ᠾᠧ ᠪᠦᠦ ᠰᠢᠶᠠᠩ ᠮᠠᠨ᠎ᠤ ᠣᠷᠣᠨ᠎ᠳᠤ ᠪᠠᠶ᠋ᠢᠴᠠᠭᠠᠨ ᠰᠤᠳᠤᠯᠪᠠ
2026-06-19 09:47:12
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

ᠸᠠᠩ ᠸᠧᠶ ᠵᠥᠩ   ᠵᠠᠩ ᠶᠠᠨ ᠺᠦᠨ ᠪᠠᠷᠠᠳᠠᠨ ᠠᠭᠤᠯᠵᠠᠪᠠ



6 ᠰᠠᠷ᠎ᠠ᠎ᠶᠢᠨ 15 ᠡᠴᠡ 18 ᠤ᠋ ᠡᠳᠦᠷ ᠪᠣᠯᠲᠠᠯ᠎ᠠ᠂ ᠪᠥᠬᠥ᠌ ᠤᠯᠤᠰ᠎ᠤᠨ ᠤᠯᠤᠰ ᠲᠥᠷᠥ᠎ᠶᠢᠨ ᠵᠥᠪᠯᠡᠯᠭᠡᠨ᠎ᠦ ᠳᠡᠳ᠋ ᠲᠡᠷᠢᠭᠦᠯᠡᠭᠴᠢ᠂ ᠭᠣᠮᠢᠨᠳᠠᠩ᠎ᠤᠨ ᠬᠤᠪᠢᠰᠬᠠᠯᠲᠤ᠌ ᠬᠣᠷᠢᠶ᠎ᠠ᠎ᠶᠢᠨ ᠲᠥᠪ ᠬᠣᠷᠢᠶ᠎ᠠ ᠵᠢᠨ ᠪᠠᠶ᠋ᠢᠩᠭᠤ᠎ᠶᠢᠨ ᠳᠡᠳ᠋ ᠲᠡᠷᠢᠭᠦᠯᠡᠭᠴᠢ ᠾᠧ ᠪᠦᠦ ᠰᠢᠶᠠᠩ ᠪᠠᠶ᠋ᠢᠴᠠᠭᠠᠨ ᠰᠤᠳᠤᠯᠬᠤ ᠳᠤᠭᠤᠶ᠋ᠢᠯᠠᠩ ᠳᠠᠭᠠᠭᠤᠯᠤᠨ ᠥᠪᠥᠷ ᠮᠣᠩᠭᠣᠯ᠎ᠳᠤ 《ᠲᠥᠷᠥ᠎ᠶᠢᠨ ᠶᠠᠪᠤᠳᠠᠯ᠎ᠳᠤ ᠣᠷᠣᠯᠴᠠᠨ ᠨᠡᠶ᠋ᠢᠲᠡ᠎ᠶᠢᠨ ᠲᠥᠯᠥᠭᠡ ᠵᠢᠳᠬᠦᠵᠦ᠍᠂ ᠠᠷᠠᠳ᠎ᠤᠨ ᠲᠥᠯᠥᠭᠡ ᠪᠣᠳᠠᠲᠠᠶ ᠠᠵᠢᠯᠯᠠᠬᠤ》 ᠭᠤᠤᠯ ᠰᠡᠳᠦᠪᠲᠦ᠍ ᠬᠥᠮᠦᠵᠢᠯ ᠵᠢᠴᠢ 《ᠳᠥᠷᠪᠡ᠎ᠶᠢ ᠨᠢᠭᠡ ᠴᠤᠭᠴᠠᠵᠢᠭᠤᠯᠬᠤ》 ᠪᠠᠶ᠋ᠢᠭᠤᠯᠤᠯᠲᠠ᠎ᠶᠢᠨ ᠪᠠᠶ᠋ᠢᠴᠠᠭᠠᠨ ᠰᠤᠳᠤᠯᠤᠯᠲᠠ ᠥᠷᠨᠢᠭᠦᠯᠪᠡ᠃ 6 ᠰᠠᠷ᠎ᠠ᠎ᠶᠢᠨ 17 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠶ ᠵᠥᠩ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠲᠡᠷᠢᠭᠦᠯᠡᠭᠴᠢ ᠵᠠᠩ ᠶᠠᠨ ᠺᠦᠨ ᠬᠥᠬᠡᠬᠣᠲᠠ᠎ᠳᠤ ᠾᠧ ᠪᠦᠦ ᠰᠢᠶᠠᠩ᠎ᠲᠠᠶ ᠪᠠᠷᠠᠳᠠᠨ ᠠᠭᠤᠯᠵᠠᠪᠠ᠃

6 ᠰᠠᠷ᠎ᠠ᠎ᠶᠢᠨ 17 ᠤ᠋ ᠡᠳᠦᠷ᠂ ᠪᠠᠶ᠋ᠢᠴᠠᠭᠠᠨ ᠰᠤᠳᠤᠯᠬᠤ ᠳᠤᠭᠤᠶ᠋ᠢᠯᠠᠩ ᠬᠥᠬᠡᠬᠣᠲᠠ᠎ᠳᠤ 《ᠲᠥᠷᠥ᠎ᠶᠢᠨ ᠶᠠᠪᠤᠳᠠᠯ᠎ᠳᠤ ᠣᠷᠣᠯᠴᠠᠨ ᠨᠡᠶ᠋ᠢᠲᠡ᠎ᠶᠢᠨ ᠲᠥᠯᠥᠭᠡ ᠵᠢᠳᠬᠦᠵᠦ᠍᠂ ᠠᠷᠠᠳ᠎ᠤᠨ ᠲᠥᠯᠥᠭᠡ ᠪᠣᠳᠠᠲᠠᠶ ᠠᠵᠢᠯᠯᠠᠬᠤ》 ᠭᠤᠤᠯ ᠰᠡᠳᠦᠪᠲᠦ᠍ ᠬᠥᠮᠦᠵᠢᠯ᠎ᠦᠨ ᠪᠠᠶ᠋ᠢᠴᠠᠭᠠᠨ ᠰᠤᠳᠤᠯᠤᠯᠲᠠ᠎ᠶᠢᠨ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ᠂ ᠭᠣᠮᠢᠨᠳᠠᠩ᠎ᠤᠨ ᠬᠤᠪᠢᠰᠬᠠᠯᠲᠤ᠌ ᠬᠣᠷᠢᠶ᠎ᠠ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶᠢᠨ ᠡᠷᠬᠢᠯᠡᠭᠴᠢ ᠭᠡᠰᠢᠭᠦᠨ ᠼᠤᠤ᠎ᠶᠢᠨ ᠱᠠᠨ ᠠᠵᠢᠯ᠎ᠤᠨ ᠬᠠᠷᠢᠭᠤ ᠮᠡᠳᠡᠭᠦᠯᠦᠯᠲᠡ ᠬᠢᠵᠦ᠍᠂ ᠦᠨᠳᠦᠰᠦᠨ ᠱᠠᠲᠤᠨ᠎ᠤ 4 ᠨᠠᠮ᠎ᠤᠨ ᠭᠡᠰᠢᠭᠦᠨ ᠤ᠋ ᠲᠥᠯᠥᠭᠡᠯᠡᠭᠴᠢ ᠪᠣᠯᠤᠨ ᠦᠨᠳᠦᠰᠦᠨ ᠱᠠᠲᠤᠨ᠎ᠤ ᠵᠣᠬᠢᠶᠠᠨ ᠪᠠᠶ᠋ᠢᠭᠤᠯᠤᠯᠲᠠ᠎ᠶᠢᠨ ᠬᠠᠷᠢᠭᠤᠴᠠᠯᠭᠠᠲᠠᠨ 