— ᠰᠢ᠎ᠶᠢᠨ ᠫᠢᠩ᠎ᠤᠨ ᠰᠣᠶᠣᠯ᠎ᠤᠨ ᠦᠵᠡᠯ ᠰᠠᠨᠠᠭᠠᠨ᠎ᠤ ᠳᠠᠭᠠᠭᠤᠯᠭ᠎ᠠ ᠳᠣᠣᠷ᠎ᠠ ᠰᠣᠶᠣᠯ᠎ᠤᠨ ᠪᠠ ᠪᠠᠢᠭᠠᠯᠢ᠎ᠶᠢᠨ ᠥᠪ᠎ᠢ ᠬᠠᠮᠠᠭᠠᠯᠠᠨ ᠤᠯᠠᠮᠵᠢᠯᠠᠵᠤ ᠠᠰᠢᠭ᠍ᠯᠠᠬᠤ ᠠᠵᠢᠯ ᠰᠢᠨ᠎ᠡ ᠪᠠᠢᠳᠠᠯ᠎ᠢ ᠡᠬᠦᠳᠦᠨ ᠨᠡᠬᠡᠭᠡᠪᠡ
ᠦᠵᠡᠰᠬᠦᠯᠡᠩᠲᠦ ᠰᠠᠢᠬᠠᠨ ᠠᠭᠤᠯᠠ ᠤᠰᠤᠨ᠎ᠤ ᠳᠤᠮᠳᠠ᠂ ᠰᠣᠶᠣᠯ᠎ᠤᠨ ᠪᠠ ᠪᠠᠢᠭᠠᠯᠢ᠎ᠶᠢᠨ ᠥᠪ ᠣᠳᠣᠨ ᠮᠡᠴᠢᠳ ᠮᠡᠲᠦ ᠲᠠᠷᠬᠠᠨ ᠭᠢᠯᠠᠯᠵᠠᠵᠤ᠂ ᠪᠣᠯᠪᠠᠰᠤᠨ᠎ᠤ ᠤᠷᠤᠰᠬᠠᠯ ᠣᠢᠯᠤᠨ ᠳᠠᠪᠠᠯᠭᠠᠯᠠᠨ᠎ᠠ᠃
ᠰᠣᠶᠣᠯ᠎ᠤᠨ ᠦᠨᠳᠦᠰᠦ ᠰᠤᠷᠪᠤᠯᠵᠢ᠎ᠶᠢ ᠦᠯᠡᠳᠡᠭᠡᠵᠦ᠂ ᠦᠨᠳᠦᠰᠦᠲᠡᠨ᠎ᠦ ᠰᠦᠭ ᠰᠦᠨᠡᠰᠦ᠎ᠶᠢ ᠬᠠᠮᠠᠭᠠᠯᠠᠬᠤ ᠪᠠᠢᠯᠳᠤᠬᠤ ᠪᠣᠳᠣᠯᠭ᠎ᠠ᠎ᠶᠢᠨ ᠥᠨᠳᠥᠷᠴᠡ ᠳᠡᠭᠡᠷ᠎ᠡ ᠵᠤᠭᠰᠤᠵᠤ᠂ ᠶᠡᠷᠦᠩᠬᠡᠢ ᠱᠦᠵᠢ ᠰᠢ᠎ᠶᠢᠨ ᠫᠢᠩ᠄ 《ᠳᠡᠯᠡᠬᠡᠢ᠎ᠶᠢᠨ ᠰᠣᠶᠣᠯ᠎ᠤᠨ ᠪᠠ ᠪᠠᠢᠭᠠᠯᠢ᠎ᠶᠢᠨ ᠥᠪ ᠪᠣᠯ ᠬᠥᠮᠥᠨ ᠲᠥᠷᠥᠯᠬᠢᠲᠡᠨ᠎ᠦ ᠪᠣᠯᠪᠠᠰᠤᠨ᠎ᠤ ᠬᠥᠭᠵᠢᠯᠲᠡ ᠪᠠ ᠪᠠᠢᠭᠠᠯᠢ᠎ᠶᠢᠨ ᠬᠤᠪᠢᠰᠤᠯᠲᠠ᠎ᠶᠢᠨ ᠴᠢᠬᠤᠯᠠ ᠦᠷ᠎ᠡ ᠪᠦᠲᠦᠭᠡᠯ ᠮᠥᠨ᠂ ᠪᠠᠰᠠ ᠴᠤ᠌ ᠠᠳᠠᠯᠢ ᠪᠤᠰᠤ ᠪᠣᠯᠪᠠᠰᠤᠨ᠎ᠤ ᠰᠣᠯᠢᠯᠴᠠᠭ᠎ᠠ ᠬᠠᠷᠢᠯᠴᠠᠨ ᠲᠣᠯᠢ ᠪᠤᠯᠭᠠᠬᠤ᠎ᠵᠢ ᠠᠬᠢᠭᠤᠯᠬᠤ ᠴᠢᠬᠤᠯᠠ ᠠᠴᠢᠶᠠᠯᠠᠪᠤᠷᠢ ᠮᠥᠨ᠃ ᠡᠳᠡᠭᠡᠷ ᠡᠷᠬᠢᠮ ᠨᠠᠨᠳᠢᠨ ᠦᠪ ᠬᠦᠷᠦᠩᠬᠡ ᠵᠢ ᠰᠠᠢᠲᠤᠷ ᠬᠠᠮᠠᠭᠠᠯᠠᠨ᠂ ᠰᠠᠢᠲᠤᠷ ᠤᠯᠠᠮᠵᠢᠯᠠᠵᠤ᠂ ᠰᠠᠢᠲᠤᠷ ᠠᠰᠢᠭ᠍ᠯᠠᠬᠤ ᠪᠣᠯ ᠮᠠᠨ᠎ᠤ ᠬᠠᠮᠲᠤ᠎ᠶᠢᠨ ᠬᠠᠷᠢᠭᠤᠴᠠᠯᠭ᠎ᠠ ᠮᠥᠨ᠂ ᠬᠥᠮᠥᠨ ᠲᠥᠷᠥᠯᠬᠢᠲᠡᠨ᠎ᠦ ᠪᠣᠯᠪᠠᠰᠤᠨ᠎ᠤ ᠦᠷᠭᠦᠯᠵᠢᠯᠡᠯ ᠪᠠ ᠳᠡᠯᠡᠬᠡᠢ᠎ᠶᠢᠨ ᠦᠷᠭᠦᠯᠵᠢᠯᠡᠬᠦ ᠬᠥᠭᠵᠢᠯᠲᠡ᠎ᠶᠢᠨ ᠵᠠᠢᠯᠠᠰᠢ ᠦᠭᠡᠢ ᠱᠠᠭᠠᠷᠳᠠᠯᠭ᠎ᠠ ᠮᠥᠨ》 ᠭᠡᠵᠦ ᠴᠢᠬᠤᠯᠠᠴᠢᠯᠠᠪᠠ᠃
6 ᠰᠠᠷ᠎ᠠ᠎ᠶᠢᠨ 13᠎ᠤ᠋ ᠡᠳᠦᠷ ᠪᠣᠯ 2026 ᠣᠨ᠎ᠤ ᠰᠣᠶᠣᠯ᠎ᠤᠨ ᠪᠠ ᠪᠠᠢᠭᠠᠯᠢ᠎ᠶᠢᠨ ᠥᠪ᠎ᠦᠨ ᠡᠳᠦᠷ ᠮᠦᠨ᠃ ᠲᠥᠷᠥ᠎ᠶᠢᠨ ᠶᠠᠪᠤᠳᠠᠯ᠎ᠤᠨ ᠬᠣᠷᠢᠶ᠎ᠠ᠎ᠡᠴᠡ 2006 ᠣᠨ᠎ᠡᠴᠡ ᠡᠬᠢᠯᠡᠨ ᠵᠢᠯ ᠪᠦᠷᠢ᠎ᠶᠢᠨ 6 ᠰᠠᠷ᠎ᠠ᠎ᠶᠢᠨ ᠬᠣᠶᠠᠳᠤᠭᠠᠷ ᠭᠠᠷᠠᠭ᠎ᠤᠨ ᠭᠠᠷᠠᠭ᠎ᠤᠨ ᠵᠢᠷᠭᠤᠭ᠎ᠠ᠎ᠨᠢ 《ᠰᠣᠶᠣᠯ᠎ᠤᠨ ᠥᠪ᠎ᠦᠨ ᠡᠳᠦᠷ》 ᠵᠢᠡᠷ ᠲᠣᠭᠲᠠᠭᠠᠵᠤ᠂ 2017 ᠣᠨ᠎ᠡᠴᠡ ᠡᠬᠢᠯᠡᠨ 《ᠰᠣᠶᠣᠯ᠎ᠤᠨ ᠪᠠ ᠪᠠᠢᠭᠠᠯᠢ᠎ᠶᠢᠨ ᠥᠪ᠎ᠦᠨ ᠡᠳᠦᠷ》 ᠪᠣᠯᠭᠠᠨ ᠤᠯᠠᠮ ᠨᠢᠭᠡ ᠠᠯᠬᠤᠮ ᠲᠣᠬᠢᠷᠠᠭᠤᠯᠤᠭᠰᠠᠨ᠎ᠡᠴᠡ ᠣᠲᠣ᠌ ᠪᠣᠯᠲᠠᠯ᠎ᠠ ᠨᠢᠭᠡᠨᠲᠡ 20 ᠵᠢᠯ ᠪᠣᠯᠵᠠᠢ᠃
ᠣᠨ ᠰᠠᠷ᠎ᠠ ᠡᠷᠬᠢᠵᠤ᠂ ᠡᠳᠦᠷ ᠬᠤᠨᠤᠭ ᠰᠢᠨᠡᠳᠦᠨ᠎ᠡ᠃ ᠶᠡᠷᠦᠩᠬᠡᠢ ᠱᠦᠵᠢ ᠰᠢ᠎ᠶᠢᠨ ᠫᠢᠩ᠎ᠤᠨ ᠳᠠᠭᠠᠭᠤᠯᠭ᠎ᠠ ᠬᠠᠯᠠᠮᠵᠢᠯᠠᠯ ᠳᠣᠣᠷ᠎ᠠ᠂ ᠪᠢᠳᠡ ᠲᠡᠦᠬᠡ᠎ᠶᠢ ᠪᠢᠰᠢᠷᠡᠬᠦ᠂ ᠰᠣᠶᠣᠯ᠎ᠢ ᠪᠢᠰᠢᠷᠡᠬᠦ᠂ ᠠᠮᠢ ᠠᠬᠤᠢ᠎ᠶᠢ ᠪᠢᠰᠢᠷᠡᠬᠦ ᠰᠡᠳᠬᠢᠯᠭᠡ᠎ᠶᠢ ᠪᠠᠷᠢᠮᠲᠠᠯᠠᠵᠤ᠂ ᠥᠪᠡᠷ᠎ᠦᠨ ᠠᠮᠢ ᠨᠠᠰᠤ᠎ᠪᠠᠨ ᠬᠠᠢᠷᠠᠯᠠᠬᠤ ᠰᠢᠭ᠋᠎ᠢᠶᠡᠷ ᠰᠣᠶᠣᠯ᠎ᠤᠨ ᠥᠪ᠎ᠢ ᠰᠠᠢᠲᠤᠷ ᠬᠠᠮᠠᠭᠠᠯᠠᠵᠤ᠂ ᠠᠮᠢ ᠠᠬᠤᠢ ᠣᠷᠴᠢᠨ ᠲᠣᠭᠣᠷᠢᠨ᠎ᠢ ᠨᠢᠳᠦᠨ᠎ᠤ ᠪᠠᠨ ᠴᠡᠴᠡᠭᠡᠢ ᠰᠢᠭ ᠵᠢᠡᠨ ᠬᠠᠮᠠᠭᠠᠯᠠᠵᠤ᠂ ᠰᠣᠶᠣᠯ᠎ᠤᠨ ᠦᠨᠡᠲᠦ ᠡᠷᠳᠡᠨᠢ ᠵᠢ ᠬᠢᠮᠠᠭᠠᠳᠠᠨ ᠬᠠᠢᠷᠠᠯᠠᠵᠤ᠂ ᠪᠠᠢᠭᠠᠯᠢ᠎ᠶᠢᠨ ᠬᠣᠪᠣᠷ ᠡᠷᠳᠡᠨᠢ ᠵᠢ ᠰᠠᠬᠢᠨ ᠬᠠᠮᠠᠭᠠᠯᠠᠪᠠ᠃ ᠰᠢᠨ᠎ᠡ ᠴᠠᠭ ᠦᠶ᠎ᠡ᠎ᠳᠦ ᠰᠣᠶᠣᠯ᠎ᠤᠨ ᠪᠠ ᠪᠠᠢᠭᠠᠯᠢ᠎ᠶᠢᠨ ᠥᠪ ᠲᠠᠰᠤᠷᠠᠯᠲᠠ ᠦᠭᠡᠢ ᠰᠢᠨ᠎ᠡ ᠠᠮᠢᠵᠢᠷᠠᠯ᠎ᠤᠨ ᠬᠦᠴᠦᠨ᠎ᠢᠶᠡᠨ ᠪᠠᠳᠠᠷᠠᠭᠤᠯᠵᠤ᠂ ᠰᠢᠨ᠎ᠡ ᠭᠡᠷᠡᠯ ᠭᠢᠯᠪᠠᠭ᠎ᠠ᠎ᠪᠠᠨ ᠰᠠᠴᠤᠷᠠᠭᠤᠯᠤᠨ᠎ᠠ᠃
ᠬᠠᠮᠠᠭᠠᠯᠠᠯᠳᠠ᠄ ᠰᠤᠶᠤᠯ᠎ᠤᠨ ᠪᠠ ᠪᠠᠢᠭᠠᠯᠢ ᠵᠢᠨ ᠥᠪ᠎ᠢ ᠬᠠᠮᠠᠭᠠᠯᠠᠬᠤ ᠴᠢᠳᠠᠪᠤᠷᠢ ᠪᠤᠯᠤᠨ ᠲᠦᠪᠰᠢᠨ᠎ᠢ ᠦᠨᠡᠨ ᠬᠦ᠌ ᠳᠡᠭᠡᠭᠰᠢᠯᠡᠭᠦᠯᠦᠨ᠎ᠡ
ᠰᠢ ᠬ᠍ᠤ ᠨᠠᠭᠤᠷ᠎ᠤᠨ ᠤᠰᠤ ᠦᠶᠡᠯᠵᠡᠨ ᠮᠡᠯᠮᠡᠯᠵᠡᠵᠦ᠂ ᠶᠡᠬᠡ ᠲᠠᠲᠠᠮᠠᠯ ᠭᠣᠣᠯ ᠨᠣᠮᠢᠨ ᠳᠣᠯᠭᠢᠶᠡ ᠬᠠᠶᠠᠯᠠᠵᠤ᠂ ᠯᠢᠶᠠᠩᠵᠦᠶᠢᠨ ᠡᠷᠲᠡᠨ᠎ᠦ ᠬᠤᠳᠠ᠎ᠶᠢᠨ ᠪᠠᠭᠤᠷᠢ᠎ᠶᠢᠨ ᠴᠡᠴᠡᠷᠯᠢᠭ ᠲᠦ᠍ ᠪᠤᠭᠤ ᠤᠷᠤᠮᠳᠠᠨ᠎ᠠ — ᠵᠤᠨ᠎ᠤ ᠤᠯᠠᠷᠢᠯ᠎ᠤᠨ ᠵᠧᠵᠢᠶᠠᠩ᠎ᠤᠨ ᠬᠠᠩᠵᠧᠦ᠎ᠳᠦ᠂ ᠳᠡᠯᠡᠬᠡᠢ᠎ᠶᠢᠨ ᠭᠤᠷᠪᠠᠨ ᠶᠡᠬᠡ ᠰᠣᠶᠣᠯ᠎ᠤᠨ ᠥᠪ ᠰᠣᠯᠪᠢᠴᠠᠨ ᠬᠡᠷᠡᠯᠳᠦᠵᠦ᠂ ᠰᠣᠶᠣᠯ᠎ᠤᠨ ᠪᠠ ᠪᠠᠢᠭᠠᠯᠢ᠎ᠶᠢᠨ ᠭᠤᠸ᠎ᠠ ᠰᠠᠢᠬᠠᠨ ᠨᠢ ᠬᠥᠮᠥᠰ᠎ᠦᠨ ᠰᠡᠳᠬᠢᠯ᠎ᠢ ᠲᠠᠲᠠᠨ᠎ᠠ᠃
20 ᠵᠢᠯ᠎ᠦᠨ ᠡᠮᠦᠨᠡᠬᠢ 6 ᠰᠠᠷ᠎ᠠ᠎ᠶᠢᠨ 10᠎ᠤ᠋ ᠡᠳᠦᠷ᠂ ᠮᠠᠨ᠎ᠤ ᠤᠯᠤᠰ᠎ᠤᠨ ᠠᠩᠬᠠᠳᠠᠭ᠍ᠴᠢ 《ᠰᠣᠶᠣᠯ᠎ᠤᠨ ᠥᠪ᠎ᠦᠨ ᠡᠳᠦᠷ》 ᠵᠢᠡᠷ᠂ ᠲᠤᠬᠠᠢ᠎ᠶᠢᠨ ᠦᠶ᠎ᠡ᠎ᠳᠦ ᠵᠧᠵᠢᠶᠠᠩ ᠮᠤᠵᠢ᠎ᠶᠢᠨ ᠨᠠᠮ᠎ᠤᠨ ᠬᠣᠷᠢᠶ᠎ᠡ ᠵᠢᠨ ᠱᠦᠵᠢ ᠪᠠᠢᠭᠰᠠᠨ ᠰᠢ᠎ᠶᠢᠨ ᠫᠢᠩ ᠬᠠᠩᠵᠧᠦ᠎ᠳᠦ ᠨᠢᠭᠡ ᠤᠳᠠᠭᠠᠨ᠎ᠤ ᠰᠢᠰᠲᠧᠮ᠎ᠲᠠᠢ ᠪᠠᠢᠴᠠᠭᠠᠨ ᠰᠤᠳᠤᠯᠤᠯᠲᠠ ᠬᠢᠭᠰᠡᠨ ᠪᠦᠬᠡᠳ ᠭᠤᠤᠯ ᠰᠡᠳᠦᠪ ᠨᠢ ᠶᠠᠭ ᠰᠠᠢᠬᠠᠨ 《ᠰᠣᠶᠣᠯ᠎ᠤᠨ ᠥᠪ᠎ᠦᠨ ᠬᠠᠮᠠᠭᠠᠯᠠᠯᠲᠠ》 ᠪᠠᠢᠭᠰᠠᠨ ᠶᠤᠮ᠃
ᠲᠡᠷᠡ ᠡᠳᠦᠷ᠂ ᠤᠷᠢᠳ ᠬᠣᠵᠢᠳ ᠬᠠᠩᠵᠧᠦ ᠳ᠋ᠡᠬᠢ ᠡᠮᠦᠨᠡᠲᠦ ᠰᠦᠩ᠎ᠤᠨ ᠦᠶ᠎ᠠ ᠵᠢᠨ ᠢᠦᠢ ᠵᠢᠶᠧ ᠵᠡᠭᠡᠯᠢ᠎ᠶᠢᠨ ᠪᠠᠭᠤᠷᠢ᠂ ᠵᠧᠵᠢᠶᠠᠩ ᠮᠤᠵᠢ᠎ᠶᠢᠨ ᠮᠦᠽᠧᠢ᠂ ᠬᠠᠩᠵᠧᠦ᠎ᠶᠢᠨ ᠸᠸᠨ ᠯᠠᠨ ᠭᠸ ᠲᠠᠭᠲᠤ ᠵᠢ ᠰᠡᠯᠪᠢᠨ ᠵᠠᠰᠠᠬᠤ ᠢᠨᠵᠧᠨᠧᠷᠢᠩ᠎ᠢ ᠪᠠᠢᠴᠠᠭᠠᠨ ᠦᠵᠡᠵᠦ᠂ ᠲᠡᠷᠡᠴᠢᠯᠡᠨ ᠭᠠᠷ ᠤᠷᠠᠯᠠᠯ᠎ᠤᠨ ᠲᠤᠮᠤ ᠳᠠᠷᠬᠠᠨ ᠪᠣᠯᠣᠨ ᠠᠷᠠᠳ᠎ᠤᠨ ᠳᠤᠮᠳᠠᠬᠢ ᠬᠣᠪᠣᠷ ᠨᠠᠨᠳᠢᠨ ᠡᠳ᠋ᠯᠡᠯ ᠬᠡᠷᠡᠬᠰᠡᠯᠦᠨ ᠦᠵᠡᠰᠬᠦᠯᠡᠩ᠎ᠢ ᠲᠣᠭᠣᠷᠢᠨ ᠦᠵᠡᠭᠰᠡᠨ᠎ᠦ ᠳᠠᠷᠠᠭ᠎ᠠ᠂ ᠰᠢ᠎ᠶᠢᠨ ᠫᠢᠩ ᠨᠥᠬᠥᠷ᠄《ᠰᠣᠶᠣᠯ᠎ᠤᠨ ᠥᠪ᠎ᠢ ᠬᠠᠮᠠᠭᠠᠯᠠᠬᠤ ᠪᠠ ᠤᠯᠠᠮᠵᠢᠯᠠᠬᠤ ᠪᠣᠯ ᠬᠥᠮᠥᠨ ᠨᠢᠭᠡ ᠪᠦᠷᠢ᠎ᠶᠢᠨ ᠶᠠᠪᠤᠳᠠᠯ ᠮᠥᠨ᠂ ᠪᠦᠬᠦ ᠨᠡᠢᠭᠡᠮ᠎ᠢ ᠲᠠᠢ᠍ᠢᠴᠢᠯᠠᠨ ᠳᠤᠮᠳᠠᠳᠤ᠎ᠶᠢᠨ ᠰᠣᠶᠣᠯ᠎ᠢ ᠬᠠᠮᠲᠤ᠎ᠪᠠᠷ ᠰᠠᠢᠲᠤᠷ ᠤᠯᠠᠮᠵᠢᠯᠠᠨ ᠬᠠᠮᠠᠭᠠᠯᠠᠬᠤ ᠬᠡᠷᠡᠭᠲᠡᠢ᠂ ᠭᠠᠭᠴᠠ ᠬᠦ᠌ ᠪᠢᠳᠡ ᠬᠥᠮᠥᠨ ᠨᠢᠭᠡ ᠪᠦᠷᠢ ᠴᠥᠮ ᠤᠷᠢᠳᠤᠬᠢ ᠬᠥᠮᠥᠰ᠎ᠦᠨ ᠪᠢᠳᠡᠨ᠎ᠳᠦ ᠦᠯᠡᠳᠡᠭᠡᠵᠦ ᠥᠭᠭᠦᠭᠰᠡᠨ ᠡᠳᠡᠭᠡᠷ ᠦᠪ ᠬᠦᠷᠦᠩᠬᠡ᠋᠂ ᠮᠠᠨ᠎ᠤ ᠦᠨᠳᠦᠰᠦᠲᠡᠨ᠎ᠦ ᠵᠣᠷᠢᠭ᠋ ᠰᠠᠨᠠᠭ᠎ᠠ ᠪᠠ ᠥᠪᠡᠷᠮᠢᠴᠡ ᠭᠤᠸ᠎ᠠ ᠰᠠᠢᠬᠠᠨ᠎ᠤ ᠳᠤᠷ᠎ᠠ ᠰᠣᠨᠢᠷᠬᠠᠯ᠂ ᠥᠪᠡᠷᠮᠢᠴᠡ ᠤᠯᠠᠮᠵᠢᠯᠠᠯᠲᠤ ᠴᠤᠭ ᠵᠢᠪᠬᠤᠭ᠎ᠠ ᠪᠡᠨ ᠬᠠᠯᠠᠮᠵᠢᠯᠠᠨ ᠬᠠᠢᠷᠠᠯᠠᠪᠠᠯ ᠰᠠᠶᠢ ᠤᠯᠠᠮᠵᠢᠯᠠᠵᠤ ᠴᠢᠳᠠᠨ᠎ᠠ》 ᠭᠡᠵᠦ ᠰᠡᠳᠬᠢᠯ ᠳᠤᠭᠳᠤᠯᠤᠨ ᠬᠡᠯᠡᠵᠡᠢ᠃
ᠬᠠᠢᠷ᠎ᠠ ᠰᠡᠳᠬᠢᠯᠭᠡ ᠭᠦᠨ ᠵᠤᠵᠠᠭᠠᠨ ᠪᠦᠬᠡᠳ ᠬᠤᠪᠢᠷᠠᠰᠢ ᠦᠬᠡᠢ ᠦᠷᠬᠦᠯᠵᠢᠯᠡᠵᠤ᠂ ᠦᠵᠡᠯ ᠰᠠᠨᠠᠭ᠎ᠠ ᠴᠠᠭ ᠦᠶ᠎ᠡ᠎ᠲᠠᠢ ᠵᠡᠷᠭᠡ᠎ᠪᠡᠷ ᠤᠷᠤᠭᠰᠢᠯᠠᠨ᠎ᠠ᠃
ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠰᠣᠶᠣᠯ᠎ᠤᠨ ᠪᠠ ᠪᠠᠢᠭᠠᠯᠢ᠎ᠶᠢᠨ ᠥᠪ᠎ᠢ ᠬᠠᠮᠠᠭᠠᠯᠠᠨ ᠤᠯᠠᠮᠵᠢᠯᠠᠵᠤ ᠠᠰᠢᠭ᠍ᠯᠠᠬᠤ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠶᠡᠷᠦᠩᠬᠡᠢ ᠱᠦᠵᠢ ᠰᠢ᠎ᠶᠢᠨ ᠫᠢᠩ ᠠᠯᠢ ᠤᠯᠠᠨ ᠴᠢᠬᠤᠯᠠ ᠶᠠᠷᠢᠶ᠎ᠠ ᠲᠠᠯᠪᠢᠵᠤ᠂ ᠠᠯᠢ ᠤᠯᠠᠨ ᠴᠢᠬᠤᠯᠠ ᠵᠢᠭᠠᠪᠤᠷᠢ ᠴᠣᠬᠣᠯᠠᠪᠤᠷᠢ ᠥᠭᠴᠡᠢ — ᠹᠦᠵᠢᠶᠠᠨ᠎ᠤ ᠦ᠋ ᠢ ᠱᠠᠨ ᠠᠭᠤᠯᠠᠨ᠎ᠳᠤ ᠬᠦᠷᠦᠭᠡᠳ᠄ 《ᠦ᠋ ᠢ ᠱᠠᠨ ᠠᠭᠤᠯᠠ ᠵᠦᠢᠷᠯᠡᠰᠢ ᠦᠭᠡᠢ ᠠᠮᠢ ᠠᠬᠤᠢ ᠰᠣᠶᠣᠯ ᠢᠷᠬᠡᠨᠰᠢᠯ᠎ᠤᠨ ᠡᠬᠢ ᠪᠠᠶᠠᠯᠢᠭ᠋᠎ᠲᠠᠢ ᠪᠠᠢᠵᠤ᠂ ᠳᠤᠮᠳᠠᠳᠤ᠎ᠶᠢᠨ ᠦᠨᠳᠦᠰᠦᠲᠡᠨ᠎ᠦ ᠣᠮᠣᠭ᠍ᠰᠢᠯ ᠮᠥᠨ᠂ ᠬᠠᠮᠤᠭ᠎ᠤᠨ ᠴᠢᠬᠤᠯᠠ ᠨᠢ ᠬᠠᠰᠢᠯᠠ ᠰᠠᠢᠲᠤᠷ ᠬᠠᠮᠠᠭᠠᠯᠠᠬᠤ ᠬᠡᠷᠡᠭᠲᠡᠢ》 ᠭᠡᠵᠦ ᠴᠢᠩ ᠰᠡᠳᠬᠢᠯ᠎ᠡᠴᠡ᠎ᠪᠡᠨ ᠰᠠᠨᠠᠭᠤᠯᠪᠠ᠃
ᠴᠧᠩᠳᠧ᠎ᠶᠢᠨ ᠵᠤᠰᠠᠯᠠᠩ᠎ᠳᠤ ᠰᠢᠨᠵᠢᠯᠡᠨ ᠪᠠᠢᠴᠠᠭᠠᠬᠤ᠎ᠳᠠᠭᠠᠨ᠄《ᠮᠠᠨ᠎ᠤ ᠤᠯᠤᠰ ᠪᠣᠯ ᠳᠡᠯᠡᠬᠡᠢ᠎ᠶᠢᠨ ᠰᠣᠶᠣᠯ᠎ᠤᠨ ᠪᠠ ᠪᠠᠢᠭᠠᠯᠢ᠎ᠶᠢᠨ ᠥᠪ᠎ᠦᠨ ᠲᠣᠮᠣ᠌ ᠤᠯᠤᠰ ᠮᠥᠨ᠂ ᠴᠧᠩᠳᠧ᠎ᠶᠢᠨ ᠵᠤᠰᠠᠯᠠᠩ ᠭᠦᠨ ᠵᠤᠵᠠᠭᠠᠨ ᠲᠡᠥᠬᠡ ᠰᠤᠶᠤᠯ᠎ᠤᠨ ᠤᠯᠠᠮᠵᠢᠯᠠᠯ ᠲᠡᠢ ᠪᠠᠢᠵᠤ᠂ ᠦᠨᠳᠦᠰᠦᠲᠡᠨ᠎ᠦ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠂ ᠱᠠᠰᠢᠨ ᠰᠤᠷᠲᠠᠬᠤᠨ ᠬᠢᠭᠡᠳ ᠨᠡᠢᠭᠡᠮ᠎ᠦᠨ ᠵᠣᠬᠢᠴᠠᠯᠳᠤᠯ᠂ ᠤᠯᠠᠮᠵᠢᠯᠠᠯᠲᠤ ᠰᠣᠶᠣᠯ᠎ᠢ ᠬᠠᠮᠠᠭᠠᠯᠠᠨ ᠤᠯᠠᠮᠵᠢᠯᠠᠬᠤ᠂ ᠬᠥᠮᠥᠨ ᠬᠢᠭᠡᠳ ᠪᠠᠢᠭᠠᠯᠢ᠎ᠶᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠵᠡᠷᠭᠡ ᠲᠠᠯ᠎ᠠ᠎ᠪᠠᠷ ᠴᠢᠬᠤᠯᠠ ᠲᠡᠦᠬᠡ᠎ᠶᠢᠨ ᠦᠨ᠎ᠡ ᠦᠷᠳᠡᠭ ᠪᠠ ᠴᠠᠭ ᠦᠶ᠎ᠡ᠎ᠶᠢᠨ ᠠᠴᠢ ᠬᠣᠯᠪᠣᠭᠳᠠᠯ᠎ᠲᠠᠢ ᠶᠤᠮ》 ᠭᠡᠵᠦ ᠭᠦᠨᠵᠡᠭᠡᠢ ᠵᠢᠭᠠᠵᠤ ᠭᠠᠷᠭᠠᠪᠠ᠃
ᠬᠠᠢᠨᠠᠨ᠎ᠤ ᠬᠠᠯᠠᠭᠤᠨ ᠪᠦᠰᠡᠨ᠎ᠦ ᠪᠣᠷᠣᠭᠠᠨᠲᠤ ᠣᠶ᠎ᠳᠤ ᠣᠷᠣᠭᠠᠳ᠄《ᠪᠠᠢᠭᠠᠯᠢ ᠶᠢᠷᠲᠢᠨᠴᠦ᠎ᠶᠢᠨ ᠬᠤᠪᠢ ᠵᠠᠶᠠᠭ᠎ᠠ ᠪᠣᠯ ᠬᠥᠮᠥᠨ ᠲᠥᠷᠥᠯᠬᠢᠲᠡᠨ᠎ᠲᠠᠢ ᠨᠢᠭ᠍ᠲᠠ ᠬᠣᠯᠪᠣᠭ᠎ᠠ᠎ᠲᠠᠢ ᠶᠤᠮ᠃ ᠪᠢᠳᠡ ᠪᠣᠯ ᠲᠡᠦᠬᠡ᠂ ᠦᠨᠳᠦᠰᠦᠲᠡᠨ᠎ᠦ᠎ᠪᠡᠨ ᠲᠥᠯᠥᠭᠡ ᠡᠨᠡ ᠠᠵᠢᠯ᠎ᠢ ᠬᠢᠵᠦ ᠪᠠᠢᠭ᠎ᠠ ᠶᠤᠮ᠃ ᠬᠠᠢᠨᠠᠨ᠎ᠤ ᠬᠠᠷᠢᠶ᠎ᠠ᠎ᠡᠴᠡ ᠳᠠᠪᠠᠨ ᠭᠠᠷᠴᠤ ᠡᠨᠡ ᠠᠵᠢᠯ᠎ᠢ ᠦᠵᠡᠬᠦ ᠬᠡᠷᠡᠭᠲᠡᠢ》 ᠭᠡᠵᠦ ᠴᠢᠩ ᠰᠡᠳᠬᠢᠯ᠎ᠡᠴᠡ᠎ᠪᠡᠨ ᠶᠠᠷᠢᠪᠠ᠃
ᠰᠣᠶᠣᠯ᠎ᠤᠨ ᠪᠠ ᠪᠠᠢᠭᠠᠯᠢ᠎ᠶᠢᠨ ᠥᠪ᠎ᠢ ᠬᠠᠮᠠᠭᠠᠯᠠᠨ ᠤᠯᠠᠮᠵᠢᠯᠠᠵᠤ ᠠᠰᠢᠭ᠍ᠯᠠᠬᠤ ᠠᠵᠢᠯ᠎ᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠥᠭᠴᠦ᠄ 《ᠰᠣᠶᠣᠯ᠎ᠤᠨ ᠪᠠ ᠪᠠᠢᠭᠠᠯᠢ᠎ᠶᠢᠨ ᠥᠪ᠎ᠦᠨ ᠪᠦᠬᠦᠯᠢ ᠴᠣᠭᠴᠠᠲᠤ ᠴᠢᠨᠠᠷ᠂ ᠰᠢᠰᠲᠧᠮᠲᠦ ᠴᠢᠨᠠᠷ᠎ᠤᠨ ᠬᠠᠮᠠᠭᠠᠯᠠᠯᠲᠠ᠎ᠶᠢ ᠴᠢᠨᠠᠭᠰᠢᠳᠠ ᠴᠢᠩᠭᠠᠳᠬᠠᠵᠤ᠂ ᠬᠠᠮᠠᠭᠠᠯᠠᠬᠤ ᠴᠢᠳᠠᠪᠤᠷᠢ ᠪᠠ ᠲᠦᠪᠰᠢᠨ᠎ᠢᠶᠡᠨ ᠦᠨᠡᠨ ᠬᠦ᠌ ᠳᠡᠭᠡᠭᠰᠢᠯᠡᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠰᠣᠶᠣᠯ᠎ᠤᠨ ᠦᠨᠡᠲᠦ ᠡᠷᠳᠡᠨᠢ ᠪᠠ ᠪᠠᠢᠭᠠᠯᠢ᠎ᠶᠢᠨ ᠬᠣᠪᠣᠷ ᠡᠷᠳᠡᠨᠢ᠎ᠶᠢ ᠰᠠᠢᠲᠤᠷ ᠰᠠᠬᠢᠨ ᠬᠠᠮᠠᠭᠠᠯᠠᠬᠤ ᠬᠡᠷᠡᠭᠲᠡᠢ》 ᠭᠡᠵᠦ ᠴᠢᠬᠤᠯᠠᠴᠢᠯᠠᠵᠠᠢ᠃
᠁ ᠁
ᠰᠣᠶᠣᠯ ᠢᠷᠭᠡᠨᠰᠢᠯ᠎ᠡᠴᠡ ᠠᠮᠢ ᠠᠬᠤᠢ ᠬᠦᠷᠲᠡᠯ᠎ᠡ᠂ ᠰᠣᠶᠣᠯ᠎ᠤᠨ ᠥᠪᠡᠴᠡ ᠰᠣᠶᠣᠯ᠎ᠤᠨ ᠪᠠ ᠪᠠᠢᠭᠠᠯᠢ᠎ᠶᠢᠨ ᠥᠪ ᠬᠦᠷᠲᠡᠯ᠎ᠡ᠂ ᠶᠡᠷᠦᠩᠬᠡᠢ ᠱᠦᠵᠢ ᠰᠢ᠎ᠶᠢᠨ ᠫᠢᠩ ᠪᠣᠳᠠᠰ᠎ᠤᠨ ᠪᠣᠯᠪᠠᠰᠤᠨ ᠪᠠ ᠤᠶᠤᠨ᠎ᠤ ᠪᠣᠯᠪᠠᠰᠤᠨ ᠬᠠᠷᠢᠯᠴᠠᠨ ᠵᠣᠬᠢᠴᠠᠭᠰᠠᠨ᠂ ᠬᠥᠮᠥᠨ ᠪᠠᠢᠭᠠᠯᠢ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠰᠠᠨ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠥᠨᠳᠥᠷᠴᠡ᠎ᠳᠦ ᠵᠣᠭᠰᠣᠵᠤ᠂ ᠪᠢᠳᠡᠨ᠎ᠳᠦ ᠡᠪᠦᠭᠡ ᠳᠡᠭᠡᠳᠦᠰ᠎ᠦᠨ᠎ᠢᠶᠡᠨ ᠦᠯᠡᠳᠡᠭᠡᠭᠰᠡᠨ ᠡᠷᠬᠢᠮ ᠨᠠᠨᠳᠢᠨ ᠥᠪ ᠬᠥᠷᠥᠩᠭᠡ᠎ᠶᠢ ᠰᠠᠢᠲᠤᠷ ᠰᠠᠬᠢᠨ ᠬᠠᠮᠠᠭᠠᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠭᠡᠷ ᠣᠷᠣᠨ᠎ᠢ ᠰᠠᠢᠲᠤᠷ ᠪᠦᠲᠦᠭᠡᠨ ᠪᠠᠶ᠋ᠢᠭᠤᠯᠬᠤ᠎ᠳᠤ ᠭᠡᠷᠡᠯ ᠰᠠᠴᠤᠷᠠᠩᠭᠤᠢ ᠦᠯᠢᠭᠡᠷ ᠵᠢᠱ᠌ᠢᠶ᠎ᠡ᠎ᠶᠢ ᠪᠤᠢ ᠪᠣᠯᠭᠠᠵᠤ᠂ ᠰᠢᠨᠵᠢᠯᠡᠬᠦ ᠤᠬᠠᠭᠠᠨᠴᠢ ᠵᠢᠯᠣᠭᠣᠳᠤᠯᠭ᠎ᠠ᠎ᠶᠢ ᠬᠠᠩᠭᠠᠵᠠᠢ᠃
