— ᠦᠪᠤᠷ ᠮᠤᠩᠭᠤᠯ ᠤ᠋ᠨ ᠬᠦᠳᠡᠬᠡ ᠲᠤᠰᠬᠤᠨ ᠢ᠋ ᠪᠦᠬᠦ ᠲᠠᠯ᠎ᠠ ᠪᠡᠷ ᠬᠦᠭᠵᠢᠬᠦᠯᠦᠨ ᠮᠠᠨᠳᠤᠭᠤᠯᠬᠤ ᠵᠢ ᠲᠦᠷᠬᠡᠳᠬᠡᠨ ᠠᠬᠢᠭᠤᠯᠵᠤ ᠪᠠᠢᠬᠤ ᠲᠤᠬᠠᠢ ᠮᠡᠳᠡᠬᠡᠯᠡᠯ
ᠮᠢᠬᠠᠨ ᠤ᠋ ᠬᠣᠨᠢ᠂ ᠮᠢᠬᠠᠨ ᠤ᠋ ᠦᠬᠡᠷ᠂ ᠰᠦ᠋ ᠶ᠋ᠢᠨ ᠦᠢᠯᠡᠰ᠂ ᠡᠷᠳᠡᠨᠢ ᠰᠢᠰᠢ᠂ ᠲᠦᠮᠦᠰᠤ᠂ ᠲᠠᠵᠢᠬᠡᠯ ᠡᠪᠡᠰᠤ᠂ ᠢᠳᠡᠰᠢᠨ ᠨᠤᠭᠤᠭ᠎ᠠ ᠵᠡᠷᠭᠡ ᠪᠤᠯ ᠦᠪᠤᠷ ᠮᠤᠩᠭᠤᠯ ᠤ᠋ᠨ ᠮᠠᠯ ᠠᠵᠤ ᠠᠬᠤᠢ ᠲᠠᠷᠢᠶᠠᠯᠠᠡᠭ ᠤ᠋ᠨ ᠦᠪᠡᠷᠮᠢᠴᠡ ᠤᠨᠴᠠᠯᠢᠭ ᠲᠠᠢ ᠲᠠᠪᠠᠭᠤᠯᠢᠭᠲᠦ ᠠᠵᠤ ᠦᠢᠯᠡᠰ ᠪᠤᠯᠤᠨ᠎ᠠ᠃ ᠮᠠᠨ ᠤ᠋ ᠤᠷᠤᠨ ᠮᠠᠯ ᠠᠵᠤ ᠠᠬᠤᠢ ᠲᠠᠷᠢᠶᠠᠯᠠᠩ ᠤ᠋ᠨ ᠠᠵᠤ ᠦᠢᠯᠡᠰ ᠤ᠋ᠨ ᠬᠦᠷᠢᠶᠡᠯᠡᠡᠭ ᠤ᠋ᠨ ᠪᠦᠲᠦᠭᠡᠨ ᠪᠠᠢᠭᠤᠯᠤᠯᠲᠠ ᠵᠢ ᠦᠨᠳᠦᠷ ᠪᠠᠷᠢᠮᠵᠢᠶ᠎ᠡ ᠪᠡᠷ ᠠᠬᠢᠭᠤᠯᠤᠨ᠂ ᠮᠠᠯᠴᠢᠨ ᠲᠠᠷᠢᠶᠠᠴᠢᠨ ᠲᠠᠢ ᠬᠤᠯᠪᠤᠭᠠᠯᠠᠨ ᠮᠠᠯᠴᠢᠨ ᠲᠠᠷᠢᠶᠠᠴᠢᠨ ᠢ᠋ ᠳᠠᠢᠴᠢᠯᠠᠬᠤ ᠲᠤᠭᠲᠠᠴᠠ ᠵᠢ ᠲᠠᠰᠤᠷᠠᠯᠲᠠ ᠦᠭᠡᠢ ᠲᠡᠭᠦᠯᠳᠡᠷᠵᠢᠭᠦᠯᠵᠤ᠂ ᠤᠳᠤ ᠦᠶ᠎ᠠ ᠵᠢᠨ ᠮᠠᠯ ᠠᠵᠤ ᠠᠬᠤᠢ ᠲᠠᠷᠢᠶᠠᠯᠠᠩ ᠤ᠋ᠨ ᠬᠦᠭᠵᠢᠯᠳᠡ ᠳ᠋ᠤ ᠰᠢᠨ᠎ᠠ ᠡᠨ᠋ᠸᠷᠬᠢ ᠤᠯᠭᠤᠪᠠ᠃
ᠪᠤᠭᠤᠲᠤ᠌ ᠬᠣᠲᠠ ᠶ᠋ᠢᠨ ᠲᠦᠮᠡᠳ ᠪᠠᠷᠠᠭᠤᠨ ᠬᠣᠰᠢᠭᠤᠨ ᠤ᠋ ᠪᠠᠶ᠋ᠢᠰᠢᠩᠴᠢ ᠲᠣᠰᠬᠣᠨ ᠤ᠋ ᠮᠢᠩᠭᠠᠨ ᠮᠥ᠍ ᠵᠢᠨ ᠥᠨᠳᠥᠷ ᠪᠠᠷᠢᠮᠵᠢᠶᠠᠲᠤ᠌ ᠲᠠᠷᠢᠶᠠᠨ ᠭᠠᠵᠠᠷ ᠤ᠋ᠨ ᠵᠢᠱ᠌ᠢᠶ᠎ᠡ ᠦᠵᠡᠭᠦᠯᠬᠦ᠌ ᠣᠷᠣᠨ ᠳ᠋ᠤ ᠡᠷᠳᠡᠨᠢ ᠰᠢᠰᠢ ᠶ᠋ᠢᠨ ᠲᠠᠷᠢᠶ᠎ᠠ ᠬᠦᠬᠡᠷᠡᠨ ᠨᠤᠭᠤᠭᠠᠷᠠᠵᠤ ᠰᠤᠭᠤᠷᠠᠨ ᠤᠷᠭᠤᠨ᠎ᠠ᠃ ᠲᠤᠬᠠᠢ ᠶ᠋ᠢᠨ ᠭᠠᠵᠠᠷ ᠤ᠋ᠨ ᠬᠢᠨ ᠰᠦᠯᠢᠶᠤᠤ ᠪᠦᠷᠬᠦᠪᠴᠢ ᠲᠠᠷᠤᠬᠤ ᠦᠭᠡᠢ ᠪᠡᠷ ᠬᠦᠶᠦᠬᠡᠨ ᠪᠤᠯᠠᠵᠤ ᠲᠤᠰᠤᠯᠭᠠᠨ ᠤᠰᠤᠯᠠᠬᠤ ᠵᠢᠱ᠌ᠢᠢᠡ ᠦᠵᠡᠭᠦᠯᠬᠦ᠌ ᠤᠷᠤᠨ ᠢ᠋ ᠪᠦᠳᠦᠬᠡᠨ ᠪᠠᠢᠭᠤᠯᠵᠤ᠂ ᠲᠠᠷᠢᠶᠠᠨ ᠭᠠᠵᠠᠷ ᠲᠤ᠌ ᠤᠭᠰᠠᠷᠠᠭᠰᠠᠨ ᠬᠥᠷᠥᠰᠥ᠍ ᠰᠢᠷᠣᠢ ᠶ᠋ᠢᠨ ᠴᠢᠭᠢᠭ ᠤ᠋ᠨ ᠪᠠᠶ᠋ᠢᠳᠠᠯ ᠤ᠋ᠨ ᠬᠡᠮᠵᠢᠯᠲᠡ ᠶ᠋ᠢᠨ ᠲᠤᠨᠤᠭᠯᠠᠯ ᠵᠡᠷᠭᠡ ᠤᠶᠤᠨᠴᠢ ᠲᠦᠬᠦᠭᠡᠷᠦᠮᠵᠢ ᠨᠢ ᠤᠨᠠᠯᠲᠠ ᠵᠢ ᠨᠡᠮᠡᠭᠳᠡᠭᠦᠯᠬᠦ 《ᠤᠶᠤᠨᠴᠢ ᠲᠦᠯᠬᠢᠬᠦᠷ》 ᠪᠤᠯᠤᠭᠰᠠᠨ ᠪᠦᠬᠡᠳ ᠬᠦᠮᠦᠨ ᠤ᠋ ᠬᠦᠴᠦ ᠵᠢ ᠴᠦ᠍ ᠶᠡᠬᠡ ᠪᠡᠷ ᠠᠷᠪᠢᠯᠠᠪᠠ᠃ ᠲᠦᠮᠡᠳ ᠪᠠᠷᠠᠭᠤᠨ ᠬᠣᠰᠢᠭᠤᠨ ᠤ᠋ ᠹᠦ᠋ ᠧᠨ ᠲᠤᠰᠬᠠᠢ ᠬᠣᠷᠰᠢᠶ᠎ᠠ ᠶ᠋ᠢᠨ ᠲᠠᠷᠢᠶᠠᠨ ᠭᠠᠵᠠᠷ ᠲᠤᠰ ᠵᠢᠱ᠌ᠢᠶ᠎ᠡ ᠦᠵᠡᠭᠦᠯᠬᠦ ᠤᠷᠤᠨ ᠳ᠋ᠦ ᠪᠠᠭᠲᠠᠵᠤ᠂ ᠤᠯᠠᠮᠵᠢᠯᠠᠯᠲᠦ ᠵᠠᠭᠪᠤᠷ ᠶ᠋ᠢᠡᠷ ᠲᠠᠷᠢᠵᠤ ᠪᠠᠢᠬᠤ ᠳ᠋ᠦ ᠮᠦ᠍ ᠨᠢᠭᠡᠴᠢ ᠶ᠋ᠢᠨ ᠤᠨᠠᠯᠲᠠ ᠨᠢ 1600 — 1700 ᠵᠢᠩ ᠳ᠋ᠦ ᠬᠦᠷᠴᠦ᠂ ᠡᠨᠡ ᠵᠢᠯ ᠰᠢᠨ᠎ᠡ ᠵᠠᠭᠪᠤᠷ ᠢ᠋ ᠬᠡᠷᠡᠭᠵᠢᠭᠦᠯᠦᠭᠰᠡᠨ ᠡᠴᠡ ᠮᠦ᠍ ᠨᠢᠭᠡᠴᠢ ᠶ᠋ᠢᠨ ᠤᠨᠠᠯᠲᠠ ᠨᠢ 