​ᠪᠦᠬᠦ ᠣᠷᠣᠨ᠎ᠤ ᠪᠠᠢᠩᠭᠤᠵᠢᠭ᠍ᠰᠠᠨ ᠬᠠᠪᠰᠤᠷᠤᠨ ᠲᠡᠳᠬᠦᠬᠦ᠎ᠠᠵᠢᠯ᠎ᠢ ᠠᠬᠢᠭᠤᠯᠵᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢᠴᠢ 《ᠮᠢᠩᠭ᠎ᠠ ᠲᠦᠮᠡ᠎ᠶᠢᠨ ᠢᠨᠵᠧᠨᠧᠷᠢᠩ》 ᠤ᠋ᠨ ᠲᠤᠷᠰᠢᠯᠭ᠎ᠠ᠎ᠶᠢ ᠰᠤᠷᠤᠯᠴᠠᠨ ᠬᠡᠷᠡᠭᠯᠡᠵᠦ ᠣᠷᠣᠰᠢᠨ ᠰᠠᠭᠤᠷᠢᠰᠢᠬᠤ᠎ᠳᠤ ᠲᠣᠬᠢᠷᠠᠮᠵᠢᠲᠠᠢ ᠦᠵᠡᠰᠬᠦᠯᠡᠩᠲᠦ ᠰᠠᠢᠬᠠᠨ ᠬᠥᠳᠡᠭᠡ ᠲᠣᠰᠬᠣᠨ᠎ᠤ ᠪᠦᠲᠦᠭᠡᠨ ᠪᠠᠢᠭᠤᠯᠤᠯᠲᠠ᠎ᠶᠢ ᠪᠠᠳᠤᠳᠠᠢ ᠠᠬᠢᠭᠤᠯᠬᠤ ᠠᠵᠢᠯ᠎ᠤᠨ ᠬᠤᠷᠠᠯ ᠬᠤᠷᠠᠯᠳᠤᠪᠠ
2026-06-18 09:22:17
ᠵᠣᠬᠢᠶᠠᠭ᠍ᠴᠢ᠄
ᠸᠠᠩ ᠬᠤᠤ ᠰᠢᠦᠢ ᠵᠢᠩ
ᠣᠩᠱᠢᠭ᠍ᠰᠠᠨ ᠣᠳᠠᠭ᠎ᠠ᠄
★★★☆☆

6 ᠰᠠᠷ᠎ᠠ᠎ᠶᠢᠨ 15᠎ᠤ᠋ ᠡᠳᠦᠷ᠂ ᠪᠦᠬᠦ ᠣᠷᠣᠨ᠎ᠤ ᠪᠠᠢᠩᠭᠤᠵᠢᠭᠰᠠᠨ ᠬᠠᠪᠰᠤᠷᠤᠨ ᠲᠡᠳᠬᠦᠬᠦ᠎ᠠᠵᠢᠯ᠎ᠢ ᠠᠬᠢᠭᠤᠯᠵᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢᠴᠢ 《ᠮᠢᠩᠭᠠᠨ ᠲᠦᠮᠡ᠎ᠶᠢᠨ ᠢᠨᠵᠧᠨᠧᠷᠢᠩ》 ᠤ᠋ᠨ ᠲᠤᠷᠰᠢᠯᠭ᠎ᠠ᠎ᠶᠢ ᠰᠤᠷᠤᠯᠴᠠᠨ ᠬᠡᠷᠡᠭᠯᠡᠵᠦ ᠣᠷᠣᠰᠢᠨ ᠰᠠᠭᠤᠷᠢᠰᠢᠬᠤ᠎ᠳᠤ ᠲᠣᠬᠢᠷᠠᠮᠵᠢᠲᠠᠢ  ᠦᠵᠡᠰᠬᠦᠯᠡᠩᠲᠦ ᠰᠠᠢᠬᠠᠨ ᠬᠥᠳᠡᠭᠡ ᠲᠣᠰᠬᠣᠨ᠎ᠤ ᠪᠦᠲᠦᠭᠡᠨ ᠪᠠᠢᠭᠤᠯᠤᠯᠲᠠ᠎ᠶᠢ ᠪᠠᠲᠤᠲᠠᠢ ᠠᠬᠢᠭᠤᠯᠬᠤ ᠠᠵᠢᠯ᠎ᠤᠨ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ᠎ᠶᠢᠨ ᠬᠣᠷᠢᠶ᠎ᠠ᠎ᠶᠢᠨ ᠱᠦᠵᠢ ᠱᠢ ᠭᠤᠸᠠᠩ ᠬᠤᠢ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠴᠢ᠊ ᠪᠠᠲᠤ ᠬᠤᠷᠠᠯ᠎ᠢ ᠡᠷᠬᠢᠯᠡᠪᠡ᠃

ᠬᠤᠷᠠᠯ᠎ᠠᠴᠠ᠂ ᠨᠠᠮ᠎ᠤᠨ ᠲᠥᠪ ᠬᠣᠷᠢᠶᠠᠨ᠎ᠤ ᠪᠠᠢᠩᠭᠤᠵᠢᠭᠰᠠᠨ ᠬᠠᠪᠰᠤᠷᠤᠨ ᠲᠡᠳᠬᠦᠬᠦ᠎ᠠᠵᠢᠯ᠎ᠢ ᠠᠬᠢᠭᠤᠯᠬᠤ ᠲᠤᠬᠠᠢ ᠰᠢᠨ᠎ᠡ ᠪᠠᠢᠷᠢᠯᠠᠭᠤᠯᠤᠯᠲᠠ ᠰᠢᠨ᠎ᠡ ᠱᠠᠭᠠᠷᠳᠠᠯᠭ᠎ᠠ᠎ᠶᠢ ᠭᠦᠨᠵᠡᠭᠡᠢ ᠰᠤᠷᠤᠯᠴᠠᠨ ᠨᠡᠪᠲᠡᠷᠬᠡᠢ ᠣᠢᠯᠠᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠵᠢᠯ᠎ᠤᠨ ᠱᠠᠭᠠᠷᠳᠠᠯᠭ᠎ᠠ ᠶᠣᠰᠣᠭᠠᠷ᠂ ᠲᠦᠷᠦ᠎ᠶᠢᠨ ᠪᠣᠳᠣᠯᠭ᠎ᠠ᠎ᠶᠢᠨ ᠤᠳᠤᠷᠢᠳᠤᠮᠵᠢ᠎ᠶᠢ ᠤᠨᠤᠴᠠᠳᠠᠢ ᠡᠵᠡᠮᠳᠡᠵᠦ᠂ ᠲᠠᠬᠢᠨ ᠶᠠᠳᠠᠭᠤᠷᠠᠬᠤ᠎ᠶᠢ ᠰᠡᠷᠭᠡᠢᠯᠡᠬᠦ ᠲᠣᠭᠲᠠᠴᠠ᠎ᠶᠢ ᠨᠢᠭᠡᠳᠦᠯᠲᠡᠢ ᠲᠥᠯᠥᠪᠵᠢᠭᠦᠯᠦᠨ ᠪᠠᠢᠭᠤᠯᠵᠤ᠂ ᠪᠠᠢᠩᠭᠤᠵᠢᠭ᠍ᠰᠠᠨ ᠬᠠᠪᠰᠤᠷᠤᠨ ᠲᠡᠳᠬᠦᠬᠦ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ᠎ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠣᠷᠣᠨ᠎ᠤ  ᠪᠣᠳᠠᠲᠠᠢ ᠪᠠᠢᠳᠠᠯ᠎ᠳᠤ ᠰᠠᠭᠤᠷᠢᠯᠠᠨ᠂ ᠬᠥᠭᠵᠢᠯᠲᠡ᠎ᠶᠢᠨ ᠪᠠᠢᠷᠢ ᠲᠣᠭᠲᠠᠭᠠᠯᠲᠠ᠎ᠪᠠᠨ ᠣᠨᠣᠪᠴᠢᠲᠠᠶ ᠡᠷᠢᠵᠦ᠂ ᠠᠮᠤ ᠪᠤᠳᠠᠭᠠᠨ᠎ᠤ ᠦᠢᠯᠡᠳᠪᠦᠷᠢᠯᠡᠯ ᠪᠠ ᠲᠠᠷᠢᠶᠠᠨ ᠭᠠᠵᠠᠷ᠎ᠤᠨ ᠬᠠᠮᠠᠭᠠᠯᠠᠯᠲᠠ᠎ᠶᠢ ᠲᠣᠪᠣᠢᠮ᠎ᠠ ᠰᠠᠢᠲᠤᠷ ᠠᠳᠬᠤᠵᠤ᠂ ᠮᠠᠯ ᠠᠵᠤ ᠠᠬᠤᠢ᠎ᠶᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠵᠦ ᠲᠠᠰ ᠳᠡᠪᠰᠢᠭᠦᠯᠬᠦ᠎ᠶᠢ ᠠᠬᠢᠭᠤᠯᠤᠨ᠂ ᠠᠵᠤ ᠦᠢᠯᠡᠰ᠎ᠦᠨ ᠡᠷᠴᠢᠮᠯᠢᠭ ᠲᠥᠪᠯᠡᠷᠡᠨ ᠬᠥᠭᠵᠢᠬᠦ᠎ᠶᠢ ᠠᠬᠢᠭᠤᠯᠵᠤ᠂ ᠥᠪᠥᠷ ᠮᠣᠩᠭᠣᠯ᠎ᠤᠨ ᠪᠣᠳᠠᠲᠠᠢ᠎ᠳᠤ ᠨᠡᠢᠴᠡᠭᠰᠡᠨ  ᠮᠠᠯ ᠠᠵᠤ ᠠᠬᠤᠢ ᠲᠠᠷᠢᠶᠠᠯᠠᠩ᠎ᠤ᠋ᠨ ᠣᠳᠣᠬᠢᠴᠢᠯᠠᠯᠲᠠ᠎ᠶᠢᠨ ᠵᠠᠮ᠎ᠢᠶᠠᠷ ᠵᠠᠮᠨᠠᠬᠤ ᠬᠡᠷᠡᠭᠳᠡᠢ᠃ 《ᠮᠢᠩᠭ᠎ᠠ ᠲᠦᠮᠡ ᠵᠢᠨ ᠢᠨᠵᠧᠨᠧᠷᠢᠩ》 ᠤ᠋ᠨ ᠲᠤᠷᠰᠢᠯᠭ᠎ᠠ᠎ᠶᠢ ᠰᠤᠷᠤᠯᠴᠠᠨ ᠬᠡᠷᠡᠭᠯᠡᠵᠦ᠂ ᠲᠤᠬᠠᠢ᠎ᠶᠢᠨ ᠭᠠᠵᠠᠷ ᠣᠷᠣᠨ᠎ᠤ ᠪᠠᠢᠳᠠᠯ ᠳ᠋ᠤ ᠪᠠᠨ ᠲᠣᠬᠢᠷᠠᠭᠤᠯᠤᠨ᠂ ᠣᠷᠣᠰᠢᠨ ᠰᠠᠭᠤᠷᠢᠰᠢᠬᠤ᠎ᠳᠤ ᠲᠣᠬᠢᠷᠠᠮᠵᠢᠲᠠᠢ ᠦᠵᠡᠰᠬᠦᠯᠡᠩᠲᠦ ᠰᠠᠢᠬᠠᠨ ᠬᠥᠳᠡᠭᠡ ᠲᠣᠰᠬᠣᠨ᠎ᠤ ᠪᠦᠲᠦᠭᠡᠨ ᠪᠠᠢᠭᠤᠯᠤᠯᠲᠠ᠎ᠶᠢ ᠲᠥᠷᠥᠯ ᠬᠤᠪᠢᠶᠠᠨ ᠡᠮᠬᠢ ᠵᠢᠷᠤᠮ᠎ᠲᠠᠢ᠎ᠪᠠᠷ ᠠᠬᠢᠭᠤᠯᠬᠤ ᠬᠡᠷᠡᠭᠳᠡᠢ᠃ ᠨᠠᠮ᠎ᠤᠨ 《ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》 ᠤ᠋ ᠠᠵᠢᠯ᠎ᠳᠠᠬᠢ ᠪᠥᠬᠥ ᠲᠠᠯ᠎ᠠ᠎ᠶᠢᠨ ᠤᠳᠤᠷᠢᠳᠤᠯᠭ᠎ᠠ᠎ᠶᠢ ᠴᠢᠩᠭᠠᠳᠬᠠᠵᠤ᠂ ᠵᠥᠪ ᠣᠨᠣᠪᠴᠢᠲᠠᠶ ᠵᠠᠰᠠᠭ᠎ᠤᠨ ᠠᠵᠢᠯ᠎ᠤᠨ ᠪᠦᠳᠦᠮᠵᠢ᠎ᠶᠢᠨ ᠦᠵᠡᠯᠲᠡ᠎ᠪᠡᠷ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠂ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ᠎ᠤ ᠣᠳᠣᠬᠢᠴᠢᠯᠠᠯᠲᠠ᠎ᠶᠢ ᠠᠬᠢᠭᠤᠯᠬᠤ ᠬᠡᠷᠡᠭᠳᠡᠢ ᠬᠡᠵᠦ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号