ᠠᠯᠪᠠᠨ ᠵᠠᠷᠯᠠᠯ
2026-06-02 17:28:53
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ 6 ᠰᠠᠷ᠎ᠠ᠎ᠶᠢᠨ 1᠎ᠦ ᠡᠳᠦᠷ 《2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢᠭᠤᠯᠭ᠎ᠠ (ᠠᠯᠪᠠᠲᠠᠨ᠎ᠤ ᠬᠠᠤᠯᠢ ᠪᠡᠷ ᠯᠠᠪᠯᠠᠯᠲᠠ ᠪᠤᠯᠭᠠᠨ ᠬᠠᠮᠢᠶᠠᠷᠬᠤ ᠨᠢᠭᠡᠴᠢ) ᠵᠢᠨ ᠠᠯᠪᠠᠲᠠᠨ᠎ᠢ ᠢᠯᠡ ᠪᠡᠷ ᠰᠢᠯᠢᠨ ᠰᠤᠨᠭᠭᠤᠬᠤ ᠰᠢᠯᠭᠠᠯᠲᠠ ᠵᠢᠨ ᠬᠢᠷᠢ ᠬᠡᠮ᠎ᠤᠨ ᠳᠠᠬᠢᠨ ᠬᠢᠨᠠᠯᠲᠠ᠎ᠶᠢᠨ ᠲᠤᠬᠠᠢ ᠠᠯᠪᠠᠨ ᠵᠠᠷᠯᠠᠯ》 ᠨᠡᠢᠲᠡᠯᠡᠪᠡ᠃