2400 ᠵᠢᠩ ᠢ᠋ ᠳᠠᠪᠠᠬᠤ ᠪᠣᠯᠤᠮᠵᠢ ᠲᠠᠢ ᠪᠠᠢᠵᠤ᠂ ᠲᠠᠷᠢᠶᠠᠴᠢᠳ ᠤ᠋ᠨ ᠲᠠᠷᠢᠶᠠᠨ ᠭᠠᠵᠠᠷ ᠤ᠋ᠨ ᠡᠵᠡᠡᠭᠨᠡᠯᠲᠡ ᠶ᠋ᠢᠨ ᠡᠷᠭᠡ ᠪᠠᠨ ᠭᠦᠢᠯᠭᠡᠭᠡᠬᠦ ᠦᠨ᠎ᠡ ᠴᠦ᠍ ᠬᠠᠷᠢᠴᠠᠡᠭᠭᠤᠢ ᠪᠡᠷ ᠨᠡᠯᠢᠶᠡᠳ ᠦᠰᠴᠦ ᠤᠷᠤᠯᠭ᠎ᠠ ᠨᠢ ᠮᠡᠳᠡᠭᠳᠡᠮ᠎ᠠ ᠲᠠᠬᠡᠭᠰᠢᠯᠡᠭᠰᠡᠨ ᠪᠠᠢᠨ᠎ᠠ᠃
ᠪᠤᠭᠤᠳᠤ ᠬᠤᠳᠠ ᠵᠢᠨ ᠲᠦᠮᠡᠳ ᠪᠠᠷᠠᠭᠤᠨ ᠬᠣᠰᠢᠭᠤ 14 ᠵᠢᠯ ᠳᠠᠷᠠᠭᠠᠯᠠᠨ ᠪᠦᠬᠦ᠌ ᠤᠯᠤᠰ ᠤ᠋ᠨ ᠠᠮᠤ ᠪᠤᠳᠠᠭᠠᠨ ᠤ᠋ ᠦᠢᠯᠡᠳᠪᠦᠷᠢᠯᠡᠯ ᠤ᠋ᠨ ᠲᠤᠮᠤ ᠰᠢᠶᠠᠨ ᠶ᠋ᠢᠡᠷ ᠦᠨᠡᠯᠡᠭᠳᠡᠪᠡ᠃ ᠡᠨᠡ ᠵᠢᠯ ᠲᠤᠰ ᠬᠤᠰᠢᠭᠤ ᠤᠯᠤᠰ ᠤ᠋ᠨ ᠲᠠᠰ ᠤ᠋ᠨ ᠣᠲᠣ ᠦᠶ᠎ᠡ ᠶ᠋ᠢᠨ ᠬᠦᠳᠡᠬᠡ ᠠᠵᠤ ᠠᠬᠤᠢ ᠵᠢᠨ ᠠᠵᠤ ᠦᠢᠯᠡᠰ ᠤ᠋ᠨ ᠬᠦᠷᠢᠶᠡᠯᠡᠩ ᠤ᠋ᠨ ᠪᠦᠳᠦᠬᠡᠨ ᠪᠠᠢᠭᠤᠯᠤᠯᠳᠠ ᠵᠢᠨ ᠵᠦᠪᠰᠢᠶᠡᠷᠡᠯ ᠢ᠋ ᠤᠯᠵᠤ᠂ ᠡᠷᠳᠡᠨᠢ ᠰᠢᠰᠢ ᠪᠡᠷ ᠭᠤᠤᠯᠯᠠᠬᠤ ᠠᠵᠤ ᠦᠢᠯᠡᠰ ᠪᠣᠯᠭᠠᠨ 17 ᠭᠤᠤᠯᠳᠠᠯᠭ᠎ᠠ ᠲᠠᠢ ᠲᠦᠷᠦᠯ ᠵᠦᠢᠯ ᠢ᠋ ᠪᠦᠲᠦᠭᠡᠨ ᠪᠠᠢᠭᠤᠯᠬᠤ ᠪᠡᠷ ᠲᠦᠯᠦᠪᠵᠢᠭᠦᠯᠵᠦ᠂ ᠡᠭᠦᠯᠳᠡᠷ ᠰᠠᠢᠵᠢᠷᠠᠭᠤᠯᠬᠤ᠂ ᠨᠠᠷᠢᠯᠢᠭ ᠪᠤᠯᠪᠠᠰᠤᠷᠠᠭᠤᠯᠬᠤ᠂ ᠡᠰᠢ ᠰᠦᠷᠡᠯ ᠢ᠋ ᠠᠰᠢᠭᠯᠠᠬᠤ ᠵᠡᠷᠭᠡ ᠲᠦᠷᠦᠯ ᠵᠦᠢᠯ ᠢ᠋ ᠬᠡᠷᠡᠭᠵᠢᠭᠦᠯᠤᠨ᠂ ᠡᠷᠳᠡᠨᠢ ᠰᠢᠰᠢ ᠶ᠋ᠢᠨ ᠠᠵᠤ ᠦᠢᠯᠡᠰ ᠤ᠋ᠨ ᠬᠦᠨᠵᠡᠭᠡᠢ ᠠᠭᠤᠰᠤᠯᠴᠠᠨ ᠬᠦᠭᠵᠢᠬᠦ ᠵᠢ ᠠᠬᠢᠭᠤᠯᠵᠤ ᠪᠤᠢ᠃ ᠲᠡᠷᠡ ᠮᠦᠷᠲᠡᠭᠡᠨ ᠡᠷᠳᠡᠨᠢ ᠰᠢᠰᠢ ᠶ᠋ᠢᠨ ᠮᠦ᠍ ᠨᠢᠭᠡᠴᠢ ᠶ᠋ᠢᠨ ᠤᠨᠠᠯᠲᠠ ᠪᠤᠯᠤᠨ ᠶᠠᠰᠤ ᠴᠢᠨᠡᠷ ᠢ᠋ ᠪᠦᠬᠦ ᠲᠠᠯ᠎ᠠ ᠪᠡᠷ ᠳᠡᠭᠡᠭᠰᠢᠯᠡᠭᠦᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠲᠤᠯᠭᠠᠭᠤᠷᠢᠯᠠᠯ ᠢ᠋ ᠴᠢᠡᠭᠭᠠᠳᠬᠠᠨ᠂ ᠡᠷᠳᠡᠨᠢ ᠰᠢᠰᠢ ᠵᠢ ᠨᠠᠷᠢᠯᠢᠭ ᠪᠤᠯᠪᠠᠰᠤᠷᠠᠭᠤᠯᠬᠤ ᠵᠢᠴᠢ ᠳᠠᠭᠠᠯᠲᠠ ᠭᠠᠷᠤᠯᠲᠠ ᠵᠢ ᠶᠡᠷᠦᠡᠭᠬᠡᠢᠯᠡᠨ ᠠᠰᠢᠭᠯᠠᠵᠤ᠂ ᠨᠡᠡᠭ ᠤᠯᠠᠨ ᠲᠠᠷᠢᠶᠠᠴᠢᠳ ᠤ᠋ᠨ ᠬᠦᠷᠢᠶᠡᠯᠡᠡᠭ ᠳ᠋ᠦ ᠰᠠᠭᠤᠷᠢᠰᠢᠭ᠎ᠠ ᠠᠵᠤ ᠠᠬᠤᠢᠯᠠᠯ ᠳ᠋ᠦ ᠠᠵᠢᠯ ᠬᠢᠵᠦ ᠤᠷᠤᠯᠭ᠎ᠠ ᠪᠠᠨ ᠨᠡᠮᠡᠭᠳᠡᠭᠦᠯᠬᠦ ᠵᠢ ᠳᠠᠢᠴᠢᠯᠠᠵᠤ ᠪᠠᠢᠨ᠎ᠠ᠃
ᠤᠯᠠᠭᠠᠨᠬᠠᠳᠠ ᠬᠤᠲᠠ ᠶ᠋ᠢᠨ ᠯᠢᠨᠰᠢ ᠰᠢᠶᠠᠨ ᠡᠨᠡ ᠵᠢᠯ ᠪᠠᠰᠠ ᠲᠦᠮᠡᠳ ᠪᠠᠷᠠᠭᠤᠨ ᠬᠤᠰᠢᠭᠤ ᠲᠠᠢ ᠬᠠᠮᠲᠤ ᠪᠡᠷ ᠤᠯᠤᠰ ᠤ᠋ᠨ ᠳᠡᠰ ᠤ᠋ᠨ ᠤᠳᠤ ᠦᠶ᠎ᠡ ᠶ᠋ᠢᠨ ᠬᠦᠳᠡᠬᠡ ᠠᠵᠤ ᠠᠬᠤᠢ ᠵᠢᠨ ᠠᠵᠤ ᠦᠢᠯᠡᠰ ᠤ᠋ᠨ ᠬᠦᠷᠢᠶᠡᠯᠡᠡᠭ ᠤ᠋ᠨ ᠪᠦᠳᠦᠬᠡᠨ ᠪᠠᠢᠭᠤᠯᠤᠯᠳᠠ ᠵᠢᠨ ᠵᠦᠪᠰᠢᠶᠡᠷᠡᠯ ᠢ᠋ ᠤᠯᠵᠤ᠂ ᠠᠵᠤ ᠦᠢᠯᠡᠰ ᠤ᠋ᠨ ᠬᠦᠷᠢᠶᠡᠯᠡᠡᠭ ᠨᠢ 6 ᠰᠢᠶᠠᠡᠭ ᠪᠠᠯᠭᠠᠰᠤ ᠵᠢ ᠬᠠᠮᠤᠷᠤᠨ᠂ ᠮᠢᠬᠠᠨ ᠤ᠋ ᠦᠬᠡᠷ ᠪᠤᠯᠤᠨ ᠢᠳᠡᠰᠢᠨ ᠨᠤᠭᠤᠭ᠎ᠠ ᠵᠢᠨ 2 ᠶᠡᠬᠡ ᠭᠤᠤᠯᠯᠠᠬᠤ ᠠᠵᠤ ᠦᠢᠯᠡᠰ ᠢ᠋ ᠭᠤᠤᠯᠳᠠᠯᠭ᠎ᠠ ᠲᠠᠢ ᠬᠦᠭᠵᠢᠭᠦᠯᠬᠦ ᠪᠤᠯᠤᠨ᠎ᠠ᠃ ᠲᠤᠰ ᠰᠢᠶᠠᠨ 《ᠨᠢᠭᠡ ᠵᠢᠯ ᠳ᠋ᠤ ᠰᠠᠭᠤᠷᠢ ᠵᠢ ᠴᠢᠩᠭᠠᠳᠬᠠᠵᠤ᠂ ᠬᠣᠶᠠᠷ ᠵᠢᠯ ᠳ᠋ᠤ ᠦᠷ᠎ᠡ ᠪᠦᠲᠦᠮᠵᠢ ᠤᠯᠵᠤ᠂ ᠭᠤᠷᠪᠠᠨ ᠵᠢᠯ ᠳ᠋ᠤ ᠵᠠᠭᠪᠤᠷᠰᠢᠭᠤᠯᠬᠤ》 ᠠᠵᠢᠯᠯᠠᠭᠠᠨ ᠤ᠋ ᠲᠥᠯᠥᠪᠯᠡᠭᠡ ᠶᠣᠰᠣᠭᠠᠷ 3 ᠵᠢᠯ ᠤ᠋ᠨ ᠳᠣᠲᠣᠷ᠎ᠠ ᠮᠢᠬᠠᠨ ᠤ᠋ ᠦᠬᠡᠷ ᠪᠤᠯᠤᠨ ᠢᠳᠡᠰᠢᠨ ᠨᠣᠭᠣᠭ᠎ᠠ ᠶ᠋ᠢᠨ ᠦᠢᠯᠡᠳᠬᠦᠨ ᠤ᠋ ᠥᠷᠲᠡᠭ ᠢ᠋ ᠲᠣᠰ ᠲᠣᠰ 39% ᠪᠠ 22% ᠶ᠋ᠢᠡᠷ ᠨᠡᠮᠡᠭᠳᠡᠭᠦᠯᠬᠦ ᠪᠡᠷ ᠲᠦᠯᠦᠪᠯᠡᠵᠦ ᠪᠤᠢ᠃ ᠡᠬᠦᠨ ᠳ᠋ᠤ ᠯᠢᠨᠰᠢ ᠰᠢᠶᠠᠨ ᠤ᠋ ᠱᠡᠭᠡᠷᠲᠦ ᠰᠢᠶᠠᠩ ᠤ᠋ᠨ ᠬᠢᠨ ᠲᠦᠷᠦᠯ ᠲᠡᠮᠲᠡᠭ ᠢ᠋ ᠴᠤᠭᠴᠠᠯᠠᠬᠤ ᠲᠤᠭᠤᠷᠢᠨ ᠳ᠋ᠦ ᠯᠢᠨᠰᠢ ᠶ᠋ᠢᠨ ᠤᠯᠠᠭᠠᠨ ᠲᠦᠪᠡᠳ ᠬᠠᠰᠢ᠂ ᠤᠯᠠᠭᠠᠨ ᠭᠤᠤ ᠶ᠋ᠢᠨ ᠠᠮᠲᠠᠲᠤ ᠬᠡᠮᠬᠡ᠂ ᠤᠯᠠᠭᠠᠨ ᠭᠤᠤ ᠶ᠋ᠢᠨ ᠵᠢᠮᠢᠰ ᠵᠡᠷᠭᠡ ᠲᠦᠷᠦᠯ ᠲᠡᠮᠳᠡᠭ ᠢ᠋ ᠪᠤᠢᠵᠢᠭᠤᠯᠵᠤ᠂ ᠦᠢᠯᠡᠳᠬᠦᠨ ᠤ᠋ ᠨᠡᠮᠡᠯᠲᠡ ᠦᠷᠳᠡᠭ ᠢ᠋ ᠳᠡᠭᠡᠭᠰᠢᠯᠡᠭᠦᠯᠤᠨ ᠲᠠᠷᠢᠶᠠᠴᠢᠳ ᠤ᠋ᠨ ᠤᠷᠤᠯᠭ᠎ᠠ ᠵᠢ ᠨᠡᠮᠡᠭᠳᠡᠭᠦᠯᠬᠦ ᠪᠡᠷ ᠴᠢᠷᠮᠠᠢᠵᠤ ᠪᠠᠢᠨ᠎ᠠ᠃
ᠮᠠᠨ ᠤ᠋ ᠤᠷᠤᠨ ᠮᠢᠬᠠᠨ ᠤ᠋ ᠬᠤᠨᠢ᠂ ᠮᠢᠬᠠᠨ ᠤ᠋ ᠦᠬᠡᠷ᠂ ᠰᠠᠭᠠᠯᠢ ᠶ᠋ᠢᠨ ᠦᠨᠢᠶ᠎ᠠ᠂ ᠡᠷᠳᠡᠨᠢ ᠰᠢᠰᠢ᠂ ᠲᠡᠵᠢᠭᠡᠯ ᠡᠪᠡᠰᠦ ᠵᠡᠷᠭᠡ ᠦᠪᠡᠷᠮᠢᠴᠡ ᠤᠨᠴᠠᠯᠢᠭ ᠲᠠᠢ ᠳᠠᠪᠠᠭᠤᠯᠢᠭᠲᠦ ᠭᠤᠤᠯᠯᠠᠬᠤ ᠠᠵᠤ ᠦᠢᠯᠡᠰ ᠤ᠋ᠨ ᠲᠤᠭᠤᠷᠢᠨ ᠳ᠋ᠦ ᠨᠢᠭᠡᠨᠲᠡ ᠤᠯᠤᠰ ᠤ᠋ᠨ ᠳᠡᠰ ᠤ᠋ᠨ ᠤᠳᠤ ᠦᠶ᠎ᠡ ᠶ᠋ᠢᠨ ᠬᠦᠳᠡᠬᠡ ᠠᠵᠤ ᠠᠬᠤᠢ ᠵᠢᠨ ᠠᠵᠤ ᠦᠢᠯᠡᠰ ᠤ᠋ᠨ ᠬᠦᠷᠢᠶᠡᠯᠡᠡᠭ ᠢ᠋ 15 ᠪᠠᠢᠭᠤᠯᠵᠤ᠂ ᠦᠪᠡᠷᠲᠡᠭᠡᠨ ᠵᠠᠰᠠᠬᠤ ᠤᠷᠤᠨ ᠤ᠋ ᠳᠡᠰ ᠤ᠋ᠨ ᠤᠳᠤ ᠦᠶ᠎ᠡ ᠶ᠋ᠢᠨ ᠮᠠᠯ ᠠᠵᠤ ᠠᠬᠤᠢ ᠲᠠᠷᠢᠶᠠᠯᠠᠡᠭ ᠤ᠋ᠨ ᠠᠵᠤ ᠦᠢᠯᠡᠰ ᠤ᠋ᠨ ᠬᠦᠷᠢᠶᠡᠯᠡᠡᠭ ᠢ᠋ 43 ᠨᠦᠬᠡᠴᠡᠯᠡᠨ ᠪᠦᠲᠦᠭᠡᠨ ᠪᠠᠢᠭᠤᠯᠵᠤ᠂ ᠦᠪᠡᠷᠲᠡᠭᠡᠨ ᠵᠠᠰᠠᠬᠤ ᠤᠷᠤᠨ ᠡᠴᠡ 4.6 ᠳ᠋ᠦ᠋ᠡᠭᠰᠢᠭᠤᠷ ᠲᠦᠭᠦᠷᠢᠭ ᠤ᠋ᠨ ᠡᠳ᠋ ᠤ᠋ᠨ ᠵᠠᠰᠠᠭ ᠤ᠋ᠨ ᠱᠠᠡᠭᠨᠠᠯ ᠨᠦᠬᠦᠪᠦᠷᠢ ᠶ᠋ᠢᠨ ᠪᠡᠯᠡ ᠮᠦᠩᠬᠦ ᠤᠷᠤᠭᠤᠯᠵᠤ᠂ 77.39 ᠲᠦᠮᠡᠨ ᠮᠠᠯᠴᠢᠨ ᠲᠠᠷᠢᠶᠠᠴᠢᠨ ᠢ᠋ ᠰᠢᠭᠤᠳ ᠪᠤᠶᠤ ᠲᠠᠮ ᠵᠢᠡᠷ ᠲᠠᠢᠴᠢᠯᠠᠨ ᠠᠰᠢᠭ ᠤᠷᠤᠯᠭ᠎ᠠ ᠵᠢ ᠨᠢ ᠢᠯᠡᠷᠬᠡᠢ ᠨᠡᠮᠡᠭᠳᠡᠬᠦᠯᠪᠡ᠃ 300 ᠭᠠᠷᠤᠢ ᠵᠦᠢᠯ ᠤ᠋ᠨ ᠲᠠᠷᠢᠶᠠᠯᠠᠡᠭ ᠤ᠋ᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠦᠷ᠎ᠡ ᠪᠦᠲᠦᠭᠡᠯ ᠢ᠋ ᠤᠨᠳᠤᠤᠰᠢᠭᠤᠯᠤᠨ ᠬᠡᠷᠡᠭᠯᠡᠵᠦ᠂ ᠡᠷᠳᠡᠨᠢ ᠰᠢᠰᠢ ᠶ᠋ᠢᠨ ᠨᠢᠭᠲᠠ ᠲᠠᠷᠢᠵᠤ ᠨᠠᠷᠢᠨ ᠤᠨᠤᠴᠠᠲᠠᠢ ᠲᠤᠬᠢᠷᠠᠭᠤᠯᠤᠨ ᠡᠵᠡᠮᠳᠡᠬᠦ ᠮᠡᠷᠭᠡᠵᠢᠯ᠂ ᠤᠶᠤᠨᠴᠢ ᠪᠡᠷ ᠤᠰᠤ ᠪᠤᠷᠳᠤᠭᠤᠷ ᠢ᠋ ᠨᠢᠭᠡ ᠴᠤᠭᠴᠠᠵᠢᠭᠤᠯᠬᠤ ᠵᠡᠷᠭᠡ ᠵᠠᠡᠭᠬᠢᠯᠠᠭᠠ ᠶ᠋ᠢᠨ ᠮᠡᠷᠭᠡᠵᠢᠯ ᠢ᠋ ᠬᠡᠪᠴᠢᠶᠡᠵᠢᠭᠦᠯᠦᠨ ᠨᠠᠢᠳᠠᠪᠤᠷᠢᠵᠢᠭᠤᠯᠵᠠᠢ᠃ ᠬᠦᠬᠡᠬᠤᠲᠠ ᠶ᠋ᠢᠨ ᠴᠠᠭᠠᠨ ᠢᠳᠡᠭᠡᠨ ᠤ᠋ ᠦᠢᠯᠡᠰ᠂ ᠬᠢᠡᠭᠭᠠᠨ ᠤ᠋ ᠳᠤᠲᠤᠷᠭ᠎ᠠ᠂ ᠲᠦᠡᠭᠯᠢᠶᠤᠤ ᠶ᠋ᠢᠨ ᠦᠬᠡᠷ ᠤ᠋ᠨ ᠮᠢᠬ᠎ᠠ᠂ ᠤᠯᠠᠭᠠᠨᠴᠠᠪ ᠤ᠋ᠨ ᠲᠦᠮᠦᠰᠦ ᠵᠡᠷᠭᠡ ᠨᠢᠭᠡ ᠪᠦᠯᠦᠭ ᠦᠪᠡᠷᠮᠢᠴᠡ ᠤᠨᠴᠠᠯᠢᠭ ᠲᠠᠢ ᠳᠠᠪᠠᠭᠤᠯᠢᠭᠲᠦ ᠭᠤᠤᠯᠯᠠᠬᠤ ᠠᠵᠤ ᠦᠢᠯᠡᠰ ᠨᠢ ᠨᠢᠭᠡᠨᠲᠡ ᠮᠠᠨ ᠤ᠋ ᠤᠷᠤᠨ ᠤ᠋ 《ᠠᠮᠤ ᠶ᠋ᠢᠨ ᠰᠠᠡᠭ》᠂ 《ᠮᠢᠬᠠᠨ ᠤ᠋ ᠬᠦᠮᠦᠷᠭᠡ》᠂ 《ᠰᠦ ᠶ᠋ᠢᠨ ᠬᠦᠨᠦᠭ》 ᠤ᠋ᠨ ᠲᠤᠯᠭᠠᠭᠤᠷᠢ ᠠᠵᠤ ᠦᠢᠯᠡᠰ ᠪᠤᠯᠵᠤ ᠬᠦᠭᠵᠢᠪᠡ᠃
ᠮᠠᠨ ᠤ᠋ ᠤᠷᠤᠨ ᠤᠯᠤᠰ ᠤ᠋ᠨ ᠳᠡᠰ ᠤ᠋ᠨ ᠤᠳᠤ ᠦᠶ᠎ᠡ ᠶ᠋ᠢᠨ ᠬᠦᠳᠡᠬᠡ ᠠᠵᠤ ᠠᠬᠤᠢ ᠵᠢᠨ ᠠᠵᠤ ᠦᠢᠯᠡᠰ ᠤ᠋ᠨ ᠬᠦᠷᠢᠶᠡᠯᠡᠡᠭ ᠪᠤᠯᠤᠨ ᠦᠪᠡᠷᠲᠡᠭᠡᠨ ᠵᠠᠰᠠᠬᠤ ᠤᠷᠤᠨ ᠤ᠋ ᠳᠡᠰ ᠤ᠋ᠨ ᠤᠳᠤ ᠦᠶ᠎ᠡ ᠶ᠋ᠢᠨ ᠮᠠᠯ ᠠᠵᠤ ᠠᠬᠤᠢ ᠲᠠᠷᠢᠶᠠᠯᠠᠡᠭ ᠤ᠋ᠨ ᠠᠵᠤ ᠦᠢᠯᠡᠰ ᠤ᠋ᠨ ᠬᠦᠷᠢᠶᠡᠯᠡᠡᠭ ᠤ᠋ᠨ ᠪᠦᠲᠦᠭᠡᠨ ᠪᠠᠢᠭᠤᠯᠤᠯᠳᠠ ᠵᠢ ᠬᠦᠳᠡᠭᠡ ᠲᠤᠰᠬᠤᠨ ᠢ᠋ ᠬᠦᠭᠵᠢᠭᠦᠯᠦᠨ ᠮᠠᠨᠳᠤᠭᠤᠯᠬᠤ ᠵᠢ ᠠᠬᠢᠭᠤᠯᠬᠤ᠂ ᠤᠯᠤᠰ ᠤ᠋ᠨ ᠴᠢᠬᠤᠯᠠ ᠮᠠᠯ ᠤ᠋ᠨ ᠠᠰᠢᠭ ᠰᠢᠮ᠎ᠠ ᠲᠠᠷᠢᠶᠠᠯᠠᠡᠭ ᠤ᠋ᠨ ᠪᠦᠲᠦᠭᠡᠭᠳᠡᠭᠦᠨ ᠤ᠋ ᠦᠢᠯᠡᠳᠪᠦᠷᠢᠯᠡᠯ ᠤ᠋ᠨ ᠰᠠᠭᠤᠷᠢᠨ ᠢ᠋ ᠴᠢᠨᠠᠷ ᠰᠠᠢᠲᠠᠢ ᠪᠡᠷ ᠪᠦᠲᠦᠭᠡᠨ ᠪᠠᠢᠭᠤᠯᠬᠤ ᠶ᠋ᠢᠨ ᠴᠢᠬᠤᠯᠠ ᠭᠠᠷᠳᠠᠴᠠ ᠪᠤᠯᠭᠠᠨ᠂ ᠦᠷ᠎ᠡ ᠶ᠋ᠢᠨ ᠦᠢᠯᠡᠰ ᠢ᠋ ᠬᠦᠭᠵᠢᠭᠦᠯᠦᠨ ᠮᠠᠨᠳᠤᠭᠤᠯᠬᠤ᠂ ᠠᠮᠤ ᠪᠤᠳᠠᠭᠠᠨ ᠤ᠋ ᠤᠨᠠᠯᠲᠠ ᠵᠢ ᠳᠡᠭᠡᠭᠰᠢᠯᠡᠭᠦᠯᠬᠦ᠂ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠢ᠋ ᠨᠠᠷᠢᠯᠢᠭ ᠪᠤᠯᠪᠠᠰᠤᠷᠠᠭᠤᠯᠬᠤ ᠵᠡᠷᠭᠡ 《ᠠᠷᠪᠠᠨ ᠶᠡᠬᠡ ᠢᠨᠵᠸᠨ᠋ᠸᠷᠢᠡᠭ》 ᠤ᠋ᠨ ᠲᠤᠭᠤᠷᠢᠨ ᠳ᠋ᠦ ᠦᠢᠯᠡᠳᠪᠦᠷᠢᠯᠡᠯ ᠤ᠋ᠨ ᠴᠢᠬᠤᠯᠠ ᠡᠯᠧᠮᠧᠨ᠋ᠲ ᠢ᠋ ᠬᠦᠷᠢᠶᠡᠯᠡᠡᠭ ᠳ᠋ᠤ ᠲᠦᠪᠯᠡᠷᠡᠭᠦᠯᠬᠦ᠂ ᠲᠠᠪᠠᠭᠤᠯᠢᠭᠲᠦ ᠠᠵᠤ ᠦᠢᠯᠡᠰ ᠢ᠋ ᠬᠦᠷᠢᠶᠡᠯᠡᠡᠭ ᠳ᠋ᠤ ᠬᠤᠷᠠᠭᠤᠯᠬᠤ᠂ ᠲᠦᠷᠦ ᠶ᠋ᠢᠨ ᠪᠤᠳᠤᠯᠭ᠎ᠠ ᠪᠠ ᠪᠡᠯᠡ ᠮᠦᠡᠭᠬᠦ ᠵᠢ ᠬᠦᠷᠢᠶᠡᠯᠡᠡᠭ ᠳ᠋ᠤ ᠬᠡᠯᠪᠡᠢᠯᠭᠡᠬᠦ ᠵᠢ ᠠᠬᠢᠭᠤᠯᠵᠤ᠂ ᠠᠵᠤ ᠦᠢᠯᠡᠰ ᠤ᠋ᠨ ᠬᠦᠷᠢᠶᠡᠯᠡᠩ ᠵᠢᠡᠷ ᠲᠠᠮᠵᠢᠨ ᠤᠳᠤ ᠦᠶ᠎ᠠ ᠵᠢᠨ ᠮᠠᠯ ᠠᠵᠤ ᠠᠬᠤᠢ ᠲᠠᠷᠢᠶᠠᠯᠠᠩ ᠤ᠋ᠨ ᠬᠥᠭᠵᠢᠯᠲᠡ ᠵᠢ ᠠᠬᠢᠭᠤᠯᠤᠨ ᠦᠷ᠎ᠡ ᠠᠰᠢᠭ ᠢ᠋ ᠨᠡᠮᠡᠭᠳᠡᠭᠦᠯᠵᠤ᠂ ᠮᠠᠯᠴᠢᠨ ᠲᠠᠷᠢᠶᠠᠴᠢᠨ ᠤ᠋ ᠣᠷᠣᠯᠭ᠎ᠠ ᠵᠢ ᠨᠡᠮᠡᠭᠳᠡᠭᠦᠯᠦᠨ ᠬᠠᠮᠳᠤ ᠪᠡᠷ ᠪᠠᠶᠠᠵᠢᠬᠤ ᠵᠢ ᠠᠬᠢᠭᠤᠯᠵᠤ ᠪᠠᠢᠨ᠎ᠠ᠃