ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠲᠦᠷᠦᠭᠦᠭᠡᠨ ᠲᠥᠪ ᠴᠢᠩᠭ᠎ᠠ ᠢᠯᠡᠷᠬᠡᠢᠯᠡᠯᠲᠡ ᠨᠡᠢᠲᠡᠯᠡᠵᠦ᠂
ᠣᠢᠷ᠎ᠠ᠎ᠶᠢᠨ ᠬᠤᠭᠤᠴᠠᠭᠠᠨ᠎ᠳᠤ ᠢᠯᠡᠷᠡᠭᠰᠡᠨ ᠬᠤᠳᠠᠯ ᠬᠠᠭᠤᠷᠮᠠᠭ ᠠᠯᠪᠠᠨ᠎ᠤ ᠪᠢᠴᠢᠭ ᠮᠠᠲᠧᠷᠢᠶᠠᠯ᠎ᠤᠨ ᠦᠶ᠋ᠯᠡ
ᠠᠵᠢᠯᠯᠠᠭ᠎ᠠ᠎ᠳᠤ ᠴᠢᠭᠯᠡᠭᠦᠯᠦᠨ ᠴᠤᠤᠷᠬᠠᠯ᠎ᠢ ᠨᠢᠴᠤᠭᠠᠵᠤ᠂ ᠡᠯ᠎ᠡ ᠭᠠᠵᠠᠷ᠎ᠤᠨ ᠬᠢᠨᠢ ᠰᠣᠨᠣᠷ ᠰᠡᠷᠡᠮᠵᠢ᠎ᠪᠡᠨ
ᠳᠡᠭᠡᠭᠰᠢᠯᠡᠭᠦᠯᠵᠦ᠂ ᠮᠡᠬᠡᠯᠡᠯ᠎ᠢ ᠰᠡᠷᠭᠡᠢᠯᠡᠭᠡᠷᠡᠢ ᠭᠡᠵᠦ ᠰᠠᠨᠠᠭᠤᠯᠪᠠ᠃
ᠵᠠᠷᠢᠮ ᠵᠣᠬᠢᠶᠠᠨ ᠪᠠᠢᠭᠤᠯᠤᠯᠲᠠ ᠪᠠ ᠬᠤᠪᠢ ᠬᠥᠮᠥᠨ
ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠨᠡᠷ᠎ᠡ᠎ᠪᠡᠷ 《ᠤᠯᠤᠰ᠎ᠤᠨ ᠬᠥᠭᠵᠢᠭᠦᠯᠦᠯᠲᠡ
ᠪᠠ ᠥᠭᠡᠷᠡᠴᠢᠯᠡᠯᠲᠡ᠎ᠶᠢᠨ ᠵᠥᠪᠯᠡᠯ᠎ᠦᠨ ᠬᠦᠭᠵᠢᠯᠲᠡ ᠵᠢᠨ ᠪᠠᠢᠯᠳᠤᠬᠤ ᠪᠤᠳᠤᠯᠭ᠎ᠠ ᠪᠠ ᠲᠦᠯᠦᠪᠵᠢᠭᠦᠯᠭᠡ
ᠵᠢᠨ ᠵᠤᠷᠭᠠᠨ᠎ᠤ 〈ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ
ᠤᠯᠤᠰ ᠠᠷᠠᠳ᠎ᠤᠨ ᠠᠵᠤ ᠠᠬᠤᠢ ᠪᠣᠯᠣᠨ ᠨᠡᠢᠭᠡᠮ᠎ᠦᠨ ᠬᠥᠭᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠦᠨ
ᠲᠥᠯᠦᠪᠵᠢᠭᠦᠯᠭᠡ᠎ᠶᠢᠨ ᠬᠥᠲᠥᠯᠪᠦᠷᠢ〉 ᠵᠢᠨ ᠬᠠᠪᠰᠤᠷᠤᠨ ᠵᠢᠯᠤᠭᠤᠳᠬᠤ ᠤᠩᠰᠢᠬᠤ
ᠪᠢᠴᠢᠭ᠎ᠢ ᠬᠢᠨᠠᠮᠠᠭᠠᠢ ᠰᠤᠷᠤᠯᠴᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ
ᠪᠠ ᠥᠭᠡᠷᠡᠴᠢᠯᠡᠯᠲᠡ᠎ᠶᠢᠨ ᠵᠥᠪᠯᠡᠯ᠎ᠦᠨ ᠮᠡᠳᠡᠭᠳᠡᠯ》᠎ᠢ ᠬᠠᠭᠤᠷᠮᠠᠭᠯᠠᠨ
