ᠪᠤᠳᠠᠳᠤ ᠶᠠᠪᠤᠳᠠᠯ ᠢ᠋ ᠪᠤᠳᠤᠯᠬᠢᠯᠠᠨ ᠪᠤᠳᠠᠳᠤ ᠦᠷ᠎ᠠ ᠪᠦᠲᠦᠮᠵᠢ ᠢ᠋ᠢ ᠡᠷᠬᠢᠮᠯᠡᠵᠤ ᠣᠭ ᠰᠠᠨᠠᠭ᠎ᠠ ᠪᠠᠨ ᠦᠢᠯᠡᠳᠦᠯᠭᠡᠵᠢᠭᠦᠯᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ᠎ᠠ
2026-06-19 10:11:32
ᠵᠣᠬᠢᠶᠠᠭ᠍ᠴᠢ᠄
ᠵᠠᠩ ᠬᠤᠢ ᠯᠢᠩ ᠭᠣᠣ ᠮᠢᠨ ᠨᠠ ᠰᠢᠤᠸᠠᠢ ᠢ ᠴᠢᠶᠦ᠋ᠨ
ᠣᠩᠱᠢᠭ᠍ᠰᠠᠨ ᠣᠳᠠᠭ᠎ᠠ᠄
★★★☆☆

ᠪᠥᠬᠥ᠌ ᠣᠷᠣᠨ ᠤ᠋ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤ᠋ᠨ ᠬᠢᠨ ᠵᠠᠰᠠᠭ ᠤ᠋ᠨ ᠠᠵᠢᠯ ᠤ᠋ᠨ ᠪᠦᠲᠦᠮᠵᠢ ᠢ᠋ᠢᠨ ᠲᠤᠬᠠᠢ ᠵᠦᠪ ᠦᠵᠡᠯᠲᠡ ᠢ᠋ᠢ ᠪᠣᠶ ᠪᠤᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ ᠢ᠋ ᠯᠠᠪᠳᠠᠭᠤᠨ ᠪᠠᠲᠤᠲᠠᠶ ᠥᠷᠨᠢᠭᠦᠯᠵᠦ᠍ ᠪᠣᠶ

  

ᠵᠠᠰᠠᠭ ᠤ᠋ᠨ ᠠᠵᠢᠯ ᠤ᠋ᠨ ᠪᠦᠲᠦᠮᠵᠢ ᠢ᠋ᠢᠨ ᠲᠤᠬᠠᠢ ᠵᠦᠪ ᠦᠵᠡᠯᠲᠡ ᠢ᠋ᠢ ᠪᠣᠶ ᠪᠤᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ ᠢ᠋ ᠥᠷᠨᠢᠭᠦᠯᠦᠭᠰᠡᠨ ᠡᠴᠡ ᠨᠠᠭᠠᠰᠢ᠂ ᠮᠠᠨ ᠤ᠋ ᠣᠷᠣᠨ ᠤ᠋ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤ᠋ᠨ ᠬᠢᠨ ᠦᠵᠡᠯ ᠰᠠᠨᠠᠭ᠎ᠠ ᠲᠠᠨᠢᠯᠲᠠ ᠪᠠᠨ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠰᠤᠷᠤᠯᠴᠠᠬᠤ ᠪᠠᠶ᠋ᠢᠴᠠᠭᠠᠬᠤ ᠰᠠᠢᠵᠢᠷᠠᠭᠤᠯᠬᠤ ᠢ᠋ᠢ ᠨᠢᠭᠡ ᠴᠤᠬᠴᠠᠵᠢᠭᠤᠯᠤᠨ ᠠᠬᠢᠭᠤᠯᠵᠤ᠂ ᠬᠠᠷᠠᠯᠲᠠ ᠪᠡᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢ᠋ᠢᠡᠷ ᠤᠳᠤᠷᠢᠳᠤᠮᠵᠢ ᠪᠣᠯᠭᠠᠬᠤ ᠢ᠋ᠢ ᠤᠶᠠᠯᠳᠤᠭᠤᠯᠤᠨ᠂ ᠰᠤᠷᠤᠯᠴᠠᠯᠭ᠎ᠠ ᠬᠥᠮᠦᠵᠢᠯ ᠤ᠋ᠨ ᠦᠷ᠎ᠡ ᠪᠦᠲᠦᠭᠡᠯ ᠢ᠋ ᠦᠨᠡᠨ ᠬᠦ᠌ ᠠᠷᠠᠳ ᠤ᠋ᠨ ᠵᠣᠪᠠᠨᠢᠯ ᠢ᠋ ᠠᠷᠢᠯᠭᠠᠬᠤ᠂ ᠠᠷᠠᠳ ᠤ᠋ᠨ ᠰᠡᠳᠬᠢᠯ ᠢ᠋ ᠳᠤᠯᠠᠭᠠᠴᠠᠭᠤᠯᠬᠤ᠂ ᠠᠷᠠᠳ ᠤ᠋ᠨ ᠠᠮᠢᠳᠤᠷᠠᠯ ᠳ᠋ᠤ ᠠᠰᠢᠭ ᠬᠦᠷᠲᠡᠭᠡᠬᠦ᠌ ᠪᠣᠳᠠᠲᠤ᠌ ᠦᠷ᠎ᠡ ᠪᠦᠲᠦᠮᠵᠢ ᠪᠣᠯᠭᠠᠨ ᠬᠤᠪᠢᠷᠠᠭᠤᠯᠪᠠ᠃

ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠯᠵᠢᠶ᠎ᠠ ᠢ᠋ᠢ ᠠᠬᠢᠭᠤᠯᠬᠤ ᠵᠦᠪᠯᠡᠯ ᠰᠤᠷᠤᠯᠴᠠᠬᠤ ᠪᠠᠶ᠋ᠢᠴᠠᠭᠠᠬᠤ ᠰᠠᠢᠵᠢᠷᠠᠭᠤᠯᠬᠤ ᠢ᠋ᠢ ᠨᠢᠭᠡ ᠴᠤᠭᠴᠠᠵᠢᠭᠤᠯᠤᠨ ᠠᠬᠢᠭᠤᠯᠵᠤ᠂ ᠰᠤᠷᠤᠯᠴᠠᠯᠭ᠎ᠠ ᠬᠥᠮᠦᠵᠢᠯ ᠬᠢᠭᠡᠳ ᠠᠷᠠᠯᠵᠢᠶ᠎ᠠ ᠢ᠋ᠢ ᠠᠬᠢᠭᠤᠯᠬᠤ ᠠᠵᠢᠯ ᠢ᠋ ᠨᠢᠭᠲᠠ ᠤᠶᠠᠯᠳᠤᠭᠤᠯᠤᠨ᠂ ᠰᠤᠷᠤᠯᠴᠠᠯᠭ᠎ᠠ ᠢ᠋ᠢᠨ ᠦᠷ᠎ᠡ ᠪᠦᠲᠦᠭᠡᠯ ᠢ᠋ 《ᠠᠷᠠᠯᠵᠢᠶ᠎ᠠ ᠪᠡᠷ ᠠᠵᠤ ᠠᠬᠤᠶ᠋ᠢᠯᠠᠯ ᠢ᠋ ᠳᠡᠮᠵᠢᠵᠤ᠂ ᠳᠡᠯᠡᠬᠡᠶ ᠳ᠋ᠠᠬᠢᠨ ᠲᠠᠢ ᠬᠣᠯᠪᠣᠬᠤ》 ᠠᠵᠢᠯ ᠤ᠋ᠨ ᠪᠣᠳᠠᠲᠤ᠌ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠢ᠋ᠢ ᠠᠬᠢᠭᠤᠯᠪᠠ᠃ ᠭᠦᠨᠵᠡᠭᠡᠢ ᠰᠤᠷᠤᠯᠴᠠᠨ ᠨᠠᠷᠢᠨ ᠤᠬᠠᠪᠤᠷᠢᠯᠠᠵᠤ᠂ 《ᠨᠢᠭᠡᠳᠦᠭᠡᠷ ᠵᠥᠪᠯᠡᠬᠦ᠌ ᠵᠦᠢᠯ》 ᠤ᠋ᠨ ᠰᠤᠷᠤᠯᠴᠠᠯᠭ᠎ᠠ ᠢ᠋ᠢ ᠠᠳᠬᠤᠨ᠂ ᠨᠠᠮ ᠤ᠋ᠨ ᠤᠳᠤᠷᠢᠳᠬᠤ ᠳᠤᠭᠤᠶ᠋ᠢᠯᠠᠩ ᠲᠦᠷᠦᠭᠦᠯᠡᠨ 《ᠰᠢ ᠵᠢᠨ ᠫᠢᠩ ᠤ᠋ᠨ ᠵᠠᠰᠠᠭ ᠤ᠋ᠨ ᠠᠵᠢᠯ ᠤ᠋ᠨ ᠪᠦᠲᠦᠮᠵᠢ ᠢ᠋ᠢᠨ ᠲᠤᠬᠠᠢ ᠵᠦᠪ ᠦᠵᠡᠯᠲᠡ ᠢ᠋ᠢ ᠪᠣᠶ ᠪᠤᠯᠭᠠᠨ ᠦᠢᠯᠡᠳᠦᠯᠭᠡᠵᠢᠭᠦᠯᠬᠦ ᠲᠤᠬᠠᠢ ᠥᠭᠦᠯᠡᠯᠲᠡ ᠢ᠋ᠢᠨ ᠲᠡᠭᠦᠪᠦᠷᠢ》 ᠵᠢ ᠲᠡᠷᠡ ᠶᠤᠰᠤᠭᠠᠷ ᠨᠢ ᠰᠤᠷᠤᠯᠴᠠᠵᠤ᠂ ᠲᠤᠰᠬᠠᠢ ᠰᠡᠳᠦᠪᠲᠦ᠍ ᠨᠣᠮ ᠤᠩᠰᠢᠬᠤ ᠠᠩᠬᠢ ᠡᠷᠬᠢᠯᠡᠨ᠂ ᠰᠤᠳᠤᠯᠤᠨ ᠶᠠᠷᠢᠯᠴᠠᠵᠤ ᠰᠠᠨᠠᠯ ᠢ᠋ᠢᠡᠨ ᠰᠣᠯᠢᠯᠴᠠᠨ᠂ ᠨᠠᠮ ᠤ᠋ᠨ ᠭᠡᠰᠢᠭᠦᠨ᠂ ᠺᠠᠳ᠋ᠷ ᠢ᠋ ᠵᠣᠬᠢᠶᠠᠨ ᠪᠠᠶ᠋ᠢᠭᠤᠯᠵᠤ ᠲᠤᠰᠬᠠᠢ ᠰᠡᠳᠦᠪᠲᠦ᠍ ᠲᠥᠪᠯᠡᠷᠡᠩᠭᠦᠢ ᠰᠤᠷᠤᠯᠴᠠᠯᠭ᠎ᠠ ᠥᠷᠨᠢᠭᠦᠯᠵᠦ᠍᠂ ᠦᠵᠡᠯ ᠰᠠᠨᠠᠭᠠᠨ ᠤ᠋ ᠭᠦᠨᠴᠡ ᠡᠴᠡ ᠵᠠᠰᠠᠭ ᠤ᠋ᠨ ᠠᠵᠢᠯ ᠤ᠋ᠨ ᠪᠦᠲᠦᠮᠵᠢ ᠢ᠋ᠢᠨ ᠲᠤᠬᠠᠢ ᠵᠦᠪ ᠦᠵᠡᠯᠲᠡ ᠢ᠋ᠢᠨ ᠪᠠᠢᠷᠢᠰᠢᠯ ᠢ᠋ ᠪᠤᠢ ᠪᠤᠯᠭᠠᠪᠠ᠃ ᠴᠡᠭᠴᠡᠯᠡᠨ ᠰᠠᠶ᠋ᠢᠵᠢᠷᠠᠭᠤᠯᠬᠤ ᠢ᠋ᠢ ᠦᠨᠡᠨ ᠬᠦ᠌ ᠪᠠᠶ᠋ᠢᠴᠠᠭᠠᠨ ᠪᠣᠳᠠᠲᠠᠶ᠋ᠢᠵᠢᠭᠤᠯᠵᠤ᠂ ᠣᠯᠠᠨ ᠤᠯᠤᠰ ᠤ᠋ᠨ ᠬᠠᠷᠢᠯᠴᠠᠭ᠎ᠠ ᠬᠣᠯᠪᠣᠭ᠎ᠠ᠂ ᠠᠷᠠᠯᠵᠢᠶ᠎ᠠ ᠢ᠋ᠢ ᠠᠬᠢᠭᠤᠯᠬᠤ᠂ ᠠᠵᠤ ᠠᠬᠤᠶ᠋ᠢᠯᠠᠯ ᠳ᠋ᠤ ᠦᠢᠯᠡᠴᠢᠯᠡᠬᠦ ᠵᠡᠷᠭᠡ ᠲᠠᠯ᠎ᠠ ᠳ᠋ᠤ ᠠᠩᠬᠠᠷᠤᠯ ᠢ᠋ᠢᠡᠨ ᠲᠥᠪᠯᠡᠷᠡᠭᠦᠯᠵᠦ᠍᠂ ᠠᠰᠠᠭᠤᠳᠠᠯ ᠤ᠋ᠨ ᠨᠠᠷᠢᠨ ᠲᠠᠩᠰᠠ ᠲᠠᠢ ᠬᠠᠷᠭᠤᠭᠤᠯᠤᠨ ᠠᠰᠠᠭᠤᠳᠠᠯ ᠢ᠋ ᠭᠦᠨᠵᠡᠭᠡᠶ ᠪᠠᠶ᠋ᠢᠴᠠᠭᠠᠨ ᠳᠡᠯᠭᠡᠵᠦ᠍᠂ ᠠᠷᠠᠯᠵᠢᠶ᠎ᠠ ᠢ᠋ᠢ ᠠᠬᠢᠭᠤᠯᠬᠤ ᠵᠦᠪᠯᠡᠯ ᠤ᠋ᠨ ᠤᠳᠤᠷᠢᠳᠬᠤ ᠪᠠᠭ᠂ ᠤᠳᠤᠷᠢᠳᠬᠤ ᠺᠠᠳ᠋ᠷ ᠤ᠋ᠨ ᠴᠡᠭᠴᠡᠯᠡᠨ ᠰᠠᠶ᠋ᠢᠵᠢᠷᠠᠭᠤᠯᠵᠤ ᠴᠡᠭᠴᠡᠯᠡᠨ ᠵᠠᠰᠠᠬᠤ ᠠᠵᠢᠯ ᠤ᠋ᠨ ᠡᠬᠡ ᠲᠠᠩᠰᠠ ᠢ᠋ᠢ ᠲᠣᠭᠲᠠᠭᠠᠵᠤ᠂ ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ ᠢ᠋ᠢ ᠨᠠᠷᠢᠯᠢᠬᠵᠢᠭᠤᠯᠤᠨ᠂ ᠪᠠᠶ᠋ᠢᠴᠠᠭᠠᠬᠤ ᠢ᠋ᠢᠨ ᠳᠠᠭᠠᠤ ᠴᠡᠭᠴᠡᠯᠡᠨ ᠰᠠᠶ᠋ᠢᠵᠢᠷᠠᠭᠤᠯᠵᠤ᠂ ᠳᠠᠷᠤᠢᠬᠠᠨ ᠬᠡᠷᠡᠭᠵᠢᠭᠦᠯᠵᠦ᠍ ᠳᠠᠷᠤᠢᠬᠠᠨ ᠰᠠᠢᠵᠢᠷᠠᠭᠤᠯᠪᠠ᠃ ᠲᠦᠷᠢᠮ ᠲᠣᠭᠲᠠᠭᠠᠯ ᠲᠣᠭᠲᠠᠭᠠᠨ ᠠᠯᠤᠰ ᠬᠡᠲᠦ ᠢ᠋ᠢ ᠬᠠᠮᠢᠶᠠᠷᠴᠤ᠌᠂ ᠪᠠᠶ᠋ᠢᠭᠤᠯᠭ᠎ᠠ ᠢ᠋ᠢᠨ ᠡᠯ᠎ᠡ ᠲᠥᠷᠥᠯ ᠤ᠋ᠨ ᠲᠦᠷᠢᠮ ᠤ᠋ᠨ ᠵᠢᠷᠤᠮᠵᠢᠯ ᠳ᠋ᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠍᠂ ᠲᠦᠷᠢᠮ ᠤ᠋ᠨ ᠬᠡᠷᠡᠭᠵᠢᠭᠦᠯᠦᠯᠲᠡ ᠢ᠋ᠢ ᠴᠢᠩᠭᠠᠳᠬᠠᠪᠠ᠃ ᠡᠬᠦᠳᠡ ᠪᠠᠨ ᠨᠡᠬᠡᠬᠡᠵᠤ  ᠬᠥᠮᠦᠵᠢᠯ ᠦᠷᠨᠢᠬᠦᠯᠤᠨ ᠠᠵᠤ ᠠᠬᠤᠶ᠋ᠢᠯᠠᠯ ᠳ᠋ᠤ ᠠᠰᠢᠭ ᠬᠦᠷᠲᠡᠭᠡᠵᠤ᠂ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠣᠷᠣᠨ ᠤ᠋ ᠪᠥᠲᠥᠭᠡᠨ ᠪᠠᠶ᠋ᠢᠭᠤᠯᠤᠯᠲᠠ ᠳ᠋ᠤ ᠦᠢᠯᠡᠴᠢᠯᠡᠬᠦ ᠵᠡᠷᠭᠡ ᠭᠤᠤᠯᠳᠠᠯᠭ᠎ᠠ ᠲᠠᠢ ᠡᠭᠦᠷᠭᠡ᠎ᠲᠡᠶ ᠤᠶᠠᠯᠳᠤᠭᠤᠯᠤᠨ᠂ ᠥᠪᠥᠷ ᠮᠣᠩᠭᠣᠯ ᠤ᠋ᠨ ᠣᠯᠠᠨ ᠤᠯᠤᠰ ᠤ᠋ᠨ ᠬᠤᠳᠠᠯᠳᠤᠭᠠᠴᠢᠳ ᠤ᠋ᠨ ᠵᠦᠪᠯᠡᠯ ᠤ᠋ᠨ ᠭᠡᠰᠢᠭᠦᠨ ᠠᠵᠤ ᠠᠬᠤᠶ᠋ᠢᠯᠠᠯ᠂ ᠠᠶ᠋ᠢᠮᠠᠭ ᠬᠣᠲᠠ ᠢ᠋ᠢᠨ ᠠᠷᠠᠯᠵᠢᠶ᠎ᠠ ᠢ᠋ᠢ ᠠᠬᠢᠭᠤᠯᠬᠤ ᠪᠠᠶ᠋ᠢᠭᠤᠯᠤᠮᠵᠢ᠂ ᠦᠢᠯᠡᠴᠢᠯᠡᠬᠦ ᠡᠲᠡᠭᠡᠳ ᠵᠡᠷᠭᠡ ᠳ᠋ᠤ ᠬᠠᠨᠳᠤᠭᠤᠯᠤᠨ ᠰᠠᠨᠠᠯ ᠬᠤᠷᠢᠶᠠᠵᠤ᠂ ᠭᠤᠤᠯᠳᠠᠯᠭ᠎ᠠ ᠲᠠᠢ ᠠᠵᠤ ᠦᠢᠯᠡᠰ ᠲᠦ᠍ ᠠᠩᠬᠠᠷᠤᠯ ᠢ᠋ᠢᠡᠨ ᠲᠥᠪᠯᠡᠷᠡᠭᠦᠯᠦᠨ ᠠᠵᠤ ᠠᠬᠤᠶ᠋ᠢᠯᠠᠯ ᠤ᠋ᠨ ᠳᠡᠯᠡᠬᠡᠶ᠋ᠢᠵᠢᠭᠰᠡᠨ ᠡᠵᠡᠩᠨᠡᠯᠲᠡ ᠢ᠋ᠢᠨ ᠲᠣᠭᠲᠠᠭᠠᠯ ᠳ᠋ᠤ ᠨᠡᠶ᠋ᠢᠴᠡᠬᠦ᠌ ᠲᠦᠭᠰᠢᠭᠦᠷᠢ ᠢ᠋ᠢ ᠵᠢᠭᠰᠠᠭᠠᠨ ᠪᠠᠶ᠋ᠢᠴᠠᠭᠠᠬᠤ ᠠᠵᠢᠯ ᠥᠷᠨᠢᠭᠦᠯᠵᠦ᠍᠂ ᠬᠤᠳᠠᠯᠳᠤᠭᠠᠨ ᠤ᠋ ᠶᠠᠪᠤᠳᠠᠯ ᠤ᠋ᠨ ᠡᠶᠡᠳᠡᠭᠦᠯᠭᠡ ᠢ᠋ᠢ ᠰᠢᠪᠲᠤᠯᠤᠯᠲᠠ ᠲᠠᠢ ᠪᠣᠯᠭᠠᠬᠤ ᠪᠡᠷ ᠴᠢᠷᠮᠠᠶ᠋ᠢᠵᠤ᠂ 5 ᠰᠠᠷ᠎ᠠ ᠢ᠋ᠢᠨ ᠰᠡᠭᠦᠯᠴᠢ ᠪᠣᠯᠲᠠᠯ᠎ᠠ ᠪᠥᠬᠥ᠌ ᠣᠷᠣᠨ ᠤ᠋ ᠠᠷᠠᠯᠵᠢᠶ᠎ᠠ ᠢ᠋ᠢ ᠠᠬᠢᠭᠤᠯᠬᠤ ᠰᠢᠰᠲ᠋ᠧᠮ ᠤ᠋ᠨ ᠣᠯᠭᠣᠭᠰᠠᠨ ᠬᠠᠷᠠᠭᠠᠯᠵᠠᠯᠲᠤ᠌ ᠣᠭ ᠭᠠᠷᠤᠯᠲᠠ ᠢ᠋ᠢᠨ ᠣᠷᠣᠨ ᠤ᠋ ᠦᠨᠡᠮᠯᠡᠯ ᠤ᠋ᠨ ᠬᠡᠮᠵᠢᠶ᠎ᠡ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 15.6% ᠪᠡᠷ ᠨᠡᠮᠡᠭᠳᠡᠵᠦ᠍᠂ ᠭᠠᠷ ᠤ᠋ᠨ ᠥᠰᠥᠭ ᠵᠢᠷᠤᠬᠰᠠᠨ RCEP ᠣᠭ ᠭᠠᠷᠤᠯᠲᠠ ᠢ᠋ᠢᠨ ᠣᠷᠣᠨ ᠤ᠋ ᠦᠨᠡᠮᠯᠡᠯ ᠤ᠋ᠨ ᠬᠡᠮᠵᠢᠶ᠎ᠡ ᠨᠢᠳᠤᠨᠤᠨ ᠤ᠋ ᠠᠳᠠᠯᠢ ᠬᠤᠭᠤᠴᠠᠭᠠᠨ ᠤ᠋᠎ᠬᠢ ᠡᠴᠡ 144% ᠪᠠᠷ ᠨᠡᠮᠡᠭᠳᠡᠪᠠ᠃

ᠬᠢᠩᠭᠠᠨ ᠠᠶ᠋ᠢᠮᠠᠭ ᠢᠮᠠᠭᠲᠠ ᠠᠷᠠᠳ ᠲᠦᠮᠡᠨ ᠳ᠋ᠤ ᠪᠤᠶᠠᠨ ᠦᠢᠯᠡᠳᠬᠦ᠌ ᠪᠡᠷ ᠦᠨᠳᠦᠰᠦᠨ ᠦᠷᠳᠡᠭ ᠤ᠋ᠨ ᠬᠠᠨᠳᠤᠰᠢ ᠪᠣᠯᠭᠠᠵᠤ᠂ ᠬᠥᠭᠵᠢᠯᠲᠡ ᠢ᠋ᠢᠨ ᠳᠤᠮᠳᠠ ᠠᠷᠠᠳ ᠤ᠋ᠨ ᠠᠮᠢᠳᠤᠷᠠᠯ ᠢ᠋ ᠪᠠᠲᠤᠯᠠᠨ ᠰᠠᠶ᠋ᠢᠵᠢᠷᠠᠭᠤᠯᠬᠤ ᠢ᠋ᠢ ᠪᠠᠷᠢᠮᠲᠠᠯᠠᠨ᠂ ᠤᠯᠠᠨ ᠲᠦᠮᠡᠨ ᠤ᠋ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠤᠳᠠᠯ ᠢ᠋ ᠰᠡᠳᠬᠢᠯ ᠲᠠᠯᠪᠢᠨ ᠬᠦᠴᠦᠯᠡᠨ ᠰᠢ᠌ᠳᠪᠦᠷᠢᠯᠡᠵᠦ᠍᠂ ᠰᠤᠷᠤᠯᠴᠠᠯᠭ᠎ᠠ ᠬᠥᠮᠦᠵᠢᠯ ᠤ᠋ᠨ ᠦᠷ᠎ᠡ ᠪᠦᠲᠦᠮᠵᠢ ᠢ᠋ᠢ ᠦᠨᠡᠨ ᠬᠦ᠌ ᠴᠢᠨᠠᠷ ᠰᠠᠶ᠋ᠢᠲᠠᠢ ᠬᠥᠭᠵᠢᠯᠲᠡ ᠢ᠋ᠢ ᠠᠬᠢᠭᠤᠯᠬᠤ ᠪᠣᠳᠠᠲᠤ᠌ ᠦᠷ᠎ᠡ ᠪᠦᠲᠦᠮᠵᠢ ᠪᠣᠯᠭᠠᠨ ᠬᠤᠪᠢᠷᠠᠭᠤᠯᠪᠠ᠃ ᠬᠢᠡᠭᠭᠠᠨ ᠠᠶ᠋ᠢᠮᠠᠭ ᠤ᠋ᠨ ᠪᠠᠶ᠋ᠢᠭᠠᠯᠢ ᠢ᠋ᠢᠨ ᠡᠬᠢ ᠪᠠᠶᠠᠯᠢᠭ ᠤ᠋ᠨ ᠲᠣᠪᠴᠢᠶ᠎ᠠ ᠠᠵᠤ ᠠᠬᠤᠶ᠋ᠢᠯᠠᠯ ᠤ᠋ᠨ ᠠᠵᠢᠯ ᠶᠠᠪᠤᠳᠠᠯ ᠭᠦᠢᠴᠡᠳᠬᠡᠬᠦ ᠳ᠋ᠤ ᠬᠦᠴᠢᠷᠲᠡᠶ ᠠᠰᠠᠭᠤᠳᠠᠯ ᠳ᠋ᠤ ᠠᠩᠬᠠᠷᠤᠯ ᠢ᠋ᠢᠡᠨ ᠲᠥᠪᠯᠡᠷᠡᠭᠦᠯᠵᠦ᠍᠂ ᠠᠭᠤᠷᠬᠠᠶ ᠢ᠋ᠢᠨ ᠦᠢᠯᠡᠰ ᠤ᠋ᠨ ᠡᠷᠬᠡ ᠢ᠋ᠢ ᠬᠢᠨᠠᠨ ᠵᠥᠪᠰᠢᠶᠡᠷᠡᠬᠦ᠌᠂ ᠪᠥᠲᠥᠭᠡᠨ ᠪᠠᠶ᠋ᠢᠭᠤᠯᠤᠯᠲᠠ ᠳ᠋ᠤ ᠬᠡᠷᠡᠭᠯᠡᠬᠦ᠌ ᠭᠠᠵᠠᠷ ᠢ᠋ ᠬᠢᠨᠠᠨ ᠵᠥᠪᠰᠢᠶᠡᠷᠡᠬᠦ᠌᠂ ᠪᠥᠲᠥᠭᠡᠨ ᠪᠠᠶ᠋ᠢᠭᠤᠯᠤᠯᠲᠠ ᠳ᠋ᠤ ᠬᠡᠷᠡᠭᠯᠡᠬᠦ᠌ ᠭᠠᠵᠠᠷ ᠤ᠋ᠨ ᠪᠠᠷᠢᠯᠭ᠎ᠠ ᠢ᠋ᠢ ᠬᠢᠨᠠᠨ ᠵᠥᠪᠰᠢᠶᠡᠷᠡᠬᠦ᠌᠂ ᠬᠡᠮᠵᠢᠨ ᠵᠢᠷᠤᠬᠤ ᠬᠢᠷᠢ ᠬᠡᠮ ᠢ᠋ ᠬᠢᠨᠠᠨ ᠵᠥᠪᠰᠢᠶᠡᠷᠡᠬᠦ᠌᠂ ᠥᠯᠥ᠍ ᠬᠥᠳᠡᠯᠬᠦ᠌ ᠬᠥᠷᠥᠩᠭᠡ ᠢ᠋ᠢ ᠳᠡᠩᠰᠡᠯᠡᠨ ᠲᠡᠮᠳᠡᠭᠯᠡᠬᠦ᠌ ᠵᠡᠷᠭᠡ 5 ᠭᠤᠤᠯᠳᠠᠯᠭ᠎ᠠ ᠲᠠᠢ ᠬᠦᠷᠢᠶ᠎ᠡ ᠢ᠋ᠢᠨ ᠲᠣᠭᠣᠷᠢᠨ ᠳ᠋ᠤ 《ᠬᠢᠩᠭᠠᠨ ᠠᠶ᠋ᠢᠮᠠᠭ ᠤ᠋ᠨ ᠪᠠᠶ᠋ᠢᠭᠠᠯᠢ ᠢ᠋ᠢᠨ ᠡᠬᠢ ᠪᠠᠶᠠᠯᠢᠭ ᠤ᠋ᠨ ᠬᠦᠷᠢᠶᠡᠨ ᠳ᠋ᠡᠬᠢ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠰᠢᠯᠢᠳᠡᠭᠵᠢᠭᠦᠯᠬᠦ᠌ ᠢ᠋ᠢ ᠬᠢᠨᠠᠨ ᠵᠥᠪᠰᠢᠶᠡᠷᠡᠬᠦ᠌ ᠦᠢᠯᠡᠴᠢᠯᠡᠭᠡ ᠢ᠋ᠢ ᠰᠢᠯᠢᠳᠡᠭᠵᠢᠭᠦᠯᠬᠦ 24 ᠵᠦᠢᠯ ᠤ᠋ᠨ ᠥᠭᠡᠷᠡᠴᠢᠯᠡᠯᠲᠡ ᠢ᠋ᠢᠨ ᠠᠷᠭ᠎ᠠ ᠬᠡᠮᠵᠢᠶ᠎ᠡ》 ᠢ᠋ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠭᠤᠶᠤᠴᠢᠯᠠᠨ ᠮᠡᠳᠡᠭᠦᠯᠬᠦ᠌ ᠮᠠᠲ᠋ᠧᠷᠢᠶᠠᠯ ᠢ᠋ 38% ᠪᠡᠷ ᠴᠣᠮᠬᠠᠳᠬᠠᠨ᠂ ᠬᠢᠨᠠᠨ ᠵᠥᠪᠰᠢᠶᠡᠷᠡᠬᠦ᠌ ᠭᠣᠭᠴᠣᠭ᠎ᠠ ᠢ᠋ᠢ 19% ᠪᠡᠷ ᠪᠠᠭᠠᠰᠬᠠᠵᠤ᠂ ᠠᠵᠢᠯ ᠶᠠᠪᠤᠳᠠᠯ ᠭᠦᠢᠴᠡᠳᠬᠡᠬᠦ ᠴᠠᠭ ᠤ᠋ᠨ ᠬᠢᠵᠠᠭᠠᠷ ᠢ᠋ 37% ᠪᠡᠷ ᠪᠤᠭᠤᠨᠢᠰᠬᠠᠨ᠂ ᠵᠠᠬ᠎ᠠ ᠳᠡᠯᠭᠡᠭᠦᠷ ᠤ᠋ᠨ ᠭᠤᠤᠯ ᠴᠣᠭᠴᠠ ᠢ᠋ᠢᠨ ᠠᠮᠢᠵᠢᠷᠠᠯ ᠤ᠋ᠨ ᠬᠦᠴᠦᠨ ᠢ᠋ ᠪᠦᠲᠦᠮᠵᠢᠲᠡᠶ ᠬᠥᠭᠵᠢᠭᠡᠪᠠ᠃ ᠬᠢᠡᠭᠭᠠᠨ ᠠᠶ᠋ᠢᠮᠠᠭ ᠤ᠋ᠨ ᠠᠷᠠᠳ ᠤ᠋ᠨ ᠶᠠᠪᠤᠳᠠᠯ ᠤ᠋ᠨ ᠲᠣᠪᠴᠢᠶ᠎ᠠ ᠨᠠᠭᠠᠳᠤ ᠵᠠᠬ᠎ᠠ ᠢ᠋ᠢᠨ ᠠᠮᠢᠳᠤᠷᠠᠯ ᠤ᠋ᠨ ᠪᠠᠲᠤᠯᠠᠭ᠎ᠠ ᠢ᠋ᠢᠨ 《4 +1》 ᠠᠪᠤᠷᠠᠨ ᠲᠤᠰᠠᠯᠠᠵᠤ ᠬᠠᠪᠰᠤᠷᠤᠨ ᠲᠡᠳᠬᠦᠬᠦ᠌ ᠵᠠᠭᠪᠤᠷ ᠢ᠋ ᠰᠢᠨ᠎ᠡ ᠪᠡᠷ ᠡᠭᠦᠳᠴᠦ᠍᠂ ᠲᠥᠷᠥᠯ ᠬᠤᠪᠢᠶᠠᠨ ᠲᠠᠰ ᠬᠤᠪᠢᠶᠠᠨ ᠢᠳᠡᠭ ᠢᠳᠡᠭ ᠢ᠋ᠢᠡᠷ ᠨᠠᠭᠠᠳᠤ ᠵᠠᠬ᠎ᠠ ᠢ᠋ᠢᠨ ᠠᠮᠢᠳᠤᠷᠠᠯ ᠤ᠋ᠨ ᠪᠠᠲᠤᠯᠠᠭ᠎ᠠ ᠡᠴᠡ ᠭᠠᠷᠭᠠᠬᠤ ᠲᠥᠷᠥ ᠢ᠋ᠢᠨ ᠪᠣᠳᠣᠯᠭ᠎ᠠ᠂ ᠲᠤᠰᠬᠠᠶ ᠵᠦᠢᠯ ᠤ᠋ᠨ ᠠᠪᠤᠷᠠᠨ ᠲᠤᠰᠠᠯᠠᠬᠤ 《ᠰᠠᠭᠠᠳ ᠥᠬᠡᠶ ᠨᠡᠪᠲᠡᠷᠡᠬᠦ᠌ ᠵᠠᠮ》᠂ ᠲᠦᠷ ᠴᠠᠭ ᠤ᠋ᠨ ᠠᠪᠤᠷᠠᠨ ᠲᠤᠰᠠᠯᠠᠬᠤ ᠵᠢᠴᠢ ᠪᠠᠶ᠋ᠢᠩᠭᠤᠵᠢᠭᠰᠠᠨ ᠬᠥᠳᠡᠯᠦᠩᠭᠦᠶ ᠬᠢᠨᠠᠨ ᠬᠡᠮᠵᠢᠯᠲᠡ ᠵᠡᠷᠭᠡ 4 ᠵᠦᠢᠯ ᠤ᠋ᠨ ᠦᠨᠳᠦᠰᠦᠨ ᠵᠦᠢᠯ ᠢ᠋ ᠪᠠᠲᠤᠯᠠᠬᠤ ᠲᠣᠭᠲᠠᠴᠠ ᠪᠠ ᠭᠠᠷᠭᠠᠬᠤ ᠶᠠᠷᠢᠯᠴᠠᠭᠠᠨ ᠤ᠋ ᠲᠣᠭᠲᠠᠴᠠ ᠢ᠋ᠢ ᠪᠠᠶ᠋ᠢᠭᠤᠯᠬᠤ ᠪᠡᠷ ᠳᠠᠮᠵᠢᠨ ᠨᠠᠭᠠᠳᠤ ᠵᠠᠬ᠎ᠠ ᠢ᠋ᠢᠨ ᠠᠮᠢᠳᠤᠷᠠᠯ ᠤ᠋ᠨ ᠪᠠᠲᠤᠯᠠᠭ᠎ᠠ ᠡᠴᠡ ᠭᠠᠷᠭᠠᠬᠤ ᠬᠥᠮᠦᠰ ᠤ᠋ᠨ ᠲᠠᠷᠠᠭᠠᠴᠢ ᠢ᠋ᠢᠨ ᠪᠠᠲᠤᠯᠠᠭ᠎ᠠ ᠢ᠋ᠢᠨ ᠰᠡᠷᠭᠡᠶ᠋ᠢᠯᠡᠯᠲᠡ ᠢ᠋ᠢᠨ ᠱᠤᠭᠤᠮ ᠢ᠋ ᠪᠠᠲᠤ᠌ ᠴᠣᠭᠴᠠᠯᠠᠵᠤ᠂ ᠣᠳᠣᠬᠠᠨ ᠳ᠋ᠤ ᠪᠥᠬᠥ᠌ ᠠᠶ᠋ᠢᠮᠠᠭ ᠲᠤ᠌ ᠨᠡᠶ᠋ᠢᠲᠡ 385 ᠬᠥᠮᠦᠨ ᠳ᠋ᠤ ᠢᠳᠡᠭ ᠢᠳᠡᠭ ᠢ᠋ᠢᠡᠷ ᠭᠠᠷᠭᠠᠬᠤ ᠲᠥᠷᠥ ᠢ᠋ᠢᠨ ᠪᠣᠳᠣᠯᠭ᠎ᠠ ᠢ᠋ᠢ ᠬᠡᠷᠡᠭᠵᠢᠭᠦᠯᠵᠦ᠍᠂ 6358 ᠬᠥᠮᠦᠨ ᠤᠳᠠᠭ᠎ᠠ ᠢ᠋ᠢᠨ ᠲᠦᠷ ᠴᠠᠭ ᠬᠦᠴᠢᠷᠳᠡᠯ ᠳ᠋ᠤ ᠲᠤᠯᠭᠠᠷᠠᠭᠰᠠᠨ ᠬᠥᠮᠦᠰ ᠲᠦ᠍ ᠲᠦᠷ ᠴᠠᠭ ᠤ᠋ᠨ ᠠᠪᠤᠷᠠᠨ ᠲᠤᠰᠠᠯᠠᠯᠲᠠ ᠬᠢᠵᠦ᠍᠂ ᠨᠠᠭᠠᠳᠤ ᠵᠠᠬ᠎ᠠ ᠢ᠋ᠢᠨ ᠠᠮᠢᠳᠤᠷᠠᠯ ᠤ᠋ᠨ ᠪᠠᠲᠤᠯᠠᠭ᠎ᠠ ᠡᠴᠡ ᠭᠠᠷᠤᠭᠰᠠᠨ 5897 ᠬᠥᠮᠦᠨ ᠲᠠᠢ ᠬᠡᠷ ᠲᠤᠨᠢ ᠬᠦᠷᠴᠦ᠍ ᠶᠠᠷᠢᠯᠴᠠᠪᠠ᠃ ᠵᠠᠯᠠᠶ᠋ᠢᠳ ᠬᠣᠰᠢᠭᠤ 《ᠵᠢᠷᠭᠢᠶ᠎ᠠ ᠪᠡᠷ ᠰᠢᠭᠤᠳ ᠨᠡᠪᠲᠡᠷᠡᠬᠦ᠌》 ᠠᠷᠠᠳ ᠲᠤ᠌ ᠳᠥᠭᠥᠮ ᠦᠵᠡᠭᠦᠯᠬᠦ᠌ ᠦᠢᠯᠡᠴᠢᠯᠡᠭᠡᠨ ᠤ᠋ ᠵᠠᠭᠪᠤᠷ ᠤ᠋ᠨ ᠰᠢᠨ᠎ᠡ ᠢ᠋ᠢ ᠡᠭᠦᠳᠦᠨ᠂ ᠡᠯ᠎ᠡ ᠰᠤᠮᠤ ᠰᠢᠶᠠᠩ ᠪᠠᠯᠭᠠᠰᠤ (ᠲᠥᠪ)᠂ ᠬᠣᠰᠢᠭᠤᠨ ᠤ᠋ ᠬᠠᠷᠢᠶ᠎ᠠ ᠭᠤᠤᠯᠳᠠᠯᠭ᠎ᠠ ᠲᠠᠢ ᠰᠠᠯᠠᠭ᠎ᠠ ᠲᠣᠪᠴᠢᠶ᠎ᠠ ᠢ᠋ᠢᠨ ᠭᠤᠤᠯ ᠬᠠᠷᠢᠭᠤᠴᠠᠯᠭᠠᠲᠠᠨ ᠢ᠋ ᠵᠣᠬᠢᠶᠠᠨ ᠪᠠᠶ᠋ᠢᠭᠤᠯᠵᠤ᠂ ᠲᠤᠰᠬᠠᠶ ᠦᠢᠯᠡᠴᠢᠯᠡᠭᠡᠨ ᠤ᠋ ᠵᠢᠷᠬᠢᠶ᠎ᠠ ᠢ᠋ᠢ ᠨᠡᠪᠲᠡᠷᠡᠭᠦᠯᠵᠦ᠍᠂ ᠣᠯᠠᠨ ᠲᠦᠮᠡᠨ ᠤ᠋ ᠬᠠᠷᠢᠶ᠎ᠠ ᠭᠠᠵᠠᠷ ᠤ᠋ᠨ ᠵᠢᠡᠨ ᠲᠤᠬᠠᠢ ᠬᠦᠰᠡᠯ ᠱᠠᠭᠠᠷᠳᠠᠯᠭ᠎ᠠ᠂ ᠠᠵᠢᠯ ᠲᠥᠷᠥᠯ ᠤ᠋ᠨ ᠬᠦᠰᠡᠯ ᠱᠠᠭᠠᠷᠳᠠᠯᠭ᠎ᠠ ᠢ᠋ᠢ ᠣᠨᠣᠪᠴᠢᠲᠠᠶ ᠵᠣᠯᠭᠠᠭᠤᠯᠵᠤ᠂ ᠵᠠᠰᠠᠭ ᠤ᠋ᠨ ᠶᠠᠪᠤᠳᠠᠯ ᠤ᠋ᠨ ᠦᠢᠯᠡᠴᠢᠯᠡᠭᠡ ᠢ᠋ᠢ ᠦᠨᠳᠦᠰᠦᠨ ᠱᠠᠲᠤᠨ ᠳ᠋ᠤ ᠬᠦᠷᠲᠡᠯ᠎ᠡ ᠥᠷᠭᠡᠳᠬᠡᠨ᠂ ᠣᠯᠠᠨ ᠲᠦᠮᠡᠨ ᠤ᠋ ᠬᠦᠰᠡᠯ ᠱᠠᠭᠠᠷᠳᠠᠯᠭ᠎ᠠ ᠢ᠋ᠢ ᠲᠦᠷᠭᠡᠨ ᠳᠠᠭᠠᠬᠤ᠂ ᠥᠨᠳᠥᠷ ᠪᠦᠲᠦᠮᠵᠢᠲᠡᠶ ᠰᠢᠢᠳᠪᠦᠷᠢᠯᠡᠬᠦ᠂ ᠪᠢᠲᠡᠭᠦᠦ᠎ᠬᠡᠯᠬᠢᠶ᠎ᠠ ᠪᠡᠷ ᠰᠢᠢᠳᠪᠦᠷᠢᠯᠡᠬᠦ ᠢ᠋ᠢ ᠪᠡᠶᠡᠯᠡᠭᠦᠯᠪᠡ᠃

ᠲᠦᠩᠯᠢᠶᠣᠤ ᠢ᠋ᠢᠨ ᠠᠵᠤ ᠠᠬᠤᠶ ᠮᠡᠷᠭᠡᠵᠢᠯ ᠤ᠋ᠨ ᠨᠡᠭᠡᠭᠡᠯᠲᠡ ᠢ᠋ᠢᠨ ᠲᠣᠭᠣᠷᠢᠭ ᠠᠷᠠᠳ ᠲᠦᠮᠡᠨ ᠢ᠋ᠢᠡᠷ ᠭᠤᠤᠯ ᠪᠣᠯᠭᠠᠬᠤ ᠢ᠋ᠢ ᠪᠠᠷᠢᠮᠲᠠᠯᠠᠨ᠂ ᠰᠤᠷᠤᠯᠴᠠᠯᠭ᠎ᠠ ᠢ᠋ᠢᠨ ᠦᠷ᠎ᠡ ᠪᠦᠲᠦᠭᠡᠯ ᠢ᠋ᠢᠡᠨ ᠨᠠᠰᠤᠵᠢᠯ ᠤ᠋ᠨ ᠠᠰᠠᠷᠠᠮᠵᠢ ᠢ᠋ᠢᠨ ᠦᠢᠯᠡᠴᠢᠯᠡᠭᠡ ᠢ᠋ᠢ ᠳᠡᠭᠡᠭᠰᠢᠯᠡᠭᠦᠯᠬᠦ᠌ ᠯᠠᠪᠳᠠᠭᠤᠨ ᠪᠠᠲᠤᠲᠠᠶ ᠠᠵᠢᠯᠯᠠᠭ᠎ᠠ ᠪᠣᠯᠭᠠᠨ ᠬᠤᠪᠢᠷᠠᠭᠤᠯᠵᠤ᠂ ᠨᠠᠰᠤᠵᠢᠯ ᠤ᠋ᠨ ᠠᠰᠠᠷᠠᠮᠵᠢ ᠢ᠋ᠢᠨ ᠦᠢᠯᠡᠴᠢᠯᠡᠭᠡᠨ ᠤ᠋ ᠶᠠᠰᠤ ᠴᠢᠨᠠᠷ ᠢ᠋ ᠳᠡᠭᠡᠭᠰᠢᠯᠡᠭᠦᠯᠦᠨ ᠦᠷ᠎ᠡ ᠠᠰᠢᠭ ᠢ᠋ ᠨᠡᠮᠡᠭᠳᠡᠭᠦᠯᠵᠦ᠍᠂ ᠲᠥᠷᠥ ᠢ᠋ᠢᠨ ᠪᠣᠳᠣᠯᠭ᠎ᠠ ᠪᠡᠷ ᠦᠨᠳᠦᠰᠦᠨ ᠵᠦᠢᠯ ᠢ᠋ ᠪᠠᠲᠤᠯᠠᠬᠤ ᠪᠤᠯᠤᠨ ᠵᠠᠭᠪᠤᠷ ᠤ᠋ᠨ ᠰᠢᠨ᠎ᠡ ᠢ᠋ᠢ ᠡᠭᠦᠳᠬᠦ᠌ ᠬᠤᠤᠰ ᠬᠦᠷᠳᠦ ᠪᠡᠷ ᠬᠥᠳᠡᠯᠭᠡᠭᠦᠷ ᠪᠣᠯᠭᠠᠨ᠂ ᠨᠠᠰᠤᠵᠢᠯ ᠤ᠋ᠨ ᠠᠰᠠᠷᠠᠮᠵᠢ ᠢ᠋ᠢᠨ ᠪᠠᠲᠤᠯᠠᠭ᠎ᠠ ᠢ᠋ᠢᠨ ᠲᠤᠤᠷ ᠢ᠋ ᠨᠢᠭᠲᠠ ᠰᠦᠯᠵᠢᠵᠦ᠍᠂ ᠨᠠᠰᠤᠵᠢᠯ ᠤ᠋ᠨ ᠠᠰᠠᠷᠠᠮᠵᠢ ᠢ᠋ᠢᠨ ᠦᠢᠯᠡᠴᠢᠯᠡᠭᠡᠨ ᠤ᠋ ᠬᠡᠷᠡᠭᠯᠡᠭᠡᠨ ᠤ᠋ ᠨᠥᠬᠥᠪᠥᠷᠢ ᠢ᠋ᠢᠨ ᠲᠡᠮᠳᠡᠭᠲᠦ ᠢ᠋ᠢ ᠣᠨᠣᠪᠴᠢᠲᠠᠶ ᠲᠠᠷᠬᠠᠭᠠᠵᠤ᠂ ᠨᠡᠶ᠋ᠢᠲᠡ 17 ᠲᠦᠮᠡᠨ ᠲᠥᠭᠥᠷᠢᠭ ᠤ᠋ᠨ ᠵᠠᠷᠤᠳᠠᠯ ᠢ᠋ ᠬᠠᠰᠤᠵᠤ ᠬᠡᠯᠲᠦᠷᠢᠭᠦᠯᠤᠨ᠂ ᠭᠤᠤᠯᠳᠠᠯᠭ᠎ᠠ ᠲᠠᠢ ᠬᠥᠮᠦᠰ ᠲᠤ᠌ ᠡᠳ᠋ᠯᠡᠪᠡᠰᠦ ᠵᠣᠬᠢᠬᠤ ᠢ᠋ᠢ ᠨᠢ ᠪᠦᠬᠦᠨ ᠢ᠋ ᠡᠳ᠋ᠯᠡᠭᠦᠯᠪᠠ; ᠴᠠᠭ ᠬᠤᠭᠤᠴᠠᠭ᠎ᠠ ᠪᠠ ᠣᠷᠣᠨ ᠵᠠᠶ ᠢ᠋ᠢᠨ ᠬᠠᠷᠢᠯᠴᠠᠨ ᠬᠠᠪᠰᠤᠷᠤᠯᠴᠠᠬᠤ ᠨᠠᠰᠤᠵᠢᠯ ᠤ᠋ᠨ ᠠᠰᠠᠷᠠᠮᠵᠢ ᠢ᠋ᠢᠨ ᠵᠠᠭᠪᠤᠷ ᠢ᠋ ᠡᠭᠦᠳᠦᠨ ᠪᠠᠶ᠋ᠢᠭᠤᠯᠵᠤ᠂ 2 《ᠴᠠᠭ ᠬᠤᠭᠤᠴᠠᠭ᠎ᠠ ᠪᠠ ᠣᠷᠣᠨ ᠵᠠᠶ ᠢ᠋ᠢᠨ ᠥᠷᠲᠡᠭᠡ》 ᠪᠠᠶ᠋ᠢᠭᠤᠯᠤᠨ᠂ 《ᠬᠠᠷᠢᠯᠴᠠᠨ ᠬᠠᠪᠰᠤᠷᠤᠯᠴᠠᠬᠤ 2 + 6 + N》 ᠦᠢᠯᠡᠴᠢᠯᠡᠭᠡᠨ ᠤ᠋ ᠰᠢᠰᠲ᠋ᠧᠮ ᠢ᠋ ᠪᠠᠶ᠋ᠢᠭᠤᠯᠵᠤ᠂ 18 ᠰᠠᠭᠤᠭᠠᠯᠢ ᠠᠷᠠᠳ ᠤ᠋ᠨ ᠲᠣᠭᠣᠷᠢᠭ ᠢ᠋ ᠨᠥᠯᠥᠭᠡᠯᠡᠨ᠂ ᠨᠠᠰᠤᠲᠠᠶ᠋ᠢᠴᠤᠳ ᠲᠤ᠌ ᠬᠣᠭᠣᠯᠠ ᠤᠮᠳᠠ᠂ ᠬᠡᠷ ᠤ᠋ᠨ ᠶᠠᠪᠤᠳᠠᠯ ᠵᠡᠷᠭᠡ ᠠᠷᠠᠳ ᠲᠤ᠌ ᠲᠥᠬᠥᠮ ᠦᠵᠡᠭᠦᠯᠬᠦ᠌ ᠦᠢᠯᠡᠴᠢᠯᠡᠭᠡ ᠬᠠᠩᠭᠠᠪᠠ; 《ᠲᠥᠷᠥ ᠢ᠋ᠢᠨ ᠪᠣᠳᠣᠯᠭ᠎ᠠ ᠢ᠋ᠢᠨ ᠨᠥᠬᠥᠪᠥᠷᠢ + ᠬᠠᠷᠢᠯᠴᠠᠨ ᠬᠠᠪᠰᠤᠷᠤᠯᠴᠠᠬᠤ ᠦᠢᠯᠡᠴᠢᠯᠡᠭᠡ》 ᠢ᠋ᠢ ᠠᠭᠤᠰᠤᠯᠴᠠᠭᠤᠯᠵᠤ ᠲᠠᠰ ᠳᠡᠪᠰᠢᠬᠦᠯᠬᠦ ᠪᠡᠷ ᠳᠠᠮᠵᠢᠨ 《ᠨᠠᠰᠤᠵᠢᠯ ᠤ᠋ᠨ ᠠᠰᠠᠷᠠᠮᠵᠢ ᠬᠦᠷᠲᠡᠬᠦ》 ᠡᠴᠡ 《ᠦᠳᠡᠯᠦᠭᠡ ᠨᠠᠰᠤ ᠪᠡᠨ ᠠᠵᠠ ᠵᠢᠷᠭᠠᠯ ᠲᠠᠢ ᠦᠡᠭᠭᠡᠷᠡᠭᠦᠯᠬᠦ》 ᠲᠡᠶ᠋ᠢᠰᠢ ᠬᠤᠪᠢᠷᠠᠭᠤᠯᠬᠤ ᠢ᠋ᠢ ᠠᠯᠬᠤᠮ ᠠᠯᠬᠤᠮ ᠢ᠋ᠢᠡᠷ ᠪᠡᠶᠡᠯᠡᠭᠦᠯᠵᠦ᠍᠂ ᠠᠷᠠᠳ ᠤ᠋ᠨ ᠠᠮᠢᠳᠤᠷᠠᠯ ᠤ᠋ᠨ ᠬᠠᠯᠠᠭᠤᠨ ᠳᠤᠯᠠᠭᠠᠨ ᠢ᠋ᠢᠡᠷ ᠵᠠᠰᠠᠭ ᠤ᠋ᠨ ᠠᠵᠢᠯ ᠤ᠋ᠨ ᠪᠦᠲᠦᠮᠵᠢ ᠢ᠋ᠢ ᠰᠢᠯᠭᠠᠨ ᠪᠠᠶ᠋ᠢᠴᠠᠭᠠᠵᠤ᠂ ᠨᠠᠰᠤᠲᠠᠶ᠋ᠢᠴᠤᠳ ᠤ᠋ᠨ ᠬᠦᠷᠲᠡᠮᠵᠢ ᠢ᠋ᠢᠨ ᠲᠥᠷᠥᠭᠳᠡᠯ ᠪᠠ ᠵᠢᠷᠭᠠᠯᠲᠤ᠌ ᠲᠥᠷᠥᠭᠳᠡᠯ ᠢ᠋ ᠦᠷᠭᠦᠯᠵᠢᠯᠡᠨ ᠨᠡᠮᠡᠭᠳᠡᠬᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号