ᠳᠦᠷᠢᠮ᠎ᠢ ᠴᠢᠩᠭᠠᠳᠬᠠᠬᠤ — ᠰᠢᠨ᠎ᠡ᠎ᠪᠡᠷ ᠵᠠᠰᠠᠪᠤᠷᠢ ᠣᠷᠣᠭᠤᠯᠤᠭᠰᠠᠨ ᠲᠡᠦᠬᠡ᠎ᠶᠢᠨ ᠳᠤᠷᠠᠰᠬᠠᠯᠲᠤ ᠵᠦᠢᠯᠡᠰ᠎ᠢ ᠬᠠᠮᠠᠭᠠᠯᠠᠬᠤ ᠬᠠᠤᠯᠢ᠎ᠶᠢ ᠬᠡᠷᠡᠭᠵᠢᠭᠦᠯᠪᠡ; 《ᠤᠷᠢᠳ᠎ᠢᠶᠠᠷ ᠬᠠᠭᠤᠴᠢ ᠰᠤᠳᠤᠯᠤᠯ ᠬᠢᠵᠦ᠂ ᠳᠠᠷᠠᠭ᠎ᠠ ᠨᠢ ᠡᠵᠡᠩᠨᠡᠯᠳᠡ ᠵᠢᠨ ᠡᠷᠬᠡ ᠵᠢ ᠰᠢᠯᠵᠢᠭᠦᠯᠦᠨ ᠦᠭᠬᠦ》 ᠳᠦᠷᠢᠮ᠎ᠢ 30 ᠮᠤᠵᠢ᠎ᠳᠤ ᠨᠠᠢᠳᠠᠪᠤᠷᠢᠵᠢᠭᠤᠯᠪᠠ; ᠤᠯᠤᠰ᠎ᠤᠨ ᠲᠡᠦᠬᠡ᠎ᠶᠢᠨ ᠳᠤᠷᠠᠰᠬᠠᠯᠲᠤ ᠵᠦᠢᠯᠡᠰ᠎ᠢ ᠬᠢᠨᠠᠨ ᠪᠠᠢᠴᠠᠭᠠᠬᠤ ᠳᠦᠷᠢᠮ᠎ᠢ ᠰᠦᠪᠡᠭᠴᠢᠯᠡᠨ ᠠᠬᠢᠭᠤᠯᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠡ ᠵᠢᠨ ᠠᠯᠪᠠᠨ ᠲᠢᠩᠬᠢᠮ᠂ ᠲᠦᠷᠦ᠎ᠶᠢᠨ ᠶᠠᠪᠤᠳᠠᠯ᠎ᠤᠨ ᠬᠣᠷᠢᠶ᠎ᠡ ᠵᠢᠨ ᠠᠯᠪᠠᠨ ᠲᠢᠩᠬᠢᠮ 《ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠬᠤ ᠠᠵᠢᠯ᠎ᠢ ᠴᠢᠨᠠᠭᠰᠢᠳᠠ ᠴᠢᠩᠭᠠᠳᠬᠠᠬᠤ ᠲᠤᠬᠠᠢ ᠰᠠᠨᠠᠯ》 ᠢ᠋ ᠳᠠᠷᠤᠮᠠᠯᠯᠠᠨ ᠲᠠᠷᠬᠠᠭᠠᠵᠤ᠂ 31 ᠮᠤᠵᠢ (ᠣᠷᠣᠨ᠂ ᠬᠤᠳᠠ) ᠣᠷᠣᠨ ᠨᠤᠲᠤᠭ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠬᠤ ᠬᠠᠤᠯᠢ ᠲᠣᠭᠲᠠᠭᠠᠯ᠎ᠢ ᠲᠤᠬᠳᠠᠭᠠᠨ ᠨᠡᠢᠳᠡᠯᠡᠪᠡ; ᠪᠣᠳᠠᠰ᠎ᠤᠨ ᠪᠤᠰᠤ ᠰᠣᠶᠣᠯ᠎ᠤᠨ ᠥᠪ᠎ᠦᠨ ᠬᠠᠮᠠᠭᠠᠯᠠᠯᠲᠠ᠎ᠶᠢᠨ ᠲᠥᠪ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠣᠷᠳᠣᠨ ᠪᠠ ᠪᠣᠳᠠᠰ᠎ᠤᠨ ᠪᠤᠰᠤ ᠰᠣᠶᠣᠯ᠎ᠤᠨ ᠥᠪ᠎ᠦᠨ ᠬᠠᠮᠠᠭᠠᠯᠠᠯᠲᠠ᠎ᠶᠢᠨ ᠨᠡᠢᠭᠡᠮᠯᠢᠭ ᠵᠡᠷᠭᠡ ᠡᠯ᠎ᠡ ᠲᠠᠯ᠎ᠠ᠎ᠶᠢᠨ ᠬᠦᠴᠦᠨ ᠢᠳᠡᠪᠬᠢᠲᠡᠢ ᠣᠷᠣᠯᠴᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠬᠠᠮᠠᠭᠠᠯᠠᠯᠲᠠ᠎ᠶᠢ ᠬᠠᠮᠲᠤ ᠪᠠᠷ ᠠᠬᠢᠭᠤᠯᠪᠠ᠃ ᠤᠯᠤᠰ᠎ᠤᠨ ᠴᠡᠴᠡᠷᠯᠢᠭ᠎ᠦᠨ ᠬᠠᠤᠯᠢ᠎ᠶᠢ ᠨᠡᠢᠲᠡᠯᠡᠵᠦ᠂ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠤ ᠳᠦᠷᠢᠮ᠂ ᠨᠡᠷᠡᠲᠦ ᠦᠵᠡᠮᠵᠢ᠎ᠶᠢᠨ ᠣᠷᠣᠨ᠎ᠤ ᠳᠦᠷᠢᠮ᠎ᠳᠦ ᠵᠠᠰᠠᠪᠤᠷᠢ ᠣᠷᠣᠭᠤᠯᠪᠠ᠃
ᠪᠠᠢᠳᠠᠯ᠎ᠢ ᠲᠣᠳᠣᠷᠬᠠᠢ ᠣᠢᠯᠠᠭᠠᠬᠤ — ᠳᠥᠷᠪᠡᠳᠦᠭᠡᠷ ᠤᠳᠠᠭᠠᠨ᠎ᠤ ᠪᠦᠬᠦ ᠤᠯᠤᠰ᠎ᠤᠨ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠨᠡᠢᠳᠡᠮ᠎ᠤᠨ ᠪᠠᠢᠴᠠᠭᠠᠯᠲᠠ ᠵᠢᠨ ᠠᠵᠢᠯ ᠪᠤᠭᠤᠮᠲᠠ ᠰᠢᠪᠲᠤᠯᠵᠤ ᠰᠡᠭᠦᠯ ᠬᠤᠷᠢᠶᠠᠬᠤ ᠱᠠᠲᠤᠨ᠎ᠳᠤ ᠣᠷᠣᠪᠠ᠋; ᠪᠦᠬᠦ ᠤᠯᠤᠰ᠎ᠤᠨ ᠤᠯᠤᠰ᠎ᠤᠨ ᠥᠮᠴᠢᠯᠡᠯ᠎ᠦᠨ ᠮᠦᠽᠧᠢ᠎ᠳᠦ ᠬᠠᠳᠠᠭᠠᠯᠠᠵᠤ ᠪᠠᠢᠭ᠎ᠠ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠠᠮᠤᠷ ᠲᠦᠪᠰᠢᠨ᠎ᠦ ᠬᠠᠮᠢᠶᠠᠷᠤᠯᠲᠠ᠎ᠶᠢᠨ ᠲᠤᠰᠬᠠᠢ ᠠᠵᠢᠯᠯᠠᠭ᠎ᠠ ᠵᠢ ᠬᠦᠨᠵᠡᠭᠡᠢ ᠦᠷᠨᠢᠭᠦᠯᠪᠡ; 37 ᠬᠤᠪᠢᠰᠬᠠᠯ᠎ᠤᠨ ᠲᠡᠦᠬᠡ᠎ᠶᠢᠨ ᠳᠤᠷᠠᠰᠬᠠᠯᠲᠤ ᠵᠦᠢᠯᠡᠰ᠎ᠢ ᠬᠠᠮᠠᠭᠠᠯᠠᠨ ᠠᠰᠢᠭ᠍ᠯᠠᠬᠤ ᠬᠡᠰᠡᠭ ᠣᠷᠣᠨ᠎ᠢ ᠲᠥᠪᠯᠡᠷᠡᠭᠦᠯᠦᠨ ᠵᠠᠯᠭᠠᠯᠳᠤᠭᠤᠯᠤᠨ ᠬᠠᠮᠠᠭᠠᠯᠠᠪᠠ᠃ ᠤᠯᠤᠰ᠎ᠤᠨ ᠳᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ ᠴᠢᠨᠠᠷᠲᠠᠢ ᠵᠦᠢᠯᠡᠰ 1557 ᠵᠦᠢᠯ᠎ᠳᠦ ᠬᠦᠷᠪᠡ; ᠤᠯᠤᠰ᠎ᠤᠨ ᠲᠡᠰ᠎ᠤᠨ᠂ ᠮᠤᠵᠢ᠎ᠶᠢᠨ ᠲᠡᠰ᠎ᠤᠨ 290 ᠰᠣᠶᠣᠯ ᠠᠮᠢ ᠠᠬᠤᠢ᠎ᠶᠢᠨ ᠬᠠᠮᠠᠭᠠᠯᠠᠯᠲᠠ᠎ᠶᠢᠨ ᠣᠷᠣᠨ ᠤᠳᠤᠨ ᠮᠡᠴᠢᠳ ᠮᠡᠲᠦ ᠲᠦᠭᠡᠵᠦ᠂ ᠪᠣᠳᠠᠰ᠎ᠤᠨ ᠪᠤᠰᠤ ᠰᠣᠶᠣᠯ᠎ᠤᠨ ᠥᠪ ᠵᠢᠴᠢ ᠲᠡᠭᠦᠨ᠎ᠦ ᠲᠦᠰᠢᠭᠯᠡᠭᠰᠡᠨ ᠰᠣᠶᠣᠯ ᠢᠷᠭᠡᠨᠰᠢᠯ ᠪᠣᠯᠣᠨ ᠪᠠᠢᠭᠠᠯᠢ᠎ᠶᠢᠨ ᠣᠷᠴᠢᠨ ᠲᠣᠭᠣᠷᠢᠨ᠎ᠳᠤ ᠪᠦᠬᠦᠯᠢ ᠴᠣᠭᠴᠠ᠎ᠶᠢᠨ ᠴᠢᠨᠠᠷᠲᠠᠢ ᠬᠠᠮᠠᠭᠠᠯᠠᠯᠲᠠ ᠬᠢᠪᠡ᠃ ᠮᠠᠨ᠎ᠤ ᠤᠯᠤᠰ ᠨᠢᠭᠡᠨᠲᠡ ᠡᠯ᠎ᠡ ᠱᠠᠲᠤᠨ᠎ᠤ ᠡᠯ᠎ᠡ ᠲᠦᠷᠦᠯ᠎ᠦᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠢ 2600 ᠭᠠᠷᠤᠢ ᠪᠠᠢᠭᠤᠯᠵᠤ᠂ ᠤᠯᠤᠰ᠎ᠤᠨ ᠴᠡᠴᠡᠷᠯᠢᠭ᠎ᠢᠶᠡᠷ ᠭᠣᠣᠯ ᠴᠣᠭᠴᠠ ᠪᠣᠯᠭᠠᠭᠰᠠᠨ ᠰᠢᠨ᠎ᠡ ᠬᠡᠯᠪᠡᠷᠢ᠎ᠶᠢᠨ ᠪᠠᠢᠭᠠᠯᠢ᠎ᠶᠢᠨ ᠬᠠᠮᠠᠭᠠᠯᠠᠯᠲᠠ᠎ᠶᠢᠨ ᠭᠠᠵᠠᠷ᠎ᠤᠨ ᠰᠢᠰᠲᠧᠮ᠎ᠢ ᠠᠩᠬ᠎ᠠ ᠠᠯᠬᠤᠮ ᠪᠠᠢᠭᠤᠯᠵᠤ᠂ 90% ᠵᠢᠨ ᠡᠬᠡ ᠬᠠᠭᠤᠷᠠᠢ᠎ᠶᠢᠨ ᠠᠮᠢ ᠠᠬᠤᠢ᠎ᠶᠢᠨ ᠰᠢᠰᠲᠧᠮ᠎ᠦᠨ ᠲᠦᠷᠦᠯ ᠬᠡᠯᠪᠡᠷᠢ ᠪᠠ 74% ᠵᠢᠨ ᠤᠯᠤᠰ᠎ᠤᠨ ᠭᠣᠣᠯᠳᠠᠯᠭ᠎ᠠ᠎ᠲᠠᠢ ᠬᠠᠮᠠᠭᠠᠯᠠᠬᠤ ᠬᠡᠭᠡᠷ᠎ᠡ᠎ᠶᠢᠨ ᠠᠮᠢᠲᠠᠨ ᠤᠷᠭᠤᠮᠠᠯ᠎ᠤᠨ ᠳᠦᠷᠰᠦ᠎ᠶᠢᠨ ᠰᠦᠷᠦᠭ᠎ᠢ ᠪᠦᠲᠦᠮᠵᠢᠲᠡᠶ ᠬᠠᠮᠠᠭᠠᠯᠠᠪᠠ᠃
ᠴᠢᠳᠠᠪᠤᠷᠢᠲᠠᠨ᠎ᠢ ᠬᠦᠭᠵᠢᠬᠦᠯᠦᠨ ᠮᠠᠨᠳᠤᠭᠤᠯᠬᠤ — ᠬᠣᠯᠪᠣᠭᠳᠠᠯ ᠪᠦᠬᠦᠢ ᠰᠠᠯᠠᠭ᠎ᠠ ᠮᠥᠴᠢᠷ 《ᠪᠦᠬᠦ ᠤᠯᠤᠰ᠎ᠤᠨ ᠬᠠᠭᠤᠴᠢ ᠰᠤᠳᠤᠯᠤᠯ᠎ᠤᠨ ᠴᠢᠳᠠᠪᠤᠷᠢᠲᠠᠨ᠎ᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ》 ᠶ᠋ᠢ ᠡᠬᠢᠯᠡᠨ ᠬᠡᠷᠡᠭᠵᠢᠭᠦᠯᠵᠦ᠂ ᠪᠦᠬᠦ ᠤᠯᠤᠰ᠎ᠤᠨ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠠᠵᠢᠯ ᠲᠦᠷᠦᠯ᠎ᠦᠨ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠤᠷᠤᠯᠳᠤᠭᠠᠨ᠎ᠢ ᠡᠷᠬᠢᠯᠡᠵᠦ᠂ ᠠᠩᠬᠠᠳᠤᠭᠠᠷ ᠬᠤᠭᠤᠴᠠᠭᠠᠨ᠎ᠤ 《ᠪᠦᠬᠦ ᠤᠯᠤᠰ᠎ᠤᠨ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠲᠣᠮᠣ᠌ ᠤᠷᠠᠴᠤᠳ》 ᠢ᠋ ᠤᠬᠠᠭᠤᠯᠤᠨ ᠰᠤᠨᠭᠭᠤᠪᠠ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠤᠯᠭᠠᠭᠤᠷᠢᠯᠠᠯ᠎ᠢ ᠴᠢᠩᠭᠠᠳᠬᠠᠵᠤ᠂ ᠴᠢᠯᠠᠭᠤᠨ ᠠᠭᠤᠢ᠎ᠶᠢᠨ ᠰᠦᠮ᠎ᠡ᠂ ᠰᠢᠷᠣᠢ᠎ᠶᠢᠨ ᠪᠠᠭᠤᠷᠢ᠂ ᠬᠠᠨ᠎ᠠ᠎ᠶᠢᠨ ᠵᠢᠷᠤᠭ᠂ ᠮᠦᠽᠧᠢ᠎ᠳᠦ ᠬᠠᠳᠠᠭᠠᠯᠠᠵᠤ ᠪᠠᠢᠭ᠎ᠠ ᠬᠡᠪᠡᠷᠡᠭ ᠲᠡᠦᠬᠡ᠎ᠶᠢᠨ ᠳᠤᠷᠠᠰᠬᠠᠯᠲᠤ ᠵᠦᠢᠯᠡᠰ ᠵᠡᠷᠭᠡ ᠭᠣᠣᠯᠳᠠᠯᠭ᠎ᠠ᠎ᠲᠠᠢ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠲᠦᠷᠦᠯ ᠬᠡᠯᠪᠡᠷᠢ᠎ᠶᠢ ᠬᠠᠮᠠᠭᠠᠯᠠᠨ ᠰᠡᠷᠭᠦᠭᠡᠬᠦ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠤᠯᠤᠰ᠎ᠤᠨ ᠲᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭᠠᠮᠵᠢᠯᠠᠭ᠍ᠴᠢ 3994 ᠬᠥᠮᠥᠨ ᠪᠠᠢᠵᠤ᠂ 200 ᠭᠠᠷᠤᠢ ᠶᠡᠬᠡ ᠳᠡᠭᠡᠳᠦ ᠰᠤᠷᠭᠠᠭᠤᠯᠢ ᠳᠤᠮᠳᠠᠳᠤ ᠤᠯᠤᠰ᠎ᠤᠨ ᠪᠤᠳᠠᠰ᠎ᠤᠨ ᠪᠤᠰᠤ ᠰᠣᠶᠣᠯ᠎ᠤᠨ ᠥᠪ᠎ᠦᠨ ᠰᠤᠳᠤᠯᠤᠨ ᠰᠤᠷᠤᠯᠴᠠᠬᠤ ᠪᠣᠯᠪᠠᠰᠤᠷᠠᠯ᠎ᠤᠨ ᠲᠥᠯᠥᠪᠯᠡᠭᠡ᠎ᠳᠦ ᠢᠳᠡᠪᠬᠢᠲᠡᠢ ᠣᠷᠣᠯᠴᠠᠪᠠ᠃
《ᠠᠷᠪᠠᠨ ᠲᠠᠪᠤᠳᠤᠭᠠᠷ ᠲᠠᠪᠤᠨ ᠵᠢᠯ》ᠦ᠋ᠨ ᠲᠥᠯᠦᠪᠵᠢᠭᠦᠯᠭᠡ᠎ᠶᠢᠨ ᠬᠦᠲᠦᠯᠪᠦᠷᠢ᠎ᠳᠤ 《ᠰᠣᠶᠣᠯ᠎ᠤᠨ ᠥᠪ᠎ᠦᠨ ᠰᠢᠰᠲᠧᠮᠲᠦ ᠴᠢᠨᠠᠷᠲᠠᠢ ᠬᠠᠮᠠᠭᠠᠯᠠᠯᠲᠠ ᠪᠠ ᠨᠢᠭᠡᠳᠦᠯᠲᠡᠢ ᠬᠢᠨᠠᠯᠲᠠ ᠬᠠᠮᠢᠶᠠᠷᠤᠯᠲᠠ᠎ᠶᠢ ᠲᠦᠯᠬᠢᠨ ᠠᠬᠢᠭᠤᠯᠤᠨ᠎ᠠ》᠂ 《ᠪᠠᠢᠭᠠᠯᠢ᠎ᠶᠢᠨ ᠬᠠᠮᠠᠭᠠᠯᠠᠯᠲᠠ᠎ᠶᠢᠨ ᠭᠠᠵᠠᠷ᠎ᠤᠨ ᠰᠢᠰᠲᠧᠮ᠎ᠦᠨ ᠪᠠᠢᠭᠤᠯᠤᠯᠲᠠ᠎ᠶᠢ ᠪᠦᠬᠦ ᠲᠠᠯ᠎ᠠ᠎ᠪᠠᠷ ᠠᠬᠢᠭᠤᠯᠤᠨ᠎ᠠ》 ᠭᠡᠵᠦ ᠳᠤᠷᠠᠳᠴᠠᠢ᠃
ᠲᠡᠦᠬᠡ᠎ᠶᠢᠨ ᠳᠤᠷᠠᠰᠬᠠᠯᠲᠤ ᠵᠦᠢᠯᠡᠰ ᠡᠷᠲᠡᠨ᠎ᠦ ᠦᠯᠡᠳᠡᠭᠳᠡᠯ᠂ ᠡᠷᠲᠡᠨ᠎ᠦ ᠪᠠᠷᠢᠯᠭ᠎ᠠ᠂ ᠨᠡᠷᠡᠲᠦ ᠬᠣᠲᠠ ᠨᠡᠷᠡᠲᠦ ᠪᠠᠯᠭᠠᠰᠤ᠂ ᠲᠡᠦᠬᠡ᠎ᠶᠢᠨ ᠵᠡᠭᠡᠯᠢ ᠲᠣᠭᠣᠷᠢᠭ᠋᠂ ᠤᠯᠠᠮᠵᠢᠯᠠᠯᠲᠤ ᠠᠢᠯ ᠲᠣᠰᠬᠣᠨ᠂ ᠰᠣᠶᠣᠯ᠎ᠤᠨ ᠦᠵᠡᠮᠵᠢ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠠᠷᠠᠳ᠎ᠤᠨ ᠵᠠᠩ ᠦᠢᠯᠡ ᠵᠡᠷᠭᠡ ᠰᠣᠶᠣᠯ᠎ᠤᠨ ᠥᠪ᠎ᠦᠨ ᠰᠢᠰᠲᠧᠮᠲᠦ ᠴᠢᠨᠠᠷᠲᠠᠢ ᠬᠠᠮᠠᠭᠠᠯᠠᠯᠲᠠ᠎ᠶᠢ ᠬᠠᠮᠵᠢᠯᠴᠠᠨ ᠠᠬᠢᠭᠤᠯᠵᠤ᠂ ᠰᠣᠶᠣᠯ᠎ᠤᠨ ᠥᠪ᠎ᠦᠨ ᠬᠠᠮᠠᠭᠠᠯᠠᠯᠲᠠ᠎ᠶᠢᠨ ᠬᠢᠨᠠᠨ ᠪᠠᠢᠴᠠᠭᠠᠬᠤ ᠳᠦᠷᠢᠮ᠎ᠢ ᠪᠠᠢᠭᠤᠯᠵᠤ᠂ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠠᠬᠢᠭᠤᠯᠵᠤ᠂ ᠪᠤᠳᠠᠰ᠎ᠤᠨ ᠪᠤᠰᠤ ᠰᠤᠶᠤᠯ᠎ᠤᠨ ᠦᠪ᠎ᠤᠨ ᠤᠯᠠᠮᠵᠢᠯᠠᠯ᠎ᠤᠨ ᠪᠡᠶᠡᠴᠢᠯᠡᠨ ᠣᠢᠯᠠᠭᠠᠬᠤ ᠲᠤᠨᠤᠭ ᠲᠥᠬᠦᠭᠡᠷᠦᠮᠵᠢ᠎ᠶᠢᠨ ᠰᠢᠰᠲ᠋ᠸᠮ᠎ᠢ ᠪᠦᠷᠢᠨᠰᠢᠭᠦᠯᠵᠦ᠂ ᠤᠯᠤᠰ᠎ᠤᠨ ᠭᠣᠣᠯᠳᠠᠯᠭ᠎ᠠ᠎ᠲᠠᠢ ᠠᠮᠢ ᠠᠬᠤᠢ᠎ᠶᠢᠨ ᠴᠢᠳᠠᠮᠵᠢᠲᠤ ᠣᠷᠣᠨ᠂ ᠴᠢᠬᠤᠯᠠ ᠠᠮᠢ ᠠᠬᠤᠢ᠎ᠶᠢᠨ ᠬᠣᠩᠭᠢᠯ ᠵᠠᠮ᠎ᠤᠨ ᠬᠠᠮᠠᠭᠠᠯᠠᠯᠲᠠ᠎ᠶᠢᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠤᠯᠤᠰ᠎ᠤᠨ ᠴᠡᠴᠡᠷᠯᠢᠭ᠎ᠢᠶᠡᠷ ᠭᠣᠣᠯ ᠴᠣᠭᠴᠠ ᠪᠣᠯᠭᠠᠭᠰᠠᠨ ᠪᠠᠢᠭᠠᠯᠢ᠎ᠶᠢᠨ ᠬᠠᠮᠠᠭᠠᠯᠠᠯᠲᠠ᠎ᠶᠢᠨ ᠭᠠᠵᠠᠷ᠎ᠤᠨ ᠰᠢᠰᠲ᠋ᠸᠮ᠎ᠤᠨ ᠪᠠᠢᠭᠤᠯᠤᠯᠲᠠ᠎ᠶᠢ ᠪᠦᠬᠦ ᠲᠠᠯ᠎ᠠ᠎ᠪᠠᠷ ᠠᠬᠢᠭᠤᠯᠤᠨ᠎ᠠ ᠁
ᠪᠣᠳᠠᠲᠠᠢ᠎ᠶᠢ ᠡᠷᠬᠢᠮᠯᠡᠭᠰᠡᠨ ᠠᠷᠭ᠎ᠠ ᠬᠡᠮᠵᠢᠶ᠎ᠡ᠎ᠨᠦᠭᠦᠳ᠎ᠦᠨ ᠭᠦᠨᠵᠡᠭᠡᠢᠷᠡᠨ ᠠᠬᠢᠬᠤ᠎ᠶᠢ ᠳᠠᠭᠠᠯᠳᠤᠨ᠂ ᠳᠤᠮᠳᠠᠳᠤ᠎ᠶᠢᠨ ᠦᠨᠳᠦᠰᠦᠲᠡᠨ᠎ᠦ ᠰᠣᠶᠣᠯ᠎ᠤᠨ ᠦᠨᠡᠲᠦ ᠡᠷᠳᠡᠨᠢ ᠪᠠ ᠪᠠᠢᠭᠠᠯᠢ᠎ᠶᠢᠨ ᠬᠣᠪᠣᠷ ᠡᠷᠳᠡᠨᠢ ᠥᠨᠢᠳᠡ ᠦᠯᠡᠳᠡᠵᠤ᠂ ᠬᠣᠢᠴᠢ ᠬᠥᠮᠥᠰ᠎ᠲᠦ ᠠᠰᠢᠭ᠋ ᠬᠦᠷᠲᠡᠭᠡᠬᠦ ᠨᠢ ᠯᠠᠪᠲᠠᠢ ᠶᠤᠮ᠃
ᠤᠮᠳᠠᠯᠠᠯ᠄ ᠠᠷᠠᠳ ᠣᠯᠠᠨ᠎ᠤ ᠰᠠᠢᠨ ᠰᠠᠢᠬᠠᠨ ᠠᠮᠢᠳᠤᠷᠠᠯ᠎ᠤᠨ ᠬᠡᠷᠡᠭᠴᠡᠭᠡ᠎ᠶᠢ ᠨᠠᠩ ᠰᠠᠢᠲᠤᠷ ᠬᠠᠩᠭᠠᠨ᠎ᠠ
ᠬᠤᠪᠧᠢ᠎ᠶᠢᠨ ᠶᠦᠨ ᠮᠧᠩ ᠰᠢᠶᠠᠨ᠎ᠤ ᠮᠦᠽᠧᠢ᠂ ᠨᠢᠭᠡᠨ 《ᠵᠢᠵᠢᠭ ᠠᠳᠠᠯ᠎ᠠ ᠭᠤᠢᠳᠠ》 ᠰᠢᠶᠠᠨ᠎ᠤ ᠲᠡᠰ᠎ᠤᠨ ᠮᠦᠽᠧᠢ᠂ ᠳᠤᠮᠳᠠᠳᠤ ᠤᠯᠤᠰ᠎ᠤᠨ ᠬᠠᠭᠤᠴᠢ ᠰᠤᠳᠤᠯᠤᠯ᠎ᠤᠨ ᠲᠡᠦᠬᠡᠨ ᠳᠡᠭᠡᠷ᠎ᠡ ᠠᠩᠬ᠎ᠠ ᠤᠳᠠᠭ᠎ᠠ ᠢᠯᠡᠷᠡᠭᠦᠯᠦᠭᠰᠡᠨ ᠴᠢᠨ ᠤᠯᠤᠰ᠎ᠤᠨ ᠬᠤᠯᠤᠰᠤᠨ ᠴᠤᠭᠤᠳᠠᠰᠤ — ᠱᠦᠢ ᠾᠸᠤ᠌ᠳᠢᠶᠢᠨ ᠬᠤᠯᠤᠰᠤᠨ ᠴᠤᠭᠤᠳᠠᠰᠤ ᠵᠢ ᠬᠠᠳᠠᠭᠠᠯᠠᠵᠤ ᠪᠠᠢᠭ᠎ᠠ ᠪᠤᠯᠬᠤᠷ ᠶᠡᠷᠦ ᠪᠤᠰᠤ᠎ᠶᠢᠨ ᠬᠦᠷᠢᠶᠡᠯᠡᠯ᠎ᠢ ᠣᠯᠵᠤ ᠪᠠᠢᠳᠠᠭ᠃ 2025 ᠣᠨ᠎ᠳᠤ᠂ ᠲᠤᠰ ᠣᠷᠳᠣᠨᠳ᠋ᠤ ᠵᠢᠭᠤᠯᠴᠢᠯᠠᠭᠰᠡᠳ᠎ᠤᠨ ᠲᠣᠭ᠎ᠠ 105.4 ᠲᠦᠮᠡᠨ ᠬᠥᠮᠥᠨ ᠤᠳᠠᠭ᠎ᠠ᠎ᠶᠢ ᠳᠠᠪᠠᠵᠤ᠂ ᠠᠳᠠᠯᠢ ᠬᠤᠭᠤᠴᠠᠭᠠᠨ᠎ᠤ ᠬᠢ᠎ᠡᠴᠡ 140% ᠪᠡᠷ ᠨᠡᠮᠡᠭᠳᠡᠪᠡ᠃
2024 ᠣᠨ᠎ᠤ 11 ᠰᠠᠷ᠎ᠠ᠎ᠶᠢᠨ 4 ᠤ᠋ ᠡᠳᠦᠷ᠂ ᠬᠤᠪᠧᠢ ᠳ᠋ᠤ᠌ ᠰᠢᠨᠵᠢᠯᠡᠨ ᠪᠠᠢᠴᠠᠭᠠᠵᠤ ᠪᠠᠢᠭᠰᠠᠨ ᠶᠡᠷᠦᠩᠬᠡᠢ ᠱᠦᠵᠢ ᠰᠢ ᠵᠢᠨ ᠫᠢᠩ ᠡᠨᠳᠡ ᠢᠷᠡᠵᠥ ᠴᠢᠨ ᠤᠯᠤᠰ ᠬᠠᠨ ᠤᠯᠤᠰ᠎ᠤᠨ ᠦᠶ᠎ᠡ᠎ᠶᠢᠨ ᠬᠤᠯᠤᠰᠤᠨ ᠴᠤᠭᠤᠳᠠᠰᠤ᠎ᠶᠢᠨ ᠦᠵᠡᠭᠦᠯᠭᠡ᠎ᠶᠢ ᠲᠣᠭᠣᠷᠢᠨ ᠦᠵᠡᠵᠦ᠂ ᠬᠠᠭᠤᠴᠢ ᠰᠤᠳᠤᠯᠤᠯ᠎ᠤᠨ ᠰᠤᠳᠤᠯᠭᠠᠨ᠎ᠢ ᠦᠷᠭᠦᠯᠵᠢᠯᠡᠨ ᠴᠢᠩᠭᠠᠳᠬᠠᠵᠤ᠂ ᠲᠡᠦᠬᠡ᠎ᠶᠢᠨ ᠳᠤᠷᠠᠰᠬᠠᠯᠲᠤ ᠵᠦᠢᠯᠡᠰ᠎ᠢ ᠬᠠᠮᠠᠭᠠᠯᠠᠬᠤ ᠲᠦᠪᠰᠢᠨ᠎ᠢᠶᠡᠨ ᠳᠡᠭᠡᠭᠰᠢᠯᠡᠭᠦᠯᠵᠦ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠬᠤ᠂ ᠰᠣᠶᠣᠯ᠎ᠤᠨ ᠢᠲᠡᠭᠡᠯ᠎ᠢ ᠨᠡᠮᠡᠭᠳᠡᠭᠦᠯᠬᠦ᠎ᠳᠦ ᠪᠠᠲᠤ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠬᠠᠭᠤᠴᠢ ᠰᠤᠳᠤᠯᠤᠯ᠎ᠤᠨ ᠠᠵᠢᠯ ᠪᠣᠯ ᠳᠤᠮᠳᠠᠳᠤ᠎ᠶᠢᠨ ᠦᠨᠳᠦᠰᠦᠲᠡᠨ᠎ᠦ ᠲᠡᠦᠬᠡ᠂ ᠳᠤᠮᠳᠠᠳᠤ᠎ᠶᠢᠨ ᠪᠣᠯᠪᠠᠰᠤᠨ᠎ᠤ ᠦᠨᠡᠲᠦ ᠡᠷᠳᠡᠨᠢ᠎ᠶᠢ ᠳᠡᠯᠭᠡᠨ ᠦᠵᠡᠭᠦᠯᠬᠦ ᠪᠠ ᠪᠠᠶ᠋ᠢᠭᠤᠯᠬᠤ ᠴᠢᠬᠤᠯᠠ ᠠᠵᠢᠯ ᠮᠥᠨ᠃