《ᠲᠥᠷᠥ᠎ᠶᠢᠨ ᠶᠠᠪᠤᠳᠠᠯ᠎ᠳᠤ ᠣᠷᠣᠯᠴᠠᠨ ᠨᠡᠶ᠋ᠢᠲᠡ᠎ᠶᠢᠨ ᠲᠥᠯᠥᠭᠡ ᠵᠢᠳᠬᠦᠵᠦ᠍᠂ ᠠᠷᠠᠳ᠎ᠤᠨ ᠲᠥᠯᠥᠭᠡ ᠪᠣᠳᠠᠲᠠᠶ ᠠᠵᠢᠯᠯᠠᠬᠤ》 ᠭᠣᠣᠯ ᠰᠡᠳᠦᠪᠲᠦ᠍ ᠬᠥᠮᠦᠵᠢᠯ᠎ᠦᠨ ᠦᠷ᠎ᠡ ᠪᠦᠲᠦᠭᠡᠯ ᠪᠣᠯᠤᠨ 《ᠳᠦᠷᠪᠡ᠎ᠶᠢ ᠨᠢᠭᠡ ᠴᠤᠬᠴᠠᠵᠢᠭᠤᠯᠬᠤ》 ᠪᠠᠶ᠋ᠢᠭᠤᠯᠤᠯᠲᠠ᠎ᠶᠢᠨ ᠲᠣᠭᠣᠷᠢᠨ᠎ᠳᠤ ᠲᠤᠰᠢᠶᠠᠯ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠦᠭᠡ ᠬᠡᠯᠡᠪᠡ᠃

ᠾᠧ ᠪᠦᠦ ᠰᠢᠶᠠᠩ ᠭᠣᠮᠢᠨᠳᠠᠩ᠎ᠤᠨ ᠬᠤᠪᠢᠰᠬᠠᠯᠲᠤ᠌ ᠬᠣᠷᠢᠶ᠎ᠠ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶᠢᠨ ᠤᠢ᠌ᠷ᠎ᠠ᠎ᠶᠢᠨ ᠵᠢᠯ᠎ᠦᠨ ᠲᠤᠷᠰᠢᠬᠢ ᠡᠯ᠎ᠡ ᠵᠦᠢᠯ᠎ᠦᠨ ᠠᠵᠢᠯ᠎ᠤᠨ ᠣᠯᠤᠭᠰᠠᠨ ᠦᠷ᠎ᠡ ᠪᠦᠲᠦᠭᠡᠯ᠎ᠢ ᠭᠦᠢᠴᠡᠳ ᠨᠤᠲᠠᠯᠠᠪᠠ᠃ ᠲᠡᠷᠡ᠂ ᠭᠣᠮᠢᠨᠳᠠᠩ᠎ᠤᠨ ᠬᠤᠪᠢᠰᠬᠠᠯᠲᠤ᠌ ᠬᠣᠷᠢᠶ᠎ᠠ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶᠢᠨ ᠤᠯᠤᠰ ᠲᠦᠷᠦ᠎ᠶᠢᠨ ᠪᠠᠶ᠋ᠢᠭᠤᠯᠤᠯᠲᠠ᠎ᠶᠢᠨ ᠵᠣᠭᠰᠣᠴᠠ ᠥᠨᠳᠥᠷ᠂ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠭᠰᠡᠨ ᠦᠷ᠎ᠡ ᠪᠦᠲᠦᠮᠵᠢ ᠲᠤᠪᠤᠢ᠌ᠮ᠎ᠠ ᠪᠠᠶ᠋ᠢᠨ᠎ᠠ; ᠭᠤᠤᠯ ᠰᠡᠳᠦᠪᠲᠦ᠍ ᠬᠥᠮᠦᠵᠢᠯ ᠪᠣᠳᠠᠲᠤ᠌ ᠦᠷ᠎ᠡ ᠪᠦᠲᠦᠮᠵᠢ ᠣᠯᠵᠤ᠂ ᠠᠵᠢᠯᠯᠠᠭ᠎ᠠ ᠪᠠᠨ ᠠᠮᠢᠳᠤᠯᠢᠭ ᠰᠠᠢᠬᠠᠨ ᠬᠢᠪᠡ; ᠦᠨᠳᠦᠰᠦᠨ ᠱᠠᠲᠤᠨ᠎ᠤ ᠵᠣᠬᠢᠶᠠᠨ ᠪᠠᠶ᠋ᠢᠭᠤᠯᠤᠯᠲᠠ ᠠᠮᠢᠵᠢᠷᠠᠯ᠎ᠤᠨ ᠬᠦᠴᠦᠨ ᠪᠢᠯᠬᠠᠮ᠎ᠠ ᠪᠠᠶ᠋ᠢᠵᠤ᠂ 《ᠲᠥᠷᠥ᠎ᠶᠢᠨ ᠶᠠᠪᠤᠳᠠᠯ᠎ᠳᠤ ᠣᠷᠣᠯᠴᠠᠨ ᠨᠡᠶ᠋ᠢᠲᠡ᠎ᠶᠢᠨ ᠲᠥᠯᠥᠭᠡ ᠵᠢᠳᠬᠦᠵᠦ᠍᠂ ᠠᠷᠠᠳ᠎ᠤᠨ ᠲᠥᠯᠥᠭᠡ ᠪᠣᠳᠠᠲᠠᠶ ᠠᠵᠢᠯᠯᠠᠬᠤ》ᠬᠠᠷᠢᠭᠤᠴᠠᠯᠭ᠎ᠠ ᠡᠭᠦᠷᠭᠡᠯᠡᠯ ᠵᠢᠳᠬᠦᠯ ᠴᠢᠷᠮᠠᠶ᠋ᠢᠯᠭ᠎ᠠ᠎ᠶᠢ ᠢᠯᠡᠷᠡᠭᠦᠯᠪᠡ; 《ᠳᠥᠷᠪᠡ᠎ᠶᠢ ᠨᠢᠭᠡ ᠴᠤᠭᠴᠠᠵᠢᠭᠤᠯᠬᠤ》 ᠪᠠᠶ᠋ᠢᠭᠤᠯᠤᠯᠲᠠ᠎ᠶᠢ ᠣᠨᠴᠠᠯᠢᠭ᠎ᠲᠠᠶ ᠶᠠᠪᠤᠭᠳᠠᠭᠤᠯᠵᠤ᠂ ᠭᠣᠮᠢᠨᠳᠠᠩ᠎ᠤᠨ ᠬᠤᠪᠢᠰᠬᠠᠯᠲᠤ᠌ ᠬᠣᠷᠢᠶ᠎ᠠ᠎ᠶᠢᠨ ᠲᠣᠰ ᠪᠡᠶ᠎ᠡ᠎ᠶᠢᠨ ᠪᠠᠶ᠋ᠢᠭᠤᠯᠤᠯᠲᠠ᠎ᠶᠢ ᠥᠪᠥᠷ ᠮᠣᠩᠭᠣᠯ᠎ᠤᠨ ᠪᠥᠲᠥᠭᠡᠨ ᠪᠠᠶ᠋ᠢᠭᠤᠯᠤᠯᠲᠠ᠎ᠲᠠᠶ ᠨᠢᠭᠲᠠ ᠤᠶᠠᠯᠳᠤᠭᠤᠯᠪᠠ ᠭᠡᠵᠤ ᠢᠯᠡᠳᠭᠡᠵᠠᠢ᠃

ᠬᠣᠶ᠋ᠢᠰᠢᠳᠠ᠎ᠶᠢᠨ ᠠᠵᠢᠯ᠎ᠢᠶᠠᠨ ᠥᠷᠨᠢᠭᠦᠯᠬᠦ᠌᠎ᠳᠦ ᠾᠧ ᠪᠦᠦ ᠰᠢᠶᠠᠩ ᠱᠠᠭᠠᠷᠳᠠᠯᠭ᠎ᠠ ᠳᠤᠷᠠᠳᠴᠤ᠌᠂ ᠨᠢᠭᠡ᠎ᠳᠦ᠂ ᠤᠯᠤᠰ ᠲᠦᠷᠦ᠎ᠶᠢᠨ ᠴᠢᠭᠯᠡᠯ᠎ᠢ ᠰᠠᠶ᠋ᠢᠲᠤᠷ ᠠᠳᠬᠤᠬᠤ ᠬᠡᠷᠡᠭᠲᠡᠢ᠃ ᠦᠵᠡᠯ ᠰᠠᠨᠠᠭ᠎ᠠ ᠤᠯᠤᠰ ᠲᠦᠷᠦ᠎ᠪᠡᠷ ᠬᠦᠳᠦᠯᠦᠨ ᠳᠠᠭᠠᠭᠤᠯᠬᠤ ᠵᠢ ᠴᠢᠩᠭᠠᠳᠬᠠᠵᠤ᠂ ᠢᠮᠠᠭᠲᠠ ᠳᠤᠮᠳᠠᠳᠤ ᠤᠯᠤᠰ᠎ᠤᠨ ᠡᠪ ᠬᠠᠮᠲᠤ᠌ ᠨᠠᠮ᠎ᠲᠠᠶ ᠨᠢᠭᠡ ᠰᠡᠳᠬᠢᠯ ᠨᠢᠭᠡ ᠵᠣᠷᠢᠭ᠎ᠢᠶᠠᠷ ᠪᠦᠯᠬᠦᠮᠳᠡᠨ ᠲᠡᠮᠡᠴᠡᠬᠦ ᠬᠡᠷᠡᠭᠲᠡᠢ; ᠡᠩᠨᠡᠭᠡᠨ᠎ᠦ ᠪᠠᠶ᠋ᠢᠭᠤᠯᠤᠯᠲᠠ᠎ᠶᠢ ᠴᠢᠬᠤᠯᠠᠴᠢᠯᠠᠵᠤ᠂ ᠴᠢᠳᠠᠪᠤᠷᠢᠲᠠᠨ᠎ᠢ ᠬᠥᠮᠦᠵᠢᠭᠦᠯᠬᠦ᠌ ᠲᠣᠭᠲᠠᠴᠠ᠎ᠶᠢ ᠲᠡᠭᠦᠯᠳᠡᠷᠵᠢᠭᠦᠯᠬᠦ ᠬᠡᠷᠡᠭᠲᠡᠢ; ᠰᠤᠷᠲᠠᠯ᠎ᠤᠨ ᠪᠠᠶ᠋ᠢᠭᠤᠯᠤᠯᠲᠠ᠎ᠶᠢ ᠰᠠᠶ᠋ᠢᠲᠤᠷ ᠠᠳᠬᠤᠵᠤ᠂ ᠭᠣᠮᠢᠨᠳᠠᠩ᠎ᠤᠨ ᠬᠤᠪᠢᠰᠬᠠᠯᠲᠤ᠌ ᠬᠣᠷᠢᠶ᠎ᠠ᠎ᠶᠢᠨ ᠰᠠᠢᠨ ᠳᠦᠷᠢ ᠲᠥᠷᠬᠦ᠌᠎ᠶᠢ ᠪᠣᠶ ᠪᠣᠯᠭᠠᠬᠤ ᠬᠡᠷᠡᠭᠲᠡᠢ᠃ ᠬᠣᠶᠠᠷ᠎ᠲᠤ᠌᠂ ᠬᠠᠷᠠᠯᠲᠠ᠎ᠶᠢᠨ ᠱᠠᠭᠠᠷᠳᠠᠯᠭ᠎ᠠ᠎ᠶᠢ ᠡᠵᠡᠮᠳᠡᠬᠦ᠌ ᠬᠡᠷᠡᠭᠲᠡᠢ᠃ 《ᠵᠠᠰᠠᠭ᠎ᠤᠨ ᠶᠠᠪᠤᠳᠠᠯ᠎ᠳᠤ ᠣᠷᠣᠯᠴᠠᠨ ᠨᠡᠶ᠋ᠢᠲᠡ᠎ᠶᠢᠨ ᠲᠥᠯᠥᠭᠡ ᠵᠢᠳᠬᠦᠵᠦ᠍᠂ ᠠᠷᠠᠳ᠎ᠤᠨ ᠲᠥᠯᠥᠭᠡ ᠪᠣᠳᠠᠲᠠᠢ ᠠᠵᠢᠯᠯᠠᠬᠤ》 ᠭᠣᠣᠯ ᠰᠡᠳᠦᠪᠲᠦ᠍ ᠬᠥᠮᠦᠵᠢᠯ᠎ᠦᠨ ᠶᠡᠷᠦᠩᠬᠡᠢ ᠱᠠᠭᠠᠷᠳᠠᠯᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠍᠂ 《ᠦᠵᠡᠯ ᠰᠠᠨᠠᠭ᠎ᠠ᠎ᠵᠢ ᠰᠤᠷᠤᠯᠴᠠᠬᠤ》 ᠲᠠᠯ᠎ᠠ᠎ᠪᠠᠷ ᠭᠦᠨᠵᠡᠭᠡᠶ᠋ᠢᠷᠡᠭᠦᠯᠵᠦ᠍᠂ 《ᠶᠡᠬᠡ ᠲᠠᠯ᠎ᠠ᠎ᠶᠢ ᠡᠷᠬᠢᠮᠯᠡᠬᠦ᠌》 ᠲᠠᠯ᠎ᠠ᠎ᠪᠠᠷ ᠤᠬᠠᠮᠰᠠᠷ᠎ᠢᠶᠠᠨ ᠴᠢᠩᠭᠠᠳᠬᠠᠵᠤ᠂ 《ᠪᠣᠳᠠᠲᠠᠢ ᠠᠵᠢᠯᠯᠠᠬᠤ᠎ᠶᠢ ᠴᠢᠬᠤᠯᠠᠴᠢᠯᠠᠬᠤ》 ᠲᠠᠯ᠎ᠠ᠎ᠪᠠᠷ ᠠᠵᠢᠯᠯᠠᠭ᠎ᠠ ᠥᠷᠨᠢᠭᠦᠯᠵᠦ᠍᠂ 《ᠪᠣᠳᠠᠲᠠᠢ ᠠᠮᠵᠢᠯᠲᠠ ᠭᠠᠷᠭᠠᠬᠤ》 ᠲᠠᠯ᠎ᠠ᠎ᠪᠠᠷ ᠪᠣᠳᠠᠲᠤ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠭᠤᠷᠪᠠ᠎ᠳᠤ᠂ ᠠᠵᠢᠯ᠎ᠤᠨ ᠭᠣᠣᠯᠳᠠᠯᠭ᠎ᠠ᠎ᠪᠠᠨ ᠪᠠᠲᠤᠳᠬᠠᠬᠤ ᠬᠡᠷᠡᠭᠲᠡᠢ᠃ 《ᠵᠠᠩᠭᠢᠯᠠᠭ᠎ᠠ᠎ᠶᠢᠨ ᠴᠥᠭᠡᠨ ᠲᠣᠭᠠᠲᠠᠨ》 ᠢ᠋ ᠠᠳᠬᠤᠵᠤ᠂ ᠦᠢᠯᠡᠳᠦᠯᠭᠡ᠎ᠶᠢᠨ ᠤᠳᠤᠷᠢᠳᠤᠮᠵᠢ᠎ᠶᠢ ᠳᠣᠪᠣᠶ᠋ᠢᠯᠭᠠᠨ᠂ ᠤᠷᠲᠤ᠌ ᠬᠤᠭᠤᠴᠠᠭᠠᠨ᠎ᠤ ᠪᠦᠲᠦᠮᠵᠢᠲᠡᠶ ᠲᠣᠭᠲᠠᠴᠠ᠎ᠶᠢ ᠪᠦᠷᠢᠨᠰᠢᠭᠦᠯᠵᠦ᠍᠂ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ ᠦᠷ᠎ᠡ ᠪᠦᠲᠦᠮᠵᠢ᠎ᠶᠢ ᠳᠡᠭᠡᠭᠰᠢᠯᠡᠭᠦᠯᠬᠦ ᠬᠡᠷᠡᠭᠲᠡᠢ ᠭᠡᠪᠡ᠃

ᠶᠠᠷᠢᠯᠴᠠᠬᠤ ᠬᠤᠷᠠᠯ᠎ᠡᠴᠡ ᠡᠮᠦᠨ᠎ᠡ᠂ ᠪᠠᠶ᠋ᠢᠴᠠᠭᠠᠨ ᠰᠤᠳᠤᠯᠬᠤ ᠳᠤᠭᠤᠶ᠋ᠢᠯᠠᠩ᠎ᠤᠨ ᠬᠢᠨ ᠰᠠᠶ᠋ᠢᠬᠠᠨ ᠲᠣᠭᠣᠷᠢᠭ᠎ᠤᠨ ᠨᠠᠮ᠎ᠤᠨ ᠡᠭᠦᠷ᠎ᠦᠨ ᠭᠣᠮᠢᠨᠳᠠᠩ᠎ᠤᠨ ᠬᠤᠪᠢᠰᠬᠠᠯᠲᠤ᠌ ᠬᠣᠷᠢᠶ᠎ᠠ᠎ᠶᠢᠨ ᠨᠠᠮ᠎ᠤᠨ ᠭᠡᠰᠢᠭᠦᠨ᠎ᠦ ᠭᠡᠷ ᠪᠣᠯᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶᠢᠨ ᠭᠣᠮᠢᠨᠳᠠᠩ᠎ᠤᠨ ᠬᠤᠪᠢᠰᠬᠠᠯᠲᠤ᠌ ᠬᠣᠷᠢᠶ᠎ᠠ᠎ᠶᠢᠨ ᠨᠠᠮ᠎ᠤᠨ ᠭᠡᠰᠢᠭᠦᠨ᠎ᠦ ᠭᠡᠷ᠎ᠢ ᠪᠠᠶ᠋ᠢᠴᠠᠭᠠᠨ ᠦᠵᠡᠵᠦ᠍᠂ ᠵᠢᠱ᠌ᠢᠢ᠎ᠡ ᠦᠵᠡᠭᠦᠯᠬᠦ᠌ ᠨᠠᠮ᠎ᠤᠨ ᠡᠭᠦᠷ᠎ᠦᠨ ᠪᠠᠶ᠋ᠢᠭᠤᠯᠤᠯᠲᠠ ᠪᠣᠯᠤᠨ ᠨᠠᠮ᠎ᠤᠨ ᠭᠡᠰᠢᠭᠦᠨ᠎ᠦ ᠭᠡᠷ᠎ᠦᠨ ᠪᠠᠶ᠋ᠢᠭᠤᠯᠤᠯᠲᠠ᠎ᠶᠢᠨ ᠪᠠᠶ᠋ᠢᠳᠠᠯ᠎ᠢ ᠣᠶ᠋ᠢᠯᠠᠭᠠᠪᠠ᠃

ᠥᠪᠥᠷ ᠮᠣᠩᠭᠣᠯ᠎ᠳᠤ ᠪᠠᠶ᠋ᠢᠬᠤ ᠬᠤᠭᠤᠴᠠᠭᠠᠨ᠎ᠳᠤ᠂ ᠪᠠᠶ᠋ᠢᠴᠠᠭᠠᠨ ᠰᠤᠳᠤᠯᠬᠤ ᠳᠤᠭᠤᠶ᠋ᠢᠯᠠᠩ᠎ᠤᠨ ᠬᠢᠨ ᠪᠠᠰᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠠ ᠴᠢᠨᠠᠷ ᠰᠠᠶ᠋ᠢᠲᠠᠢ ᠬᠥᠭᠵᠢᠯᠲᠡ᠎ᠶᠢᠨ ᠬᠣᠯᠪᠣᠭᠳᠠᠯ ᠪᠦᠬᠦᠢ ᠪᠠᠶ᠋ᠢᠳᠠᠯ᠎ᠢ ᠲᠤᠬᠠᠢ᠎ᠶᠢᠨ ᠭᠠᠵᠠᠷ᠎ᠲᠤᠨᠢ ᠪᠠᠶ᠋ᠢᠴᠠᠭᠠᠨ ᠰᠤᠳᠤᠯᠵᠤ᠂ ᠰᠢᠯᠢ ᠵᠢᠨ ᠭᠤᠤᠯ ᠠᠢᠮᠠᠭ᠎ᠤᠨ ᠤᠯᠠᠭᠠᠢ ᠬᠠᠮᠢᠶᠠᠷᠤᠯᠲᠠ᠎ᠶᠢᠨ ᠣᠷᠣᠨ᠂ ᠰᠢᠯᠢᠩᠬᠣᠲᠠ᠎ᠶᠢᠨ ᠮᠣᠳᠣᠨ ᠮᠠᠯᠵᠢᠯ᠎ᠤᠨ ᠲᠠᠯᠠᠪᠠᠢ᠎ᠶᠢᠨ ᠠᠮᠢ ᠠᠬᠤᠢ᠎ᠶᠢᠨ ᠬᠦᠷᠢᠶᠡᠯᠡᠩ ᠲᠣᠭᠣᠷᠢᠭ᠎ᠲᠤ᠌ ᠬᠦᠷᠴᠦ᠍ ᠨᠤᠲᠤᠭ ᠪᠡᠯᠴᠢᠭᠡᠷ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠪᠠᠶ᠋ᠢᠴᠠᠭᠠᠨ ᠰᠤᠳᠤᠯᠵᠤ᠂ ᠭᠣᠮᠢᠨᠳᠠᠩ᠎ᠤᠨ ᠬᠤᠪᠢᠰᠬᠠᠯᠲᠤ᠌ ᠬᠣᠷᠢᠶ᠎ᠠ᠎ᠶᠢᠨ ᠨᠠᠮ᠎ᠤᠨ ᠭᠡᠰᠢᠭᠦᠨ᠎ᠤ ᠠᠵᠤ ᠠᠬᠤᠶ᠋ᠢᠯᠠᠯ᠎ᠢ ᠲᠤᠬᠠᠢ᠎ᠶᠢᠨ ᠭᠠᠵᠠᠷ᠎ᠲᠤᠨᠢ ᠰᠢᠨᠵᠢᠯᠡᠨ ᠪᠠᠶ᠋ᠢᠴᠠᠭᠠᠪᠠ᠃

ᠭᠣᠮᠢᠨᠳᠠᠩ᠎ᠤᠨ ᠬᠤᠪᠢᠰᠬᠠᠯᠲᠤ᠌ ᠬᠣᠷᠢᠶ᠎ᠠ᠎ᠶᠢᠨ ᠲᠥᠪ ᠬᠣᠷᠢᠶ᠎ᠠ ᠵᠢᠨ ᠳᠡᠳ᠋ ᠲᠡᠷᠢᠭᠦᠯᠡᠭᠴᠢ ᠬᠥ᠋ ᠵᠧᠨ ᠴᠦᠨ᠂ ᠤᠯᠤᠰ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠶ ᠲᠣᠪᠴᠢᠶᠠᠨ᠎ᠤ ᠳᠡᠳ᠋ ᠳᠠᠷᠤᠭ᠎ᠠ᠂ ᠭᠣᠮᠢᠨᠳᠠᠩ᠎ᠤᠨ ᠬᠤᠪᠢᠰᠬᠠᠯᠲᠤ᠌ ᠬᠣᠷᠢᠶ᠎ᠠ᠎ᠶᠢᠨ ᠲᠥᠪ ᠬᠣᠷᠢᠶ᠎ᠠ ᠵᠢᠨ ᠪᠠᠶ᠋ᠢᠩᠭᠤ᠎ᠶᠢᠨ ᠭᠡᠰᠢᠭᠦᠨ ᠪᠠᠶ ᠴᠢᠩ ᠶᠤᠸᠠᠨ᠂ ᠭᠣᠮᠢᠨᠳᠠᠩ᠎ᠤᠨ ᠬᠤᠪᠢᠰᠬᠠᠯᠲᠤ᠌ ᠬᠣᠷᠢᠶ᠎ᠠ᠎ᠶᠢᠨ ᠲᠥᠪ ᠬᠣᠷᠢᠶ᠎ᠠ ᠵᠢᠨ ᠬᠣᠯᠪᠣᠭᠳᠠᠯ ᠪᠥᠬᠥᠶ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ ᠪᠠᠶ᠋ᠢᠴᠠᠭᠠᠨ ᠰᠤᠳᠤᠯᠤᠯᠲᠠ᠎ᠳᠤ ᠣᠷᠣᠯᠴᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号