ᠵᠣᠬᠢᠶᠠᠵᠤ ᠨᠡᠢᠲᠡᠯᠡᠪᠡ᠃ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠡᠴᠡ
ᠲᠣᠰ ᠪᠢᠴᠢᠭ ᠮᠠᠲᠧᠷᠢᠶᠠᠯ ᠪᠣᠯ ᠲᠡᠷᠡ ᠴᠢᠭ᠎ᠢᠶᠡᠷ᠎ᠢᠶᠡᠨ ᠬᠠᠭᠤᠷᠮᠠᠭᠯᠠᠨ ᠵᠣᠬᠢᠶᠠᠭᠰᠠᠨ ᠶᠠᠪᠤᠳᠠᠯ ᠮᠥᠨ᠂ ᠶᠡᠷᠦ᠎ᠡᠴᠡ
ᠬᠠᠮᠢᠶ᠎ᠠ ᠪᠦᠬᠦᠢ ᠠᠵᠢᠯᠯᠠᠭ᠎ᠠ᠎ᠶᠢ ᠵᠣᠬᠢᠶᠠᠨ ᠪᠠᠢᠭᠤᠯᠵᠤ ᠥᠩᠭᠡᠷᠡᠭᠰᠡᠨ ᠦᠭᠡᠢ ᠭᠡᠵᠦ ᠲᠣᠳᠣᠷᠬᠠᠢ ᠢᠯᠡᠷᠬᠡᠢᠯᠡᠵᠡᠢ᠃
ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ
ᠪᠠ ᠥᠭᠡᠷᠡᠴᠢᠯᠡᠯᠲᠡ᠎ᠶᠢᠨ ᠵᠥᠪᠯᠡᠯ᠎ᠡᠴᠡ ᠡᠯ᠎ᠡ ᠭᠠᠵᠠᠷ ᠣᠷᠣᠨ᠂ ᠡᠯ᠎ᠡ ᠨᠢᠭᠡᠴᠢ ᠵᠢᠴᠢ ᠨᠡᠢᠭᠡᠮ ᠨᠡᠶ᠋ᠢᠲᠡ᠎ᠵᠢᠨ
ᠬᠢᠨ ᠰᠣᠨᠣᠷ ᠰᠡᠷᠡᠮᠵᠢ᠎ᠪᠡᠨ ᠳᠡᠭᠡᠭᠰᠢᠯᠡᠭᠦᠯᠵᠦ᠂ ᠮᠡᠬᠡᠯᠡᠭᠳᠡᠬᠦ᠎ᠡᠴᠡ ᠰᠡᠷᠭᠡᠢᠯᠡᠬᠦ ᠴᠢᠬᠤᠯᠠᠲᠠᠢ᠃ ᠪᠢᠴᠢᠭ
ᠮᠠᠲᠧᠷᠢᠶᠠᠯ᠎ᠢ ᠬᠠᠭᠤᠷᠮᠠᠭᠯᠠᠨ ᠵᠣᠬᠢᠶᠠᠭᠰᠠᠨᠡᠴᠠ ᠪᠣᠯᠵᠤ ᠨᠢᠭᠡᠨᠲᠡ ᠠᠵᠤ ᠠᠬᠤᠢ᠎ᠶᠢᠨ ᠬᠣᠬᠢᠷᠠᠯ᠎ᠳᠦ
ᠤᠴᠠᠷᠠᠭᠰᠠᠨ ᠪᠤᠶᠤ ᠪᠤᠰᠤᠳ ᠮᠠᠭᠤ ᠨᠥᠯᠥᠭᠡ ᠬᠦᠷᠲᠡᠭᠰᠡᠨ ᠪᠠᠢᠪᠠᠯ᠂ ᠴᠠᠭ ᠲᠤᠬᠠᠢ ᠳ᠋ᠤᠨᠢ ᠳᠣᠲᠣᠭᠠᠳᠤ᠎ᠶᠢ ᠬᠠᠮᠠᠭᠠᠯᠠᠬᠤ
ᠪᠠᠢᠭᠤᠯᠭ᠎ᠠ᠎ᠳᠤ ᠬᠡᠷᠡᠭ ᠮᠡᠳᠡᠭᠦᠯᠬᠦ᠎ᠶᠢᠨ ᠬᠠᠮᠲᠤ ᠰᠦᠪᠡᠭᠴᠢ ᠬᠠᠩᠭᠠᠵᠤ᠂ ᠦᠪᠠᠷᠰᠡᠳ᠎ᠤᠨ ᠡᠷᠬᠡ ᠠᠰᠢᠭ᠋᠎ᠢᠶᠠᠨ
ᠬᠠᠤᠯᠢ ᠶᠣᠰᠣᠭᠠᠷ ᠬᠠᠮᠠᠭᠠᠯᠠᠭᠠᠷᠠᠢ ᠭᠡᠵᠦ ᠰᠠᠨᠠᠭᠤᠯᠪᠠ᠃
ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ
ᠰᠦᠯᠵᠢᠶ᠎ᠡ