ᠠᠯᠪᠠᠨ ᠵᠠᠷᠯᠠᠯ᠎ᠤᠨ ᠠᠭᠤᠯᠭ᠎ᠠ ᠵᠢ ᠦᠨᠳᠦᠰᠦᠯᠡᠪᠡᠯ᠂ ᠲᠣᠰ ᠰᠢᠯᠭᠠᠯᠲᠠ ᠵᠢᠨ ᠬᠢᠷᠢ ᠬᠡᠮ᠎ᠦᠨ ᠳᠠᠬᠢᠨ ᠬᠢᠨᠠᠯᠲᠠ᠎ᠶᠢ 6 ᠰᠠᠷ᠎ᠠ᠎ᠶᠢᠨ 2᠎ᠡᠴᠡ 4᠎ᠦ ᠡᠳᠦᠷ ᠪᠣᠯᠲᠠᠯ᠎ᠠ ᠶᠠᠪᠤᠭᠳᠠᠭᠤᠯᠵᠤ᠂ ᠪᠥᠬᠥ ᠶᠠᠪᠤᠴᠠ᠎ᠳᠤ ᠰᠦᠯᠵᠢᠶᠡᠨ ᠳᠡᠭᠡᠷ᠎ᠡ ᠬᠢᠨᠠᠨ ᠬᠠᠷᠭᠤᠭᠤᠯᠬᠤ ᠠᠷᠭ᠎ᠠ᠎ᠶᠢ ᠠᠪᠴᠤ᠂ ᠰᠢᠯᠭᠠᠭᠤᠯᠤᠭ᠍ᠴᠢ ᠰᠢᠯᠭᠠᠭᠤᠯᠬᠤ ᠨᠢᠭᠡᠴᠢ᠎ᠶᠢᠨ ᠱᠠᠭᠠᠷᠳᠠᠯᠭ᠎ᠠ ᠶᠣᠰᠣᠭᠠᠷ ᠮᠠᠲᠧᠷᠢᠶᠠᠯ᠎ᠢᠶᠠᠨ ᠵᠢᠭᠠᠨ ᠲᠣᠭᠲᠠᠭᠠᠭᠰᠠᠨ ᠰᠢᠤᠳᠠᠨ ᠬᠠᠢᠷᠴᠠᠭ ᠪᠤᠶᠤ ᠹᠠᠺᠰ᠎ᠲᠦ ᠲᠠᠮᠵᠢᠭᠤᠯᠤᠨ᠎ᠠ᠃ ᠰᠢᠯᠭᠠᠭᠤᠯᠤᠭ᠍ᠴᠢ ᠪᠡᠶ᠎ᠡ᠎ᠶᠢᠨ ᠦᠨᠡᠮᠯᠡᠯ᠂ ᠠᠯᠪᠠᠲᠠᠨ ᠰᠢᠯᠢᠨ ᠰᠣᠩᠭᠣᠬᠤ ᠰᠢᠯᠭᠠᠯᠲᠠ ᠵᠢᠨ ᠨᠡᠷ᠎ᠡ ᠮᠡᠳᠡᠭᠦᠯᠬᠦ ᠬᠦᠰᠦᠨᠦᠭᠲᠦ᠂ ᠰᠤᠷᠤᠯᠭ᠎ᠠ᠎ᠶᠢᠨ ᠨᠠᠮᠲᠠᠷ ᠡᠷᠳᠡᠮ᠎ᠦᠨ ᠴᠣᠯᠠ ᠵᠢᠴᠢ ᠰᠤᠷᠤᠯᠭ᠎ᠠ᠎ᠶᠢᠨ ᠨᠠᠮᠲᠠᠷ᠎ᠢ ᠪᠦᠷᠢᠳᠬᠡᠨ ᠳᠠᠩᠰᠠᠯᠠᠭᠰᠠᠨ ᠮᠠᠲᠧᠷᠢᠶᠠᠯ᠂ ᠠᠯᠪᠠᠲᠠᠨ ᠡᠯᠰᠡᠨ ᠬᠡᠷᠡᠭᠯᠡᠬᠦ ᠪᠠ ᠲᠤᠰᠢᠶᠠᠯ ᠡᠭᠦᠷᠭᠡᠯᠡᠬᠦ ᠬᠠᠮᠢᠶ᠎ᠠ ᠪᠦᠬᠦᠢ ᠳᠠᠩᠰᠠᠯᠠᠯᠲᠠ᠎ᠶᠢᠨ ᠬᠦᠰᠦᠨᠦᠭᠲᠦ᠂ ᠪᠠᠢᠭᠤᠯᠤᠮᠵᠢ᠎ᠶᠢᠨ ᠣᠷᠣᠨ ᠲᠣᠭ᠎ᠠ᠎ᠶᠢᠨ ᠬᠠᠮᠢᠶᠠᠷᠤᠯᠲᠠ ᠵᠢᠨ ᠭᠡᠷᠡᠴᠢ ᠦᠨᠡᠮᠯᠡᠯ ᠵᠢᠴᠢ ᠠᠵᠢᠯ᠎ᠤᠨ ᠪᠠᠢᠷᠢ᠎ᠳᠤ ᠬᠡᠷᠡᠭᠰᠡᠬᠦ ᠪᠤᠰᠤᠳ ᠭᠡᠷᠡᠴᠢ ᠮᠠᠲᠧᠷᠢᠶᠠᠯ᠎ᠤᠨ ᠡᠯᠧᠺᠲᠷᠣᠨ ᠬᠡᠪᠯᠡᠯ᠎ᠢ ᠲᠣᠭᠲᠠᠭᠠᠯ ᠶᠣᠰᠣᠭᠠᠷ ᠲᠤᠰᠢᠶᠠᠬᠤ ᠬᠡᠷᠡᠭᠲᠡᠢ᠃

