ᠦᠪᠦᠷ ᠮᠤᠨᠭᠭᠤᠯ ᠵᠢᠭᠤᠯᠴᠢᠯᠠᠯ ᠤ᠋ᠨ ᠬᠦᠷᠢᠶᠡᠨ ᠤ᠋ ᠬᠠᠤᠯᠢ ᠡᠴᠡ ᠵᠥᠷᠢᠴᠡᠭ᠌ᠰᠡᠨ ᠰᠦᠪᠡᠭ᠌ᠴᠢ ᠵᠢ ᠴᠤᠬᠯᠠᠭᠤᠯᠵᠤ ᠪᠤᠢ
2026-06-18 10:36:03
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

ᠵᠢᠭᠤᠯᠴᠢᠯᠠᠯ ᠤ᠋ᠨ ᠵᠠᠬ᠎ᠠ ᠳᠡᠯᠭᠡᠭᠦᠷ ᠤ᠋ᠨ ᠡᠮᠬᠢ ᠵᠢᠷᠦᠮ ᠦᠭᠡᠢ ᠪᠠᠢᠳᠠᠯ ᠢ᠋ ᠴᠡᠭ᠌ᠴᠡᠯᠡᠨ ᠵᠠᠰᠠᠵᠤ᠂ ᠬᠡᠷᠡᠭ᠌ᠯᠡᠭᠡ᠎ᠵᠢᠨ ᠣᠷᠴᠢᠨ ᠨᠦᠬᠦᠴᠡᠯ ᠢ᠋ ᠴᠡᠪᠡᠷᠱᠢᠭᠦᠯᠦᠨ᠂ ᠵᠢᠭᠤᠯᠴᠢᠯᠠᠭ᠍ᠰᠠᠳ ᠤ᠋ᠨ ᠬᠠᠤᠯᠢ ᠶᠣᠰᠣᠨ ᠤ᠋ ᠡᠷᠬᠡ ᠠᠱᠢᠭ ᠢ᠋ ᠪᠠᠲᠤᠯᠠᠬᠤ ᠶ᠋ᠢᠨ ᠲᠥᠯᠥᠭᠡ᠂ 6 ᠰᠠᠷ᠎ᠠ ᠶ᠋ᠢᠨ 1 ᠤ᠋ ᠡᠳᠦᠷ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠤᠪᠴᠢᠶ᠎ᠠ ᠡᠴᠡ ᠠᠯᠪᠠᠨ ᠵᠠᠷᠯᠠᠯ ᠨᠡᠢᠲᠡᠯᠡᠵᠦ ᠨᠡᠢᠭᠡᠮ ᠨᠡᠢᠲᠡ ᠡᠴᠡ ᠵᠢᠭᠤᠯᠴᠢᠯᠠᠯ ᠤ᠋ᠨ ᠦᠵᠡᠮᠵᠢ ᠶ᠋ᠢᠨ ᠣᠷᠣᠨ᠂ ᠵᠣᠴᠢᠳ ᠤ᠋ᠨ ᠪᠠᠭᠤᠳᠠᠯ᠂ ᠳᠡᠯᠭᠡᠭᠦᠷ ᠤ᠋ᠨ ᠬᠤᠳᠠᠯ ᠬᠠᠭᠤᠷᠮᠠᠭ ᠤᠬᠠᠭᠤᠯᠭ᠎ᠠ᠂ ᠬᠡᠷᠡᠭᠯᠡᠭᠡ ᠵᠢ ᠤᠳᠤᠷᠢᠳᠬᠤ᠂ ᠬᠤᠳᠠᠯᠳᠤᠭᠠᠨ ᠤ᠋ ᠬᠡᠭᠡᠯᠢ ᠬᠠᠬᠤᠤᠯᠢ ᠵᠡᠷᠭᠡ ᠬᠠᠤᠯᠢ ᠡᠴᠡ ᠵᠥᠷᠢᠴᠡᠭ᠌ᠰᠡᠨ ᠰᠦᠪᠡᠭ᠌ᠴᠢ ᠵᠢ ᠢᠯᠡ ᠪᠡᠷ ᠴᠤᠭ᠍ᠯᠠᠭᠤᠯᠵᠤ ᠪᠠᠢᠨ᠎ᠠ᠃

