ᠵᠠᠩ ᠶᠠᠨ ᠺᠦᠨ ᠬᠤᠷᠠᠯ ᠢ᠋ ᠡᠷᠭᠢᠯᠡᠵᠠᠢ
6 ᠰᠠᠷ᠎ᠠ᠎ᠶᠢᠨ 17 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠦᠪᠯᠡᠯᠭᠡᠨ ᠤ᠋ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ 80 ᠳ᠋ᠤᠭᠠᠷ ᠤᠳᠠᠭ᠎ᠠ᠎ᠶᠢᠨ ᠲᠡᠷᠢᠭᠦᠯᠡᠭᠴᠢᠳ᠎ᠦᠨ ᠬᠤᠷᠠᠯ ᠬᠤᠷᠠᠯᠳᠤᠭᠤᠯᠪᠠ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠲᠡᠷᠢᠭᠦᠯᠡᠭᠴᠢ ᠵᠠᠩ ᠶᠠᠨ ᠺᠦᠨ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠳᠡᠳ᠋ ᠲᠡᠷᠢᠭᠦᠯᠡᠭᠴᠢ ᠵᠠᠩ ᠯᠸᠢ᠂ ᠶᠠᠩ ᠵᠢᠶᠸ᠂ ᠵᠢᠨ ᠵᠤᠸᠠᠩ᠂ ᠢᠦᠶ ᠷᠧᠨ ᠵᠢᠶᠧ ᠵᠢᠴᠢ ᠨᠠᠷᠢᠨ ᠪᠢᠴᠢᠭ᠎ᠦᠨ ᠳᠠᠷᠤᠭ᠎ᠠ ᠶᠠᠩ ᠯᠢ ᠮᠢᠨ ᠬᠤᠷᠠᠯ᠎ᠳᠤ ᠣᠷᠣᠯᠴᠠᠵᠠᠶ᠃
ᠬᠤᠷᠠᠯ᠎ᠡᠴᠡ 《〈ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌᠎ᠪᠡᠷ ᠤᠳᠤᠷᠢᠳᠤᠮᠵᠢ ᠪᠣᠯᠭᠠᠵᠤ᠂ ᠮᠠᠨ᠎ᠤ ᠣᠷᠣᠨ᠎ᠤ ᠠᠮᠢᠳᠤ ᠪᠣᠳᠠᠰ᠎ᠤᠨ ᠡᠮ ᠡᠮᠨᠡᠯᠭᠡ᠎ᠶᠢᠨ ᠠᠵᠤ ᠦᠢᠯᠡᠰ᠎ᠦᠨ ᠴᠢᠨᠠᠷ ᠰᠠᠶ᠋ᠢᠲᠠᠶ ᠬᠥᠭᠵᠢᠯᠲᠡ᠎ᠶᠢ ᠠᠬᠢᠭᠤᠯᠬᠤ〉 ᠲᠤᠬᠠᠶ ᠪᠠᠶ᠋ᠢᠴᠠᠭᠠᠨ ᠰᠤᠳᠤᠯᠤᠯᠲᠠ᠎ᠶᠢᠨ ᠮᠡᠳᠡᠭᠦᠯᠦᠯᠲᠡ》 ᠪᠣᠯᠤᠨ ᠬᠤᠯᠪᠤᠬᠳᠠᠯ ᠪᠥᠬᠥᠶ ᠠᠵᠢᠯᠲᠠᠨ᠎ᠤ ᠶᠠᠪᠤᠳᠠᠯ᠎ᠤᠨ ᠵᠦᠢᠯᠡᠰ᠎ᠢ ᠬᠢᠨᠠᠨ ᠵᠥᠪᠯᠡᠪᠡ᠃