ᠸᠠᠩ ᠸᠧᠶ ᠵᠥᠩ ᠬᠤᠷᠠᠯ ᠢ᠋ ᠡᠷᠭᠢᠯᠡᠪᠡ
6 ᠰᠠᠷ᠎ᠠ᠎ᠶᠢᠨ 18 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠶ᠋ᠢᠩᠭᠤ᠎ᠶᠢᠨ ᠬᠣᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠴᠤ᠌᠂ ᠪᠦᠬᠦ᠌ ᠤᠯᠤᠰ᠎ᠤᠨ ᠨᠠᠮ᠎ᠤᠨ ᠪᠠᠶ᠋ᠢᠭᠤᠯᠤᠯᠲᠠ᠎ᠶᠢᠨ ᠠᠵᠢᠯ᠎ᠤᠨ ᠶᠠᠷᠢᠯᠴᠠᠬᠤ ᠬᠤᠷᠠᠯ᠎ᠤᠨ ᠵᠣᠷᠢᠭ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠬᠣᠯᠪᠣᠭᠳᠠᠯ ᠪᠦᠬᠦᠢ ᠠᠵᠢᠯ᠎ᠢ ᠰᠤᠳᠤᠯᠤᠨ ᠪᠠᠶ᠋ᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠸᠠᠩ ᠸᠧᠶ ᠵᠥᠩ ᠬᠤᠷᠠᠯ᠎ᠢ ᠡᠷᠭᠢᠯᠡᠵᠠᠢ᠃
ᠬᠤᠷᠠᠯ ᠡᠴᠡ᠂ ᠡᠨᠡ ᠵᠢᠯ᠎ᠡᠴᠡ ᠨᠠᠭᠠᠰᠢ ᠣᠷᠣᠨ ᠳᠠᠶᠠᠭᠠᠷ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠶ᠋ᠢᠷᠢᠯᠠᠭᠤᠯᠤᠯᠲᠠ᠎ᠶᠢ ᠨᠠᠷᠢᠨ ᠬᠢᠨᠠᠮᠠᠭᠠᠶ ᠨᠠᠶ᠋ᠢᠳᠠᠪᠤᠷᠢᠵᠢᠭᠤᠯᠵᠤ᠂ ᠡᠯ᠎ᠡ ᠲᠠᠯ᠎ᠠ᠎ᠶᠢᠨ ᠠᠵᠢᠯ ᠢᠳᠡᠪᠬᠢᠲᠡᠶ ᠠᠬᠢᠴᠠ ᠪᠠ ᠢᠯᠡᠳᠲᠡ ᠦᠷ᠎ᠡ ᠪᠦᠲᠦᠮᠵᠢ ᠤᠯᠪᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ᠎ᠬᠢᠨ ᠳᠡᠭᠡᠳᠦ ᠬᠡᠮᠵᠢᠶᠡᠨ᠎ᠦ ᠤᠯᠤᠰ ᠲᠥᠷᠥ᠎ᠶᠢᠨ ᠤᠬᠠᠮᠰᠠᠷ᠎ᠢᠶᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠶᠢ ᠦᠷᠭᠦᠯᠵᠢᠯᠡᠨ ᠬᠦᠴᠦᠲᠡᠶ ᠠᠳᠬᠤᠵᠤ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠪᠣᠳᠠᠲᠠᠶ᠎ᠳᠤ ᠨᠠᠶ᠋ᠢᠳᠠᠪᠤᠷᠢᠵᠢᠭᠤᠯᠬᠤ᠎ᠶᠢ ᠡᠷᠡᠰ ᠭᠤᠶ᠋ᠢᠪᠢᠰᠢ ᠥᠬᠡᠶ᠂ ᠲᠡᠷᠡ ᠶᠤᠰᠤᠭᠠᠷ ᠨᠢ ᠠᠬᠢᠭᠤᠯᠵᠤ᠂ ᠪᠣᠳᠠᠲᠤ᠌ ᠠᠵᠢᠯᠯᠠᠭ᠎ᠠ᠎ᠪᠠᠷ᠎ᠢᠶᠠᠨ 《ᠬᠣᠶᠠᠷ ᠢ ᠲᠣᠭᠲᠠᠭᠠᠭᠰᠠᠨ》 ᠢ᠋ ᠡᠷᠡᠰ ᠬᠦᠷᠢᠶᠡᠯᠡᠵᠦ᠍᠂ 《ᠬᠣᠶᠠᠷ ᠢ ᠬᠠᠮᠠᠭᠠᠯᠠᠬᠤ》 ᠵᠢ ᠡᠷᠡᠰ ᠪᠡᠶᠡᠯᠡᠭᠦᠯᠬᠦ᠌ ᠬᠡᠷᠡᠭᠲᠡᠶ᠃ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶᠢᠨ ᠱᠠᠭᠠᠷᠳᠠᠯᠭ᠎ᠠ ᠪᠣᠯᠤᠨ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠬᠡ ᠰᠢᠢᠳᠪᠦᠷᠢᠲᠦ᠍ ᠪᠣᠳᠣᠯᠭ᠎ᠠ ᠪᠠᠶ᠋ᠢᠷᠢᠯᠠᠭᠤᠯᠤᠯᠲᠠ᠎ᠲᠠᠶ ᠪᠥᠬᠥ᠌ ᠲᠠᠯ᠎ᠠ᠎ᠪᠠᠷ ᠪᠠᠷᠢᠮᠵᠢᠶᠠᠯᠠᠨ ᠬᠠᠷᠭᠤᠭᠤᠯᠵᠤ᠂ ᠠᠷᠭ᠎ᠠ ᠬᠡᠮᠵᠢᠶ᠎ᠡ᠎ᠪᠡᠨ ᠴᠠᠭ ᠲᠤᠬᠠᠶ᠎ᠳᠤᠨᠢ ᠲᠡᠭᠦᠯᠳᠡᠷᠵᠢᠭᠦᠯᠦᠨ᠂ ᠡᠭᠦᠷᠭᠡ᠎ᠶᠢᠨ ᠨᠠᠶ᠋ᠢᠳᠠᠪᠤᠷᠢᠵᠢᠭᠤᠯᠤᠯᠲᠠ᠎ᠶᠢ ᠴᠢᠩᠭ᠎ᠠ ᠠᠳᠬᠤᠵᠤ᠂ ᠦᠷ᠎ᠡ ᠪᠦᠲᠦᠮᠵᠢ᠎ᠶᠢ ᠮᠥᠷᠳᠡᠨ ᠠᠰᠠᠭᠤᠬᠤ᠎ᠪᠠᠨ ᠴᠢᠩᠭᠠᠳᠬᠠᠬᠤ ᠬᠡᠷᠡᠭᠲᠡᠶ᠃ ᠠᠵᠤ ᠦᠢᠯᠡᠰ᠎ᠦᠨ ᠪᠦᠲᠦᠴᠡ᠎ᠶᠢᠨ 《ᠲᠦᠷᠪᠡᠨ ᠤᠯᠠᠨ ᠲᠦᠷᠪᠡᠨ ᠴᠥᠭᠡᠨ》 ᠤ᠋ ᠪᠠᠶ᠋ᠢᠳᠠᠯ᠎ᠢ ᠬᠤᠪᠢᠷᠠᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 《ᠭᠠᠷ ᠲᠠᠮᠵᠢᠪᠠᠴᠤ ᠠᠰᠢᠭ ᠬᠦᠷᠲᠡᠬᠦ ᠦᠭᠡᠢ》 ᠠᠰᠠᠭᠤᠳᠠᠯ᠎ᠢ ᠰᠢ᠌ᠳᠪᠦᠷᠢᠯᠡᠬᠦ᠌ ᠵᠡᠷᠭᠡ ᠲᠠᠯ᠎ᠠ᠎ᠪᠠᠷ ᠤᠯᠠᠨ ᠪᠣᠳᠠᠲᠠᠢ ᠠᠷᠭ᠎ᠠ ᠬᠡᠮᠵᠢᠶ᠎ᠠ ᠬᠠᠲᠠᠭᠤ ᠠᠷᠭ᠎ᠠ ᠬᠡᠮᠵᠢᠶ᠎ᠠ ᠠᠪᠴᠤ᠌᠂ ᠥᠭᠡᠷᠡᠴᠢᠯᠡᠯᠲᠡ ᠬᠢᠵᠦ᠍ ᠰᠢᠨ᠎ᠡ᠎ᠶᠢ ᠡᠭᠦᠳᠬᠦ᠌ ᠰᠡᠳᠬᠢᠬᠦᠢ ᠪᠠ ᠠᠷᠭ᠎ᠠ᠎ᠪᠠᠷ ᠬᠥᠭᠵᠢᠯᠲᠡ᠎ᠶᠢᠨ ᠬᠦᠴᠢᠷ ᠠᠰᠠᠭᠤᠳᠠᠯ᠎ᠢ ᠰᠢ᠌ᠳᠪᠦᠷᠢᠯᠡᠬᠦ᠌᠎ᠳᠡᠭᠡᠨ ᠴᠢᠳᠠᠮᠠᠭᠠᠢ ᠪᠠᠶ᠋ᠢᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠡᠩ᠎ᠦᠨ ᠦᠶ᠎ᠡ ᠪᠠ ᠪᠠᠶᠠᠷ ᠳᠤᠷᠠᠰᠬᠠᠯ ᠠᠮᠠᠷᠠᠯᠲᠠ᠎ᠶᠢᠨ ᠡᠳᠦᠷ ᠭᠡᠰᠡᠨ ᠦᠭᠡᠢ ᠴᠥᠮ ᠭᠣᠣᠯ ᠮᠥᠷᠡᠨ ᠨᠠᠭᠤᠷ ᠴᠥᠭᠥᠷᠥᠮ᠂ ᠵᠠᠮ ᠬᠠᠷᠢᠯᠴᠠᠭ᠎ᠠ᠂ ᠠᠭᠤᠷᠬᠠᠢ᠂ ᠠᠶᠤᠯᠲᠠᠢ ᠬᠢᠮᠢ᠎ᠶᠢᠨ ᠪᠣᠳᠠᠰ᠂ ᠥᠨᠳᠥᠷ ᠪᠠᠷᠢᠯᠭ᠎ᠠ᠂ ᠪᠢᠲᠡᠭᠦᠮᠵᠢ᠎ᠳᠤ ᠣᠷᠣᠨ ᠵᠠᠢ ᠵᠡᠷᠭᠡ ᠭᠠᠵᠠᠷ ᠵᠢᠴᠢ ᠵᠢᠭᠤᠯᠴᠢᠯᠠᠭᠰᠠᠳ᠂ ᠰᠤᠷᠤᠭᠴᠢᠳ᠂ ᠳᠠᠭᠠᠭᠠᠴᠢᠯᠠᠭᠴᠢ ᠠᠵᠢᠯᠳᠠᠨ ᠵᠡᠷᠭᠡ ᠬᠥᠮᠦᠰ᠎ᠢ ᠴᠢᠩᠭ᠎ᠠ ᠠᠩᠬᠠᠷᠴᠤ᠌᠂ ᠡᠯ᠎ᠡ ᠵᠦᠢᠯ᠎ᠦᠨ ᠰᠡᠷᠭᠡᠶ᠋ᠢᠯᠡᠬᠦ᠌ ᠠᠷᠭ᠎ᠠ ᠬᠡᠮᠵᠢᠶ᠎ᠡ᠎ᠶᠢ ᠰᠠᠶ᠋ᠢᠲᠤᠷ ᠬᠢᠵᠦ᠍᠂ ᠠᠷᠠᠳ ᠤᠯᠠᠨ᠎ᠤ ᠠᠮᠢ ᠨᠠᠰᠤ ᠡᠳ᠋ ᠬᠦᠷᠦᠨᠭᠭᠡ᠎ᠶᠢᠨ ᠠᠮᠤᠷ ᠲᠦᠪᠰᠢᠨ᠎ᠢ ᠪᠠᠲᠤᠯᠠᠬᠤ ᠬᠡᠷᠡᠭᠲᠡᠢ᠃ ᠡᠯ᠎ᠡ ᠲᠠᠯ᠎ᠠ᠎ᠶᠢᠨ ᠬᠠᠷᠢᠭᠤᠴᠠᠯᠭ᠎ᠠ᠎ᠶᠢ ᠴᠢᠩᠭ᠎ᠠ ᠪᠣᠳᠠᠲᠠᠢ ᠨᠠᠶ᠋ᠢᠳᠠᠪᠤᠷᠢᠵᠢᠭᠤᠯᠵᠤ᠂ ᠡᠯ᠎ᠡ ᠱᠠᠲᠤᠨ᠎ᠤ ᠺᠠᠳ᠋ᠷ᠎ᠢ ᠬᠦᠳᠦᠯᠥᠨ ᠳᠠᠭᠠᠭᠤᠯᠵᠤ ᠮᠣᠩᠭᠣᠯ ᠮᠤᠷᠢᠨ᠎ᠤ ᠵᠣᠷᠢᠭ ᠰᠠᠨᠠᠭ᠎ᠠ ᠪᠣᠯᠤᠨ 《ᠤᠮᠠᠷᠠᠲᠤ᠎ᠶᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠵᠢ ᠶᠡᠬᠡᠪᠡᠷ ᠪᠠᠳᠠᠷᠠᠭᠤᠯᠵᠤ᠂ ᠰᠤᠷᠤᠯᠴᠠᠯᠭ᠎ᠠ᠎ᠶᠢ ᠶᠡᠬᠡ ᠪᠡᠷ ᠡᠷᠬᠢᠮᠯᠡᠵᠤ᠂ ᠭᠦᠨᠵᠡᠭᠡᠢ ᠪᠠᠶ᠋ᠢᠴᠠᠭᠠᠨ ᠰᠤᠳᠤᠯᠤᠯᠲᠠ ᠬᠢᠵᠦ᠍᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠲᠥᠪ ᠭᠣᠣᠯᠴᠢ ᠠᠷᠢᠭᠤᠨ ᠴᠢᠬᠡᠴᠢ ᠪᠠᠶ᠋ᠢᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠤᠨ ᠲᠠᠰᠤᠷᠠᠯᠳᠠ ᠦᠭᠡᠢ ᠰᠢᠨ᠎ᠡ ᠦᠷ᠎ᠡ ᠪᠦᠲᠦᠮᠵᠢ ᠤᠯᠬᠤ᠎ᠶᠢ ᠠᠬᠢᠭᠤᠯᠬᠤ ᠬᠡᠷᠡᠭᠲᠡᠢ ᠭᠡᠵᠦ᠍ ᠵᠢᠭᠠᠵᠤ ᠭᠠᠷᠭᠠᠵᠠᠢ᠃
ᠬᠤᠷᠠᠯ ᠡᠴᠡ᠂ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ ᠪᠣᠯ ᠮᠠᠷᠺᠰ᠎ᠤᠨ ᠦᠵᠡᠯ᠎ᠦᠨ ᠨᠠᠮ ᠪᠠᠶ᠋ᠢᠭᠤᠯᠬᠤ ᠰᠤᠷᠭᠠᠯ᠎ᠤᠨ ᠳᠤᠮᠳᠠᠳᠤ ᠤᠯᠤᠰᠴᠢᠯᠠᠬᠰᠠᠨ ᠴᠠᠭ ᠦᠶᠡᠴᠢᠯᠡᠭᠰᠡᠨ ᠬᠠᠮᠤᠭ᠎ᠤᠨ ᠰᠢᠨ᠎ᠡ ᠦᠷ᠎ᠡ ᠪᠦᠲᠦᠭᠡᠯ ᠮᠥᠨ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭᠠᠨ᠎ᠤ ᠴᠢᠬᠤᠯᠠ ᠪᠦᠷᠢᠯᠳᠦᠬᠦᠨ ᠬᠡᠰᠡᠭ ᠮᠥᠨ᠂ ᠪᠢᠳᠡᠨ᠎ᠦ ᠰᠢᠨ᠎ᠡ ᠴᠠᠭ ᠦᠶ᠎ᠡ᠎ᠶᠢᠨ ᠨᠠᠮ᠎ᠤᠨ ᠪᠠᠶ᠋ᠢᠭᠤᠯᠤᠯᠲᠠ᠎ᠶᠢ ᠴᠢᠩᠭᠠᠳᠬᠠᠬᠤ ᠦᠨᠳᠦᠰᠦᠨ ᠵᠢᠷᠤᠮᠯᠠᠯ ᠮᠥᠨ᠃ ᠪᠥᠬᠥ᠌ ᠣᠷᠣᠨ᠎ᠤ ᠡᠯ᠎ᠡ ᠱᠠᠲᠤᠨ᠎ᠤ᠎ᠬᠢᠨ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠶᠢ ᠴᠢᠬᠤᠯᠠ ᠤᠯᠤᠰ ᠲᠥᠷᠥ᠎ᠶᠢᠨ ᠡᠭᠦᠷᠭᠡ ᠪᠣᠯᠭᠠᠵᠤ᠂ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ᠎ᠤᠨ ᠣᠭ ᠪᠦᠲᠦᠭᠡᠯ᠎ᠢ ᠤᠩᠰᠢᠵᠤ ᠣᠭ ᠵᠣᠬᠢᠶᠠᠯ᠎ᠢ ᠰᠤᠷᠤᠯᠴᠠᠵᠤ ᠣᠭ ᠶᠣᠰᠣ᠎ᠶᠢ ᠣᠶ᠋ᠢᠯᠠᠭᠠᠬᠤ᠎ᠶᠢ ᠵᠣᠬᠢᠶᠠᠨ ᠪᠠᠶ᠋ᠢᠭᠤᠯᠤᠨ ᠠᠬᠢᠭᠤᠯᠵᠤ᠂ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ ᠢᠯᠠᠩᠭᠤᠶ᠎ᠠ 《ᠠᠷᠪᠠᠨ ᠳᠥᠷᠪᠡᠨ ᠪᠠᠷᠢᠮᠲᠠᠯᠠᠯ》 ᠤ᠋ᠨ ᠭᠤᠤᠯ ᠠᠭᠤᠯᠭ᠎ᠠ᠂ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ᠎ᠶᠢᠨ ᠱᠠᠭᠠᠷᠳᠠᠯᠭ᠎ᠠ᠎ᠶᠢ ᠭᠦᠨᠵᠡᠭᠡᠶ ᠰᠤᠷᠤᠯᠴᠠᠨ ᠣᠶ᠋ᠢᠯᠠᠭᠠᠵᠤ᠂ ᠣᠨᠣᠪᠴᠢᠲᠠᠶ ᠤᠶ᠋ᠢᠯᠠᠭᠠᠨ ᠡᠵᠡᠮᠰᠢᠵᠦ᠍᠂ ᠤᠬᠠᠮᠰᠠᠷ ᠡᠴᠡ᠎ᠪᠠᠨ ᠨᠠᠮ᠎ᠤᠨ ᠰᠢᠨ᠎ᠡ᠎ᠡᠭᠦᠳᠦᠯᠳᠡ ᠵᠢᠨ ᠣᠨᠣᠯ᠎ᠢᠶᠠᠷ ᠲᠠᠷᠢᠬᠢ ᠲᠣᠯᠣᠭᠠᠶ᠎ᠪᠠᠨ ᠵᠡᠪᠰᠡᠭᠯᠡᠨ᠂ ᠦᠢᠯᠡᠳᠦᠯᠭᠡ᠎ᠪᠡᠨ ᠵᠢᠯᠣᠭᠣᠳᠣᠭᠤᠯᠵᠤ᠂ ᠠᠵᠢᠯ᠎ᠢᠶᠠᠨ ᠠᠬᠢᠭᠤᠯᠬᠤ ᠬᠡᠷᠡᠭᠲᠡᠶ᠃ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠶᠢ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠲᠠᠶ ᠤᠶᠠᠯᠳᠤᠭᠤᠯᠵᠤ᠂ ᠶᠠᠭ ᠥᠷᠨᠢᠭᠦᠯᠵᠦ᠍ ᠪᠠᠶ᠋ᠢᠭ᠎ᠠ ᠵᠠᠰᠠᠭ ᠤ᠋ᠨ ᠠᠵᠢᠯ᠎ᠤᠨ ᠪᠦᠲᠦᠮᠵᠢ᠎ᠶᠢᠨ ᠲᠤᠬᠠᠶ ᠵᠥᠪ ᠦᠵᠡᠯᠲᠡ᠎ᠶᠢ ᠪᠣᠶ ᠪᠣᠯᠭᠠᠨ ᠦᠢᠯᠠᠳᠦᠯᠭᠡᠵᠢᠭᠦᠯᠬᠦ᠌ᠲᠡᠶ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠶ᠋ᠢᠷᠢᠯᠠᠭᠤᠯᠤᠯᠲᠠ᠎ᠶᠢ ᠠᠬᠢᠭᠤᠯᠤᠨ ᠨᠠᠶ᠋ᠢᠳᠠᠪᠤᠷᠢᠵᠢᠭᠤᠯᠬᠤ᠎ᠲᠠᠶ ᠤᠶᠠᠯᠳᠤᠭᠤᠯᠵᠤ᠂ ᠦᠨᠡᠨ ᠬᠦ᠌ ᠠᠳᠬᠤᠵᠤ ᠪᠣᠳᠠᠲᠠᠶ ᠠᠵᠢᠯᠯᠠᠬᠤ ᠬᠦᠴᠦᠲᠡᠶ ᠠᠵᠢᠯᠯᠠᠭ᠎ᠠ᠎ᠪᠠᠷ ᠣᠨᠣᠯ᠎ᠢ ᠪᠣᠳᠠᠲᠠᠶ᠎ᠲᠠᠶ ᠤᠶᠠᠯᠳᠤᠭᠤᠯᠤᠭᠰᠠᠨ ᠦᠷ᠎ᠡ ᠪᠦᠲᠦᠭᠡᠯ᠎ᠢ ᠢᠯᠡᠷᠡᠭᠦᠯᠬᠦ᠌ ᠬᠡᠷᠡᠭᠲᠡᠶ ᠭᠡᠵᠤ ᠴᠢᠬᠤᠯᠠᠴᠢᠯᠠᠵᠠᠢ᠃
ᠬᠤᠷᠠᠯ ᠡᠴᠡ ᠪᠠᠰᠠ ᠪᠤᠰᠤᠳ ᠵᠦᠢᠯ᠎ᠢ ᠰᠤᠳᠤᠯᠵᠠᠢ᠃