵᠡᠭᠡᠶ ᠰᠤᠷᠤᠯᠴᠠᠨ ᠣᠶ᠋ᠢᠯᠠᠭᠠᠵᠤ᠂ ᠡᠷᠡᠰ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠶ᠃ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠢᠮᠠᠭᠲᠠ ᠪᠠᠲᠤ᠌ ᠡᠭᠦᠷᠭᠡᠯᠡᠵᠦ᠍᠂ ᠵᠠᠰᠠᠭ᠎ᠤᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠲᠡ ᠵᠢ ᠪᠠᠲᠤ᠌ ᠪᠤᠢ ᠪᠣᠯᠭᠠᠨ ᠦᠢᠯᠡᠳᠦᠯᠭᠡᠵᠢᠭᠦᠯᠵᠦ᠍᠂ ᠹᠦᠵᠢᠶᠠᠨ ᠨᠢᠩᠰᠢᠶᠠ᠎ᠶᠢᠨ ᠬᠠᠮᠵᠢᠯᠴᠠᠭ᠎ᠠ ᠵᠡᠷᠭᠡ ᠠᠰᠢᠭᠲᠠᠢ ᠲᠤᠷᠰᠢᠯᠭ᠎ᠠ᠎ᠶᠢ ᠳ᠋ᠦᠩᠨᠡᠨ ᠬᠡᠷᠡᠭᠯᠡᠵᠦ᠍᠂ ᠵᠡᠭᠦᠨ ᠪᠠᠷᠠᠭᠤᠨ ᠣᠷᠣᠨ᠎ᠤ ᠠᠵᠤ ᠦᠢᠯᠡᠰ᠎ᠦᠨ ᠬᠠᠮᠲᠤᠷᠠᠯᠴᠠᠭ᠎ᠠ᠂ ᠬᠥᠳᠡᠯᠮᠦᠷᠢ ᠦᠢᠯᠡᠴᠢᠯᠡᠭᠡ᠎ᠶᠢᠨ ᠬᠠᠮᠵᠢᠯᠴᠠᠭ᠎ᠠ᠎ᠶᠢ ᠭᠦᠨᠵᠡᠭᠡᠶ᠋ᠢᠷᠡᠭᠦᠯᠵᠦ᠍᠂ ᠺᠠᠳ᠋ᠷ ᠴᠢᠳᠠᠪᠤᠷᠢᠲᠠᠨ᠎ᠤ ᠰᠣᠯᠢᠯᠴᠠᠭ᠎ᠠ᠎ᠶᠢ ᠴᠢᠩᠭᠠᠳᠬᠠᠵᠤ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠂ ᠮᠥᠩᠭᠥᠨ ᠭᠦᠢᠯᠭᠡᠭᠡ ᠵᠡᠷᠭᠡ᠎ᠶᠢᠨ ᠬᠠᠮᠵᠢᠯᠴᠠᠭ᠎ᠠ᠎ᠶᠢ ᠥᠷᠭᠡᠳᠬᠡᠵᠦ᠍᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠤᠬᠢᠷᠠᠭᠤᠯᠤᠨ ᠪᠦᠲᠦᠭᠡᠯᠴᠢ ᠴᠢᠨᠠᠷᠲᠠᠢ᠎ᠪᠠᠷ ᠠᠵᠢᠯ᠎ᠢᠶᠠᠨ ᠥᠷᠨᠢᠭᠦᠯᠵᠦ᠍᠂ ᠬᠠᠮᠵᠢᠯᠴᠠᠭᠠᠨ᠎ᠤ ᠶᠠᠰᠤ ᠴᠢᠨᠠᠷ ᠦᠷ᠎ᠡ ᠪᠦᠲᠦᠮᠵᠢ᠎ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠍᠂ ᠳᠠᠪᠠᠭᠤᠯᠢᠭ᠎ᠢᠶᠠᠨ ᠬᠠᠷᠢᠯᠴᠠᠨ ᠨᠥᠬᠥᠪᠥᠷᠢᠯᠡᠬᠦ᠌᠂ ᠬᠣᠣᠰ ᠴᠢᠭᠯᠡᠯ᠎ᠢᠶᠡᠷ ᠬᠥᠴᠥᠨ ᠣᠯᠭᠣᠬᠤ᠂ ᠬᠠᠮᠲᠤ᠎ᠪᠠᠷ ᠬᠥᠭᠵᠢᠬᠦ᠌᠎ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠳᠡᠭᠡᠷ᠎ᠡ ᠵᠡᠭᠦᠨ ᠪᠠᠷᠠᠭᠤᠨ ᠣᠷᠣᠨ᠎ᠤ ᠬᠠᠮᠵᠢᠯᠴᠠᠭᠠᠨ᠎ᠤ ᠠᠵᠢᠯ᠎ᠤᠨ ᠬᠣᠯᠪᠣᠭᠳᠠᠯ ᠪᠦᠬᠦᠢ ᠪᠠᠶ᠋ᠢᠳᠠᠯ᠎ᠢ ᠵᠠᠷᠯᠠᠨ ᠨᠡᠢᠳᠡᠯᠡᠪᠡ᠃ ᠨᠢᠩᠰᠢᠶᠠ᠎ᠶᠢᠨ ᠬᠣᠲᠣᠩ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ᠂ ᠹᠦᠵᠢᠶᠠᠨ ᠮᠤᠵᠢ᠎ᠶᠢᠨ ᠬᠠᠷᠢᠭᠤᠴᠠᠯᠭᠠᠲᠠᠨ ᠨᠥᠬᠥᠳ ᠲᠤᠰ ᠲᠤᠰ ᠹᠦᠵᠢᠶᠠᠨ ᠨᠢᠩᠰᠢᠶᠠ᠎ᠶᠢᠨ ᠬᠠᠮᠵᠢᠯᠴᠠᠭᠠᠨ᠎ᠤ ᠲᠤᠷᠰᠢᠯᠭ᠎ᠠ ᠬᠢᠳᠡᠯ᠎ᠢᠶᠡᠨ ᠲᠠᠨᠢᠯᠴᠠᠭᠤᠯᠵᠤ᠂ ᠪᠡᠭᠡᠵᠢᠩ ᠬᠤᠳᠠ᠂ ᠱᠠᠩᠬᠠᠢ ᠬᠤᠳᠠ᠂ ᠵᠢᠶᠠᠩᠰᠦ ᠮᠤᠵᠢ᠂ ᠭᠤᠸᠠᠩᠳᠦ᠋ᠩ ᠮᠤᠵᠢ᠂ ᠰᠸᠴᠤᠸᠠᠨ ᠮᠤᠵᠢ᠂ ᠭᠠᠨᠰᠦ ᠮᠤᠵᠢ᠎ᠶᠢᠨ ᠬᠠᠷᠢᠭᠤᠴᠠᠯᠭᠠᠲᠠᠨ ᠨᠥᠬᠥᠳ ᠬᠤᠷᠠᠯ ᠳᠡᠭᠡᠷ᠎ᠡ ᠦᠭᠡ ᠬᠡᠯᠡᠪᠡ᠃
ᠵᠡᠭᠦᠨ ᠪᠠᠷᠠᠭᠤᠨ ᠣᠷᠣᠨ᠎ᠤ ᠬᠠᠮᠵᠢᠯᠴᠠᠭᠠᠨ᠎ᠤ ᠡᠭᠦᠷᠭᠡ᠎ᠶᠢ ᠡᠭᠦᠷᠭᠡᠯᠡᠵᠦ᠍ ᠪᠠᠶ᠋ᠢᠭ᠎ᠠ ᠬᠣᠯᠪᠣᠭᠳᠠᠯ ᠪᠦᠬᠦᠢ ᠮᠤᠵᠢ ᠣᠷᠣᠨ ᠬᠤᠳᠠ᠎ᠶᠢᠨ ᠬᠠᠷᠢᠭᠤᠴᠠᠯᠭᠠᠲᠠᠨ ᠨᠥᠬᠥᠳ᠂ ᠲᠥᠪ᠎ᠦᠨ ᠬᠥᠳᠡᠭᠡ ᠲᠣᠰᠬᠣᠨ᠎ᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠬᠡᠰᠡᠭ ᠪᠦᠷᠢᠯᠳᠦᠬᠦᠨ ᠨᠢᠭᠡᠴᠢ᠎ᠶᠢᠨ ᠬᠠᠷᠢᠭᠤᠴᠠᠯᠭᠠᠲᠠᠨ ᠨᠥᠬᠥᠳ ᠬᠤᠷᠠᠯ᠎ᠳᠤ ᠣᠷᠣᠯᠴᠠᠵᠠᠢ᠃
(ᠰᠢᠨᠬᠤᠸᠠ ᠬᠤᠷᠢᠶ᠎ᠠ ᠵᠢᠨ ᠪᠡᠭᠡᠵᠢᠩ᠎ᠦᠨ 6 ᠰᠠᠷ᠎ᠠ᠎ᠶᠢᠨ 17᠎ᠤ᠋ ᠴᠠᠬᠢᠯᠭᠠᠨ ᠮᠡᠳᠡᠭᠡ)