ᠠᠯᠪᠠᠨ ᠵᠠᠷᠯᠠᠯ᠎ᠳᠦ᠂ ᠳᠠᠬᠢᠨ ᠬᠢᠨᠠᠬᠤ᠎ᠶᠢ ᠲᠠᠶᠠᠭᠳᠠᠬᠤ᠎ᠳᠤ ᠡᠷᠬᠡᠪᠰᠢ ᠲᠠᠶᠠᠭᠳᠠᠬᠤ ᠢᠯᠡᠷᠬᠡᠢᠯᠡᠯᠲᠡ ᠲᠤᠰᠢᠶᠠᠬᠤ ᠬᠡᠷᠡᠭᠲᠡᠢ᠂ ᠬᠤᠭᠤᠴᠠᠭ᠎ᠠ ᠬᠡᠲᠦᠷᠡᠲᠡᠯ᠎ᠡ ᠳᠠᠬᠢᠨ ᠬᠢᠨᠠᠯᠲᠠ᠎ᠳᠦ ᠤᠷᠤᠯᠴᠠᠭᠰᠠᠨ ᠦᠭᠡᠢ ᠮᠥᠷᠲᠡᠭᠡᠨ ᠲᠠᠶᠠᠭᠳᠠᠬᠤ᠎ᠪᠠᠷ ᠮᠡᠳᠡᠭᠦᠯᠦᠭᠰᠡᠨ ᠦᠭᠡᠢ ᠬᠥᠮᠥᠰ᠎ᠦᠨ ᠲᠠᠷᠠᠭᠠᠴᠢ᠎ᠶᠢᠨ ᠰᠢᠯᠢᠨ ᠰᠣᠩᠭᠣᠬᠤ ᠬᠢᠷᠢ ᠬᠡᠮ᠎ᠢ ᠬᠦᠴᠦᠨ ᠦᠭᠡᠢ ᠪᠣᠯᠭᠠᠨ᠎ᠠ; ᠬᠢᠷᠢ ᠬᠡᠮ᠎ᠢ ᠬᠢᠨᠠᠨ ᠪᠠᠢᠴᠠᠭᠠᠬᠤ᠎ᠠᠵᠢᠯ ᠨᠢ ᠰᠢᠯᠢᠨ ᠰᠣᠩᠭᠣᠬᠤ ᠪᠥᠬᠥ ᠶᠠᠪᠤᠴᠠ᠎ᠳᠤ ᠲᠤᠭᠤᠰᠢᠯᠠᠭᠳᠠᠵᠤ᠂ ᠳᠤᠷ᠎ᠠ᠎ᠶᠢᠨ ᠨᠢᠭᠡ ᠭᠣᠭᠴᠣᠭ᠎ᠠ ᠳ᠋ᠦ ᠬᠤᠳᠠᠯ ᠬᠡᠯᠡᠵᠦ ᠬᠠᠭᠤᠷᠮᠠᠭᠯᠠᠨ ᠵᠣᠬᠢᠶᠠᠪᠠᠯ ᠰᠢᠯᠢᠨ ᠰᠣᠩᠭᠣᠬᠤ ᠬᠢᠷᠢ ᠬᠡᠮ᠎ᠢ ᠨᠢ ᠬᠦᠴᠦᠨ ᠦᠭᠡᠢ ᠪᠣᠯᠭᠠᠨ᠎ᠠ ᠭᠡᠵᠦ ᠲᠣᠳᠣᠷᠬᠠᠢ ᠲᠣᠭᠲᠠᠭᠠᠪᠠ᠃

ᠨᠢᠭᠤᠷᠲᠠᠨ ᠰᠢᠯᠭᠠᠯᠲᠠ ᠵᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ᠎ᠡᠴᠡ ᠨᠢᠭᠡᠳᠦᠯᠲᠡᠢ ᠵᠣᠬᠢᠶᠠᠨ ᠪᠠᠢᠭᠤᠯᠵᠤ᠂ ᠪᠣᠳᠠᠲᠠᠢ ᠲᠣᠬᠢᠷᠠᠭᠤᠯᠤᠯᠲᠠ᠎ᠶᠢ ᠳᠠᠬᠢᠨ ᠬᠢᠨᠠᠵᠤ ᠳᠠᠭᠤᠰᠤᠭᠰᠠᠨ᠎ᠤ ᠳᠠᠷᠠᠭ᠎ᠠ ᠠᠰ ᠲᠤᠨᠢ ᠨᠡᠢᠲᠡᠯᠡᠨ᠎ᠡ᠃

ᠨᠠᠷᠢᠨ ᠠᠭᠤᠯᠭ᠎ᠠ ᠵᠢ ᠲᠤᠤᠷᠠᠬᠢ 《ᠤᠤᠯ ᠵᠤᠬᠢᠶᠠᠯ᠎ᠢ ᠦᠵᠡᠬᠦ》 (《阅读原文》) ᠭᠡᠰᠡᠨ ᠦᠰᠦᠭ᠎ᠢ ᠲᠤᠪᠴᠢᠳᠠᠵᠦ ᠦᠵᠡᠭᠡᠷᠡᠢ!

ᠢᠷᠡᠯᠲᠡ᠄ ᠥᠪᠥᠷ ᠮᠣᠩᠭᠣᠯ᠎ᠤᠨ ᠠᠵᠢᠯᠲᠠᠨ᠎ᠤ ᠶᠠᠪᠤᠳᠠᠯ᠎ᠤᠨ ᠰᠢᠯᠭᠠᠯᠲᠠ᠎ᠶᠢᠨ ᠰᠦᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号