ᠥᠪᠥᠷ ᠮᠣᠩᠭᠣᠯ ᠨᠡᠢᠭᠡᠮ᠎ᠦᠨ ᠠᠵᠢᠯ᠎ᠤᠨ ᠲᠤᠰᠬᠠᠢ ᠮᠡᠷᠭᠡᠵᠢᠯ᠎ᠦᠨ ᠠᠵᠢᠯᠲᠠᠨ᠎ᠤ ᠡᠩᠨᠡᠭᠡ᠎ᠶᠢᠨ ᠪᠠᠢᠭᠤᠯᠤᠯᠲᠠ ᠵᠢᠨ 《ᠬᠡᠷᠡᠭᠵᠢᠭᠦᠯᠬᠦ ᠲᠥᠰᠥᠯ》 ᠢ᠋ ᠳᠤᠬᠳᠠᠭᠠᠪᠠ
2026-06-19 10:47:38
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠡᠢᠭᠡᠮ᠎ᠦᠨ ᠠᠵᠢᠯ᠎ᠤᠨ ᠬᠡᠯᠲᠡᠰ ᠬᠢᠭᠡᠳ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠠᠵᠢᠯ᠎ᠤᠨ ᠲᠤᠰᠬᠠᠢ ᠮᠡᠷᠭᠡᠵᠢᠯ᠎ᠦᠨ ᠠᠵᠢᠯᠲᠠᠨ᠎ᠤ ᠡᠩᠨᠡᠭᠡ᠎ᠶᠢᠨ ᠪᠠᠢᠭᠤᠯᠤᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢᠨ ᠬᠡᠷᠡᠭᠵᠢᠭᠦᠯᠬᠦ ᠲᠥᠰᠥᠯ (2026 ︱2030 ᠣᠨ)》  (ᠳᠣᠷᠣᠭ᠍ᠰᠢ 《 ᠬᠡᠷᠡᠭᠵᠢᠭᠦᠯᠬᠦ ᠲᠥᠰᠥᠯ 》 ᠭᠡᠵᠦ ᠲᠣᠪᠴᠢᠯᠠᠨ᠎ᠠ) ᠢ᠋ ᠳᠠᠷᠤᠮᠠᠯᠯᠠᠨ ᠲᠠᠷᠬᠠᠭᠠᠪᠠ᠃

《ᠬᠡᠷᠡᠭᠵᠢᠭᠦᠯᠬᠦ ᠲᠥᠰᠥᠯ》 ᠨᠢ ᠨᠡᠢᠭᠡᠮ᠎ᠦᠨ ᠠᠵᠢᠯ᠎ᠤᠨ ᠲᠤᠰᠬᠠᠢ ᠮᠡᠷᠭᠡᠵᠢᠯ᠎ᠦᠨ ᠠᠵᠢᠯᠲᠠᠨ᠎ᠢ ᠬᠥᠮᠥᠵᠢᠭᠦᠯᠬᠦ᠎ᠶᠢ ᠴᠢᠩᠭᠠᠳᠬᠠᠬᠤ᠂ ᠨᠡᠢᠭᠡᠮ᠎ᠦᠨ ᠠᠵᠢᠯ᠎ᠤᠨ ᠲᠤᠰᠬᠠᠢ ᠮᠡᠷᠭᠡᠵᠢᠯ᠎ᠦᠨ ᠠᠵᠢᠯᠲᠠᠨ᠎ᠢ ᠬᠡᠷᠡᠭᠯᠡᠬᠦ ᠡᠷᠴᠢᠮ᠎ᠢ ᠴᠢᠩᠭᠠᠷᠠᠭᠤᠯᠬᠤ᠂ ᠨᠡᠢᠭᠡᠮ᠎ᠦᠨ ᠠᠵᠢᠯ᠎ᠤᠨ ᠲᠤᠰᠬᠠᠢ ᠮᠡᠷᠭᠡᠵᠢᠯ᠎ᠦᠨ ᠠᠵᠢᠯᠲᠠᠨ᠎ᠢ ᠦᠨᠡᠯᠡᠬᠦ ᠳᠦᠷᠢᠮ᠎ᠢ ᠲᠡᠭᠦᠯᠳᠡᠷᠵᠢᠬᠦᠯᠬᠦ᠂ ᠨᠡᠢᠭᠡᠮ᠎ᠦᠨ ᠠᠵᠢᠯ᠎ᠤᠨ ᠲᠤᠰᠬᠠᠢ ᠮᠡᠷᠭᠡᠵᠢᠯ᠎ᠦᠨ ᠠᠵᠢᠯᠲᠠᠨ᠎ᠢ ᠤᠷᠮᠠᠰᠢᠭᠤᠯᠵᠤ ᠪᠠᠲᠤᠯᠠᠬᠤ ᠲᠣᠭᠲᠠᠴᠠ᠎ᠶᠢ ᠲᠡᠭᠦᠯᠳᠡᠷᠵᠢᠭᠦᠯᠬᠦ ᠵᠡᠷᠭᠡ ᠳᠥᠷᠪᠡᠨ ᠭᠣᠭᠴᠣᠭ᠎ᠠ᠎ᠳᠤ ᠠᠩᠬᠠᠷᠤᠯ ᠢ᠋ᠢᠡᠨ ᠲᠦᠪᠯᠡᠷᠡᠭᠦᠯᠵᠦ᠂ ᠦᠵᠡᠯ ᠰᠠᠨᠠᠭ᠎ᠠ ᠤᠯᠤᠰ ᠲᠥᠷᠥ᠎ᠶᠢᠨ ᠵᠢᠯᠣᠭᠣᠳᠤᠯᠭ᠎ᠠ᠎ᠶᠢ ᠴᠢᠩᠭᠠᠳᠬᠠᠬᠤ᠂ ᠠᠵᠢᠯ ᠮᠡᠷᠭᠡᠵᠢᠯ᠎ᠦᠨ ᠬᠥᠭᠵᠢᠯᠲᠡ ᠵᠢ ᠠᠬᠢᠭᠤᠯᠬᠤ᠂ ᠲᠤᠰᠬᠠᠢ ᠮᠡᠷᠭᠡᠵᠢᠯ᠎ᠦᠨ ᠪᠣᠯᠪᠠᠰᠤᠷᠠᠯ᠎ᠤᠨ ᠰᠢᠰᠲᠧᠮ ᠢ᠋ ᠪᠠᠢᠭᠤᠯᠬᠤ᠂ ᠲᠤᠰᠬᠠᠢ ᠮᠡᠷᠭᠡᠵᠢᠯ᠎ᠦᠨ ᠰᠤᠷᠭᠠᠨ ᠬᠥᠮᠦᠵᠢᠯ᠎ᠢ ᠶᠡᠬᠡ ᠪᠡᠷ ᠬᠥᠭᠵᠢᠭᠦᠯᠬᠦ᠂ ᠪᠠᠢᠷᠢᠰᠢᠭᠤᠯᠤᠯᠲᠠ᠎ᠶᠢ ᠵᠦᠢ ᠵᠣᠬᠢᠰᠲᠠᠢ ᠰᠢᠯᠢᠳᠡᠭᠵᠢᠭᠦᠯᠬᠦ᠂ ᠠᠵᠢᠯ᠎ᠤᠨ ᠪᠠᠢᠷᠢ᠎ᠶᠢᠨ ᠨᠡᠭᠡᠭᠡᠯᠲᠡ᠎ᠶᠢ ᠠᠬᠢᠭᠤᠯᠬᠤ᠂ ᠠᠵᠢᠯ᠎ᠤᠨ ᠪᠠᠢᠷᠢ᠎ᠶᠢᠨ ᠬᠠᠮᠢᠶᠠᠷᠤᠯᠲᠠ᠎ᠶᠢ ᠵᠢᠷᠤᠮᠵᠢᠭᠤᠯᠬᠤ᠂ ᠬᠠᠮᠲᠤᠷᠠᠨ ᠬᠥᠳᠡᠯᠦᠯᠴᠡᠬᠦ ᠦᠢᠯᠡᠳᠦᠯ᠎ᠢ ᠪᠠᠳᠠᠷᠠᠭᠤᠯᠬᠤ᠂ ᠨᠡᠢᠭᠡᠮ᠎ᠦᠨ ᠵᠣᠬᠢᠶᠠᠨ ᠪᠠᠢᠭᠤᠯᠤᠯᠲᠠ᠎ᠶᠢ ᠪᠣᠢᠵᠢᠭᠤᠯᠬᠤ᠂ ᠦᠨᠡᠯᠡᠬᠦ ᠪᠠᠷᠢᠮᠵᠢᠶ᠎ᠠ᠎ᠶᠢ ᠪᠦᠷᠢᠨᠰᠢᠭᠦᠯᠬᠦ᠂ ᠣᠯᠠᠨ ᠡᠰᠢᠵᠢᠭᠰᠡᠨ ᠦᠨᠡᠯᠡᠯᠲᠡ᠎ᠶᠢ ᠠᠬᠢᠭᠤᠯᠬᠤ᠂ ᠠᠵᠢᠯ ᠮᠡᠷᠭᠡᠵᠢᠯ᠎ᠦᠨ ᠬᠢᠷᠢ ᠬᠡᠮ᠎ᠢ ᠦᠨᠡᠯᠡᠬᠦ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠬᠤ᠂ ᠴᠠᠯᠢᠩ ᠣᠯᠭᠣᠮᠵᠢ᠎ᠶᠢᠨ ᠰᠢᠰᠲᠧᠮ ᠢ᠋ ᠪᠦᠷᠢᠨᠰᠢᠭᠦᠯᠬᠦ᠂ ᠠᠵᠢᠯ ᠮᠡᠷᠭᠡᠵᠢᠯ᠎ᠦᠨ ᠪᠠᠢᠷᠢ ᠰᠠᠭᠤᠷᠢ᠎ᠶᠢ ᠳᠡᠭᠡᠭᠰᠢᠯᠡᠭᠦᠯᠬᠦ᠂ ᠤᠬᠠᠭᠤᠯᠬᠤ ᠡᠷᠴᠢᠮ᠎ᠢ ᠴᠢᠩᠭᠠᠷᠠᠭᠤᠯᠬᠤ ᠵᠡᠷᠭᠡ ᠲᠠᠯ᠎ᠠ᠎ᠪᠠᠷ ᠪᠤᠳᠠᠳᠠᠢ ᠱᠠᠭᠠᠷᠳᠠᠯᠭ᠎ᠠ ᠳᠤᠷᠠᠳᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠡᠢᠭᠡᠮ᠎ᠦᠨ ᠠᠵᠢᠯ᠎ᠤᠨ ᠬᠡᠯᠲᠡᠰ 《ᠬᠡᠷᠡᠭᠵᠢᠭᠦᠯᠬᠦ ᠲᠥᠰᠥᠯ》 ᠢ᠋ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠠᠢᠲᠤᠷ ᠠᠳᠬᠤᠵᠤ᠂ ᠨᠡᠢᠭᠡᠮ᠎ᠦᠨ ᠠᠵᠢᠯ᠎ᠤᠨ ᠲᠤᠰᠬᠠᠢ ᠮᠡᠷᠭᠡᠵᠢᠯ᠎ᠦᠨ ᠠᠵᠢᠯᠲᠠᠨ᠎ᠤ ᠣᠯᠠᠨ ᠲᠦᠮᠡᠨ᠎ᠦ ᠬᠦᠴᠢᠷ ᠵᠣᠪᠠᠭᠤᠷᠢ᠎ᠶᠢ ᠰᠢᠢᠳᠪᠦᠷᠢᠯᠡᠬᠦ᠂ ᠦᠨᠳᠦᠰᠦᠨ ᠱᠠᠲᠤᠨ᠎ᠤ ᠵᠠᠰᠠᠯᠲᠠ᠎ᠶᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠴᠢᠬᠤᠯᠠ ᠦᠢᠯᠡᠳᠦᠯ᠎ᠢ ᠭᠦᠢᠴᠡᠳ ᠪᠠᠳᠠᠷᠠᠭᠤᠯᠵᠤ᠂ ᠴᠢᠳᠠᠪᠤᠷᠢ᠎ᠪᠠᠷ ᠴᠢᠩᠭ᠎ᠠ ᠲᠤᠬᠠᠢᠯᠠᠭᠰᠠᠨ ᠠᠵᠢᠯ᠎ᠳᠠᠭᠠᠨ ᠴᠠᠭᠠᠷᠠᠭᠰᠠᠨ᠂ ᠬᠠᠢᠷ᠎ᠠ ᠰᠡᠳᠬᠢᠯᠭᠡ᠎ᠲᠠᠢ᠎ᠪᠡᠷ ᠬᠤᠪᠢ ᠨᠡᠮᠡᠷᠢ ᠦᠵᠡᠭᠦᠯᠬᠦ ᠨᠡᠢᠭᠡᠮ᠎ᠦᠨ ᠠᠵᠢᠯ᠎ᠤᠨ ᠲᠤᠰᠬᠠᠢ ᠮᠡᠷᠭᠡᠵᠢᠯ᠎ᠦᠨ ᠠᠵᠢᠯᠲᠠᠨ᠎ᠤ ᠡᠩᠨᠡᠭᠡ᠎ᠶᠢ ᠬᠦᠴᠦᠯᠡᠨ ᠪᠠᠢᠭᠤᠯᠵᠤ᠂ ᠥᠪᠥᠷ ᠮᠣᠩᠭᠣᠯ᠎ᠤᠨ ᠨᠡᠢᠭᠡᠮ᠎ᠦᠨ ᠠᠵᠢᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠴᠢᠳᠠᠪᠤᠷᠢᠲᠠᠨ᠎ᠤ ᠲᠤᠯᠭᠠᠭᠤᠷᠢᠯᠠᠯ ᠬᠠᠩᠭᠠᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号