ᠸᠠᠩ ᠸᠧᠢ ᠵᠦᠩ ᠬᠤᠷᠠᠯ᠎ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ ᠪᠦᠦ ᠭᠠᠩ ᠵᠠᠩ ᠶᠠᠨ ᠺᠦᠨ ᠱ᠌ᠢ ᠭᠤᠸᠠᠩ ᠬᠤᠢ ᠣᠷᠣᠯᠴᠠᠵᠠᠢ
6 ᠰᠠᠷ᠎ᠠ᠎ᠶᠢᠨ 18 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠣᠨᠣᠯ ᠰᠤᠷᠤᠯᠴᠠᠬᠤ ᠭᠤᠤᠯ ᠳᠤᠭᠤᠶ᠋ᠢᠯᠠᠩ ᠶᠡᠷᠦᠩᠬᠡᠶ ᠱᠦᠵᠢ ᠰᠢ ᠵᠢᠨ ᠫᠢᠩ᠎ᠦᠨ ᠠᠶᠤᠯᠭᠦᠶ ᠦᠢᠯᠡᠳᠪᠤᠷᠢᠯᠡᠯ᠎ᠦᠨ ᠲᠤᠬᠠᠶ ᠴᠢᠬᠤᠯᠠ ᠥᠭᠦᠯᠡᠯᠲᠡ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ᠂ ᠵᠠᠰᠠᠭ ᠤ᠋ᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠪᠣᠶ ᠪᠣᠯᠭᠠᠨ ᠦᠢᠯᠡᠳᠤᠯᠭᠡᠵᠢᠬᠦᠯᠬᠦ᠂ ᠴᠢᠨᠠᠷ ᠰᠠᠶ᠋ᠢᠲᠠᠶ ᠬᠥᠭᠵᠢᠯᠲᠡ᠎ᠶᠢᠨ ᠠᠮᠤᠷ ᠲᠦᠪᠰᠢᠨ᠎ᠦ ᠰᠠᠭᠤᠷᠢ᠎ᠶᠢ ᠲᠠᠰᠤᠷᠠᠯᠲᠠ ᠥᠬᠡᠶ ᠪᠡᠬᠢᠵᠢᠭᠦᠯᠬᠦ᠌᠎ᠪᠡᠷ ᠭᠤᠤᠯ ᠰᠡᠳᠦᠪ ᠪᠣᠯᠭᠠᠵᠤ᠂ 2026 ᠣᠨ᠎ᠤ ᠶᠢᠰᠦᠳᠦᠭᠡᠷ ᠤᠳᠠᠭ᠎ᠠ᠎ᠶᠢᠨ ᠬᠠᠮᠲᠤ᠎ᠶᠢᠨ ᠰᠤᠷᠤᠯᠴᠠᠯᠭ᠎ᠠ ᠬᠢᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠶ ᠵᠥᠩ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠤᠨᠤᠯ ᠰᠤᠷᠤᠯᠴᠠᠬᠤ ᠭᠤᠤᠯ ᠳᠤᠭᠤᠶ᠋ᠢᠯᠠᠩ᠎ᠤᠨ ᠪᠦᠷᠢᠯᠳᠦᠬᠦᠨ ᠦᠵᠡᠯ ᠰᠠᠨᠠᠭ᠎ᠠ ᠪᠠ ᠠᠵᠢᠯ᠎ᠤᠨ ᠪᠣᠳᠠᠲᠤ᠌ ᠪᠠᠢᠳᠠᠯ᠎ᠲᠠᠶ ᠪᠡᠨ ᠤᠶᠠᠯᠳᠤᠭᠤᠯᠤᠨ ᠰᠤᠳᠤᠯᠤᠨ ᠶᠠᠷᠢᠯᠴᠠᠵᠤ ᠰᠠᠨᠠᠯ᠎ᠢᠶᠠᠨ ᠰᠣᠯᠢᠯᠴᠠᠪᠠ᠃
ᠶᠡᠷᠦᠩᠬᠡᠢ ᠱᠦᠵᠢ ᠰᠢ ᠵᠢᠨ ᠫᠢᠩ᠎ᠦᠨ ᠠᠶᠤᠯᠭᠦᠢ ᠦᠢᠯᠡᠳᠪᠦᠷᠢᠯᠡᠯ᠎ᠦᠨ ᠲᠤᠬᠠᠢ ᠴᠢᠬᠤᠯᠠ ᠥᠭᠦᠯᠡᠯᠲᠡ ᠨᠢ ᠠᠶᠤᠯᠭᠦᠢ ᠦᠢᠯᠡᠳᠪᠦᠷᠢᠯᠡᠯ᠎ᠢ ᠬᠡᠷᠬᠢᠨ ᠲᠠᠨᠢᠬᠤ᠂ ᠠᠶᠤᠯᠭᠦᠢ ᠦᠢᠯᠡᠳᠪᠦᠷᠢᠯᠡᠯ᠎ᠦᠨ ᠠᠵᠢᠯ᠎ᠢ ᠬᠡᠷᠬᠢᠨ ᠰᠠᠶ᠋ᠢᠲᠤᠷ ᠬᠢᠬᠦ᠌ ᠵᠡᠷᠭᠡ ᠴᠢᠬᠤᠯᠠ ᠶᠡᠬᠡ ᠤᠨᠤᠯ ᠪᠣᠯᠤᠨ ᠦᠢᠯᠡᠳᠦᠯᠭᠡ᠎ᠶᠢᠨ ᠠᠰᠠᠭᠤᠳᠠᠯ᠎ᠳᠤ ᠰᠢᠰᠲ᠋ᠧᠮ᠎ᠲᠡᠶ ᠬᠠᠷᠢᠭᠤᠯᠲᠠ ᠥᠭᠴᠦ᠍᠂ ᠡᠷᠬᠡᠪᠰᠢ ᠪᠠᠶ᠋ᠢᠩᠭᠤ ᠰᠤᠷᠤᠯᠴᠠᠨ ᠪᠠᠶ᠋ᠢᠩᠭᠤ ᠰᠢᠨᠡᠴᠢᠯᠡᠵᠦ᠍᠂ ᠪᠠᠶ᠋ᠢᠩᠭᠤ ᠤᠢ᠌ᠯᠠᠭᠠᠨ ᠪᠠᠶ᠋ᠢᠩᠭᠤ ᠤᠷᠤᠭᠰᠢᠯᠠᠵᠤ᠂ ᠠᠶᠤᠯᠭᠦᠢ ᠦᠢᠯᠡᠳᠪᠦᠷᠢᠯᠡᠯ᠎ᠦᠨ ᠠᠵᠢᠯ᠎ᠢ ᠰᠠᠶ᠋ᠢᠲᠤᠷ ᠬᠢᠬᠦ᠌ ᠦᠵᠡᠯ ᠰᠠᠨᠠᠭ᠎ᠠ ᠤᠯᠤᠰ ᠲᠦᠷᠦ᠎ᠶᠢᠨ ᠰᠠᠭᠤᠷᠢ ᠶᠢ ᠲᠠᠰᠤᠷᠠᠯᠳᠠ ᠦᠭᠡᠢ ᠪᠡᠬᠢᠵᠢᠭᠦᠯᠬᠦ᠌ ᠬᠡᠷᠡᠭᠲᠡᠢ ᠭᠡᠵᠤ ᠤᠨᠤᠯ ᠰᠤᠷᠤᠯᠴᠠᠬᠤ ᠭᠣᠣᠯ ᠳᠤᠭᠤᠶ᠋ᠢᠯᠠᠩ᠎ᠤᠨ ᠪᠦᠷᠢᠯᠳᠦᠬᠦᠨ᠎ᠨᠡᠷ ᠰᠠᠨᠠᠯ ᠨᠢᠭᠡᠳᠠᠢ ᠦᠵᠡᠵᠡᠭᠡᠪᠡ᠃ ᠤᠯᠠᠨ᠎ᠢᠶᠠᠷ᠎ᠢᠶᠠᠨ 《ᠭᠠᠵᠠᠷ ᠣᠷᠣᠨ᠎ᠤ ᠪᠠᠨ ᠬᠥᠭᠵᠢᠯᠲᠡ᠎ᠶᠢ ᠠᠬᠢᠭᠤᠯᠵᠤ᠂ ᠭᠠᠵᠠᠷ ᠣᠷᠣᠨ᠎ᠤ ᠪᠠᠨ ᠠᠮᠤᠷ ᠲᠦᠪᠰᠢᠨ᠎ᠢ ᠪᠠᠲᠤᠯᠠᠬᠤ》 ᠴᠢᠬᠤᠯᠠ ᠶᠡᠬᠡ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠦᠨᠡᠨ ᠬᠦ᠌ ᠪᠠᠲᠤ᠌ ᠡᠭᠦᠷᠭᠡᠯᠡᠵᠦ᠍᠂ 《ᠴᠠᠭ ᠢᠮᠠᠭᠲᠠ ᠰᠠᠨᠠᠭ᠎ᠠ ᠠᠮᠤᠷ ᠦᠭᠡᠢ ᠪᠠᠶ᠋ᠢᠬᠤ》 ᠬᠠᠷᠢᠭᠤᠴᠠᠯᠭᠠᠲᠤ᠌ ᠰᠡᠳᠬᠢᠯᠭᠡ᠎ᠪᠡᠷ ᠠᠶᠤᠯᠭᠦᠢ ᠦᠢᠯᠡᠳᠪᠦᠷᠢᠯᠡᠯ᠎ᠦᠨ ᠠᠵᠢᠯ᠎ᠢ ᠴᠢᠩᠭ᠎ᠠ ᠠᠳᠬᠤᠵᠤ᠂ ᠪᠣᠳᠠᠲᠤ᠌ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭᠲᠠᠭᠠᠬᠰᠡᠨ》 ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠤᠨ᠎ᠠ ᠭᠡᠵᠤ ᠰᠠᠨᠠᠯ ᠨᠢᠭᠡᠳᠠᠢ ᠢᠯᠡᠳᠭᠡᠵᠡᠭᠡᠪᠡ᠃
ᠸᠠᠩ ᠸᠧᠢ ᠵᠦᠩ ᠶᠠᠷᠢᠶᠠᠨ᠎ᠳᠠᠭᠠᠨ ᠠᠶᠤᠯᠭᠦᠢ ᠦᠢᠯᠡᠳᠪᠦᠷᠢᠯᠡᠯ ᠪᠣᠯ ᠥᠴᠦᠬᠡᠨ ᠴᠦ᠍ ᠰᠤᠯᠠᠷᠠᠭᠤᠯᠵᠤ ᠪᠣᠯᠬᠤ ᠦᠭᠡᠢ ᠠᠷᠠᠳ᠎ᠤᠨ ᠠᠮᠢᠳᠤᠷᠠᠯ᠎ᠤᠨ ᠶᠡᠬᠡ ᠶᠠᠪᠤᠳᠠᠯ ᠮᠥᠨ᠂ ᠤᠳᠤᠷᠢᠳᠬᠤ ᠺᠠᠳ᠋ᠷᠴᠤᠳ᠎ᠤᠨ ᠵᠠᠰᠠᠭ᠎ᠤᠨ ᠠᠵᠢᠯ᠎ᠤᠨ ᠪᠦᠳᠦᠮᠵᠢ ᠵᠢ ᠬᠡᠮᠵᠢᠬᠦ᠌ ᠴᠢᠬᠤᠯᠠ ᠬᠡᠮᠵᠢᠯ ᠮᠥᠨ᠂ ᠴᠢᠨᠠᠷ ᠰᠠᠶ᠋ᠢᠲᠠᠢ ᠬᠥᠭᠵᠢᠯᠲᠡ᠎ᠶᠢ ᠪᠡᠶᠡᠯᠡᠭᠦᠯᠬᠦ᠌ ᠳᠣᠲᠣᠭᠠᠳᠤ ᠱᠠᠭᠠᠷᠳᠠᠯᠭ᠎ᠠ ᠮᠥᠨ᠃ ᠡᠷᠬᠡᠪᠰᠢ ᠤᠯᠤᠰ ᠲᠦᠷᠦ᠎ᠶᠢ ᠡᠷᠬᠢᠮᠯᠡᠬᠦ᠌ ᠦᠨᠳᠦᠷᠴᠡ ᠡᠴᠡ ᠠᠶᠤᠯᠭᠦᠢ ᠦᠢᠯᠡᠳᠪᠦᠷᠢᠯᠡᠯ᠎ᠦᠨ ᠠᠵᠢᠯ᠎ᠤᠨ ᠲᠤᠶ᠋ᠢᠯ᠎ᠤᠨ ᠴᠢᠬᠤᠯᠠ ᠴᠢᠨᠠᠷ᠎ᠤᠨ ᠲᠤᠬᠠᠢ ᠲᠠᠨᠢᠯᠲᠠ᠎ᠪᠠᠨ ᠭᠦᠨᠵᠡᠭᠡᠶ᠋ᠢᠷᠡᠭᠦᠯᠵᠦ᠍᠂《ᠬᠥᠭᠵᠢᠯᠲᠡ᠎ᠶᠢ ᠠᠳᠬᠤᠬᠤ ᠪᠣᠯ ᠵᠠᠰᠠᠭ᠎ᠤᠨ ᠠᠵᠢᠯ᠎ᠤᠨ ᠪᠦᠳᠦᠮᠵᠢ᠂ ᠠᠮᠤᠷ ᠲᠦᠪᠰᠢᠨ᠎ᠢ ᠬᠠᠮᠠᠭᠠᠯᠠᠬᠤ ᠪᠣᠯ ᠵᠠᠰᠠᠭ᠎ᠤᠨ ᠠᠵᠢᠯ᠎ᠤᠨ ᠪᠦᠳᠤᠮᠵᠢ ᠮᠦᠨ》 ᠭᠡᠬᠦ᠌ ᠤᠢ᠌ᠯᠠᠭᠠᠭᠳᠠᠬᠤᠨ᠎ᠢ ᠪᠠᠲᠤ᠌ ᠪᠤᠢ ᠪᠣᠯᠭᠠᠬᠤ ᠬᠡᠷᠡᠭᠲᠡᠢ᠃ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠭᠦᠨᠵᠡᠭᠡᠢ ᠦᠢᠯᠡᠳᠦᠯᠭᠡᠵᠢᠭᠦᠯᠵᠦ᠍᠂ ᠠᠷᠠᠳ ᠲᠦᠮᠡᠨ᠎ᠢ ᠳᠡᠭᠡᠳᠦᠯᠡᠬᠦ᠌᠂ ᠠᠮᠢ ᠨᠠᠰᠤ᠎ᠶᠢ ᠳᠡᠭᠡᠳᠦᠯᠡᠬᠦ᠌᠎ᠶᠢ ᠪᠠᠷᠢᠮᠲᠠᠯᠠᠵᠤ᠂ ᠶᠠᠭᠠᠬᠢᠭᠰᠠᠨ ᠴᠤ᠌ ᠬᠥᠮᠦᠨ᠎ᠦ ᠠᠮᠢ ᠨᠠᠰᠤ ᠪᠣᠯᠤᠨ ᠡᠷᠡᠭᠦᠯ ᠮᠡᠨᠳᠦ᠎ᠶᠢ ᠦᠷᠡᠭᠳᠡᠭᠦᠯᠬᠦ᠌ᠪᠡᠷ ᠦᠨ᠎ᠡ ᠲᠥᠯᠥᠪᠦᠷᠢ ᠪᠣᠯᠭᠠᠨ ᠬᠥᠭᠵᠢᠯᠲᠡ᠎ᠶᠢ ᠰᠣᠯᠢᠵᠤ ᠪᠣᠯᠬᠤ ᠦᠭᠡᠢ᠂ ᠶᠠᠭᠠᠬᠢᠭᠰᠠᠨ ᠴᠤ᠌ ᠡᠷᠡᠬᠦᠯ ᠮᠠᠨᠳᠤ ᠠᠮᠢ ᠨᠠᠰᠤ ᠪᠡᠷ ᠦᠷᠡᠭᠳᠡᠯ ᠪᠤᠯᠭᠠᠬᠰᠡᠨ GDP ᠵᠢ ᠰᠣᠯᠢᠵᠤ ᠪᠣᠯᠬᠤ ᠦᠭᠡᠢ᠃ ᠢᠯᠠ ᠠᠮᠵᠢᠯᠲᠠᠪᠦᠳᠦᠮᠵᠢ ᠵᠢ ᠴᠢᠬᠤᠯᠠᠴᠢᠯᠠᠵᠤ ᠲᠠᠯᠲᠠ ᠠᠮᠵᠢᠯᠲᠠᠪᠦᠳᠦᠮᠵᠢ ᠵᠢ ᠬᠥᠩᠭᠡᠪᠴᠢᠯᠡᠬᠦ᠌᠂ ᠬᠥᠭᠵᠢᠯᠲᠡ᠎ᠶᠢ ᠴᠢᠬᠤᠯᠠᠴᠢᠯᠠᠵᠤ ᠠᠮᠤᠷ ᠲᠦᠪᠰᠢᠨ᠎ᠢ ᠬᠥᠩᠭᠡᠪᠴᠢᠯᠡᠬᠦ᠌᠂ ᠭᠠᠮᠰᠢᠭ᠎ᠡᠴᠡ ᠠᠪᠤᠷᠠᠬᠤ᠎ᠶᠢ ᠴᠢᠬᠤᠯᠠᠴᠢᠯᠠᠵᠤ ᠰᠡᠷᠭᠡᠶ᠋ᠢᠯᠡᠬᠦ᠌᠎ᠶᠢ ᠬᠥᠩᠭᠡᠪᠴᠢᠯᠡᠬᠦ᠌ ᠪᠤᠷᠤᠭᠤ ᠰᠡᠳᠬᠢᠬᠦᠢ᠎ᠶᠢ ᠡᠷᠡᠰ ᠲᠠᠶᠠᠭᠳᠠᠵᠤ᠂ ᠬᠣᠭᠣᠰᠣᠨ ᠤᠷᠢᠶ᠎ᠠ ᠬᠠᠰᠬᠢᠷᠬᠤ ᠦᠭᠡᠢ᠂ ᠬᠡᠯᠪᠡᠷᠢᠴᠢ ᠦᠵᠡᠯ᠎ᠢ ᠬᠥᠭᠡᠭᠡᠴᠡᠯᠳᠦᠬᠦ᠌ ᠦᠭᠡᠢ ᠪᠠᠶ᠋ᠢᠵᠤ᠂ ᠠᠶᠤᠯᠭᠦᠢ ᠦᠢᠯᠡᠳᠪᠦᠷᠢᠯᠡᠯ᠎ᠦᠨ ᠠᠵᠢᠯ᠎ᠢ ᠢᠮᠠᠭᠲᠠ ᠴᠢᠬᠤᠯᠠ ᠪᠠᠶ᠋ᠢᠷᠢᠨ᠎ᠳᠤ ᠲᠠᠯᠪᠢᠬᠤ ᠬᠡᠷᠡᠭᠲᠡᠢ᠃ ᠬᠥᠭᠵᠢᠯᠲᠡ᠎ᠶᠢ ᠠᠳᠬᠤᠬᠤ ᠪᠠ ᠠᠮᠤᠷ ᠲᠦᠪᠰᠢᠨ᠎ᠢ ᠠᠬᠢᠭᠤᠯᠬᠤ᠎ᠶᠢ ᠨᠢᠭᠡ ᠴᠣᠭᠴᠠᠵᠢᠭᠤᠯᠤᠨ ᠲᠥᠯᠥᠪᠵᠢᠭᠦᠯᠵᠤ᠂ ᠨᠢᠭᠡ ᠴᠣᠭᠴᠠᠵᠢᠭᠤᠯᠤᠨ ᠪᠠᠶ᠋ᠢᠷᠢᠯᠠᠭᠤᠯᠵᠤ᠂ ᠨᠢᠭᠡ ᠴᠣᠭᠴᠠᠵᠢᠭᠤᠯᠤᠨ ᠠᠬᠢᠭᠤᠯᠵᠤ᠂ ᠴᠢᠨᠠᠷ ᠰᠠᠶ᠋ᠢᠲᠠᠶ ᠬᠥᠭᠵᠢᠯᠲᠡ ᠪᠠ ᠥᠨᠳᠥᠷ ᠲᠦᠪᠰᠢᠨ ᠪᠥᠬᠥᠶ ᠠᠮᠤᠷ ᠲᠦᠪᠰᠢᠨ᠎ᠦ ᠰᠠᠶ᠋ᠢᠨ ᠬᠤᠷᠰᠢᠯ᠎ᠢ ᠪᠡᠶᠡᠯᠡᠭᠦᠯᠬᠦ ᠬᠡᠷᠡᠭᠲᠡᠢ ᠭᠡᠵᠤ ᠵᠢᠭᠠᠵᠤ ᠭᠠᠷᠭᠠᠪᠠ᠃
ᠸᠠᠩ ᠸᠧᠢ ᠵᠦᠩ᠂ ᠠᠶᠤᠯᠭᠦᠢ ᠦᠢᠯᠡᠳᠪᠦᠷᠢᠯᠡᠯ᠎ᠦᠨ ᠡᠯ᠎ᠡ ᠭᠣᠭᠴᠣᠭ᠎ᠠ᠎ᠶᠢᠨ ᠠᠵᠢᠯ᠎ᠢ ᠪᠦᠬᠦ᠌ ᠬᠡᠯᠬᠢᠶ᠎ᠡ᠎ᠪᠡᠷ ᠪᠣᠳᠠᠲᠠᠢ ᠠᠳᠬᠤᠵᠤ᠂ ᠠᠷᠠᠳ ᠤᠯᠠᠨ᠎ᠤ ᠠᠮᠢ ᠨᠠᠰᠤ ᠡᠳ᠋ ᠬᠦᠷᠦᠩᠬᠡ᠎ᠶᠢᠨ ᠠᠮᠤᠷ ᠲᠦᠪᠰᠢᠨ ᠪᠣᠯᠤᠨ ᠨᠡᠶ᠋ᠢᠭᠡᠮ᠎ᠦᠨ ᠶᠡᠬᠡ ᠲᠠᠯ᠎ᠠ᠎ᠶᠢᠨ ᠡᠶ᠎ᠡ ᠵᠣᠬᠢᠴᠠᠩᠭᠤᠢ ᠲᠣᠭᠲᠠᠭᠤᠨ᠎ᠢ ᠡᠷᠡᠰ ᠪᠠᠲᠤᠯᠠᠬᠤ ᠬᠡᠷᠡᠭᠲᠡᠢ᠃ ᠡᠯ᠎ᠡ ᠱᠠᠲᠤ᠌ ᠡᠯ᠎ᠡ ᠬᠣᠯᠪᠣᠭᠳᠠᠯ ᠪᠥᠬᠥᠶ ᠰᠠᠯᠠᠭ᠎ᠠ ᠮᠥᠴᠢᠷ᠎ᠦᠨ᠎ᠬᠢᠨ ᠯᠠᠪᠳᠠᠭᠤᠨ ᠪᠠᠲᠤᠲᠠᠶ᠎ᠪᠠᠷ 《ᠰᠤᠷᠤᠯᠴᠠᠵᠤ》᠂ ᠲᠣᠰ ᠠᠵᠢᠯ ᠲᠥᠷᠥᠯ ᠲᠣᠰ ᠬᠦᠷᠢᠶᠡᠨ᠎ᠦ᠎ᠪᠡᠨ ᠠᠶᠤᠯᠭᠦᠢ ᠦᠢᠯᠡᠳᠪᠦᠷᠢᠯᠡᠯ᠎ᠦᠨ ᠬᠠᠤᠯᠢ ᠴᠠᠭᠠᠵᠠ ᠬᠠᠤᠯᠢ ᠲᠣᠭᠲᠠᠭᠠᠯ᠂ ᠲᠦᠷᠢᠮ ᠲᠣᠭᠲᠠᠭᠠᠯ᠎ᠢ ᠰᠠᠶ᠋ᠢᠲᠤᠷ ᠰᠤᠷᠤᠯᠴᠠᠨ ᠨᠡᠪᠲᠡᠷᠡᠲᠡᠯ᠎ᠡ ᠣᠶ᠋ᠢᠯᠠᠭᠠᠵᠤ᠂ ᠠᠵᠤ ᠠᠬᠤᠶ᠋ᠢᠯᠠᠯ᠎ᠢ ᠱᠠᠯᠠᠪᠳᠠᠭᠤᠯᠤᠨ ᠲᠦᠷᠢᠮ ᠲᠣᠭᠲᠠᠭᠠᠯ᠂ ᠠᠵᠢᠯᠯᠠᠭᠠᠨ᠎ᠤ ᠲᠦᠷᠢᠮ᠎ᠢ ᠴᠢᠩᠭ᠎ᠠ ᠵᠢᠷᠤᠮᠯᠠᠨ ᠨᠠᠶ᠋ᠢᠳᠠᠪᠤᠷᠢᠵᠢᠭᠤᠯᠵᠤ᠂ ᠣᠯᠠᠨ ᠲᠦᠮᠡᠨ᠎ᠳᠦ ᠬᠠᠨᠳᠤᠭᠤᠯᠤᠭᠰᠠᠨ ᠭᠠᠮᠰᠢᠭ᠎ᠢ ᠰᠡᠷᠭᠡᠶ᠋ᠢᠯᠡᠬᠦ᠌ ᠭᠠᠮᠰᠢᠭ᠎ᠢ ᠪᠠᠭᠠᠰᠬᠠᠬᠤ ᠭᠠᠮᠰᠢᠭ᠎ᠡᠴᠡ ᠠᠪᠤᠷᠠᠬᠤ ᠲᠤᠬᠠᠢ ᠰᠢᠨᠵᠢᠯᠡᠬᠦ᠌ ᠤᠬᠠᠭᠠᠨ ᠤ᠋ ᠮᠡᠳᠡᠯᠭᠡ ᠵᠢ ᠲᠦᠭᠡᠮᠡᠯᠵᠢᠭᠦᠯᠬᠦ᠌ ᠤᠬᠠᠭᠤᠯᠭ᠎ᠠ᠎ᠶᠢ ᠪᠠᠶ᠋ᠢᠩᠭᠤᠵᠢᠭᠤᠯᠤᠨ ᠥᠷᠨᠢᠭᠦᠯᠬᠦ᠌ ᠬᠡᠷᠡᠭᠲᠡᠶ᠃ ᠥᠴᠦᠬᠡᠨ ᠴᠦ᠍ ᠤᠰᠤᠯᠳᠠᠬᠤ ᠦᠭᠡᠢ《 ᠰᠡᠷᠭᠡᠶ᠋ᠢᠯᠡᠵᠦ》᠂ 《ᠠᠷᠠᠳ᠎ᠤᠨ ᠰᠡᠷᠭᠡᠶ᠋ᠢᠯᠡᠯᠲᠡ + ᠪᠣᠳᠠᠰ᠎ᠤᠨ ᠰᠡᠷᠭᠡᠶ᠋ᠢᠯᠡᠯᠲᠡ + ᠮᠡᠷᠭᠡᠵᠢᠯ᠎ᠦᠨ ᠰᠡᠷᠭᠡᠶ᠋ᠢᠯᠡᠯᠲᠡ》 ᠵᠢᠨ ᠠᠮᠤᠷ ᠲᠦᠪᠰᠢᠨ᠎ᠦ ᠰᠡᠷᠭᠡᠶ᠋ᠢᠯᠡᠯᠲᠡ᠎ᠶᠢᠨ ᠠᠷᠭ᠎ᠠ ᠬᠡᠮᠵᠢᠶ᠎ᠡ᠎ᠶᠢᠨ ᠰᠢᠰᠲ᠋ᠧᠮ᠎ᠢ ᠲᠡᠭᠦᠯᠳᠡᠷᠵᠢᠭᠦᠯᠵᠦ᠍᠂ ᠠᠮᠤᠷ ᠲᠦᠪᠰᠢᠨ᠎ᠦ ᠠᠶᠤᠯ ᠲᠦᠭᠰᠢᠭᠦᠷᠢ᠎ᠶᠢ ᠦᠨᠡᠯᠡᠨ ᠵᠢᠱ᠌ᠢᠬᠦ᠌ ᠪᠠ ᠬᠡᠮ ᠰᠣᠭᠣᠭ᠎ᠢ ᠵᠢᠭᠰᠠᠭᠠᠨ ᠪᠠᠶ᠋ᠢᠴᠠᠭᠠᠵᠤ ᠵᠠᠰᠠᠬᠤ ᠠᠵᠢᠯ᠎ᠢ ᠪᠦᠬᠦ᠌ ᠲᠠᠯ᠎ᠠ᠎ᠪᠠᠷ ᠥᠷᠨᠢᠭᠦᠯᠵᠦ᠍᠂ ᠠᠰᠠᠭᠤᠳᠠᠯ᠎ᠢ ᠴᠤᠬᠤᠶ᠋ᠢᠬᠤ ᠦᠶ᠎ᠡ᠎ᠳᠦᠨᠢ᠂ ᠭᠠᠮᠰᠢᠭ ᠪᠣᠯᠬᠤ᠎ᠡᠴᠡ ᠨᠢ ᠡᠮᠦᠨ᠎ᠡ ᠴᠢᠷᠮᠠᠶ᠋ᠢᠨ ᠰᠢ᠌ᠳᠪᠦᠷᠢᠯᠡᠬᠦ᠌ ᠬᠡᠷᠡᠭᠲᠡᠢ᠃ ᠴᠢᠩᠭ᠎ᠠ᠎ᠡᠴᠡ ᠴᠢᠩᠭ᠎ᠠ 《ᠬᠠᠮᠢᠶᠠᠷᠴᠤ᠌》᠂ 《ᠬᠠᠤᠯᠢ ᠪᠤᠰᠤ ᠪᠠ ᠬᠠᠤᠯᠢ᠎ᠡᠴᠡ ᠵᠥᠷᠢᠴᠡᠭᠰᠡᠨ ᠠᠵᠢᠯᠯᠠᠭ᠎ᠠ᠎ᠳᠤ ᠴᠣᠬᠢᠯᠲᠠ ᠥᠭᠴᠦ᠍ ᠵᠠᠰᠠᠬᠤ》 ᠵᠢ ᠬᠦᠴᠦᠳᠠᠢ ᠬᠢᠵᠤ᠂ ᠰᠢᠨ᠎ᠡ ᠬᠦᠷᠢᠶ᠎ᠡ ᠰᠢᠨ᠎ᠡ ᠡᠵᠡᠩᠨᠡᠯᠲᠡ᠎ᠶᠢᠨ ᠬᠡᠯᠪᠡᠷᠢ᠎ᠶᠢᠨ ᠠᠮᠤᠷ ᠲᠦᠪᠰᠢᠨ᠎ᠦ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠬᠤ ᠬᠡᠷᠡᠭᠲᠡᠢ᠃ ᠴᠠᠭ ᠲᠤᠬᠠᠶ᠎ᠳᠤᠨᠢ ᠬᠦᠴᠦᠲᠡᠶ《ᠠᠪᠤᠷᠠᠵᠤ》᠂ ᠲᠦᠷᠭᠡᠨ ᠴᠤᠤᠷᠢᠶᠠᠲᠤᠨ ᠳᠠᠭᠠᠬᠤ ᠴᠢᠳᠠᠪᠤᠷᠢ᠎ᠪᠠᠨ ᠳᠡᠭᠡᠭᠰᠢᠯᠡᠭᠦᠯᠵᠦ᠍᠂ ᠰᠢᠨᠵᠢᠯᠡᠬᠦ᠌ ᠤᠬᠠᠭᠠᠨᠴᠢ᠎ᠪᠠᠷ ᠠᠪᠤᠷᠠᠬᠤ ᠲᠦᠪᠰᠢᠨ᠎ᠢᠶᠡᠨ ᠳᠡᠭᠡᠭᠰᠢᠯᠡᠭᠦᠯᠵᠦ᠍᠂ ᠬᠥᠮᠦᠨ ᠬᠠᠷ᠎ᠠ᠎ᠶᠢᠨ ᠦᠬᠦᠯ ᠰᠢᠷᠬᠠᠲᠤᠯ ᠪᠠ ᠡᠳ᠋ ᠬᠥᠷᠥᠩᠭᠡ᠎ᠶᠢᠨ ᠬᠣᠬᠢᠷᠠᠯ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠭᠠᠰᠬᠠᠬᠤ ᠬᠡᠷᠡᠭᠲᠡᠶ᠃ ᠬᠠᠤᠯᠢ ᠶᠣᠰᠣᠭᠠᠷ ᠬᠦᠨᠳᠦ᠎ᠪᠡᠷ 《ᠲᠣᠷᠭᠠᠵᠤ》᠂ ᠬᠠᠤᠯᠢ ᠳᠦᠷᠢᠮ᠎ᠡᠴᠡ ᠵᠥᠷᠢᠴᠡᠭᠰᠡᠨ᠂ ᠤᠯᠠᠨ ᠲᠦᠮᠡᠨ᠎ᠦ ᠠᠮᠢ ᠨᠠᠰᠤ᠎ᠶᠢ ᠬᠠᠶ᠋ᠢᠬᠤᠷᠬᠤ ᠦᠭᠡᠢ ᠦᠢᠯᠡᠳᠪᠦᠷᠢᠯᠡᠯ ᠡᠵᠡᠩᠨᠡᠯᠲᠡ᠎ᠶᠢᠨ ᠭᠣᠣᠯ ᠴᠣᠭᠴᠠ᠎ᠶᠢ ᠴᠢᠩᠭ᠎ᠠ ᠰᠢ᠌ᠳᠬᠡᠵᠦ᠍᠂ ᠠᠯᠪᠠᠨ ᠲᠤᠰᠢᠶᠠᠯᠲᠠᠨ ᠬᠤᠳᠠᠯᠳᠤᠭᠠᠴᠢᠨ ᠰᠦᠯᠪᠡᠭᠡᠯᠡᠵᠦ᠍ ᠠᠶᠤᠯᠭᠦᠢ ᠦᠢᠯᠡᠳᠪᠦᠷᠢᠯᠡᠯ᠎ᠦᠨ ᠲᠠᠯ᠎ᠠ᠎ᠪᠠᠷ ᠬᠠᠷᠢᠭᠤᠴᠠᠯᠭ᠎ᠠ ᠠᠯᠳᠠᠵᠤ ᠲᠤᠰᠢᠶᠠᠯ᠎ᠢᠶᠠᠨ ᠭᠤᠲᠤᠭᠠᠭᠰᠠᠨ ᠠᠯᠪᠠᠨ ᠲᠤᠰᠢᠶᠠᠯᠲᠠᠨ᠎ᠢ ᠴᠢᠩᠭ᠎ᠠ ᠰᠢ᠌ᠳᠬᠡᠬᠦ᠌ ᠬᠡᠷᠡᠭᠲᠡᠢ ᠭᠡᠵᠦ ᠴᠢᠬᠤᠯᠠᠴᠢᠯᠠᠪᠠ᠃