ᠣᠳᠣᠬᠠᠨ᠎ᠳᠤ᠂ ᠮᠠᠨ᠎ᠤ ᠤᠯᠤᠰ 《ᠬᠠᠭᠤᠴᠢ ᠰᠤᠳᠤᠯᠤᠯ᠎ᠤᠨ ᠳᠤᠮᠳᠠᠳᠤ ᠤᠯᠤᠰ》 ᠭᠡᠬᠦ ᠴᠢᠬᠤᠯᠠ ᠶᠡᠬᠡ ᠲᠥᠷᠥᠯ ᠵᠦᠢᠯ᠂ ᠰᠢᠶᠠ ᠱᠠᠩ᠎ᠤᠨ ᠦᠶ᠎ᠠ ᠵᠢᠨ ᠪᠣᠯᠪᠠᠰᠤᠨ᠎ᠤ ᠰᠤᠳᠤᠯᠭᠠᠨ᠎ᠤ ᠢᠨᠵᠧᠨᠧᠷᠢᠩ᠂ ᠳᠤᠮᠳᠠᠳᠤ᠎ᠶᠢᠨ ᠪᠣᠯᠪᠠᠰᠤᠨ᠎ᠤ ᠡᠬᠢ ᠰᠤᠷᠪᠤᠯᠵᠢ᠎ᠶᠢ ᠬᠠᠢᠨ ᠰᠢᠨᠵᠢᠯᠡᠬᠦ ᠢᠨᠵᠧᠨᠧᠷᠢᠩ᠎ᠦᠨ ᠵᠢᠷᠭᠤᠳᠤᠭᠠᠷ ᠬᠤᠭᠤᠴᠠᠭᠠᠨ᠎ᠤ ᠴᠠᠭ ᠤᠷᠤᠨ ᠤ᠋ ᠰᠤᠳᠤᠯᠭᠠᠨ᠎ᠤ ᠬᠡᠪᠴᠢᠶ᠎ᠡ᠎ᠶᠢ ᠥᠷᠭᠡᠳᠬᠡᠬᠦ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠪᠠᠢᠨ᠎ᠠ᠃ ᠳᠤᠮᠳᠠᠳᠤ ᠤᠯᠤᠰ᠎ᠤᠨ ᠣᠨᠴᠠᠯᠢᠭ᠋ ᠲᠠᠢ ᠳᠤᠮᠳᠠᠳᠤ ᠤᠯᠤᠰ᠎ᠤᠨ ᠬᠡᠪ ᠨᠠᠮᠪᠠ᠎ᠲᠠᠢ ᠳᠤᠮᠳᠠᠳᠤ ᠤᠯᠤᠰ᠎ᠤᠨ ᠣᠮᠣᠭ ᠰᠦᠷ᠎ᠢ ᠢᠯᠡᠷᠡᠬᠦᠯᠦᠭᠰᠡᠨ ᠬᠠᠭᠤᠴᠢ ᠰᠤᠳᠤᠯᠤᠯ᠎ᠢ ᠠᠩᠬ᠎ᠠ ᠠᠯᠬᠤᠮ ᠪᠠᠢᠭᠤᠯᠵᠤ᠂ ᠬᠥᠮᠥᠰ᠎ᠤᠨ ᠥᠨᠢ ᠤᠳᠠᠭᠠᠨ ᠤᠯᠠᠮᠵᠢᠯᠠᠯ᠎ᠲᠠᠢ᠂ ᠥᠷᠭᠡᠨ ᠳᠡᠯᠭᠡᠷ ᠭᠦᠨ ᠭᠦᠨᠵᠡᠭᠡᠢ ᠳᠤᠮᠳᠠᠳᠤ᠎ᠶᠢᠨ ᠪᠣᠯᠪᠠᠰᠤᠨ᠎ᠢ ᠨᠠᠩ ᠰᠠᠢᠲᠤᠷ ᠳᠠᠨᠢᠬᠤ ᠵᠢ ᠠᠬᠢᠭᠤᠯᠪᠠ᠃
《ᠮᠢᠨᠤ ᠬᠠᠮᠤᠭ ᠡᠴᠡ ᠠᠩᠬᠠᠷᠴᠤ ᠪᠠᠢᠭ᠎ᠠ ᠵᠦᠢᠯ ᠪᠣᠯ ᠳᠤᠮᠳᠠᠳᠤ᠎ᠶᠢᠨ ᠪᠣᠯᠪᠠᠰᠤᠨ᠎ᠤ ᠤᠯᠠᠷᠢᠯ ᠬᠤᠪᠢᠰᠤᠯᠲᠠ᠎ᠶᠢ ᠥᠩᠭᠡᠷᠡᠭᠡᠭᠡᠳ ᠦᠯᠡᠳᠡᠭᠰᠡᠨ ᠬᠠᠮᠤᠭ᠎ᠤᠨ ᠡᠷᠬᠢᠮ ᠨᠠᠨᠳᠢᠨ ᠵᠦᠢᠯᠡᠰ ᠪᠣᠯᠣᠨ᠎ᠠ》᠃ ᠶᠡᠷᠦᠩᠬᠡᠢ ᠱᠦᠵᠢ ᠰᠢ ᠵᠢᠨ ᠫᠢᠩ᠂ ᠰᠣᠶᠣᠯ᠎ᠤᠨ ᠪᠠ ᠪᠠᠢᠭᠠᠯᠢ᠎ᠶᠢᠨ ᠥᠪ᠎ᠢ ᠤᠯᠠᠮᠵᠢᠯᠠᠬᠤ᠂ ᠠᠰᠢᠭ᠍ᠯᠠᠬᠤ ᠠᠵᠢᠯ᠎ᠢ ᠦᠷᠭᠦᠯᠵᠢᠯᠡᠨ ᠴᠢᠩᠭᠠᠳᠬᠠᠵᠤ᠂ ᠲᠡᠭᠦᠨ᠎ᠢ ᠰᠢᠨ᠎ᠡ ᠴᠠᠭ ᠦᠶ᠎ᠡ᠎ᠳᠦ ᠰᠢᠨ᠎ᠡ ᠠᠮᠢᠵᠢᠷᠠᠯ᠎ᠤᠨ ᠬᠦᠴᠦᠨ᠎ᠲᠠᠢ ᠪᠣᠯᠭᠠᠵᠤ᠂ ᠰᠢᠨ᠎ᠡ ᠭᠡᠷᠡᠯ ᠭᠢᠯᠪᠠᠭ᠎ᠠ ᠰᠠᠴᠤᠷᠠᠭᠤᠯᠵᠤ᠂ ᠠᠷᠠᠳ ᠤᠯᠠᠨ᠎ᠤ ᠰᠠᠢᠨ ᠰᠠᠢᠬᠠᠨ ᠠᠮᠢᠳᠤᠷᠠᠯ᠎ᠤᠨ ᠬᠡᠷᠡᠭᠴᠡᠭᠡ᠎ᠶᠢ ᠨᠡᠩ ᠰᠠᠢᠲᠤᠷ ᠬᠠᠩᠭᠠᠬᠤ ᠬᠡᠷᠡᠭᠲᠡᠢ ᠭᠡᠬᠦ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ ᠳᠠᠯᠪᠢᠪᠠ᠃
ᠪᠡᠭᠡᠵᠢᠩ᠎ᠦᠨ ᠸᠠᠨ ᠫᠢᠩ ᠬᠣᠲᠠ᠎ᠳᠤ᠂ ᠪᠦᠯᠦᠭ ᠪᠦᠯᠦᠭ᠎ᠢᠶᠡᠷ ᠬᠦᠷᠦᠯᠴᠡᠨ ᠢᠷᠡᠭᠰᠡᠨ ᠵᠠᠯᠠᠭᠤ ᠪᠠᠭ᠎ᠠ ᠨᠠᠰᠤᠨ᠎ᠤ ᠦᠵᠡᠭᠴᠢᠳ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠳᠠᠶ᠋ᠢᠨ᠎ᠦ ᠳᠤᠷᠠᠰᠬᠠᠯ᠎ᠤᠨ ᠣᠷᠳᠣᠨ᠎ᠳᠤ ᠤᠷᠤᠵᠤ 《ᠦᠨᠳᠦᠰᠦᠲᠡᠨ᠎ᠦ ᠴᠢᠯᠦᠭᠡᠯᠡᠯᠲᠡ ᠪᠣᠯᠣᠨ ᠳᠡᠯᠡᠬᠡᠢ᠎ᠶᠢᠨ ᠡᠩᠬᠡ ᠲᠠᠢᠪᠤᠩ᠎ᠤᠨ ᠲᠥᠯᠥᠭᠡ》 ᠭᠡᠬᠦ ᠭᠣᠣᠯ ᠰᠡᠳᠦᠪᠲᠦ ᠦᠵᠡᠭᠦᠯᠭᠡ᠎ᠶᠢ ᠲᠣᠭᠣᠷᠢᠨ ᠦᠵᠡᠨ᠎ᠡ᠃ 6 ᠰᠠᠷ᠎ᠠ᠎ᠶᠢᠨ 11 ᠤ᠋ ᠡᠳᠦᠷ ᠪᠣᠯᠲᠠᠯ᠎ᠠ᠂ ᠲᠤᠰ ᠦᠵᠡᠬᠦᠯᠬᠡ ᠨᠢ ᠨᠡᠢ᠍ᠢᠳᠡ 228 ᠲᠦᠮᠡᠨ ᠬᠥᠮᠥᠨ ᠤᠳᠠᠭ᠎ᠠ᠎ᠶᠢᠨ ᠦᠵᠡᠭᠴᠢᠳ᠎ᠢ ᠬᠦᠯᠢᠶᠡᠨ ᠠᠪᠴᠠᠢ᠃
ᠨᠢᠳᠤᠨᠤᠨ ᠡᠯ᠎ᠡ ᠭᠠᠵᠠᠷ᠎ᠲᠤ ᠶᠠᠫᠤᠨ᠎ᠢ ᠡᠰᠡᠷᠭᠦᠴᠡᠬᠦ ᠳᠠᠶ᠋ᠢᠨ ᠢᠯᠠᠯᠲᠠ ᠣᠯᠣᠭᠰᠠᠨ 80 ᠵᠢᠯ᠎ᠦᠨ ᠣᠶ᠎ᠶᠢ ᠳᠤᠷᠠᠰᠬᠠᠬᠤ ᠵᠠᠭᠤ ᠰᠢᠬᠠᠮ ᠵᠦᠢᠯ᠎ᠦᠨ ᠦᠵᠡᠭᠦᠯᠭᠡ ᠦᠵᠡᠭᠴᠢᠳ᠎ᠤᠨ ᠬᠠᠷᠠᠭᠠᠨ ᠳ᠋ᠤ ᠲᠡᠯᠭᠡᠭᠳᠡᠪᠡ᠃ 2025 ᠣᠨ᠎ᠤ ᠡᠴᠦᠰ ᠪᠣᠯᠬᠤ᠎ᠳᠤ᠂ ᠪᠥᠬᠥ ᠤᠯᠤᠰ᠎ᠤᠨ ᠳᠠᠩᠰᠠᠯᠠᠭᠤᠯᠤᠭᠰᠠᠨ ᠮᠦᠽᠧᠢ 7188 ᠪᠣᠯᠵᠤ᠂ ᠰᠦᠢᠳᠬᠡᠯ ᠬᠤᠷᠢᠶᠠᠬᠤ ᠦᠭᠡᠢ᠎ᠪᠡᠷ ᠡᠬᠦᠳᠡ ᠪᠠᠨ ᠨᠡᠭᠡᠭᠡᠭᠰᠡᠨ ᠨᠣᠷᠮ᠎ᠠ 91% ᠶ᠋ᠢ ᠳᠠᠪᠠᠵᠤ᠂ ᠪᠥᠬᠥ ᠵᠢᠯ᠎ᠳᠦ ᠦᠵᠡᠭᠴᠢᠳ᠎ᠢ 15.6 ᠳ᠋ᠦᠩᠰᠢᠭᠤᠷ ᠬᠥᠮᠥᠨ ᠤᠳᠠᠭ᠎ᠠ ᠭᠥᠯᠢᠶᠡᠨ ᠠᠪᠴᠠᠢ᠃ ᠬᠥᠮᠥᠰ ᠰᠣᠶᠣᠯ᠎ᠤᠨ ᠥᠪ᠎ᠲᠠᠢ ᠣᠢᠷᠠᠳᠬᠤ ᠠᠯᠬᠤᠭ᠎ᠠ᠎ᠪᠠᠷ᠎ᠢᠶᠡᠨ ᠶᠠᠭᠤ ᠵᠢ ᠢᠲᠡᠭᠡᠯ᠎ᠦᠨ ᠦᠨᠳᠤᠰᠦ ᠂ ᠬᠦᠴᠦᠨ ᠴᠢᠳᠠᠯ᠎ᠤᠨ ᠡᠬᠢ ᠰᠤᠷᠪᠤᠯᠵᠢ ᠪᠣᠯᠬᠤ᠎ᠶᠢ ᠲᠠᠢᠯᠪᠤᠷᠢᠯᠠᠨ᠎ᠠ᠃
ᠣᠳᠣᠬᠠᠨ᠎ᠳᠤ᠂ ᠰᠣᠶᠣᠯ᠎ᠤᠨ ᠪᠠ ᠪᠠᠢᠭᠠᠯᠢ᠎ᠶᠢᠨ ᠥᠪ ᠨᠢ ᠨᠡᠩ ᠤᠯᠠᠨ ᠬᠦᠮᠦᠰ᠎ᠤᠨ ᠬᠠᠷᠠᠭᠠᠨ ᠳ᠋ᠤ ᠤᠷᠤᠵᠤ᠂ ᠡᠳᠦᠷ ᠢᠷᠡᠬᠦᠶ᠎ᠡ ᠤᠯᠠᠨ ᠲᠦᠮᠡᠨ᠎ᠦ ᠠᠮᠢᠳᠤᠷᠠᠯ᠎ᠳᠤ ᠠᠭᠤᠰᠤᠯᠴᠠᠵᠤ᠂ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠤᠯᠠᠮ ᠨᠢᠭᠡ ᠠᠯᠬᠤᠮ ᠡᠨ᠋ᠸᠷᠬᠢ ᠤᠯᠭᠤᠵᠤ ᠪᠠᠢᠨ᠎ᠠ᠃
ᠪᠡᠭᠡᠵᠢᠩ᠎ᠦᠨ ᠯᠦᠩ ᠹᠦ ᠰᠧ ᠬᠡᠢᠳ᠂ ᠰᠦᠵᠧᠦ᠎ᠶᠢᠨ ᠫᠢᠩᠵᠢᠶᠠᠩ ᠵᠠᠮ᠂ ᠵᠢᠩᠳ᠋ᠸ ᠵᠧᠨ ᠪᠠᠯᠭᠠᠰᠤᠨ᠎ᠤ ᠲᠤᠤ ᠶᠠᠩ ᠯᠢ ᠵᠡᠷᠭᠡ ᠲᠡᠦᠬᠡ ᠰᠣᠶᠣᠯ᠎ᠤᠨ ᠵᠡᠭᠡᠯᠢ ᠵᠢᠨ ᠲᠣᠭᠣᠷᠢᠭ᠋᠎ᠲᠤ ᠬᠥᠮᠥᠰ ᠪᠣᠳᠠᠰ᠎ᠤᠨ ᠪᠤᠰᠤ ᠰᠣᠶᠣᠯ᠎ᠤᠨ ᠥᠪ᠎ᠢ ᠰᠣᠨᠢᠷᠬᠠᠵᠤ᠂ ᠰᠣᠶᠣᠯ᠎ᠤᠨ ᠡᠭᠦᠳᠦᠯᠲᠡ᠎ᠶᠢᠨ ᠪᠦᠳᠦᠭᠡᠭᠳᠡᠬᠦᠨ ᠬᠤᠳᠠᠯᠳᠤᠨ ᠠᠪᠴᠤ᠂ ᠬᠢᠲᠠᠳ ᠬᠤᠪᠴᠠᠰᠤ ᠵᠠᠰᠠᠯ᠎ᠢᠶᠡᠷ ᠭᠤᠶᠤᠯᠠᠵᠤ᠂ ᠳᠤᠮᠳᠠᠳᠤ᠎ᠶᠢᠨ ᠬᠠᠭᠤᠴᠢᠨ ᠲᠦᠷᠦᠯ ᠲᠡᠮᠳᠡᠭ᠎ᠢ ᠰᠣᠨᠢᠷᠬᠠᠵᠤ᠂ ᠡᠷᠲᠡᠨ᠎ᠦ ᠬᠡᠪ ᠨᠠᠮᠪᠠ ᠤᠯᠤᠰ᠎ᠤᠨ ᠬᠡᠪ ᠨᠠᠮᠪᠠ ᠨᠢ ᠬᠠᠯᠠᠮᠰᠢᠯ ᠭᠤᠸ᠎ᠠ ᠲᠠᠭᠠᠰᠢᠶᠠᠯ ᠪᠣᠯᠪᠠ᠃
ᠶᠠᠨ ᠠᠨ᠂ ᠵᠢᠩᠭᠠᠩᠱᠠᠨ᠂ ᠰᠢ ᠪᠠᠢ ᠫᠦᠸᠸ ᠵᠡᠷᠭᠡ ᠬᠤᠪᠢᠰᠬᠠᠯ᠎ᠤᠨ ᠭᠣᠯᠣᠮᠲᠠ ᠵᠢᠨ ᠤᠷᠤᠨ᠎ᠳᠤ᠂ ᠬᠤᠪᠢᠰᠬᠠᠯᠲᠤ ᠠᠭᠤᠯᠭ᠎ᠠ ᠪᠦᠬᠦᠢ ᠲᠣᠭᠯᠠᠯᠲᠠ ᠨᠢ ᠤᠯᠠᠨ᠎ᠤ ᠬᠦᠷᠢᠶᠡᠯᠡᠯ᠎ᠢ ᠣᠯᠵᠤ᠂ ᠬᠤᠪᠢᠰᠬᠠᠯᠲᠤ ᠵᠢᠭᠤᠯᠴᠢᠯᠠᠯ᠎ᠢᠶᠠᠷ ᠡᠷᠲᠡ ᠴᠢᠯᠦᠭᠡᠯᠡᠭᠳᠡᠭᠰᠡᠨ ᠣᠷᠣᠨ᠎ᠤ ᠬᠥᠭᠵᠢᠯᠲᠡ᠎ᠶᠢ ᠲᠠᠢ᠍ᠢᠴᠢᠯᠠᠪᠠ᠃ ᠥᠨᠥᠳᠥᠷ ᠵᠢᠯ ᠪᠦᠷᠢ 6 ᠳ᠋ᠦᠩᠰᠢᠭᠤᠷ ᠬᠥᠮᠥᠨ ᠤᠳᠠᠭ᠎ᠠ᠎ᠶᠢᠨ ᠦᠵᠡᠭᠴᠢᠳ ᠬᠤᠪᠢᠰᠬᠠᠯ᠎ᠤᠨ ᠪᠠᠭᠤᠷᠢ ᠪᠣᠯᠣᠨ ᠳᠤᠷᠠᠰᠬᠠᠯ᠎ᠤᠨ ᠣᠷᠳᠣᠨ᠎ᠳᠦ ᠬᠦᠷᠴᠦ᠂ ᠤᠶᠤᠨ ᠰᠠᠨᠠᠭᠠᠨ᠎ᠤ ᠠᠷᠢᠭᠤᠳᠬᠠᠯ ᠬᠦᠷᠳᠡᠵᠤ ᠡᠷᠡᠮᠡᠬᠡᠢᠯᠡᠨ ᠤᠷᠤᠭᠰᠢᠯᠠᠬᠤ ᠬᠦᠴᠦᠨ ᠴᠢᠳᠠᠯ ᠣᠯᠵᠤ ᠪᠠᠢᠨ᠎ᠠ᠃
ᠦᠵᠡᠮᠵᠢ᠎ᠶᠢᠨ ᠣᠷᠣᠨ᠂ ᠵᠡᠭᠡᠯᠢ ᠭᠤᠳᠤᠮᠵᠢ᠂ ᠨᠡᠢᠭᠡᠮ ᠲᠣᠭᠣᠷᠢᠭ᠋᠎ᠲᠤ 《ᠪᠤᠳᠠᠰ᠎ᠤᠨ ᠪᠤᠰᠤ ᠰᠣᠶᠣᠯ᠎ᠤᠨ ᠥᠪ + ᠠᠶᠠᠯᠠᠯ ᠵᠢᠭᠤᠯᠴᠢᠯᠠᠯ》᠂ 《ᠪᠤᠳᠠᠰ᠎ᠤᠨ ᠪᠤᠰᠤ ᠰᠣᠶᠣᠯ᠎ᠤᠨ ᠥᠪ + ᠤᠷᠤᠰᠬᠠᠯ》 ᠬᠥᠮᠥᠰ᠎ᠦᠨ ᠰᠣᠨᠢᠷᠬᠠᠯ᠎ᠢ ᠲᠠᠲᠠᠨ᠎ᠠ᠃ ᠠᠷᠠᠳ᠎ᠲᠤ ᠠᠰᠢᠭ᠋ ᠬᠦᠷᠲᠡᠭᠡᠬᠦ ᠳᠠᠯᠳᠠ ᠬᠦᠴᠦᠨ᠎ᠢ ᠪᠠᠳᠠᠷᠠᠭᠤᠯᠵᠤ᠂ 《ᠪᠣᠳᠠᠰ᠎ᠤᠨ ᠪᠤᠰᠤ ᠰᠣᠶᠣᠯ᠎ᠤᠨ ᠥᠪ᠎ᠦᠨ ᠬᠡᠷᠡᠭᠯᠡᠭᠡ᠎ᠶᠢ ᠠᠬᠢᠭᠤᠯᠬᠤ ᠠᠵᠢᠯᠯᠠᠭ᠎ᠠ》᠂ 《ᠪᠣᠳᠠᠰ᠎ᠤᠨ ᠪᠤᠰᠤ ᠰᠣᠶᠣᠯ᠎ᠤᠨ ᠥᠪ᠎ᠦᠨ ᠪᠠᠷᠠᠭ᠎ᠠ ᠬᠤᠳᠠᠯᠳᠤᠨ ᠠᠪᠬᠤ ᠨᠠᠢᠷ》᠂ 《ᠳᠥᠷᠪᠡᠨ ᠤᠯᠠᠷᠢᠯ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠪᠠᠷᠠᠭ᠎ᠠ ᠬᠤᠳᠠᠯᠳᠤᠨ ᠠᠪᠬᠤ ᠰᠠᠷ᠎ᠠ》 ᠵᠢᠨ ᠠᠵᠢᠯᠯᠠᠭ᠎ᠠ ᠵᠢ ᠥᠷᠭᠡᠨ᠎ᠢᠶᠡᠷ ᠥᠷᠨᠢᠭᠦᠯᠪᠡ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠵᠦ᠂ ᠮᠠᠨ᠎ᠤ ᠤᠯᠤᠰ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠢᠯᠡᠳᠬᠡᠯ᠎ᠦᠨ ᠭᠠᠵᠠᠷ᠎ᠢ 1.49 ᠲᠦᠮᠡ ᠪᠠᠢᠭᠤᠯᠵᠤ᠂ 130 ᠲᠦᠮᠡ ᠭᠠᠷᠤᠢ ᠬᠥᠮᠥᠨ᠎ᠳᠦ ᠠᠵᠢᠯ ᠣᠯᠭᠣᠵᠤ ᠣᠷᠣᠯᠭ᠎ᠠ᠎ᠶᠢ ᠨᠢ ᠨᠡᠮᠡᠭᠳᠡᠭᠦᠯᠪᠡ᠃
ᠵᠢᠦ ᠵᠠᠢ ᠭᠧᠦ᠂ ᠦ᠋ ᠯᠢᠩ ᠶᠤᠸᠠᠨ᠂ ᠡᠮᠦᠨᠡᠲᠦ ᠣᠷᠣᠨ᠎ᠤ ᠬᠠᠯᠠᠭᠤᠨ ᠪᠦᠰᠡ ᠵᠢᠨ ᠺᠠᠷᠰᠲᠭᠠᠵᠠᠷᠤᠨ ᠭᠠᠳᠠᠷᠭᠤ ᠵᠢᠨ ᠭᠦᠢᠯᠢᠨ ᠳ᠋ᠡᠬᠢ ᠵᠠᠯᠭᠠᠯᠳᠤᠭᠰᠠᠨ ᠣᠷᠣᠨ ᠵᠡᠷᠭᠡ ᠳᠡᠯᠡᠬᠡᠢ᠎ᠶᠢᠨ ᠪᠠᠢᠭᠠᠯᠢ᠎ᠶᠢᠨ ᠥᠪ᠎ᠤᠨ ᠭᠠᠵᠠᠷ᠎ᠲᠤ᠂ ᠵᠢᠭᠤᠯᠴᠢᠯᠠᠯ᠎ᠤᠨ ᠶᠡᠷᠦᠩᠬᠡᠢᠯᠡᠭᠰᠡᠨ ᠣᠷᠣᠯᠭ᠎ᠠ ᠲᠤᠬᠠᠢ᠎ᠶᠢᠨ ᠭᠠᠵᠠᠷ᠎ᠤᠨ ᠤᠯᠤᠰ᠎ᠤᠨ ᠳᠣᠲᠣᠭᠠᠳᠤ᠎ᠶᠢᠨ ᠦᠢᠯᠡᠳᠪᠦᠷᠢᠯᠡᠯ᠎ᠦᠨ ᠶᠡᠷᠦᠩᠬᠡᠢ ᠥᠷᠲᠡᠭᠲᠡᠬᠢ ᠡᠵᠡᠯᠡᠬᠦ ᠬᠤᠪᠢ᠎ᠶᠢᠨ ᠵᠢᠩ ᠨᠢ 50% ᠡᠴᠡ ᠳᠡᠭᠡᠭᠰᠢ ᠪᠠᠢᠵᠤ᠂ ᠣᠷᠣᠨ ᠨᠤᠲᠤᠭ᠎ᠤᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠬᠦᠴᠦᠲᠡᠢ ᠳᠠᠢᠴᠢᠯᠠᠭᠰᠠᠨ ᠪᠠᠢᠨ᠎ᠠ᠃ 2024 ᠣᠨ᠎ᠳᠤ᠂ ᠪᠥᠬᠥ ᠤᠯᠤᠰ᠎ᠤᠨ ᠰᠤᠶᠤᠯ᠎ᠤᠨ ᠪᠠ ᠪᠠᠢᠭᠠᠯᠢ ᠵᠢᠨ ᠥᠪ᠎ᠤᠨ ᠣᠷᠣᠨ᠎ᠤ ᠵᠢᠭᠤᠯᠴᠢᠯᠠᠭᠰᠡᠳ᠎ᠢ ᠭᠥᠯᠢᠶᠡᠨ ᠠᠪᠤᠭᠰᠠᠨ ᠶᠡᠷᠦᠩᠬᠡᠢ ᠬᠡᠮᠵᠢᠶ᠎ᠡ 1.8 ᠳ᠋ᠦᠩᠰᠢᠭᠤᠷ ᠬᠥᠮᠥᠨ ᠤᠳᠠᠭ᠎ᠠ᠎ᠶᠢ ᠳᠠᠪᠠᠵᠤ᠂ ᠪᠠᠷᠤᠭ 1843 ᠳ᠋ᠦᠩᠰᠢᠭᠤᠷ ᠲᠥᠭᠥᠷᠢᠭ᠎ᠦᠨ ᠬᠡᠷᠡᠭᠯᠡᠭᠡ᠎ᠶᠢ ᠳᠠᠶ᠋ᠢᠴᠢᠯᠠᠵᠤ᠂ ᠵᠢᠭᠤᠯᠴᠢᠯᠠᠯ᠎ᠤᠨ ᠦᠢᠯᠡᠰ ᠨᠢ ᠨᠢᠭᠡᠨᠲᠡ ᠲᠤᠬᠠᠢ᠎ᠶᠢᠨ ᠭᠠᠵᠠᠷ᠎ᠤᠨ ᠲᠤᠯᠭᠠᠭᠤᠷᠢ ᠠᠵᠤ ᠦᠢᠯᠡᠰ ᠪᠣᠯᠵᠠᠢ᠃
《ᠮᠦᠽᠧᠢ᠎ᠳᠦ ᠬᠠᠳᠠᠭᠠᠯᠠᠭᠳᠠᠵᠤ ᠪᠠᠢᠭ᠎ᠠ ᠲᠡᠦᠬᠡ᠎ᠶᠢᠨ ᠳᠤᠷᠠᠰᠬᠠᠯᠲᠤ ᠵᠦᠢᠯᠡᠰ᠂ ᠥᠷᠭᠡᠨ ᠠᠭᠤᠳᠠᠮ ᠡᠬᠡ ᠭᠠᠵᠠᠷ᠎ᠲᠤ ᠳᠡᠯᠭᠡᠭᠳᠡᠵᠦ ᠪᠠᠢᠭ᠎ᠠ ᠪᠠᠢᠭᠠᠯᠢ ᠵᠢᠨ ᠥᠪ ᠬᠥᠷᠥᠩᠭᠡ᠂ ᠡᠷᠲᠡᠨ᠎ᠦ ᠨᠣᠮ ᠪᠢᠴᠢᠭ᠎ᠲᠦ ᠪᠢᠴᠢᠭᠳᠡᠵᠦ ᠪᠠᠢᠭ᠎ᠠ ᠥᠰᠥᠭ ᠪᠢᠴᠢᠭ᠎ᠢ ᠴᠥᠮ ᠠᠮᠢᠯᠠᠭᠤᠯᠬᠤ ᠬᠡᠷᠡᠭᠲᠡᠢ》᠃ ᠶᠡᠷᠦᠩᠬᠡᠢ ᠱᠦᠵᠢ ᠰᠢ ᠵᠢᠨ ᠫᠢᠩ᠎ᠦᠨ ᠵᠢᠭᠠᠭᠰᠠᠨ ᠴᠢᠭᠯᠡᠯ᠎ᠢᠶᠡᠷ᠂ ᠳᠤᠮᠳᠠᠳᠤ᠎ᠶᠢᠨ ᠦᠨᠳᠦᠰᠦᠲᠡᠨ᠎ᠦ ᠰᠣᠶᠣᠯ ᠪᠣᠯᠣᠨ ᠪᠠᠢᠭᠠᠯᠢ᠎ᠶᠢᠨ ᠥᠪ᠎ᠢ ᠰᠠᠢᠲᠤᠷ ᠬᠠᠮᠠᠭᠠᠯᠠᠭᠰᠠᠨ᠎ᠢᠶᠠᠷ ᠪᠠᠷᠠᠬᠤ ᠦᠭᠡᠢ᠂ ᠰᠠᠢᠲᠤᠷ ᠤᠯᠠᠮᠵᠢᠯᠠᠨ ᠵᠠᠯᠭᠠᠮᠵᠢᠯᠠᠵᠤ᠂ ᠰᠠᠢᠲᠤᠷ ᠠᠰᠢᠭ᠍ᠯᠠᠵᠤ᠂ ᠰᠠᠢᠲᠤᠷ ᠤᠯᠠᠮᠵᠢᠯᠠᠨ ᠲᠠᠮᠵᠢᠭᠤᠯᠤᠬᠰᠠᠨ ᠪᠠᠢᠨ᠎ᠠ᠃
ᠭᠡᠷᠡᠯ ᠬᠢᠯᠪᠠᠭ᠎ᠠ᠄ ᠳᠡᠯᠡᠬᠡᠢ᠎ᠶᠢᠨ ᠪᠣᠯᠪᠠᠰᠤᠨ᠎ᠤ ᠥᠨᠢᠷ ᠴᠡᠴᠡᠭ᠎ᠦᠨ ᠬᠦᠷᠢᠶᠡᠯᠡᠩ᠎ᠳᠦ ᠥᠩᠭᠡ ᠨᠡᠮᠡᠷᠢᠯᠡᠨ᠎ᠡ
2025 ᠣᠨ᠎ᠤ 10 ᠰᠠᠷ᠎ᠠ᠎ᠳᠤ᠂ ᠬᠠᠭᠠᠨ᠎ᠤ ᠣᠷᠳᠣᠨ᠎ᠤ ᠮᠦᠽᠧᠢ ᠪᠠᠢᠭᠤᠯᠤᠭᠳᠠᠭᠰᠠᠨ 100 ᠵᠢᠯ᠎ᠦᠨ ᠣᠶᠪᠤᠯᠤᠬᠰᠠᠨ ᠲᠠᠰᠢᠷᠠᠮ᠎ᠢᠶᠠᠷ᠂ ᠶᠡᠷᠦᠩᠬᠡᠢ ᠱᠦᠵᠢ ᠰᠢ ᠵᠢᠨ ᠫᠢᠩ 《ᠵᠠᠭᠤᠨ ᠵᠢᠯ᠎ᠦᠨ ᠰᠠᠬᠢᠨ ᠬᠠᠮᠠᠭᠠᠯᠠᠯᠳᠠ — ᠪᠣᠷᠣ᠌ ᠬᠣᠲᠠ ᠡᠴᠡ ᠬᠠᠭᠠᠨ᠎ᠤ ᠣᠷᠳᠣᠨ᠎ᠤ ᠮᠦᠽᠧᠢ ᠬᠦᠷᠳᠡᠯ᠎ᠡ》 ᠭᠡᠬᠦ ᠦᠵᠡᠰᠬᠦᠯᠡᠩ᠎ᠢ ᠲᠣᠭᠣᠷᠢᠨ ᠦᠵᠡᠪᠡ᠃
《ᠬᠠᠭᠠᠨ᠎ᠤ ᠣᠷᠳᠣᠨ᠎ᠤ ᠮᠦᠽᠧᠢ ᠨᠢ ᠳᠤᠮᠳᠠᠳᠤ᠎ᠶᠢᠨ ᠦᠨᠳᠦᠰᠦᠲᠡᠨ᠎ᠦ ᠰᠣᠶᠣᠯ᠎ᠤᠨ ᠤᠳᠤᠮᠯᠠᠯ᠎ᠢ ᠠᠴᠢᠶᠠᠯᠠᠵᠤ᠂ ᠳᠤᠮᠳᠠᠳᠤ᠎ᠶᠢᠨ ᠪᠣᠯᠪᠠᠰᠤᠨ᠎ᠤ ᠴᠢᠬᠤᠯᠠ ᠪᠡᠯᠭᠡ ᠲᠡᠮᠳᠡᠭ ᠪᠣᠯᠣᠨ᠎ᠠ》 ᠂ 《ᠬᠠᠭᠠᠨ᠎ᠤ ᠣᠷᠳᠣᠨ᠎ᠢ ᠤᠯᠤᠰ᠎ᠢᠶᠠᠨ ᠬᠠᠢᠷᠠᠯᠠᠬᠤ ᠦᠵᠡᠯ᠎ᠦᠨ ᠬᠥᠮᠦᠵᠢᠯ᠎ᠦᠨ ᠴᠢᠬᠤᠯᠠ ᠰᠠᠭᠤᠷᠢᠨ ᠪᠣᠯᠭᠠᠵᠤ᠂ ᠳᠡᠯᠡᠬᠡᠢ ᠳ᠋ᠠᠬᠢᠨ᠎ᠤ ᠳᠤᠮᠳᠠᠳᠤ᠎ᠶᠢᠨ ᠪᠣᠯᠪᠠᠰᠤᠨ᠎ᠢ ᠣᠢᠯᠠᠭᠠᠬᠤ᠂ ᠳᠤᠮᠳᠠᠳᠤ᠎ᠶᠢᠨ ᠦᠨᠳᠦᠰᠦᠲᠡᠨ᠎ᠢ ᠣᠢᠯᠠᠭᠠᠬᠤ ᠴᠢᠬᠤᠯᠠ ᠴᠣᠩᠬᠣᠪᠴᠢ ᠪᠤᠯᠭᠠᠬᠤ ᠬᠡᠷᠡᠭᠳᠡᠢ》᠂ ᠶᠡᠷᠦᠩᠬᠡᠢ ᠱᠦᠵᠢ ᠰᠢ ᠵᠢᠨ ᠫᠢᠩ ᠴᠢᠩ ᠦᠨᠡᠨᠴᠢ ᠬᠦᠰᠡᠯ ᠨᠠᠶ᠋ᠢᠳᠠᠯᠭ᠎ᠠ ᠳᠠᠯᠪᠢᠪᠠ᠃
ᠡᠪᠦᠭᠡ ᠳᠡᠭᠡᠳᠦᠰ ᠪᠣᠯᠣᠨ ᠡᠬᠡ ᠪᠠᠢᠭᠠᠯᠢ᠎ᠶᠢᠨ ᠦᠯᠡᠳᠡᠭᠡᠭᠰᠡᠨ ᠰᠣᠶᠣᠯ᠎ᠤᠨ ᠬᠤᠪᠤᠷ ᠡᠷᠳᠡᠨᠢ ᠪᠣᠯᠣᠨ ᠪᠠᠢᠭᠠᠯᠢ᠎ᠶᠢᠨ ᠦᠨᠡᠲᠦ ᠡᠷᠳᠡᠨᠢ ᠪᠣᠯ ᠳᠤᠮᠳᠠᠳᠤ᠎ᠶᠢᠨ ᠪᠣᠯᠪᠠᠰᠤᠨ᠎ᠤ ᠰᠢᠵᠢᠷ ᠠᠯᠳᠠᠨ ᠨᠡᠷ᠎ᠡ᠎ᠶᠢᠨ ᠬᠠᠭᠤᠳᠠᠰᠤ ᠮᠥᠨ᠂ ᠪᠠᠰᠠ ᠴᠤ᠌ ᠪᠣᠯᠪᠠᠰᠤᠨ᠎ᠤ ᠰᠣᠯᠢᠯᠴᠠᠭ᠎ᠠ ᠬᠠᠷᠢᠯᠴᠠᠨ ᠳᠤᠯᠢ ᠪᠤᠯᠭᠠᠬᠤ ᠬᠥᠭᠥᠷᠭᠡ ᠮᠥᠨ᠃
《ᠪᠡᠭᠡᠵᠢᠩ᠎ᠦᠨ ᠳᠤᠮᠳᠠ ᠲᠡᠩᠭᠡᠯᠢᠭ ᠱᠤᠭᠤᠮ — ᠳᠤᠮᠳᠠᠳᠤ ᠤᠯᠤᠰ᠎ᠤᠨ ᠬᠦᠰᠡᠯᠡᠩᠲᠦ ᠬᠣᠲᠠ᠎ᠶᠢᠨ ᠡᠮᠬᠢ ᠲᠢᠭᠯᠢᠮ᠎ᠤᠨ ᠭᠠᠷᠮᠠᠭᠠᠢ ᠪᠦᠲᠦᠭᠡᠯ》᠂ 《ᠪᠠᠳᠠᠢ᠎ᠶᠢᠨ ᠵᠢᠷᠠᠨ᠎ᠤ ᠡᠯᠡᠰᠦ — ᠡᠯᠡᠰᠦ ᠠᠭᠤᠯᠠᠨᠠᠭᠤᠷ ᠪᠦᠷᠢᠳᠦ ᠵᠢᠨ ᠰᠦᠷᠦᠭᠵᠢᠯ》᠂ 《ᠳᠤᠮᠳᠠᠳᠤ ᠤᠯᠤᠰ᠎ᠤᠨ ᠰᠢᠷ᠎ᠠ (ᠪᠦᠧᠧᠬᠠᠢ) ᠲᠠᠩᠭᠢᠰ᠎ᠤᠨ ᠨᠡᠭᠦᠳᠡᠯ᠎ᠦᠨ ᠰᠢᠪᠠᠭᠤᠳ᠎ᠤᠨ ᠣᠷᠣᠰᠢᠨ ᠠᠮᠢᠳᠤᠷᠠᠬᠤ ᠭᠠᠵᠠᠷ (ᠬᠣᠶᠠᠳᠤᠭᠠᠷ ᠬᠤᠭᠤᠴᠠᠭ᠎ᠠ)》᠂ 《ᠪᠠᠷᠠᠭᠤᠨ ᠰᠢᠶᠠ᠎ᠶᠢᠨ ᠪᠤᠩᠬᠤᠨ》 ᠵᠡᠷᠭᠡ᠎ᠨᠢ 《ᠳᠡᠯᠡᠬᠡᠢ᠎ᠶᠢᠨ ᠥᠪ᠎ᠦᠨ ᠨᠡᠷᠡᠰ᠎ᠦᠨ ᠲᠡᠮᠳᠡᠭᠯᠡᠯ》 ᠳ᠋ᠤ᠌ ᠵᠢᠭ᠍ᠰᠠᠭᠠᠬᠳᠠᠵᠤ᠂ ᠳᠤᠮᠳᠠᠳᠤ ᠤᠯᠤᠰ᠎ᠤᠨ ᠳᠡᠯᠡᠬᠡᠢ᠎ᠶᠢᠨ ᠥᠪ᠎ᠦᠨ ᠶᠡᠷᠦᠩᠬᠡᠢ ᠲᠣᠭ᠎ᠠ᠎ᠶᠢ 60 ᠵᠦᠢᠯ᠎ᠳᠦ ᠬᠦᠷᠭᠡᠪᠡ; 《ᠳᠤᠮᠳᠠᠳᠤ ᠤᠯᠤᠰ᠎ᠤᠨ ᠤᠯᠠᠮᠵᠢᠯᠠᠯᠲᠤ ᠴᠠᠢ ᠬᠢᠬᠦ ᠮᠡᠷᠭᠡᠵᠢᠯ ᠵᠢᠴᠢ ᠬᠣᠯᠪᠣᠭᠳᠠᠯ ᠪᠦᠬᠦᠢ ᠵᠠᠩ ᠦᠢᠯᠡ》᠂ 《ᠴᠠᠭᠠᠨ ᠰᠠᠷ᠎ᠠ》 ᠵᠡᠷᠭᠡ᠎ᠶᠢ ᠲᠡᠯᠡᠬᠡᠢ ᠵᠢᠨ ᠰᠣᠶᠣᠯ᠎ᠤᠨ ᠥᠪ᠎ᠢᠶᠡᠷ ᠭᠤᠶᠤᠴᠢᠯᠠᠭᠠᠳ ᠠᠮᠵᠢᠯᠲᠠ ᠣᠯᠵᠤ᠂ ᠮᠠᠨ᠎ᠤ ᠤᠯᠤᠰ᠎ᠤᠨ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ᠎ᠤᠨ ᠵᠣᠬᠢᠶᠠᠨ ᠪᠠᠢᠭᠤᠯᠤᠯᠲᠠ᠎ᠶᠢᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠨᠡᠷᠡᠰ᠎ᠦᠨ ᠵᠢᠭ᠍ᠰᠠᠭᠠᠯᠲᠠ᠂ ᠨᠡᠷ᠎ᠡ᠎ᠶᠢᠨ ᠳᠠᠩᠰᠠ ᠳ᠋ᠤ ᠤᠷᠤᠬᠰᠠᠨ ᠲᠥᠷᠥᠯ ᠵᠦᠢᠯ 45 ᠪᠣᠯᠪᠠ ᠁ ᠳᠡᠯᠡᠬᠡᠢ᠎ᠶᠢᠨ ᠪᠣᠯᠪᠠᠰᠤᠨ᠎ᠤ ᠥᠨᠢᠷ ᠴᠡᠴᠡᠭ᠎ᠦᠨ ᠬᠦᠷᠢᠶᠡᠯᠡᠩ᠎ᠳᠦ ᠳᠤᠮᠳᠠᠳᠤ ᠤᠯᠤᠰ᠎ᠤᠨ ᠥᠩᠭᠡ ᠭᠢᠯᠪᠠᠭ᠎ᠠ ᠵᠢ ᠲᠠᠰᠤᠷᠠᠯᠲᠠ ᠦᠭᠡᠢ ᠨᠡᠮᠡᠷᠢᠯᠡᠪᠡ᠃
ᠮᠠᠨ᠎ᠤ ᠤᠯᠤᠰ ᠣᠷᠣᠨ ᠪᠦᠰᠡ ᠠᠯᠤᠰᠯᠠᠭᠰᠠᠨ ᠳᠡᠯᠡᠬᠡᠢ᠎ᠶᠢᠨ ᠪᠠᠢᠭᠠᠯᠢ᠎ᠶᠢᠨ ᠥᠪ᠎ᠢ ᠬᠠᠮᠵᠢᠯᠴᠠᠨ ᠬᠠᠮᠠᠭᠠᠯᠠᠬᠤ ᠪᠦᠲᠦᠮᠵᠢᠲᠡᠢ ᠵᠠᠰᠠᠯᠲᠠ᠎ᠶᠢᠨ ᠵᠠᠭᠪᠤᠷ᠎ᠢ ᠰᠦᠪᠡᠭᠴᠢᠯᠡᠨ ᠪᠦᠷᠢᠯᠳᠦᠭᠦᠯᠵᠦ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ᠎ᠤᠨ ᠵᠣᠬᠢᠶᠠᠨ ᠪᠠᠢᠭᠤᠯᠤᠯᠲᠠ᠎ᠶᠢᠨ ᠳᠡᠯᠡᠬᠡᠢ᠎ᠶᠢᠨ ᠥᠪ᠎ᠦᠨ ᠵᠥᠪᠯᠡᠯ᠎ᠦᠨ ᠢᠳᠡᠪᠬᠢᠲᠡᠢ ᠮᠡᠳᠡᠷᠡᠯᠳᠡᠵᠢ ᠣᠯᠤᠭᠰᠠᠨ; ᠳᠤᠮᠳᠠᠳᠤ ᠤᠯᠤᠰ᠎ᠤᠨ ᠰᠠᠨᠠᠭᠠᠴᠢᠯᠠᠭᠰᠠᠨ ᠠᠩᠬᠠᠳᠠᠭ᠍ᠴᠢ ᠣᠷᠣᠨ ᠪᠦᠰᠡ᠎ᠶᠢᠨ ᠴᠢᠨᠠᠷᠲᠠᠢ ᠰᠣᠶᠣᠯ᠎ᠤᠨ ᠥᠪ᠎ᠦᠨ ᠬᠦᠷᠢᠶᠡᠨ᠎ᠳᠡᠬᠢ ᠵᠠᠰᠠᠭ᠎ᠤᠨ ᠣᠷᠳᠣᠨ᠎ᠤ ᠬᠣᠭᠣᠷᠣᠨᠳᠣᠬᠢ ᠣᠯᠠᠨ ᠤᠯᠤᠰ᠎ᠤᠨ ᠵᠣᠬᠢᠶᠠᠨ ᠪᠠᠢᠭᠤᠯᠤᠯᠲᠠ ᠪᠣᠯᠬᠤ《ᠠᠽᠢᠶ᠎ᠠ ᠲᠢᠪ᠎ᠦᠨ ᠰᠣᠶᠣᠯ᠎ᠤᠨ ᠥᠪ᠎ᠦᠨ ᠬᠠᠮᠠᠭᠠᠯᠠᠯᠲᠠ᠎ᠶᠢᠨ ᠬᠣᠯᠪᠣᠭ᠎ᠠ》 ᠵᠢᠩᠬᠢᠨᠢ᠎ᠪᠡᠷ ᠪᠠᠢᠭᠤᠯᠤᠭᠳᠠᠭᠰᠠᠨ ᠬᠦᠷᠳᠡᠯ᠎ᠡ︔ ᠲᠠᠬᠢᠭᠠᠳ ᠤᠯᠠᠨ ᠤᠯᠤᠰ᠎ᠤᠨ ᠪᠠᠷᠢᠮᠵᠢᠶᠠᠵᠢᠭᠰᠠᠨ ᠵᠣᠬᠢᠶᠠᠨ ᠪᠠᠢᠭᠤᠯᠤᠯᠲᠠ ᠪᠤᠯᠬᠤ ᠰᠣᠶᠣᠯ᠎ᠤᠨ ᠥᠪ᠎ᠢ ᠬᠠᠮᠠᠭᠠᠯᠠᠬᠤ ᠮᠡᠷᠭᠡᠵᠢᠯ᠎ᠦᠨ ᠵᠥᠪᠯᠡᠯ᠎ᠢ ᠲᠦᠷᠦᠭᠦᠯᠡᠨ ᠪᠠᠶ᠋ᠢᠭᠤᠯᠤᠭᠰᠠᠨ ᠬᠦᠷᠳᠡᠯ᠎ᠡ᠂ ᠮᠠᠨ᠎ᠤ ᠤᠯᠤᠰ ᠳᠡᠯᠡᠬᠡᠢ᠎ᠶᠢᠨ ᠥᠪ᠎ᠦᠨ ᠤᠯᠠᠨ ᠤᠯᠤᠰ᠎ᠤᠨ ᠵᠠᠰᠠᠯᠲᠠ᠎ᠶᠢᠨ ᠰᠢᠰᠲᠧᠮ᠎ᠦᠨ ᠪᠠᠢᠭᠤᠯᠤᠯᠲᠠ᠎ᠳᠤ ᠳᠤᠮᠳᠠᠳᠤ ᠤᠯᠤᠰ᠎ᠤᠨ ᠤᠶᠤᠨ ᠤᠬᠠᠭᠠᠨ᠂ ᠳᠤᠮᠳᠠᠳᠤ ᠤᠯᠤᠰ᠎ᠤᠨ ᠬᠦᠴᠦᠨ᠎ᠢ ᠢᠳᠡᠪᠬᠢᠲᠡᠢ ᠨᠡᠮᠡᠷᠢᠯᠡᠪᠡ᠃
ᠪᠣᠯᠪᠠᠰᠤᠨ ᠨᠢ ᠰᠣᠯᠢᠯᠴᠠᠭ᠎ᠠ᠎ᠪᠠᠷ ᠳᠠᠮᠵᠢᠨ ᠳᠠᠩᠰᠤᠭ ᠪᠤᠯᠵᠤ᠂ ᠪᠣᠯᠪᠠᠰᠤᠨ ᠨᠢ ᠬᠠᠷᠢᠯᠴᠠᠨ ᠲᠣᠯᠢ ᠪᠤᠯᠭᠠᠬᠤ᠎ᠪᠠᠷ ᠳᠠᠮᠵᠢᠨ ᠪᠠᠶᠠᠯᠢᠭ᠍ᠵᠢᠨᠠ᠃ ᠶᠡᠷᠦᠩᠬᠡᠢ ᠱᠦᠵᠢ ᠰᠢ ᠵᠢᠨ ᠫᠢᠩ᠂ ᠰᠣᠶᠣᠯ᠎ᠤᠨ ᠪᠠ ᠪᠠᠢᠭᠠᠯᠢ᠎ᠶᠢᠨ ᠥᠪ᠎ᠦᠨ ᠬᠦᠷᠢᠶᠡᠨ᠎ᠳᠡᠬᠢ ᠤᠯᠠᠨ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ᠎ᠶᠢ ᠴᠢᠩᠭᠠᠳᠬᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠪᠦᠬᠦ ᠪᠥᠮᠪᠥᠷᠴᠡᠭ᠎ᠦᠨ ᠪᠣᠯᠪᠠᠰᠤᠨ᠎ᠤ ᠰᠠᠨᠠᠭᠠᠴᠢᠯᠠᠭ᠎ᠠ᠎ᠶᠢ ᠦᠢᠯᠡᠳᠦᠯᠭᠡᠵᠢᠭᠦᠯᠬᠦ᠂ ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠶᠢ ᠠᠬᠢᠭᠤᠯᠬᠤ᠎ᠳᠤ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠲᠦᠷᠦᠭᠦᠬᠡᠨ᠂ ᠠᠨᠵᠢᠯᠤᠺᠠᠰᠲᠷᠣ᠋ ᠵᠢᠨ ᠬᠠᠭᠤᠴᠢ ᠰᠤᠳᠤᠯᠤᠯ᠎ᠤᠨ ᠲᠦᠷᠦᠯ ᠵᠦᠢᠯ ᠭᠷᠧᠭ᠎ᠦᠨ ᠨᠡᠢᠰᠯᠡᠯ ᠠᠲ᠋ᠸᠨ ᠳ᠋ᠦ᠍ ᠵᠢᠩᠬᠢᠨᠢ᠎ᠪᠡᠷ ᠡᠬᠢᠯᠡᠪᠡ᠃ ᠡᠨᠡ ᠪᠣᠯ ᠳᠤᠮᠳᠠᠳᠤ ᠤᠯᠤᠰ᠎ᠤᠨ ᠡᠷᠲᠡᠨ᠎ᠦ ᠪᠣᠯᠪᠠᠰᠤᠨ᠎ᠤ ᠰᠤᠳᠤᠯᠭᠠᠨ᠎ᠤ ᠬᠦᠷᠢᠶᠡᠯᠡᠩ 2024 ᠣᠨ᠎ᠤ ᠡᠴᠦᠰ᠎ᠢᠶᠡᠷ ᠠᠲᠧᠨ ᠳ᠋ᠤ᠌ ᠪᠠᠢᠭᠤᠯᠤᠭᠳᠠᠭᠰᠠᠨ᠎ᠤ ᠳᠠᠷᠠᠭ᠎ᠠ᠂ ᠭᠷᠧᠭ᠎ᠦᠨ ᠲᠠᠯ᠎ᠠ ᠯᠤᠭ᠎ᠠ᠎ᠶᠢᠨ ᠠᠩᠬᠠᠳᠠᠭ᠍ᠴᠢ ᠬᠠᠭᠤᠴᠢ ᠰᠤᠳᠤᠯᠤᠯ᠎ᠤᠨ ᠬᠠᠮᠲᠤᠷᠠᠯᠴᠠᠭᠠᠨ᠎ᠤ ᠲᠦᠷᠦᠯ ᠵᠦᠢᠯ ᠪᠣᠯᠣᠨ᠎ᠠ᠃