ᠲᠣᠰ ᠤᠳᠠᠭ᠎ᠠ᠎ᠵᠢᠨ ᠰᠦᠪᠡᠭ᠌ᠴᠢ ᠴᠤᠭ᠍ᠯᠠᠭᠤᠯᠬᠤ ᠳ᠋ᠤ ᠬᠣᠶᠠᠷ ᠶᠡᠬᠡ ᠴᠡᠭ᠌ᠴᠡᠯᠡᠨ ᠵᠠᠰᠠᠬᠤ ᠭᠤᠤᠯᠳᠠᠯᠭ᠎ᠠ ᠵᠢ ᠲᠣᠳᠣᠷᠬᠠᠶ ᠲᠣᠭ᠍ᠲᠠᠭᠠᠪᠠ᠃ ᠬᠤᠳᠠᠯ ᠬᠠᠭᠤᠷᠮᠠᠭ ᠤᠬᠠᠭᠤᠯᠭ᠎ᠠ ᠬᠢᠬᠦ᠌᠂ ᠬᠡᠷᠡᠭ᠌ᠯᠡᠭᠡ ᠵᠢ ᠤᠳᠤᠷᠢᠳᠬᠤ ᠲᠠᠯ᠎ᠠ ᠪᠡᠷ᠂ ᠦᠵᠡᠮᠵᠢ ᠶ᠋ᠢᠨ ᠣᠷᠣᠨ ᠤ᠋ ᠵᠡᠷᠭᠡ ᠳᠡᠰ᠂ ᠲᠦᠬᠦᠭᠡᠷᠦᠮᠵᠢ᠂ ᠵᠢᠭᠤᠯᠴᠢᠯᠠᠨ ᠨᠠᠭᠠᠳᠬᠤ ᠲᠥᠷᠥᠯ ᠵᠦᠶ᠋ᠯ ᠢ᠋ ᠬᠤᠳᠠᠯ ᠢ᠋ᠶ᠋ᠡᠷ ᠵᠣᠬᠢᠶᠠᠬᠤ᠂ ᠰᠦᠯᠵᠢᠶᠡᠨ ᠤ᠋ ᠲᠠᠪᠴᠠᠩ᠂ ᠣᠬᠣᠷ ᠸᠢᠳᠢᠣ᠋ ᠪᠡᠷ ᠠᠷᠠᠯᠵᠢᠶᠠᠯᠠᠬᠰᠠᠨ ᠲᠤᠭ᠎ᠠ ᠪᠠᠷᠢᠮᠲᠠ ᠪᠠ ᠬᠡᠷᠡᠭᠯᠡᠭᠴᠢᠳ ᠤ᠋ᠨ ᠦᠨᠡᠯᠡᠯᠲᠡ ᠵᠢ ᠬᠤᠳᠠᠯ ᠢ᠋ᠶ᠋ᠡᠷ ᠵᠤᠬᠢᠶᠠᠬᠤ᠂ ᠵᠢᠭᠤᠯᠴᠢᠯᠠᠭ᠍ᠰᠠᠳ ᠤ᠋ᠨ ᠪᠡᠶᠡᠴᠢᠯᠡᠭᠰᠡᠨ ᠣᠢᠯᠠᠭᠠᠯᠲᠠ ᠵᠢ ᠵᠣᠬᠢᠶᠠᠬᠤ ᠪᠡᠷ ᠳᠠᠮᠵᠢᠭᠤᠯᠤᠨ ᠬᠡᠷᠡᠭ᠌ᠯᠡᠭᠡ ᠵᠢ ᠪᠤᠷᠤᠭᠤ ᠪᠡᠷ ᠤᠳᠤᠷᠢᠳᠬᠤ ᠪᠠᠢᠳᠠᠯ; ᠪᠠᠭᠤᠳᠠᠯ ᠤ᠋ᠨ ᠬᠢᠨ ᠣᠳᠣᠨ ᠲᠠᠰ ᠢ᠋ ᠬᠤᠳᠠᠯ ᠢ᠋ᠶ᠋ᠡᠷ ᠮᠡᠳᠡᠭᠦᠯᠵᠦ᠍᠂ ᠣᠷᠴᠢᠨ ᠲᠤᠭᠤᠷᠢᠨ᠎ᠤ ᠪᠠᠢᠳᠠᠯ ᠢ᠋ ᠬᠤᠳᠠᠯ ᠢ᠋ᠶ᠋ᠡᠷ ᠤᠬᠠᠭᠤᠯᠤᠨ᠂ ᠪᠤᠳᠠᠳᠤ ᠦᠢᠯᠡᠴᠢᠯᠡᠭᠡ ᠨᠢ ᠤᠬᠠᠭᠤᠯᠭ᠎ᠠ ᠲᠠᠢ ᠪᠠᠨ ᠨᠡᠢᠴᠡᠬᠦ᠌ ᠥᠬᠡᠶ ᠪᠠᠢᠳᠠᠯ;ᠵᠢᠭᠤᠯᠴᠢᠯᠠᠯ ᠤ᠋ᠨ ᠲᠠᠸᠠᠷ ᠤ᠋ᠨ ᠳᠡᠯᠭᠡᠭᠦᠷ ᠦᠶ᠋ᠯᠡᠳᠬᠦᠨ ᠤ᠋ ᠭᠠᠷᠤᠯᠲᠠ ᠶ᠋ᠢᠨ ᠣᠷᠣᠨ᠂ ᠬᠢᠷᠢ ᠬᠡᠮ ᠢ᠋ ᠬᠤᠳᠠᠯ ᠢ᠋ᠶ᠋ᠡᠷ ᠵᠤᠬᠢᠶᠠᠵᠤ᠂ ᠲᠠᠸᠠᠷ ᠤ᠋ᠨ ᠶᠠᠰᠤ ᠴᠢᠨᠠᠷ ᠢ᠋ ᠶᠡᠬᠡᠰᠭᠡᠬᠦ᠌ ᠮᠠᠳᠤ᠎ᠵᠢᠨ ᠬᠠᠤᠯᠢ ᠡᠴᠡ ᠵᠥᠷᠢᠴᠡᠭ᠌ᠰᠡᠨ ᠠᠵᠢᠯᠯᠠᠭ᠎ᠠ ᠎ᠵᠢ ᠭᠤᠤᠯᠳᠠᠯᠭ᠎ᠠ ᠲᠠᠢ ᠪᠠᠢᠴᠠᠭᠠᠨ ᠰᠢᠢᠳᠪᠦᠷᠢᠯᠡᠬᠦ ᠪᠤᠯᠤᠨ᠎ᠠ᠃ ᠬᠤᠳᠠᠯᠳᠤᠭᠠᠨ ᠤ᠋ ᠬᠡᠭᠡᠯᠢ ᠬᠠᠬᠤᠤᠯᠢ ᠶ᠋ᠢᠨ ᠲᠠᠯ᠎ᠠ ᠪᠡᠷ᠂ ᠵᠢᠭᠤᠯᠴᠢᠯᠠᠯ ᠤ᠋ᠨ ᠡᠵᠡᠩᠨᠡᠯᠲᠡ ᠶ᠋ᠢᠨ ᠬᠤᠳᠠᠯᠳᠤᠭᠠᠴᠢᠨ ᠡᠷᠦᠬᠡ ᠨᠦ᠍ᠭᠦᠳ ᠤ᠋ᠨ ᠳᠠᠯᠳᠠᠭᠤᠷ ᠵᠢᠭᠤᠯᠴᠢᠯᠠᠯ ᠤ᠋ᠨ ᠬᠣᠷᠢᠶ᠎ᠠ᠂ ᠵᠢᠭᠤᠯᠴᠢᠯᠠᠯ ᠤ᠋ᠨ ᠬᠥᠲᠥᠴᠢ᠂ ᠵᠢᠯᠣᠭᠣᠴᠢ ᠳ᠋ᠤ ᠵᠢᠭᠤᠯᠴᠢᠯᠠᠬᠰᠠᠳ ᠢ᠋ ᠳᠠᠭᠠᠭᠤᠯᠤᠨ ᠠᠪᠴᠢᠷᠠᠬᠰᠠᠨ ᠬᠤᠪᠢᠳᠠᠯ ᠮᠥᠩᠭᠥ᠌ ᠥᠭ᠌ᠬᠦ ᠵᠡᠷᠭᠡ ᠪᠡᠷ ᠳᠠᠮᠵᠢᠭᠤᠯᠤᠨ ᠵᠠᠬ᠎ᠠ ᠳᠡᠯᠭᠡᠭᠦᠷ ᠤ᠋ᠨ ᠲᠦᠪ ᠭᠤᠤᠯᠴᠢ ᠪᠠᠷ ᠥᠷᠢᠰᠥᠯᠳᠦᠬᠦ᠌ ᠡᠮᠬᠢ ᠵᠢᠷᠤᠮ ᠢ᠋ ᠰᠠᠮᠠᠭᠤᠷᠠᠭᠤᠯᠬᠤ ᠬᠠᠮᠢᠶ᠎ᠠ ᠪᠦᠬᠦᠢ ᠰᠦᠪᠡᠭ᠌ᠴᠢ ᠵᠢ ᠭᠣᠣᠯᠳᠠᠯᠭ᠎ᠠ ᠲᠠᠢ ᠴᠤᠬᠯᠠᠭᠤᠯᠵᠤ ᠪᠠᠢᠨ᠎ᠠ᠃

ᠢᠯᠡᠴᠢᠯᠡᠨ ᠮᠡᠳᠡᠭᠦᠯᠬᠦ᠌ ᠠᠷᠭ᠎ᠠ ᠵᠠᠮ ᠢ᠋ ᠰᠠᠭᠠᠳ ᠥᠬᠡᠶ ᠨᠡᠪᠲᠡᠷᠡᠭᠦᠯᠬᠦ᠌ ᠶ᠋ᠢᠨ ᠲᠥᠯᠥᠭᠡ᠂ ᠣᠯᠠᠨ ᠲᠦᠮᠡᠨ 12315 ᠬᠠᠯᠠᠮᠱᠢᠯ ᠤᠲᠠᠰᠤ ᠵᠢ ᠤᠲᠠᠰᠤᠳᠠᠵᠤ᠂ ᠪᠥᠬᠥ᠌ ᠤᠯᠤᠰ ᠤ᠋ᠨ 12315 ᠲᠠᠪᠴᠠᠩ ᠤ᠋ᠨ ᠠᠯᠪᠠᠨ ᠰᠦᠯᠵᠢᠶ᠎ᠡ ᠵᠢᠴᠢ ᠵᠢᠷᠭᠢᠶ᠎ᠡ᠂ ᡁᠢ ᠹᠦ ᠪᠤᠤ ᠶ᠋ᠢᠨ ᠪᠢᠴᠢᠯ ᠫᠷᠤᠭ᠌ᠷᠠᠮ ᠳ᠋ᠤ ᠭᠠᠷᠴᠤ᠌ ᠰᠦᠪᠡᠭ᠌ᠴᠢ ᠲᠤᠱᠢᠶᠠᠵᠤ ᠪᠣᠯᠤᠨ᠎ᠠ ᠃ ᠪᠠᠰᠠ ᠲᠣᠭ᠍ᠲᠠᠭ᠍ᠰᠠᠨ ᠢᠮᠧᠯ ᠳ᠋ᠤ ᠶᠠᠪᠤᠭᠤᠯᠬᠤ ᠪᠤᠶᠤ ᠬᠠᠷᠢᠶ᠎ᠠ ᠭᠠᠵᠠᠷ ᠤ᠋ᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠥᠴᠢᠷ ᠲᠦ᠍ ᠬᠦᠷᠴᠦ ᠢᠯᠡᠴᠢᠯᠡᠨ ᠮᠡᠳᠡᠭᠦᠯᠵᠦ᠍ ᠪᠣᠯᠤᠨ᠎ᠠ᠃

ᠣᠢᠯᠠᠭᠠᠭ᠍ᠰᠠᠨ ᠢ᠋ᠶ᠋ᠡᠷ᠂ ᠲᠣᠰ ᠤᠳᠠᠭ᠎ᠠ᠎ᠵᠢᠨ ᠰᠦᠪᠡᠭ᠌ᠴᠢ ᠵᠢ ᠴᠤᠭ᠍ᠯᠠᠭᠤᠯᠬᠤ ᠠᠵᠢᠯ ᠣᠷᠳᠣ ᠬᠤᠭᠤᠴᠠᠭ᠎ᠠ ᠪᠡᠷ ᠶᠠᠪᠤᠬᠳᠠᠨ᠎ᠠ᠃ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠥᠴᠢᠷ᠎ᠤᠨ ᠬᠢᠨ ᠢᠯᠡᠴᠢᠯᠡᠨ ᠮᠡᠳᠡᠭᠦᠯᠦᠭ᠌ᠴᠢ ᠶ᠋ᠢᠨ ᠮᠡᠳᠡᠭᠡ ᠵᠠᠩᠭᠢ ᠵᠢᠨ ᠨᠢᠭᠤᠴᠠ ᠵᠢ ᠬᠠᠮᠠᠭᠠᠯᠠᠬᠤ ᠵᠢ ᠴᠢᠨᠭᠭᠠᠳᠬᠠᠵᠤ᠂ ᠦᠨᠡᠨ ᠨᠡᠷ᠎ᠡ ᠪᠡᠷ ᠢ᠋ᠶ᠋ᠡᠨ ᠢᠯᠡᠴᠢᠯᠡᠨ ᠮᠡᠳᠡᠭᠦᠯᠬᠦ᠌ ᠵᠢ ᠵᠣᠷᠢᠭ᠍ᠵᠢᠭᠤᠯᠵᠤ᠂ ᠪᠠᠢᠴᠠᠭᠠᠨ ᠳᠣᠲᠣᠯᠠᠭ᠍ᠰᠠᠨ ᠬᠠᠤᠯᠢ ᠡᠴᠡ ᠵᠥᠷᠢᠴᠡᠭ᠌ᠰᠡᠨ ᠠᠰᠠᠭᠤᠳᠠᠯ ᠢ᠋ ᠬᠠᠤᠯᠢ ᠶᠣᠰᠣᠭᠠᠷ ᠱᠢᠶ᠋ᠳᠪᠦᠷᠢᠯᠡᠨ᠎ᠡ᠃ ᠡᠭᠦᠨ ᠤ᠋ ᠬᠠᠮᠳᠤ᠂ ᠬᠤᠳᠠᠯ ᠬᠠᠭᠤᠷᠮᠠᠭ ᠢ᠋ᠶ᠋ᠡᠷ ᠢᠯᠡᠴᠢᠯᠡᠨ ᠮᠡᠳᠡᠭᠦᠯᠬᠦ᠌᠂ ᠭᠦᠳᠭᠡᠨ ᠵᠠᠭᠠᠯᠳᠤᠵᠤ ᠬᠤᠤᠷᠯᠠᠬᠤ ᠵᠢ ᠴᠢᠩᠭ᠎ᠠ ᠴᠠᠭᠠᠵᠠᠯᠠᠵᠤ᠂ ᠵᠥᠷᠢᠴᠡᠭ᠌ᠰᠡᠳ ᠬᠠᠤᠯᠢ ᠶᠣᠰᠣᠭᠠᠷ ᠬᠠᠤᠯᠢ ᠶ᠋ᠢᠨ ᠬᠠᠷᠢᠭᠤᠴᠠᠯᠭ᠎ᠠ ᠡᠭᠦᠷᠭᠡᠯᠡᠨ᠎ᠡ ᠭᠡᠵᠦ ᠰᠠᠨᠠᠭᠤᠯᠵᠤ ᠪᠠᠢᠨ᠎ᠠ᠃

ᠤᠢᠷ᠎ᠠ ᠳ᠋ᠤ ᠣᠷᠳᠣᠰ ᠬᠣᠲᠠ ᠵᠢᠨ ᠵᠠᠯᠠᠭᠤᠴᠤᠳ ᠪᠠᠭᠠᠴᠤᠳ ᠤ᠋ᠨ ᠲᠠᠶᠸᠺᠦᠨᠳᠤ᠋ ᠶ᠋ᠢᠨ ᠬᠤᠯᠪᠤᠭᠠᠳᠤ ᠤᠷᠤᠯᠳᠤᠭᠠᠨ ᠤᠷᠳᠤᠰ ᠬᠣᠲᠠ ᠵᠢᠨ ᠪᠡᠶ᠎ᠡ ᠵᠢᠨ ᠲᠠᠮᠢᠷ ᠤ᠋ᠨ ᠦᠢᠯᠡᠰ ᠤ᠋ᠨ ᠬᠥᠭᠵᠢᠯᠲᠡ ᠵᠢᠨ ᠲᠥᠪ ᠤ᠋ᠨ ᠪᠡᠶ᠎ᠡ ᠵᠢᠨ ᠲᠠᠮᠢᠷ ᠤ᠋ᠨ ᠣᠷᠳᠣᠨ ᠳ᠋ᠤ ᠶᠠᠪᠤᠭᠳᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号