ᠦᠪᠦᠷ ᠮᠤᠩᠭᠤᠯ ᠲᠤᠰᠬᠠᠢ ᠲᠦᠰᠦᠯ ᠳᠤᠭᠳᠠᠭᠠᠵᠤ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠬᠦᠷᠢᠶᠡᠨ ᠤ᠋ ᠰᠢᠨ᠎ᠠ ᠶ᠋ᠢ ᠡᠭᠦᠳᠬᠦ ᠠᠮᠢᠵᠢᠷᠠᠯ ᠤ᠋ᠨ ᠬᠦᠴᠦᠨ ᠢ᠋ ᠬᠦᠭᠵᠢᠭᠡᠪᠡ
2026-06-18 10:33:29
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠤᠢᠷ᠎ᠠ ᠳ᠋ᠤ ᠦᠪᠡᠷᠳᠡᠭᠡᠨ ᠵᠠᠰᠠᠬᠤ ᠤᠷᠤᠨ ᠤ᠋ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶ᠋ᠢᠨ ᠵᠦᠪᠯᠡᠯ᠂ ᠮᠡᠳᠡᠯᠭᠡ ᠶ᠋ᠢᠨ ᠦᠮᠴᠢᠯᠡᠯ ᠤ᠋ᠨ ᠡᠷᠬᠡ ᠶ᠋ᠢᠨ ᠳᠤᠪᠴᠢᠶ᠎ᠠ ᠲᠠᠢ ᠬᠠᠮᠳᠤᠷᠠᠨ 《ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠡᠮᠴᠢᠯᠡᠭᠡᠨ ᠳ᠋ᠡᠬᠢ ᠰᠢᠨ᠎ᠠ ᠶ᠋ᠢ ᠡᠭᠦᠳᠦᠭᠰᠡᠨ ᠦᠷ᠎ᠠ ᠪᠦᠲᠦᠭᠡᠯ ᠢ᠋ ᠤᠨᠳᠤᠤᠰᠢᠭᠤᠯᠬᠤ 〈ᠬᠠᠪᠤᠷ ᠤ᠋ᠨ ᠪᠤᠷᠤᠭᠠᠨ ᠤ᠋ ᠠᠵᠢᠯᠯᠠᠭ᠎ᠠ 〉 ᠶ᠋ᠢᠨ ᠬᠡᠷᠡᠭᠵᠢᠭᠦᠯᠬᠦ ᠲᠦᠰᠦᠯ 》 ᠢ᠋ ᠳᠠᠷᠤᠮᠠᠯᠯᠠᠨ ᠲᠠᠷᠬᠠᠭᠠᠵᠤ᠂ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠬᠦᠷᠢᠶᠡᠨ ᠤ᠋ ᠰᠢᠨ᠎ᠠ ᠶ᠋ᠢ ᠡᠭᠦᠳᠬᠦ ᠠᠮᠢᠵᠢᠷᠠᠯ ᠤ᠋ᠨ ᠬᠦᠴᠦᠨ ᠢ᠋ ᠬᠦᠭᠵᠢᠭᠡᠪᠡ᠃

ᠲᠤᠰ ᠬᠡᠷᠡᠭᠵᠢᠭᠦᠯᠬᠦ ᠲᠦᠰᠦᠯ ᠨᠢ ᠤᠷᠤᠨ ᠪᠦᠰᠡ ᠶ᠋ᠢᠨ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠠᠵᠤ ᠦᠢᠯᠡᠰ ᠤ᠋ᠨ ᠬᠦᠭᠵᠢᠯᠳᠡ ᠶ᠋ᠢᠨ ᠪᠤᠳᠠᠳᠤ ᠪᠠᠢᠳᠠᠯ ᠵᠢᠴᠢ ᠡᠮᠴᠢᠯᠡᠭᠡᠨ ᠤ᠋ ᠬᠡᠷᠡᠭᠴᠡᠭᠡ ᠶ᠋ᠢᠨ ᠬᠦᠨᠳᠡᠭᠦᠷ ᠴᠡᠭ ᠲᠤ᠌ ᠰᠠᠭᠤᠷᠢᠯᠠᠨ ᠡᠮᠴᠢᠯᠡᠭᠡᠨ ᠤ᠋ ᠬᠦᠷᠢᠶᠡᠨ ᠳ᠋ᠡᠬᠢ ᠰᠢᠨ᠎ᠠ ᠶ᠋ᠢ ᠡᠭᠦᠳᠬᠦ ᠴᠢᠨᠠᠷᠯᠢᠭ ᠰᠠᠢᠨ ᠡᠬᠢ ᠪᠠᠶᠠᠯᠢᠭ ᠢ᠋ ᠠᠭᠤᠳᠠᠯᠬᠤ᠂ ᠰᠢᠨ᠎ᠠ ᠶ᠋ᠢ ᠡᠭᠦᠳᠦᠭᠰᠡᠨ ᠦᠷ᠎ᠠ ᠪᠦᠲᠦᠭᠡᠯ ᠢ᠋ ᠬᠡᠷᠡᠭᠯᠡᠭᠡᠨ ᠳ᠋ᠤ ᠤᠷᠤᠭᠤᠯᠬᠤ ᠶ᠋ᠢ ᠲᠦᠷᠭᠡᠳᠭᠡᠬᠦ ᠪᠡᠷ ᠭᠤᠤᠯ ᠬᠠᠷᠠᠯᠳᠠ ᠪᠤᠯᠭᠠᠵᠤ᠂ ᠡᠮᠴᠢᠯᠡᠭᠡᠨ ᠤ᠋ ᠡᠮᠴᠢ᠂ ᠲᠤᠬᠠᠢᠯᠠᠭᠰᠠᠨ ᠮᠡᠷᠭᠡᠵᠢᠯ ᠤ᠋ᠨ ᠲᠤᠰᠬᠠᠢ ᠮᠡᠷᠭᠡᠵᠢᠯᠳᠡᠨ ᠬᠢᠭᠡᠳ ᠡᠮᠴᠢᠯᠡᠭᠡᠨ ᠤ᠋ ᠪᠠᠭᠠᠵᠢ ᠬᠡᠷᠡᠭᠰᠡᠯ ᠦᠢᠯᠡᠳᠪᠤᠷᠢᠯᠡᠬᠦ ᠠᠵᠤ ᠠᠬᠤᠢᠯᠠᠯ ᠢ᠋ ᠨᠠᠷᠢᠨ ᠤᠨᠤᠴᠠᠳᠠᠢ ᠵᠤᠯᠭᠠᠭᠤᠯᠬᠤ ᠲᠤᠰᠬᠠᠢᠵᠢᠭᠰᠠᠨ ᠦᠷ᠎ᠠ ᠪᠦᠲᠦᠭᠡᠯ ᠢ᠋ ᠤᠨᠳᠤᠤᠰᠢᠭᠤᠯᠬᠤ ᠳᠠᠪᠴᠠᠩ ᠢ᠋ ᠪᠠᠢᠭᠤᠯᠵᠤ᠂ ᠡᠮᠴᠢᠯᠡᠭᠡᠨ ᠤ᠋ ᠰᠢᠨ᠎ᠠ ᠶ᠋ᠢ ᠡᠭᠦᠳᠬᠦ ᠰᠡᠳᠬᠢᠮᠵᠢ᠂ ᠡᠷᠳᠡᠮ ᠰᠢᠨᠵᠢᠯᠡᠭᠡᠨ ᠤ᠋ ᠮᠡᠷᠭᠡᠵᠢᠯ ᠤ᠋ᠨ ᠰᠤᠳᠤᠯᠭᠠᠨ ᠪᠠ ᠨᠡᠭᠡᠭᠡᠯᠳᠡ ᠬᠢᠭᠡᠳ ᠵᠠᠬ᠎ᠠ ᠳᠡᠯᠭᠡᠭᠦᠷ ᠤ᠋ᠨ ᠠᠵᠤ ᠦᠢᠯᠡᠰᠵᠢᠭᠰᠡᠨ ᠬᠡᠷᠡᠭᠯᠡᠭᠡ ᠶ᠋ᠢ ᠵᠤᠯᠭᠠᠭᠤᠯᠬᠤ ᠵᠠᠮ ᠱᠤᠭᠤᠮ ᠢ᠋ ᠪᠦᠲᠦᠮᠵᠢᠳᠠᠢ ᠰᠢᠯᠤᠭᠤᠳᠬᠠᠨ᠂ ᠡᠮᠴᠢᠯᠡᠭᠡᠨ ᠤ᠋ ᠦᠷᠳᠡᠭ ᠵᠢᠡᠷ ᠦᠨᠳᠦᠷ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠰᠢᠨ᠎ᠠ ᠶ᠋ᠢ ᠡᠭᠦᠳᠦᠭᠰᠡᠨ ᠦᠷ᠎ᠠ ᠪᠦᠲᠦᠭᠡᠯ ᠢ᠋ ᠳᠠᠷᠤᠢ ᠲᠦᠷᠭᠡᠨ ᠤᠨᠳᠤᠤᠰᠢᠭᠤᠯᠤᠨ᠂ ᠵᠠᠬ᠎ᠠ ᠳᠡᠯᠭᠡᠭᠦᠷ ᠲᠤ᠌ ᠭᠠᠷᠭᠠᠵᠤ᠂ ᠬᠡᠷᠡᠭᠯᠡᠭᠡᠨ ᠳ᠋ᠤ ᠤᠷᠤᠭᠤᠯᠬᠤ ᠶ᠋ᠢ ᠠᠬᠢᠭᠤᠯᠬᠤ ᠪᠡᠷ ᠵᠤᠷᠢᠯᠳᠠ ᠪᠤᠯᠭᠠᠪᠠ᠃

ᠬᠡᠷᠡᠭᠵᠢᠭᠦᠯᠬᠦ ᠲᠦᠰᠦᠯ ᠳ᠋ᠤ ᠶᠡᠷᠦᠩᠬᠡᠢ ᠬᠠᠷᠠᠯᠳᠠ᠂ ᠬᠡᠷᠡᠭᠵᠢᠭᠦᠯᠬᠦ ᠭᠤᠤᠯ ᠴᠤᠭᠴᠠ᠂ ᠠᠵᠢᠯ ᠤ᠋ᠨ ᠬᠤᠪᠢᠶᠠᠷᠢᠯᠠᠯ᠂ ᠬᠡᠷᠡᠭᠵᠢᠭᠦᠯᠬᠦ ᠠᠯᠬᠤᠮ ᠳᠠᠷᠠᠭ᠎ᠠ ᠵᠡᠷᠭᠡ ᠭᠤᠤᠯ ᠠᠭᠤᠯᠭ᠎ᠠ ᠶ᠋ᠢ ᠲᠤᠳᠤᠷᠬᠠᠢᠯᠠᠵᠤ᠂ ᠲᠦᠷᠦᠯ ᠵᠦᠢᠯ ᠡᠯᠰᠡᠬᠦ᠂ ᠲᠤᠰᠬᠠᠢ ᠮᠡᠷᠭᠡᠵᠢᠯᠳᠡᠨ ᠤ᠋ ᠰᠢᠭᠰᠢᠯᠳᠡ᠂ ᠰᠤᠳᠤᠯᠭᠠᠨ ᠪᠠ ᠬᠢᠨᠠᠨ ᠦᠨᠡᠯᠡᠬᠦ ᠠᠵᠢᠯ ᠢ᠋ ᠬᠤᠯᠪᠤᠭᠠᠯᠠᠨ ᠦᠷᠨᠢᠭᠦᠯᠬᠦ᠂ ᠨᠠᠷᠢᠨ ᠤᠨᠤᠴᠠᠳᠠᠢ ᠬᠠᠪᠰᠤᠷᠤᠨ ᠳᠡᠳᠬᠦᠬᠦ᠂ ᠦᠷ᠎ᠠ ᠪᠦᠲᠦᠭᠡᠯ ᠢ᠋ ᠤᠨᠳᠤᠤᠰᠢᠭᠤᠯᠬᠤ ᠵᠡᠷᠭᠡ ᠪᠦᠬᠦ ᠶᠠᠪᠤᠴᠠ ᠶ᠋ᠢᠨ ᠠᠵᠢᠯ ᠡᠭᠦᠷᠭᠡ ᠶ᠋ᠢ ᠨᠠᠷᠢᠯᠢᠭᠵᠢᠭᠤᠯᠤᠨ᠂ ᠳᠦᠷᠢᠮᠵᠢᠭᠰᠡᠨ᠂ ᠨᠠᠷᠢᠨ ᠳᠠᠩᠰᠠᠴᠢᠯᠠᠭᠰᠠᠨ᠂ ᠪᠢᠳᠡᠭᠦᠦ ᠬᠡᠯᠬᠢᠶᠡᠳᠦ ᠬᠡᠯᠪᠡᠷᠢ ᠶ᠋ᠢᠨ ᠠᠵᠢᠯ ᠢ᠋ ᠠᠬᠢᠭᠤᠯᠬᠤ ᠰᠢᠰᠲ᠋ᠧᠮ ᠢ᠋ ᠪᠠᠢᠭᠤᠯᠵᠤ᠂ ᠪᠦᠬᠦ ᠤᠷᠤᠨ ᠤ᠋ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠬᠦᠷᠢᠶᠡᠨ ᠤ᠋《 ᠬᠠᠪᠤᠷ ᠤ᠋ᠨ ᠪᠤᠷᠤᠭᠠᠨ ᠤ᠋ ᠠᠵᠢᠯᠯᠠᠭ᠎ᠠ 》 ᠶ᠋ᠢᠨ ᠡᠮᠬᠢ ᠵᠢᠷᠦᠮ ᠲᠠᠢ ᠦᠷᠨᠢᠵᠤ᠂ ᠪᠤᠳᠠᠳᠠᠢ ᠦᠷ᠎ᠠ ᠪᠦᠲᠦᠮᠵᠢ ᠤᠯᠬᠤ ᠳ᠋ᠤ ᠪᠠᠳᠤ ᠴᠢᠩᠭ᠎ᠠ ᠳᠦᠷᠢᠮ ᠤ᠋ᠨ ᠪᠠᠳᠤᠯᠠᠭ᠎ᠠ ᠪᠠ ᠠᠵᠢᠯ ᠤ᠋ᠨ ᠵᠢᠯᠤᠭᠤᠳᠤᠮᠵᠢ ᠬᠠᠩᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号