ᠦᠪᠤᠷ ᠮᠤᠩᠭᠤᠯ ᠤᠰᠤᠨ ᠠᠰᠢᠭᠯᠠᠯᠲᠠ ᠢ᠋ᠢᠨ ᠢᠨᠵᠧᠨᠧᠷᠢᠩ ᠤ᠋ᠨ ᠠᠶᠤᠯᠭᠦᠶ ᠦᠢᠯᠡᠳᠪᠦᠷᠢᠯᠡᠯ ᠤ᠋ᠨ ᠶᠡᠷᠦᠩᠬᠡᠶ᠋ᠢᠯᠡᠭᠰᠡᠨ ᠰᠣᠷᠢᠯᠲᠠ ᠬᠢᠪᠠ
2026-06-19 10:42:12
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

2026 ᠣᠨ ᠤ᠋ 6 ᠰᠠᠷ᠎ᠠ ᠪᠣᠯ ᠬᠣᠷᠢᠨ ᠲᠠᠪᠤᠳᠠᠬᠢ ᠪᠦᠬᠦ᠌ ᠤᠯᠤᠰ ᠤ᠋ᠨ 《ᠠᠶᠤᠯᠭᠦᠢ ᠦᠢᠯᠡᠳᠪᠦᠷᠢᠯᠡᠯ ᠤ᠋ᠨ ᠰᠠᠷ᠎ᠠ》 ᠪᠣᠯᠤᠨ᠎ᠠ᠃ ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠤᠰᠤᠨ ᠠᠰᠢᠭᠯᠠᠯᠲᠠ ᠢ᠋ᠢᠨ ᠲᠢᠡᠭᠬᠢᠮ 6 ᠰᠠᠷ᠎ᠠ ᠢ᠋ᠢᠨ 17 ᠤ᠋ ᠡᠳᠦᠷ ᠬᠢᠩᠭᠠᠨ ᠠᠶ᠋ᠢᠮᠠᠭ ᠲᠤ᠌ ᠪᠦᠬᠦ ᠤᠷᠤᠨ ᠤ᠋ ᠪᠦᠳᠦᠬᠡᠨ ᠪᠠᠢᠭᠤᠯᠵᠤ ᠪᠠᠢᠭ᠎ᠠ ᠤᠰᠤᠨ ᠠᠰᠢᠭᠯᠠᠯᠲᠠ ᠢ᠋ᠢᠨ ᠢᠨᠵᠧᠨᠧᠷᠢᠩ ᠤ᠋ᠨ ᠠᠶᠤᠯᠭᠦᠶ ᠦᠢᠯᠡᠳᠪᠦᠷᠢᠯᠡᠯ ᠤ᠋ᠨ ᠶᠡᠷᠦᠩᠬᠡᠶ᠋ᠢᠯᠡᠭᠰᠡᠨ ᠰᠣᠷᠢᠯᠲᠠ ᠬᠢᠪᠠ᠃

ᠲᠣᠰ ᠤᠳᠠᠭ᠎ᠠ ᠵᠢᠨ ᠠᠶᠤᠯᠭᠦᠶ ᠦᠢᠯᠡᠳᠪᠦᠷᠢᠯᠡᠯ ᠤ᠋ᠨ ᠶᠡᠷᠦᠩᠬᠡᠶ᠋ᠢᠯᠡᠭᠰᠡᠨ ᠰᠣᠷᠢᠯᠲᠠ ᠨᠢ ᠴᠢᠬᠤᠯᠠ ᠵᠠᠩᠭᠢᠯᠠᠭ᠎ᠠ ᠢ᠋ᠢᠨ ᠴᠡᠭ ᠲᠤ᠌ ᠰᠠᠭᠤᠷᠢᠯᠠᠨ ᠪᠣᠳᠠᠲᠤ᠌ ᠲᠡᠶ᠋ᠢᠨ ᠤ᠋ ᠰᠢᠯᠭᠠᠯᠲᠠ ᠬᠢᠵᠦ᠍᠂ ᠤᠰᠤᠨ ᠠᠰᠢᠭᠯᠠᠯᠲᠠ ᠢ᠋ᠢᠨ ᠢᠨᠵᠧᠨᠧᠷᠢᠩ ᠤ᠋ᠨ ᠠᠮᠠᠷᠬᠠᠨ ᠡᠭᠦᠰᠬᠦ᠌ ᠡᠨᠳᠡᠯ ᠤ᠋ᠨ ᠲᠥᠷᠥᠯ ᠬᠡᠯᠪᠡᠷᠢ ᠬᠢᠭᠡᠳ ᠪᠠᠶ᠋ᠢᠩᠭᠤ ᠲᠣᠬᠢᠶᠠᠯᠳᠤᠬᠤ ᠬᠡᠮ ᠰᠣᠭᠣᠭ ᠲᠠᠢ ᠤᠶᠠᠯᠳᠤᠭᠤᠯᠤᠨ᠂ ᠭᠠᠯ ᠤ᠋ᠨ ᠠᠶᠤᠯ᠂ ᠥᠨᠳᠥᠷ ᠳᠡᠭᠡᠷ᠎ᠠ ᠡᠴᠡ ᠤᠨᠠᠵᠤ ᠤᠢᠴᠢᠬᠤ᠂ ᠨᠤᠷᠠᠵᠤ ᠶᠡᠭᠦᠷᠡᠬᠦ᠌ ᠢ᠋ᠢ ᠠᠷᠭᠠᠴᠠᠭᠠᠬᠤ ᠵᠡᠷᠭᠡ ᠰᠣᠷᠢᠯᠲᠠ ᠢ᠋ᠢ ᠲᠠᠰ ᠳᠠᠷᠠᠭᠠᠯᠠᠨ ᠥᠷᠨᠢᠭᠦᠯᠵᠤ᠂ ᠪᠥᠬᠥ᠌ ᠠᠵᠢᠯᠲᠠᠨ ᠠᠵᠢᠯᠴᠢᠨ ᠤ᠋ ᠠᠶᠤᠯᠭᠦᠢ ᠦᠢᠯᠡᠳᠪᠦᠷᠢᠯᠡᠯ ᠤ᠋ᠨ ᠬᠠᠷᠢᠭᠤᠴᠠᠯᠭ᠎ᠠ ᠢ᠋ᠢᠨ ᠲᠦᠷᠢᠮ ᠢ᠋ ᠤᠯᠠᠮ ᠨᠢᠭᠡ ᠠᠯᠬᠤᠮ ᠴᠢᠩᠭᠠᠳᠬᠠᠨ᠂ ᠭᠡᠨᠡᠳᠲᠡ ᠢ᠋ᠢᠨ ᠠᠶᠤᠯ ᠢ᠋ ᠰᠢᠨᠵᠢᠯᠡᠬᠦ᠌ ᠤᠬᠠᠭᠠᠨᠴᠢ ᠪᠠᠷ ᠰᠢᠢᠳᠪᠦᠷᠢᠯᠡᠬᠦ ᠪᠠ ᠰᠡᠷᠭᠡᠶ᠋ᠢᠯᠡᠬᠦ᠌ ᠴᠢᠳᠠᠪᠤᠷᠢ ᠢ᠋ᠢ ᠪᠦᠲᠦᠮᠵᠢᠲᠡᠶ ᠳᠡᠭᠡᠭᠰᠢᠯᠡᠭᠦᠯᠪᠡ᠃

ᠲᠤᠰ ᠤᠳᠠᠭ᠎ᠠ ᠵᠢᠨ ᠰᠣᠷᠢᠯᠲᠠ ᠪᠡᠷ ᠲᠠᠮᠵᠢᠨ ᠪᠥᠬᠥ᠌ ᠣᠷᠣᠨ ᠤ᠋ ᠡᠯ᠎ᠡ ᠱᠠᠲᠤᠨ ᠤ᠋ ᠤᠰᠤᠨ ᠠᠰᠢᠭᠯᠠᠯᠲᠠ ᠢ᠋ᠢᠨ ᠰᠠᠯᠠᠭ᠎ᠠ ᠮᠥᠴᠢᠷ ᠤ᠋ᠨ ᠬᠢᠨ ᠳ᠋ᠤ ᠬᠥᠭᠵᠢᠯᠲᠡ ᠪᠠ ᠠᠮᠤᠷ ᠲᠦᠪᠰᠢᠨ ᠢ᠋ ᠨᠢᠭᠡᠳᠦᠯᠲᠡᠶ ᠲᠥᠯᠥᠪᠵᠢᠭᠦᠯᠦᠨ᠂ ᠠᠷᠠᠳ ᠲᠦᠮᠡᠨ ᠢ᠋ᠢᠡᠷ ᠭᠤᠤᠯ ᠪᠣᠯᠭᠠᠬᠤ ᠬᠥᠭᠵᠢᠯᠲᠡ ᠢ᠋ᠢᠨ ᠦᠵᠡᠯ ᠰᠠᠨᠠᠭ᠎ᠠ ᠢ᠋ᠢ ᠤᠰᠤᠨ ᠠᠰᠢᠭᠯᠠᠯᠲᠠ ᠢ᠋ᠢᠨ ᠠᠶᠤᠯᠭᠦᠢ ᠦᠢᠯᠡᠳᠪᠦᠷᠢᠯᠡᠯ ᠤ᠋ᠨ ᠡᠯ᠎ᠡ ᠭᠣᠭᠴᠣᠭ᠎ᠠ ᠳ᠋ᠤ ᠲᠤᠭᠤᠰᠢᠯᠠᠭᠤᠯᠵᠤ᠂ ᠠᠮᠤᠷ ᠲᠦᠪᠰᠢᠨ ᠤ᠋ ᠬᠣᠷᠢᠭ᠎ᠠ ᠱᠤᠭᠤᠮ ᠢ᠋ ᠪᠠᠲᠤ᠌ ᠰᠠᠬᠢᠵᠤ᠂ ᠬᠠᠷᠢᠭᠤᠴᠠᠯᠭ᠎ᠠ ᠢ᠋ᠢ ᠴᠢᠩᠭ᠎ᠠ ᠨᠢᠮᠪᠠᠢ ᠪᠣᠳᠠᠲᠠᠶ᠋ᠢᠵᠢᠭᠤᠯᠤᠨ᠂ ᠠᠮᠤᠷ ᠲᠦᠪᠰᠢᠨ ᠤ᠋ ᠠᠷᠭ᠎ᠠ ᠬᠡᠮᠵᠢᠶ᠎ᠡ ᠢ᠋ᠢᠨ ᠨᠠᠶ᠋ᠢᠳᠠᠪᠤᠷᠢᠵᠢᠭᠤᠯᠤᠯᠲᠠ ᠢ᠋ᠢ ᠴᠢᠩᠭ᠎ᠠ ᠠᠳᠬᠤᠬᠤ ᠵᠢ ᠲᠠᠬᠢᠨᠳᠠ ᠰᠠᠨᠠᠭᠤᠯᠬᠤ ᠵᠢᠨ ᠬᠠᠮᠳᠤ᠂ ᠭᠤᠤᠯᠳᠠᠯᠭ᠎ᠠ ᠲᠠᠢ ᠬᠦᠷᠢᠶᠡᠨ ᠳ᠋ᠤ ᠠᠩᠬᠠᠷᠤᠯ ᠢ᠋ᠢᠡᠨ ᠲᠥᠪᠯᠡᠷᠡᠭᠦᠯᠦᠨ ᠬᠡᠮ ᠰᠣᠭᠣᠭ ᠢ᠋ ᠴᠡᠭᠴᠡᠯᠡᠨ ᠵᠠᠰᠠᠬᠤ ᠢ᠋ᠢ ᠭᠦᠨᠵᠡᠭᠡᠶ᠋ᠢᠷᠡᠭᠦᠯᠵᠤ᠂ 《ᠠᠶᠤᠯᠭᠦᠶ ᠦᠢᠯᠡᠳᠪᠦᠷᠢᠯᠡᠯ ᠤ᠋ᠨ ᠰᠠᠷ᠎ᠠ》 ᠢ᠋ᠢᠨ ᠭᠤᠤᠯ ᠰᠡᠳᠦᠪ ᠲᠠᠢ ᠨᠢᠭᠲᠠ ᠤᠶᠠᠯᠳᠤᠭᠤᠯᠤᠨ ᠤᠬᠠᠭᠤᠯᠭ᠎ᠠ ᠬᠥᠮᠦᠵᠢᠯ ᠢ᠋ ᠭᠦᠨᠵᠡᠭᠡᠶ᠋ᠢᠷᠡᠭᠦᠯᠤᠨ᠂ ᠠᠶᠤᠯᠭᠦᠶ ᠦᠢᠯᠡᠳᠪᠤᠷᠢᠯᠡᠯ ᠤ᠋ᠨ ᠬᠠᠤᠯᠢ ᠬᠡᠷᠡᠭᠵᠢᠭᠦᠯᠦᠯᠲᠡ ᠢ᠋ᠢᠨ ᠪᠠᠶ᠋ᠢᠴᠠᠭᠠᠯᠲᠠ ᠢ᠋ᠢ ᠪᠠᠶ᠋ᠢᠩᠭᠤᠵᠢᠭᠤᠯᠤᠨ ᠥᠷᠨᠢᠭᠦᠯᠵᠦ᠍᠂ ᠡᠯ᠎ᠡ ᠲᠥᠷᠥᠯ ᠤ᠋ᠨ ᠠᠮᠤᠷ ᠲᠦᠪᠰᠢᠨ ᠤ᠋ ᠡᠨᠳᠡᠯ ᠢ᠋ ᠡᠷᠡᠰ ᠰᠡᠷᠭᠡᠶ᠋ᠢᠯᠡᠨ ᠬᠣᠷᠢᠭᠯᠠᠬᠤ ᠵᠢ ᠴᠢᠩᠭ᠎ᠠ ᠱᠠᠭᠠᠷᠳᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号