ᠰᠢ ᠵᠢᠨ ᠫᠢᠩ ᠰᠢᠨᠬᠤᠸᠠ ᠬᠣᠷᠢᠶ᠎ᠠ ᠵᠢᠨ ᠠᠬᠠᠮᠠᠳ ᠨᠠᠮ᠎ᠤᠨ ᠭᠡᠰᠢᠭᠦᠨ ᠵᠠᠩ ᠯᠢᠶᠠᠨ ᠱᠧᠩ᠎ᠳᠦ ᠬᠠᠷᠢᠭᠤ ᠵᠠᠬᠢᠳᠠᠯ ᠢᠯᠡᠭᠡᠵᠦ᠍ ᠴᠢᠬᠤᠯᠠᠴᠢᠯᠠᠭᠰᠠᠨ ᠨᠢ ᠬᠤᠪᠢᠰᠬᠠᠯ᠎ᠤᠨ ᠤᠳᠤᠮᠰᠢᠯ ᠢ᠋ ᠤᠯᠠᠮᠵᠢᠯᠡᠨ ᠵᠠᠯᠭᠠᠮᠵᠢᠯᠠᠵᠤ ᠰᠢᠨ᠎ᠡ ᠠᠶᠠᠨ ᠳ᠋ᠤ ᠰᠢᠯᠢᠳᠡᠭ ᠬᠠᠷᠢᠭᠤᠯᠲᠠ᠎ᠶᠢᠨ ᠬᠠᠭᠤᠳᠠᠰᠤ᠎ᠶᠢ ᠪᠢᠴᠢᠭᠯᠡᠭᠦ ᠭᠡᠷᠡᠭᠳᠠᠢ
2026-06-19 09:40:51
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ ᠎ᠦᠨ ᠣᠶ᠎ᠶᠢᠨ ᠲᠠᠰᠢᠷᠠᠮ᠎ᠢᠶᠠᠷ᠂ ᠲᠤᠮᠳᠠᠳᠤ ᠤᠯᠤᠰ᠎ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭᠴᠢ᠂ ᠲᠥᠪ ᠎ᠦᠨ  ᠴᠡᠷᠢᠭ ᠎ᠦᠨ ᠶᠠᠪᠤᠳᠠᠯ ᠎ᠤᠨ ᠬᠣᠷᠢᠶ᠎ᠠ ᠵᠢᠨ ᠲᠡᠷᠢᠭᠦᠯᠡᠭᠴᠢ   ᠰᠢ ᠵᠢᠨ ᠫᠢᠩ ᠰᠢᠨᠬᠤᠸᠠ ᠬᠣᠷᠢᠶ᠎ᠠ ᠵᠢᠨ 102 ᠨᠠᠰᠤᠲᠠᠶ ᠠᠬᠠᠮᠠᠳ ᠨᠠᠮ᠎ᠤᠨ ᠭᠡᠰᠢᠭᠦᠨ ᠵᠠᠩ ᠯᠢᠶᠠᠨ ᠱᠧᠩ᠎ᠳᠦ ᠬᠠᠷᠢᠭᠤ ᠵᠠᠬᠢᠳᠠᠯ ᠢᠯᠡᠭᠡᠵᠦ᠍᠂ ᠲᠡᠷᠡ ᠪᠣᠯᠤᠨ ᠪᠥᠬᠥ᠌ ᠤᠯᠤᠰ᠎ᠤᠨ ᠠᠬᠠᠮᠠᠳ ᠨᠠᠮ᠎ᠤᠨ ᠭᠡᠰᠢᠭᠦᠨ᠂ ᠠᠬᠠᠮᠠᠳ ᠨᠥᠬᠥᠳ᠎ᠲᠦ᠍ ᠴᠢᠩ ᠰᠡᠳᠬᠢᠯ᠎ᠦᠨ ᠮᠡᠨᠳᠦᠴᠢᠯᠡᠯ ᠳᠡᠪᠰᠢᠭᠦᠯᠪᠡ᠃

ᠰᠢ ᠵᠢᠨ ᠫᠢᠩ ᠬᠠᠷᠢᠭᠤ ᠵᠠᠬᠢᠳᠠᠯ᠎ᠳᠠᠭᠠᠨ᠂ ᠲᠠ ᠲᠤᠬᠠᠶ᠎ᠶᠢᠨ ᠵᠢᠯ ᠲᠥᠪ᠎ᠦᠨ ᠴᠤᠪᠤᠭ᠎ᠠ ᠠᠩᠭᠢ᠎ᠶᠢᠨ 《ᠳᠥᠷᠪᠡᠳᠦᠭᠡᠷ ᠶᠡᠬᠡ ᠠᠩᠭᠢ》 ᠵᠢᠨ ᠴᠠᠬᠢᠯᠭᠠᠨ ᠮᠡᠳᠡᠭᠡᠯᠡᠭᠴᠢ᠎ᠶᠢᠨ ᠬᠤᠪᠢ᠎ᠪᠠᠷ ᠲᠠᠢᠨ ᠲᠠᠵᠢᠨ ᠳᠠᠷᠢ᠎ᠶᠢᠨ ᠣᠲᠣᠭᠠᠨ  ᠳᠤᠮᠳᠠ ᠨᠠᠮ᠎ᠤᠨ ᠲᠥᠪ ᠬᠣᠷᠢᠶ᠎ᠠ᠎ᠶᠢ᠎ᠲᠠᠭᠠᠵᠤ  ᠱᠠᠨᠰᠢ᠎ᠶᠢᠨ ᠬᠣᠶ᠋ᠢᠲᠤ᠌ ᠬᠡᠰᠡᠭ᠎ᠲᠦ᠍ ᠠᠶᠠᠯᠠᠨ ᠪᠠᠶ᠋ᠢᠯᠳᠤᠵᠤ᠂ ᠴᠢᠮᠡᠭᠡ ᠬᠣᠯᠪᠣᠭᠠᠨ᠎ᠤ ᠮᠡᠷᠭᠡᠵᠢᠯ᠎ᠦᠨ ᠠᠵᠢᠯ᠎ᠤᠨ ᠪᠠᠶ᠋ᠢᠷᠢ᠎ᠳᠤ ᠨᠠᠰᠤᠨ ᠲᠤᠷᠰᠢ ᠰᠢᠷᠭᠠᠭᠤ ᠬᠠᠲᠠᠭᠤᠵᠢᠯᠲᠠᠶ ᠠᠵᠢᠯᠯᠠᠵᠤ᠂ ᠵᠠᠭᠤᠨ ᠨᠠᠰᠤ ᠵᠢ ᠵᠤᠭᠤᠬᠯᠠᠬᠰᠡᠨ ᠴᠤ᠌ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠎ᠶᠢ ᠮᠥᠨ ᠬᠦ᠌ ᠬᠠᠯᠠᠮᠵᠢᠯᠠᠵᠤ ᠪᠠᠶ᠋ᠢᠨ᠎ᠠ᠂ ᠲᠠᠨ᠎ᠳᠤ ᠬᠦᠨᠳᠦᠳᠬᠡᠯ ᠳᠡᠪᠰᠢᠭᠦᠯᠵᠦ᠍ ᠪᠠᠶ᠋ᠢᠨ᠎ᠠ ᠭᠡᠵᠦ᠍ ᠬᠡᠯᠡᠪᠡ᠃

ᠰᠢ ᠵᠢᠨ ᠫᠢᠩ᠂ ᠲᠠ ᠵᠠᠬᠢᠳᠠᠯ᠎ᠳᠠᠭᠠᠨ ᠥᠨᠢ ᠡᠭᠦᠷᠢᠳᠡ ᠨᠠᠮ᠎ᠢᠶᠠᠨ ᠳᠠᠭᠠᠵᠤ᠂ ᠥᠨᠢ ᠡᠭᠦᠷᠢᠳᠡ᠎ᠶᠢᠨ 《ᠳᠥᠷᠪᠡᠳᠤᠭᠡᠷ ᠶᠡᠬᠡ ᠠᠩᠭᠢ》 ᠵᠢᠨ ᠭᠡᠰᠢᠭᠦᠨ ᠪᠣᠯᠤᠨ᠎ᠠ ᠭᠡᠵᠤ ᠬᠡᠯᠡᠪᠠ᠃ ᠡᠨᠡ᠎ᠨᠢ ᠨᠠᠮ᠎ᠢᠶᠠᠨ ᠢᠲᠡᠭᠡᠵᠦ᠍ ᠨᠠᠮ᠎ᠢᠶᠠᠨ ᠬᠠᠶ᠋ᠢᠷᠠᠯᠠᠬᠤ ᠭᠦᠨ ᠵᠤᠵᠠᠭᠠᠨ ᠬᠠᠶ᠋ᠢᠷ᠎ᠠ ᠰᠡᠳᠬᠢᠯᠭᠡ᠎ᠶᠢ ᠠᠭᠤᠯᠵᠤ ᠪᠠᠶ᠋ᠢᠨ᠎ᠠ᠃ ᠰᠢᠨ᠎ᠡ ᠴᠠᠭ ᠦᠶ᠎ᠡ᠎ᠶᠢᠨ ᠡᠪ ᠬᠠᠮᠲᠤᠴᠤᠳ ᠬᠤᠪᠢᠰᠬᠠᠯ᠎ᠤᠨ ᠤᠳᠤᠮᠰᠢᠯ᠎ᠢ ᠤᠯᠠᠮᠵᠢᠯᠠᠨ ᠵᠠᠯᠭᠠᠮᠵᠢᠯᠠᠵᠤ᠂ ᠤᠭ ᠰᠠᠨᠠᠭ᠎ᠠ᠎ᠪᠠᠨ ᠦᠯᠦ᠍ ᠮᠠᠷᠲᠠᠨ ᠡᠭᠦᠷᠭᠡ ᠬᠠᠷᠢᠭᠤᠴᠠᠯᠭ᠎ᠠ᠎ᠪᠠᠨ ᠪᠠᠲᠤ᠌ ᠴᠡᠭᠡᠵᠢᠯᠡᠵᠦ᠍᠂ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠨ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠍᠂ ᠰᠢᠨ᠎ᠡ ᠠᠶᠠᠨ ᠳ᠋ᠠᠭᠠᠨ ᠰᠢᠯᠢᠳᠡᠭ ᠬᠠᠷᠢᠭᠤᠯᠲᠠ᠎ᠶᠢᠨ ᠬᠠᠭᠤᠳᠠᠰᠤ᠎ᠶᠢ ᠪᠢᠴᠢᠭᠯᠡᠬᠦ᠌ ᠬᠡᠷᠡᠭᠲᠡᠢ ᠭᠡᠵᠤ ᠢᠯᠡᠳᠭᠡᠪᠡ᠃

ᠲᠥᠪ᠎ᠦᠨ ᠴᠤᠪᠤᠭ᠎ᠠ ᠠᠩᠭᠢ᠎ᠶᠢᠨ 《ᠳᠥᠷᠪᠡᠳᠦᠭᠡᠷ ᠶᠡᠬᠡ ᠠᠩᠬᠢ》 ᠪᠣᠯ ᠴᠢᠯᠥᠭᠡᠯᠡᠬᠦ᠌ ᠳᠠᠢ᠌ᠨ᠎ᠦ ᠦᠶ᠎ᠡ᠎ᠳᠦ ᠰᠢᠨᠬᠤᠸᠠ ᠬᠣᠷᠢᠶ᠎ᠠ ᠡᠴᠡ ᠨᠠᠮ᠎ᠤᠨ ᠲᠥᠪ ᠬᠣᠷᠢᠶ᠎ᠠ ᠪᠣᠯᠤᠨ ᠮᠠᠤ ᠲᠡᠷᠢᠭᠦᠯᠡᠭᠴᠢ᠎ᠶᠢ ᠳᠠᠭᠠᠵᠤ ᠱᠠᠨᠰᠢ᠎ᠶᠢᠨ ᠬᠣᠶ᠋ᠢᠲᠤ᠌ ᠬᠡᠰᠡᠭ᠎ᠲᠦ᠍ ᠠᠶᠠᠯᠠᠨ ᠪᠠᠶ᠋ᠢᠯᠳᠤᠵᠤ ᠪᠠᠶ᠋ᠢᠭᠰᠠᠨ ᠠᠵᠢᠯᠯᠠᠬᠤ ᠠᠩᠭᠢ ᠪᠠᠢᠵᠤ᠂ ᠰᠣᠨᠢᠨ ᠮᠡᠳᠡᠭᠡ ᠴᠢᠮᠡᠭᠡ ᠬᠣᠯᠪᠣᠭ᠎ᠠ᠎ᠶᠢ ᠬᠠᠷᠢᠭᠤᠴᠠᠵᠤ ᠪᠠᠶ᠋ᠢᠪᠠ᠃ ᠣᠶ᠋ᠢᠷ᠎ᠠ᠎ᠵᠢᠨ ᠡᠳᠤᠷ ᠵᠠᠩ ᠯᠢᠶᠠᠨ ᠱᠧᠩ ᠨᠥᠬᠥᠷ ᠶᠡᠷᠦᠩᠬᠡᠶ ᠱᠦᠵᠢ ᠰᠢ ᠵᠢᠨ ᠫᠢᠩ᠎ᠳᠦ ᠵᠠᠬᠢᠳᠠᠯ ᠪᠢᠴᠢᠵᠦ᠍᠂ 《ᠳᠥᠷᠪᠡᠳᠤᠭᠡᠷ ᠶᠡᠬᠡ ᠠᠩᠭᠢ》 ᠵᠢᠨ ᠬᠤᠪᠢᠰᠬᠠᠯ᠎ᠤᠨ ᠠᠵᠢᠯ᠎ᠤᠨ ᠥᠩᠭᠡᠷᠡᠯᠲᠡ᠎ᠪᠡᠨ ᠡᠷᠭᠢᠴᠡᠭᠦᠯᠦᠨ᠂ ᠦᠨᠢ ᠡᠬᠦᠷᠢᠳᠠ ᠨᠠᠮ᠎ᠢᠶᠠᠨ ᠳᠠᠭᠠᠬᠤ ᠪᠠᠲᠤ᠌ ᠢᠲᠡᠭᠡᠯ ᠪᠢᠰᠢᠷᠡᠯ᠎ᠢᠶᠡᠨ ᠢᠯᠡᠳᠬᠡᠪᠡ᠃

(ᠰᠢᠨᠬᠤᠸᠠ ᠬᠣᠷᠢᠶ᠎ᠠ ᠵᠢᠨ ᠪᠡᠭᠡᠵᠢᠩ᠎ᠦᠨ 6 ᠰᠠᠷ᠎ᠠ᠎ᠶᠢᠨ 18 ᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号