ᠰᠣᠶᠣᠯ᠎ᠤᠨ ᠪᠠ ᠪᠠᠢᠭᠠᠯᠢ᠎ᠶᠢᠨ ᠥᠪ᠎ᠦᠨ ᠬᠦᠷᠢᠶᠡᠨ᠎ᠳᠡᠬᠢ ᠤᠯᠠᠨ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ᠎ᠪᠠᠷ ᠵᠢᠯᠣᠭᠣᠳᠤᠮᠵᠢ ᠪᠣᠯᠭᠠᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠮᠠᠨ᠎ᠤ ᠤᠯᠤᠰ 4 ᠤᠯᠤᠰ᠎ᠤᠨ 6 ᠭᠠᠵᠠᠷ ᠲᠤ᠌ ᠲᠡᠦᠬᠡ᠎ᠶᠢᠨ ᠳᠤᠷᠠᠰᠬᠠᠯᠲᠤ ᠵᠦᠢᠯᠡᠰ ᠡᠷᠲᠡᠨ᠎ᠦ ᠦᠯᠡᠳᠡᠭᠳᠡᠯ᠎ᠢ ᠬᠠᠮᠠᠭᠠᠯᠠᠨ ᠰᠡᠷᠭᠦᠭᠡᠬᠦ ᠠᠵᠢᠯ᠎ᠢ ᠥᠷᠨᠢᠭᠦᠯᠵᠦ᠂ ᠳᠤᠮᠳᠠᠳᠤ ᠭᠠᠳᠠᠭᠠᠳᠤ᠎ᠶᠢᠨ ᠬᠠᠮᠲᠤᠷᠠᠭᠰᠠᠨ 49 ᠵᠦᠢᠯ᠎ᠦᠨ ᠬᠠᠭᠤᠴᠢ ᠰᠤᠳᠤᠯᠤᠯ᠎ᠤᠨ ᠲᠦᠷᠦᠯ ᠵᠦᠢᠯ ᠨᠢ 28 ᠤᠯᠤᠰ ᠪᠠ ᠭᠠᠵᠠᠷ ᠣᠷᠣᠨ᠎ᠳᠤ ᠬᠣᠯᠪᠣᠭᠳᠠᠪᠠ︔ ᠶᠤᠸᠠᠨ ᠮᠢᠩ ᠶᠤᠸᠠᠨ ᠴᠡᠴᠡᠷᠯᠢᠭ᠎ᠦᠨ ᠴᠢᠯᠠᠭᠤᠨ ᠪᠠᠭᠠᠨ᠎ᠠ᠂ ᠴᠠᠩᠱᠠ᠎ᠶᠢᠨ ᠽᠢᠳ᠋ᠠᠨ ᠺᠦᠶᠢᠨ ᠪᠠᠢᠯᠳᠤᠭᠠᠨᠲᠤ ᠤᠯᠤᠰ᠎ᠤᠨ ᠲᠣᠷᠭᠠᠨ ᠪᠢᠴᠢᠭ 《ᠲᠠᠪᠤᠨ ᠵᠠᠷᠯᠢᠭ᠋》᠂ 《ᠳᠠᠭᠠᠷᠢᠬᠤ ᠰᠠᠬᠢᠬᠤ ᠡᠵᠡᠯᠡᠬᠦ》 ᠵᠡᠷᠭᠡ 35 ᠪᠦᠯᠦᠭ ᠤᠳᠠᠭ᠎ᠠ ᠵᠢᠨ 537 ᠵᠦᠢᠯ / ᠢᠵᠢ ᠭᠡᠭᠡᠭᠳᠡᠭᠰᠡᠨ ᠲᠡᠦᠬᠡ᠎ᠶᠢᠨ ᠳᠤᠷᠠᠰᠬᠠᠯᠲᠤ ᠵᠦᠢᠯᠡᠰ᠎ᠤᠨ ᠤᠷᠠᠯᠢᠭ᠋᠎ᠤᠨ ᠪᠦᠲᠦᠭᠡᠯ ᠡᠬᠡ ᠤᠯᠤᠰ᠎ᠲᠠᠭᠠᠨ ᠪᠤᠴᠠᠵᠤ ᠢᠷᠡᠪᠡ︔ᠬᠢᠯᠢ᠎ᠪᠡᠷ ᠣᠷᠣᠭᠤᠯᠵᠤ ᠬᠢᠯᠢ ᠪᠡᠷ ᠭᠠᠷᠭᠠᠭᠰᠠᠨ ᠨᠢᠭᠡ ᠪᠦᠯᠦᠭ ᠲᠡᠦᠬᠡ᠎ᠶᠢᠨ ᠳᠤᠷᠠᠰᠬᠠᠯᠲᠤ ᠵᠦᠢᠯᠡᠰ᠎ᠤᠨ ᠰᠣᠳᠣᠨ ᠪᠦᠲᠦᠭᠡᠯ᠎ᠦᠨ ᠦᠵᠡᠰᠬᠦᠯᠡᠩ ᠠᠭᠤᠯᠠ ᠤᠰᠤ᠎ᠶᠢ ᠳᠠᠪᠠᠵᠤ᠂ ᠬᠥᠮᠥᠰ᠎ᠦᠨ ᠰᠡᠳᠬᠢᠯ᠎ᠤᠨ ᠬᠤᠭᠤᠷᠤᠨᠳᠤᠬᠢᠨᠡᠪᠳᠡᠷᠡᠯᠴᠡᠭᠡ ᠵᠢ ᠠᠬᠢᠭᠤᠯᠪᠠ᠃
ᠨᠦᠬᠦᠭᠡ ᠲᠠᠯ᠎ᠠ᠎ᠪᠠᠷ᠂ ᠮᠠᠨ᠎ᠤ ᠤᠯᠤᠰ᠎ᠤᠨ ᠪᠠᠢᠭᠠᠯᠢ᠎ᠶᠢᠨ ᠥᠪ᠎ᠲᠦ ᠪᠠᠢᠭᠠᠯᠢ ᠬᠢᠭᠡᠳ ᠰᠤᠶᠤᠯ ᠢᠷᠬᠡᠨᠰᠢᠯ ᠬᠠᠷᠢᠯᠴᠠᠨ ᠢᠳᠡᠭᠡᠰᠢᠵᠦ᠂ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠣᠨᠴᠠᠯᠢᠭ᠋ ᠨᠡᠢᠳᠡᠮ ᠢᠯᠡᠷᠡᠵᠦ᠂ ᠳᠡᠯᠡᠬᠡᠢ᠎ᠶᠢᠨ ᠥᠪ᠎ᠤᠨ ᠦᠷᠳᠡᠭ᠎ᠦᠨ ᠠᠭᠤᠯᠤᠭᠳᠠᠬᠤᠨ᠎ᠢ ᠲᠤᠢᠯ᠎ᠤᠨ ᠶᠡᠬᠡᠪᠡᠷ ᠪᠠᠶᠠᠯᠢᠭ᠍ᠵᠢᠭᠤᠯᠤᠭᠰᠠᠨ ᠪᠠᠢᠨ᠎ᠠ᠃ ᠳᠡᠯᠡᠬᠡᠢ᠎ᠶᠢᠨ 15 ᠵᠦᠢᠯ᠎ᠦᠨ ᠪᠠᠢᠭᠠᠯᠢ᠎ᠶᠢᠨ ᠥᠪ᠎ᠦᠨ ᠤᠤᠭᠠᠯ ᠰᠠᠭᠤᠭᠠᠯᠢ ᠠᠷᠠᠳ 30 ᠭᠠᠷᠤᠢ ᠦᠨᠳᠦᠰᠦᠲᠡᠨ᠎ᠳᠦ ᠬᠣᠯᠪᠣᠭᠳᠠᠵᠤ᠂ ᠡᠯᠪᠡᠭ ᠪᠠᠶᠠᠯᠢᠭ᠋ ᠦᠨᠳᠦᠰᠦᠲᠡᠨ᠎ᠦ ᠰᠣᠶᠣᠯ᠂ ᠤᠯᠠᠮᠵᠢᠯᠠᠯᠲᠤ ᠵᠠᠩ ᠦᠢᠯᠡ ᠵᠢᠴᠢ ᠤᠯᠠᠨ ᠶᠠᠩᠵᠤ᠎ᠶᠢᠨ ᠤᠯᠠᠮᠵᠢᠯᠠᠯᠲᠤ ᠠᠢᠯ ᠲᠣᠰᠬᠣᠨ᠂ ᠲᠠᠷᠢᠶᠠᠯᠠᠬᠤ ᠮᠠᠯᠵᠢᠬᠤ ᠰᠤᠶᠤᠯ᠎ᠤᠨ ᠰᠢᠰᠲᠧᠮ᠎ᠢ ᠠᠴᠢᠶᠠᠯᠠᠵᠤ᠂ ᠪᠦᠬᠦ ᠪᠥᠮᠪᠥᠷᠴᠡᠭ᠎ᠦᠨ ᠥᠪ᠎ᠦᠨ ᠬᠥᠮᠥᠨ ᠬᠢᠭᠡᠳ ᠪᠠᠢᠭᠠᠯᠢ᠎ᠶᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠦᠢᠯᠡᠳᠦᠯᠭᠡ᠎ᠶᠢᠨ ᠵᠠᠮ᠎ᠢ ᠰᠦᠪᠡᠭᠴᠢᠯᠡᠬᠦ᠎ᠳᠦ ᠢᠳᠡᠪᠬᠢᠲᠡᠢ ᠰᠡᠩᠬᠡᠷᠡᠭᠦᠯᠬᠦ ᠠᠴᠢ ᠬᠣᠯᠪᠣᠭᠳᠠᠯ᠎ᠲᠠᠢ ᠶᠤᠮ᠃
ᠳᠡᠯᠡᠬᠡᠢ ᠳ᠋ᠠᠬᠢᠨ᠎ᠢ ᠪᠠᠷᠠᠯᠠᠬᠤᠶ᠎ᠠ᠂ ᠳᠡᠯᠡᠬᠡᠢ᠎ᠶᠢᠨ ᠪᠠᠢᠭᠠᠯᠢ᠎ᠶᠢᠨ ᠦᠪ᠎ᠤᠨ ᠬᠠᠮᠠᠭᠠᠯᠠᠯᠲᠠ᠎ᠶᠢᠨ ᠬᠣᠯᠪᠣᠭ᠎ᠠ (IUCN)᠎ᠶ᠋ᠢᠨ 2014 ᠣᠨ ᠡᠴᠡ 2025 ᠣᠨ ᠪᠣᠯᠲᠠᠯᠠᠬᠢ ᠬᠤᠭᠤᠴᠠᠭᠠᠨ᠎ᠳᠤ ᠨᠡᠢᠲᠡᠯᠡᠭᠰᠡᠨ 4 ᠬᠤᠭᠤᠴᠠᠭᠠᠨ᠎ᠤ 《ᠳᠡᠯᠡᠬᠡᠢ᠎ᠶᠢᠨ ᠥᠪ᠎ᠦᠨ ᠪᠠᠷᠠᠯᠠᠯ》 ᠳ᠋ᠤ᠌ ᠢᠯᠡᠷᠡᠭᠦᠯᠦᠭᠰᠡᠨ᠎ᠢᠶᠡᠷ᠂ ᠮᠠᠨ᠎ᠤ ᠤᠯᠤᠰ᠎ᠤᠨ ᠳᠡᠯᠡᠬᠡᠢ᠎ᠶᠢᠨ ᠪᠠᠢᠭᠠᠯᠢ᠎ᠶᠢᠨ ᠥᠪ᠂ ᠪᠠᠢᠭᠠᠯᠢ ᠬᠢᠭᠡᠳ ᠰᠣᠶᠣᠯ᠎ᠤᠨ ᠬᠣᠣᠰ ᠥᠪ᠎ᠦᠨ ᠬᠠᠮᠠᠭᠠᠯᠠᠯᠲᠠ᠎ᠶᠢᠨ ᠪᠠᠢᠳᠠᠯ ᠪᠥᠬᠥ ᠪᠥᠮᠪᠥᠷᠴᠡᠭ᠎ᠦᠨ ᠳᠤᠮᠳᠠᠴᠢ ᠬᠢᠷᠢ ᠲᠦᠪᠰᠢᠨ ᠡᠴᠡ ᠢᠯᠡᠳᠲᠡ ᠰᠠᠢᠨ ᠪᠠᠢᠨ᠎ᠠ᠃ ᠳᠤᠮᠳᠠᠳᠤ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠵᠡᠰᠬᠦᠯᠡᠩ᠂ ᠳᠤᠮᠳᠠᠳᠤ ᠤᠯᠤᠰ᠎ᠤᠨ ᠴᠧᠩᠳᠦ᠋᠎ᠶᠢᠨ ᠤᠯᠠᠨ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠪᠠᠶᠠᠷ ᠵᠡᠷᠭᠡ᠎ᠶᠢᠨ ᠨᠥᠯᠥᠭᠡᠯᠡᠬᠦ ᠬᠦᠴᠦᠨ ᠡᠳᠦᠷ ᠢᠷᠡᠬᠦᠶ᠎ᠡ ᠴᠢᠩᠭᠠᠷᠠᠵᠤ᠂ ᠮᠠᠨ᠎ᠤ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠬᠠᠮᠠᠭᠠᠯᠠᠯᠲᠠ᠎ᠶᠢᠨ ᠠᠵᠢᠯ᠎ᠤᠨ ᠰᠢᠨ᠎ᠡ ᠦᠷ᠎ᠡ ᠪᠦᠲᠦᠭᠡᠯ᠎ᠢ ᠪᠦᠬᠦ ᠲᠠᠯ᠎ᠠ᠎ᠪᠠᠷ ᠢᠯᠡᠷᠡᠭᠦᠯᠪᠡ᠃ 《ᠳᠤᠮᠳᠠᠳᠤ ᠤᠯᠤᠰ᠎ᠤᠨ ᠬᠥᠮᠥᠨ ᠪᠤᠯᠤᠶ᠎ᠠ》 ᠭᠡᠬᠦ ᠤᠷᠤᠰᠬᠠᠯ ᠭᠠᠳᠠᠭᠠᠳᠤ᠎ᠶᠢᠨ ᠨᠡᠢᠭᠡᠮ᠎ᠦᠨ ᠬᠠᠷᠢᠯᠴᠠᠭᠠᠨ᠎ᠤ ᠵᠠᠭᠤᠴᠢᠯᠠᠭᠤᠷ᠎ᠲᠤ ᠳᠡᠯᠭᠡᠷᠡᠵᠦ᠂ ᠪᠠᠳ᠋ᠤᠸᠠᠨ ᠵᠢᠨ ᠠᠮᠢᠰᠬᠤᠯ᠎ᠤᠨ ᠲᠠᠮᠢᠷ ᠪᠣᠯᠪᠠᠰᠤᠷᠠᠬᠤ᠂ ᠴᠠᠭ ᠤᠯᠠᠷᠢᠯ᠎ᠢ ᠳᠠᠭᠠᠵᠤ ᠪᠡᠶ᠎ᠡ ᠰᠤᠪᠢᠯᠠᠬᠤ ᠵᠡᠷᠭᠡ ᠴᠠᠭ᠎ᠤᠨ ᠤᠷᠤᠰᠬᠠᠯ᠎ᠤᠨ ᠠᠷᠤ᠎ᠳᠤ ᠴᠢᠪ ᠬᠡᠮᠡᠨ ᠳᠤᠮᠳᠠᠳᠤ᠎ᠶᠢᠨ ᠪᠣᠯᠪᠠᠰᠤᠨ᠎ᠤ ᠥᠨᠢ ᠤᠳᠠᠭᠠᠨ ᠤᠯᠠᠮᠵᠢᠯᠠᠯ᠎ᠤᠨ ᠬᠦᠴᠦᠨ᠂ ᠤᠷᠢᠶᠠᠯᠠᠭ᠎ᠠ ᠵᠢᠨ ᠬᠦᠴᠦᠨ ᠪᠠᠢᠭ᠎ᠠ ᠶᠤᠮ᠃
《ᠳᠤᠮᠳᠠᠳᠤ᠎ᠶᠢᠨ ᠡᠬᠡ ᠭᠠᠵᠠᠷ᠎ᠲᠤ ᠬᠠᠢᠷᠠᠲᠠᠢ ᠬᠥᠮᠥᠨ᠂ ᠯᠠᠪᠲᠠᠢ ᠲᠡᠭᠦᠨ᠎ᠦ ᠭᠤᠤᠯ ᠭᠣᠷᠣᠬ᠎ᠠ ᠨᠢᠬᠡ ᠪᠦᠷᠢ᠂ ᠢᠮᠠᠬᠤ ᠨᠢᠬᠡ ᠪᠦᠷᠢ ᠵᠢᠨ ᠭᠠᠵᠠᠷ ᠰᠢᠷᠣᠢ᠂ ᠭᠡᠷᠡᠯ ᠰᠠᠴᠤᠷᠠᠩᠭᠤᠢ ᠲᠡᠦᠬᠡ᠎ᠶᠢᠨ ᠬᠠᠭᠤᠳᠠᠰᠤ ᠪᠦᠬᠦᠨ᠎ᠢ ᠬᠠᠢᠷᠠᠯᠠᠬᠤ ᠶᠤᠮ》᠃
ᠢᠷᠡᠭᠡᠳᠦᠢ ᠵᠢ ᠪᠠᠷᠠᠯᠠᠬᠤᠶ᠎ᠠ᠂ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠦᠢᠯᠡᠳᠦᠯᠭᠡᠵᠢᠭᠦᠯᠵᠦ᠂ ᠬᠠᠮᠠᠭᠠᠯᠠᠬᠤ ᠳᠤᠮᠳᠠ ᠤᠯᠠᠮᠵᠢᠯᠠᠨ ᠵᠠᠯᠭᠠᠮᠵᠢᠯᠠᠵᠤ᠂ ᠠᠰᠢᠭ᠍ᠯᠠᠬᠤ ᠳᠤᠮᠳᠠ ᠬᠥᠭᠵᠢᠭᠦᠯᠦᠨ ᠮᠠᠨᠳᠤᠭᠤᠯᠵᠤ᠂ ᠰᠣᠶᠣᠯ᠎ᠤᠨ ᠪᠠ ᠪᠠᠢᠭᠠᠯᠢ᠎ᠶᠢᠨ ᠥᠪ᠎ᠢ ᠬᠠᠮᠠᠭᠠᠯᠠᠵᠤ ᠤᠯᠠᠮᠵᠢᠯᠠᠨ ᠠᠰᠢᠭ᠍ᠯᠠᠬᠤ ᠠᠵᠢᠯ᠎ᠤᠨ ᠰᠢᠨ᠎ᠡ ᠪᠠᠢᠳᠠᠯ᠎ᠢ ᠲᠠᠰᠤᠷᠠᠯᠲᠠ ᠦᠭᠡᠢ ᠡᠭᠦᠳᠬᠦ᠎ᠳᠦ ᠭᠦᠷᠪᠡᠯ᠂ ᠳᠤᠮᠳᠠᠳᠤ᠎ᠶᠢᠨ ᠰᠣᠶᠣᠯ᠎ᠤᠨ ᠬᠤᠪᠤᠷ ᠨᠠᠨᠳᠢᠨ ᠡᠷᠳᠡᠨᠢ ᠪᠠ ᠪᠠᠢᠭᠠᠯᠢ᠎ᠶᠢᠨ ᠦᠨᠡᠲᠦ ᠡᠷᠳᠡᠨᠢ ᠯᠠᠪᠲᠠᠢ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠳᠤ ᠨᠠᠩ ᠣᠯᠠᠨ ᠬᠡᠷᠡᠯ ᠬᠢᠯᠪᠠᠭ᠎ᠠ ᠨᠡᠮᠡᠷᠢᠯᠡᠬᠦ ᠪᠣᠯᠣᠨ᠎ᠠ᠃
(ᠰᠢᠨᠬᠤᠸᠠ ᠬᠣᠷᠢᠶ᠎ᠡ ᠵᠢᠨ ᠪᠡᠭᠡᠵᠢᠩ᠎ᠦᠨ 6 ᠰᠠᠷ᠎ᠠ᠎ᠶᠢᠨ 12᠎ᠤ᠋ᠨ ᠴᠠᠬᠢᠯᠭᠠᠨ ᠮᠡᠳᠡᠭᠡ )