ᠸᠠᠩ ᠸᠧᠢ ᠵᠦᠩ᠂ ᠲᠦᠷᠢᠮ ᠲᠣᠭᠲᠠᠴᠠ᠎ᠶᠢ ᠤᠯᠠᠮ ᠨᠢᠭᠡ ᠠᠯᠬᠤᠮ ᠪᠦᠷᠢᠨᠰᠢᠬᠦᠯᠦᠨ ᠲᠡᠭᠦᠯᠳᠡᠷᠵᠢᠭᠦᠯᠵᠦ᠍᠂ ᠠᠶᠤᠯᠭᠦᠢ ᠦᠢᠯᠡᠳᠪᠦᠷᠢᠯᠡᠯ᠎ᠦᠨ ᠵᠠᠰᠠᠯᠲᠠ᠎ᠶᠢ ᠪᠠᠶ᠋ᠢᠩᠭᠤᠵᠢᠭᠤᠯᠵᠤ ᠤᠷᠳᠤ ᠬᠤᠭᠤᠴᠠᠭ᠎ᠠ ᠪᠦᠲᠦᠮᠵᠢᠲᠡᠢ ᠪᠣᠯᠭᠠᠬᠤ᠎ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ᠎ᠦᠨ ᠵᠦᠪᠰᠢᠶᠡᠷᠡᠨ ᠤᠷᠤᠭᠤᠯᠬᠤ ᠲᠦᠷᠢᠮ᠎ᠢ ᠲᠡᠭᠦᠯᠳᠡᠷᠵᠢᠭᠦᠯᠵᠦ᠍᠂ ᠴᠢᠬᠤᠯᠠ ᠶᠡᠬᠡ ᠲᠥᠷᠥᠯ ᠵᠦᠢᠯ᠎ᠦᠨ ᠰᠢᠢᠳᠪᠦᠷᠢᠲᠦ ᠪᠣᠳᠣᠯᠭ᠎ᠠ᠎ᠶᠢᠨ ᠠᠮᠤᠷ ᠲᠦᠪᠰᠢᠨ᠎ᠦ ᠲᠦᠭᠰᠢᠭᠦᠷᠢ᠎ᠶᠢ ᠦᠨᠡᠯᠡᠨ ᠵᠢᠱ᠌ᠢᠬᠦ᠌ ᠪᠠ ᠨᠤᠲᠠᠯᠠᠬᠤ ᠲᠣᠭᠲᠠᠴᠠ᠎ᠶᠢ ᠪᠦᠷᠢᠨᠰᠢᠭᠦᠯᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ᠎ᠦᠨ ᠬᠢᠨᠠᠯᠲᠠ ᠬᠠᠮᠢᠶᠠᠷᠤᠯᠲᠠ᠎ᠶᠢᠨ ᠬᠠᠷᠢᠭᠤᠴᠠᠯᠭ᠎ᠠ᠎ᠶᠢ ᠨᠠᠶ᠋ᠢᠳᠠᠪᠤᠷᠢᠵᠢᠭᠤᠯᠬᠤ᠎ᠶᠢ ᠴᠢᠩᠭᠠᠳᠬᠠᠵᠤ᠂ 《ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠌᠂ ᠨᠢᠭᠡ ᠠᠵᠢᠯ᠎ᠤᠨ ᠪᠠᠶ᠋ᠢᠷᠢ ᠬᠤᠶᠠᠷ ᠵᠦᠢᠯ᠎ᠤᠨ ᠬᠠᠷᠢᠭᠤᠴᠠᠯᠭ᠎ᠠ ᠲᠠᠢ ᠪᠠᠢᠬᠤ᠂ ᠵᠡᠷᠭᠡ᠎ᠪᠡᠷ ᠠᠳᠬᠤᠨ ᠬᠠᠮᠲᠤ᠎ᠪᠠᠷ ᠬᠠᠮᠢᠶᠠᠷᠬᠤ᠂ ᠲᠤᠰᠢᠶᠠᠯ᠎ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ᠌》 ᠪᠠ 《ᠭᠤᠷᠪᠠ᠎ᠶᠢ ᠬᠠᠮᠢᠶᠠᠷᠬᠤ ᠭᠤᠷᠪᠠᠨ ᠡᠷᠬᠡᠪᠰᠢ》 ᠢ᠋ᠢᠨ ᠱᠠᠭᠠᠷᠳᠠᠯᠭ᠎ᠠ᠎ᠶᠢ ᠴᠢᠩᠭ᠎ᠠ ᠨᠠᠶ᠋ᠢᠳᠠᠪᠤᠷᠢᠵᠢᠭᠤᠯᠵᠤ᠂ ᠦᠨᠳᠦᠰᠦᠨ ᠱᠠᠲᠤ ᠵᠢ ᠠᠩᠬᠠᠷᠬᠤ᠂ ᠳᠠᠬᠢᠨ ᠳᠠᠪᠳᠠᠨ ᠠᠩᠬᠠᠷᠬᠤ᠎ᠶᠢ ᠪᠠᠷᠢᠮᠲᠠᠯᠠᠨ᠂ ᠡᠯ᠎ᠡ ᠬᠣᠯᠪᠣᠭᠳᠠᠯ ᠪᠥᠬᠥᠶ ᠰᠠᠯᠠᠭ᠎ᠠ ᠮᠥᠴᠢᠷ᠎ᠦᠨ ᠰᠠᠨᠠᠭᠠᠴᠢᠯᠠᠭ᠎ᠠ᠎ᠡᠴᠡ᠎ᠪᠠᠨ ᠬᠦᠨᠳᠦ ᠡᠭᠦᠷᠭᠡ ᠬᠦᠴᠢᠷ ᠶᠠᠪᠤᠳᠠᠯ᠎ᠢ ᠡᠭᠦᠷᠭᠡᠯᠡᠵᠦ᠂ ᠬᠠᠷᠢᠯᠴᠠᠨ ᠬᠠᠪᠰᠤᠷᠤᠯᠴᠠᠵᠤ ᠨᠥᠬᠥᠪᠥᠷᠢᠯᠡᠬᠦ᠌᠎ᠶᠢ ᠠᠬᠢᠭᠤᠯᠵᠤ᠂ ᠠᠵᠢᠯ᠎ᠤᠨ ᠬᠠᠮᠲᠤᠷᠠᠯ ᠬᠦᠴᠦᠨ᠎ᠢ ᠪᠦᠷᠢᠯᠳᠦᠭᠦᠯᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ᠎ᠦᠨ ᠲᠤᠰᠬᠠᠶ ᠰᠡᠳᠦᠪᠲᠦ᠍ ᠪᠣᠯᠪᠠᠰᠤᠷᠠᠯ᠎ᠤᠨ ᠬᠠᠨᠳᠤᠯᠭᠠᠳᠤ ᠴᠢᠨᠠᠷ᠂ ᠲᠤᠰᠬᠠᠢᠵᠢᠭᠰᠠᠨ ᠴᠢᠨᠠᠷ᠂ ᠪᠣᠳᠠᠲᠤ᠌ ᠠᠵᠢᠯᠯᠠᠭᠠᠨ᠎ᠤ ᠴᠢᠨᠠᠷ᠎ᠢ ᠨᠡᠮᠡᠭᠳᠡᠭᠦᠯᠵᠦ᠍᠂ ᠬᠢᠨᠠᠨ ᠬᠠᠮᠢᠶᠠᠷᠬᠤ ᠠᠵᠢᠯᠲᠠᠨ ᠪᠣᠯᠤᠨ ᠦᠢᠯᠡᠳᠪᠦᠷᠢᠯᠡᠬᠦ᠌ ᠠᠵᠢᠯᠲᠠᠨ᠎ᠢ ᠬᠠᠪᠰᠤᠷᠤᠨ ᠲᠦᠭᠰᠢᠭᠦᠷᠢ᠎ᠶᠢ ᠢᠯᠭᠠᠨ ᠲᠠᠨᠢᠬᠤ᠂ ᠳᠠᠯᠳᠠ ᠭᠡᠮ᠎ᠢ ᠵᠢᠭᠰᠠᠭᠠᠨ ᠪᠠᠶ᠋ᠢᠴᠠᠭᠠᠬᠤ᠂ ᠪᠠᠴᠢᠮ ᠪᠠᠶ᠋ᠢᠳᠠᠯ᠎ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ᠎ᠶᠢ ᠨᠢ ᠳᠡᠭᠡᠭᠰᠢᠯᠡᠭᠦᠯᠬᠦ᠌ ᠬᠡᠷᠡᠭᠲᠡᠶ᠃ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ᠎ᠶᠢᠨ ᠬᠠᠤᠯᠢ ᠬᠡᠷᠡᠭᠵᠢᠭᠦᠯᠬᠦ᠌ ᠡᠩᠨᠡᠭᠡᠨ᠎ᠦ ᠪᠠᠶ᠋ᠢᠭᠤᠯᠤᠯᠲᠠ᠎ᠶᠢ ᠴᠢᠩᠭᠠᠳᠬᠠᠨ᠂ ᠠᠭᠤᠷᠬᠠᠶ᠎ᠳᠤ ᠰᠠᠭᠤᠭ᠎ᠠ ᠠᠶᠤᠯᠭᠦᠢ᠎ᠶᠢᠨ ᠬᠢᠨᠠᠯᠲᠠ ᠲᠠᠯᠪᠢᠭᠴᠢ᠎ᠶᠢᠨ ᠳᠦᠷᠢᠮ᠎ᠢ ᠲᠦᠷᠭᠡᠳᠬᠡᠨ ᠲᠣᠬᠢᠷᠠᠭᠤᠯᠤᠨ ᠥᠭᠡᠷᠡᠴᠢᠯᠡᠵᠦ᠍᠂ ᠠᠵᠢᠯᠲᠠᠨ᠎ᠤ ᠬᠦᠴᠦᠨ ᠬᠢᠭᠡᠳ ᠬᠠᠤᠯᠢ ᠬᠡᠷᠡᠭᠵᠢᠭᠦᠯᠬᠦ᠌ ᠡᠭᠦᠷᠭᠡ᠎ᠶᠢᠨ ᠬᠠᠷᠢᠯᠴᠠᠨ ᠵᠣᠬᠢᠴᠠᠯᠳᠤᠬᠤ᠎ᠶᠢ ᠦᠨᠡᠨ ᠬᠦ᠌ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