ᠬᠤᠸᠠᠩ ᡁᠢ ᠴᠢᠶᠠᠩ ᠾᠧ ᠫᠧᠢ ᠯᠢᠨ ᠣᠷᠣᠯᠴᠠᠵᠠᠢ
6 ᠰᠠᠷ᠎ᠠ᠎ᠶᠢᠨ 16 ᠡᠴᠡ 17 ᠤ᠋ ᠡᠳᠦᠷ ᠪᠣᠯᠲᠠᠯ᠎ᠠ᠂ 《ᠡᠨᠧᠷᠭᠢ ᠠᠷᠪᠢᠯᠠᠬᠤ ᠰᠢᠨ᠎ᠡ ᠭᠠᠷᠤᠭ᠎ᠠ·ᠳᠤᠤᠷ᠎ᠠ ᠨᠡᠭᠦᠷᠡᠰᠦᠲᠥ᠋ᠷᠥᠭᠴᠢᠲᠦ ᠢᠷᠡᠭᠡᠳᠦᠢ ᠲᠡᠢᠰᠢ ᠤᠷᠤᠭᠰᠢᠯᠠᠰᠤᠭᠠᠢ》 ᠭᠡᠬᠦ ᠭᠣᠣᠯ ᠰᠡᠳᠦᠪᠲᠦ ᠪᠦᠬᠦ ᠤᠯᠤᠰ᠎ᠤᠨ ᠡᠨᠧᠷᠭᠢ ᠠᠷᠪᠢᠯᠠᠬᠤ ᠤᠬᠠᠭᠤᠯᠭ᠎ᠠ᠎ᠶᠢᠨ ᠭᠠᠷᠠᠭ᠎ᠤᠨ ᠤᠯᠠᠨ ᠨᠡᠶ᠋ᠢᠲᠡ᠎ᠶᠢᠨ ᠪᠠᠢᠭᠤᠯᠤᠮᠵᠢ᠎ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠵᠢᠨ ᠭᠠᠳᠠᠬᠰᠢᠯᠠᠭᠤᠯᠤᠯᠲᠠ᠎ᠵᠢ ᠪᠠᠭᠤᠷᠠᠭᠤᠯᠬᠤ ᠲᠤᠰᠬᠠᠢ ᠰᠡᠳᠦᠪᠲᠦ ᠤᠬᠠᠭᠤᠯᠭ᠎ᠠ᠎ᠶᠢᠨ ᠠᠵᠢᠯᠯᠠᠭ᠎ᠠ ᠬᠥᠬᠡᠬᠣᠲᠠ᠎ᠳᠤ ᠶᠠᠪᠤᠭᠳᠠᠪᠠ᠃ ᠤᠯᠤᠰ᠎ᠤᠨ ᠪᠠᠢᠭᠤᠯᠭ᠎ᠠ᠎ᠵᠢᠨ ᠶᠠᠪᠤᠳᠠᠯ᠎ᠤᠨ ᠬᠠᠮᠢᠶᠠᠷᠤᠯᠲᠠ᠎ᠶᠢᠨ ᠲᠤᠪᠴᠢᠶ᠎ᠠ᠎ᠵᠢᠨ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠳᠡᠳ᠋ ᠳᠠᠷᠤᠭ᠎ᠠ ᠾᠧ ᠫᠧᠢ ᠯᠢᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢᠩᠭᠤ᠎ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠠᠵᠢᠯᠯᠠᠭ᠎ᠠ᠎ᠳᠤ ᠣᠷᠣᠯᠴᠠᠵᠠᠢ᠃
ᠾᠧ ᠫᠧᠢ ᠯᠢᠨ᠂ ᠡᠯ᠎ᠡ ᠱᠠᠲᠤᠨ᠎ᠤ ᠣᠯᠠᠨ ᠨᠡᠶ᠋ᠢᠲᠡ᠎ᠶᠢᠨ ᠪᠠᠢᠭᠤᠯᠤᠮᠵᠢ ᠰᠢᠨ᠎ᠡ ᠪᠠᠢᠳᠠᠯ᠎ᠢ ᠡᠵᠡᠮᠳᠡᠵᠦ᠂ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠳᠦ ᠰᠠᠭᠤᠷᠢᠯᠠᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠪᠣᠭᠣᠮᠲᠠ ᠰᠢᠪᠲᠤᠯᠬᠤ ᠬᠡᠷᠡᠭᠲᠡᠢ; ᠰᠢᠨ᠎ᠡ ᠱᠠᠭᠠᠷᠳᠠᠯᠭ᠎ᠠ᠎ᠪᠠᠷ ᠪᠠᠷᠢᠮᠵᠢᠶ᠎ᠠ ᠪᠣᠯᠭᠠᠵᠤ᠂ ᠠᠷᠪᠢᠯᠠᠨ ᠭᠠᠮᠨᠠᠬᠤ ᠪᠠ ᠪᠠᠲᠤᠯᠠᠬᠤ᠂ ᠡᠨᠧᠷᠭᠢ ᠠᠷᠪᠢᠯᠠᠬᠤ ᠪᠠ ᠨᠡᠭᠦᠷᠡᠰᠦᠲᠥ᠋ᠷᠥᠭᠴᠢ᠎ᠶᠢᠨ ᠭᠠᠳᠠᠬᠰᠢᠯᠠᠭᠤᠯᠤᠯᠲᠠ᠎ᠵᠢ ᠪᠠᠭᠤᠷᠠᠭᠤᠯᠬᠤ᠂ ᠬᠢᠵᠠᠭᠠᠷᠯᠠᠬᠤ ᠪᠠ ᠤᠷᠮᠠᠰᠢᠭᠤᠯᠬᠤ ᠵᠡᠷᠭᠡ᠎ᠶᠢ ᠨᠢᠭᠡᠳᠦᠯᠲᠡᠢ ᠲᠥᠯᠥᠪᠵᠢᠭᠦᠯᠵᠦ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠬᠰᠢᠯᠠᠭᠤᠯᠤᠯᠲᠠ᠎ᠵᠢ ᠪᠠᠭᠤᠷᠠᠭᠤᠯᠬᠤ ᠠᠵᠢᠯ᠎ᠢ ᠴᠢᠨᠠᠷ ᠰᠠᠢᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠸᠠᠩ ᡁᠢ ᠴᠢᠶᠠᠩ᠂ ᠥᠪᠥᠷ ᠮᠣᠩᠭᠣᠯ ᠵᠢᠯ ᠳᠤᠮᠳᠠᠴᠢ᠎ᠶᠢᠨ 1.7% ᠵᠢᠨ ᠡᠨᠧᠷᠭᠢ᠎ᠶᠢᠨ ᠬᠣᠷᠣᠭᠳᠠᠯ᠎ᠤᠨ ᠨᠡᠮᠡᠭᠳᠡᠬᠦ ᠬᠤᠷᠳᠤᠴᠠ᠎ᠪᠠᠷ ᠵᠢᠯ ᠳᠤᠮᠳᠠᠴᠢ᠎ᠶᠢᠨ 5.9% ᠵᠢᠨ GDP ᠵᠢᠨ ᠨᠡᠮᠡᠭᠳᠡᠯ ᠪᠠ 12.8% ᠵᠢᠨ ᠲᠣᠭᠲᠠᠮᠠᠯ ᠬᠥᠷᠥᠩᠭᠡ᠎ᠶᠢᠨ ᠪᠡᠯᠡ ᠣᠷᠣᠭᠤᠯᠤᠯᠲᠠ᠎ᠶᠢᠨ ᠨᠡᠮᠡᠭᠳᠡᠯ᠎ᠦᠨ ᠬᠤᠷᠳᠤᠴᠠ᠎ᠶᠢ ᠲᠤᠯᠭᠠᠭᠤᠷᠢᠯᠠᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠬᠰᠢᠯᠠᠭᠤᠯᠤᠯᠲᠠ᠎ᠵᠢ ᠪᠠᠭᠤᠷᠠᠭᠤᠯᠬᠤ ᠪᠠ ᠠᠵᠤ ᠠᠬᠤᠢ᠎ᠶᠢᠨ ᠬᠥᠭᠵᠢᠯᠲᠡ᠎ᠶᠢᠨ ᠬᠠᠮᠵᠢᠯᠴᠠᠨ ᠤᠷᠤᠭᠰᠢᠯᠠᠬᠤ᠎ᠶᠢ ᠪᠡᠶᠡᠯᠡᠭᠦᠯᠪᠡ᠃ ᠡᠯ᠎ᠡ ᠱᠠᠲᠤᠨ᠎ᠤ ᠣᠯᠠᠨ ᠨᠡᠶ᠋ᠢᠲᠡ᠎ᠶᠢᠨ ᠪᠠᠢᠭᠤᠯᠤᠮᠵᠢ᠎ᠶᠢᠨ ᠬᠢᠨ ᠤᠷᠢᠳ᠎ᠢᠶᠠᠷ ᠬᠡᠷᠡᠭᠵᠢᠭᠦᠯᠵᠦ ᠤᠷᠢᠳ᠎ᠢᠶᠠᠷ ᠲᠤᠷᠰᠢᠨ ᠢᠳᠡᠪᠬᠢᠲᠡᠢ ᠰᠦᠪᠡᠭᠴᠢᠯᠡᠵᠦ᠂ ᠨᠠᠩ ᠥᠨᠳᠥᠷ ᠪᠠᠷᠢᠮᠵᠢᠶ᠎ᠠ᠂ ᠨᠠᠩ ᠪᠣᠳᠠᠲᠠᠢ ᠠᠷᠭ᠎ᠠ ᠬᠡᠮᠵᠢᠶ᠎ᠡ᠎ᠪᠡᠷ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠬᠰᠢᠯᠠᠭᠤᠯᠤᠯᠲᠠ᠎ᠵᠢ ᠪᠠᠭᠤᠷᠠᠭᠤᠯᠵᠦ᠂ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠠᠬᠢᠭᠤᠯᠵᠤ᠂ ᠤᠯᠤᠰ᠎ᠤᠨ 《ᠬᠣᠣᠰ ᠨᠡᠭᠦᠷᠡᠰᠦᠲᠥ᠋ᠷᠥᠭᠴᠢ》 ᠵᠢᠨ ᠪᠠᠢᠯᠳᠤᠬᠤ ᠪᠣᠳᠣᠯᠭ᠎ᠠ᠎ᠳᠤ ᠦᠢᠯᠡᠴᠢᠯᠡᠬᠦ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠥᠬᠥ ᠲᠠᠯ᠎ᠠ᠎ᠪᠠᠷ ᠪᠣᠬᠢᠷᠲᠤᠯ ᠦᠭᠡᠢ ᠲᠠᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠲᠦᠷᠭᠡᠳᠬᠡᠬᠦ᠎ᠳᠦ ᠨᠠᠩ ᠶᠡᠬᠡ ᠬᠦᠴᠦᠨ ᠴᠢᠳᠠᠯ᠎ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