ᠭᠤᠤᠯ ᠡᠭᠦᠷᠭᠡ᠎ᠵᠢᠨ ᠳᠤᠭᠤᠷᠢᠨ ᠳ᠋ᠤ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠨ᠎ᠠ
2026-06-20 11:22:12
ᠵᠣᠬᠢᠶᠠᠭ᠍ᠴᠢ᠄
​ ᠯᠢ ᠶᠦᠩ ᠲᠤᠤ
ᠣᠩᠱᠢᠭ᠍ᠰᠠᠨ ᠣᠳᠠᠭ᠎ᠠ᠄
★★★☆☆

︱ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠳᠡᠳ᠋ ᠡᠷᠬᠢᠯᠡᠭᠴᠢ ᠮᠠ ᠸᠧᠨ᠎ᠢ ᠰᠤᠷᠪᠤᠯᠵᠢᠯᠠᠭᠰᠠᠨ ᠨᠢ


ᠤᠮᠠᠷᠠᠰᠢ ᠨᠡᠭᠡᠭᠡᠯᠲᠡ ᠬᠢᠬᠦ ᠤᠯᠠᠨ ᠤᠯᠤᠰ᠎ᠤᠨ ᠶᠡᠬᠡ ᠨᠡᠪᠳᠡᠷᠡᠯ ᠵᠠᠮ᠎ᠢ ᠰᠠᠭᠠᠳ ᠦᠭᠡᠢ ᠨᠡᠪᠲᠡᠷᠡᠭᠦᠯᠦᠨ᠎ᠡ᠃

︱《ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠶᠡᠷᠦᠩᠬᠡᠢ ᠲᠥᠰᠥᠯ》 ᠡᠴᠡ ᠠᠪᠤᠪᠠ


《ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠶᠡᠷᠦᠩᠬᠡᠢ ᠲᠥᠰᠥᠯ》 ᠳ᠋ᠤ᠂ ᠤᠮᠠᠷᠠᠰᠢ ᠨᠡᠭᠡᠭᠡᠯᠲᠡ ᠬᠢᠬᠦ ᠣᠯᠠᠨ ᠤᠯᠤᠰ᠎ᠤᠨ ᠶᠡᠬᠡ ᠨᠡᠪᠳᠡᠷᠡᠯ ᠵᠠᠮ᠎ᠢ ᠰᠠᠭᠠᠳ ᠦᠭᠡᠢ ᠨᠡᠪᠲᠡᠷᠡᠭᠦᠯᠦᠨ᠎ᠡ ᠭᠡᠵᠦ ᠲᠣᠳᠣᠷᠬᠠᠢ ᠳᠤᠷᠠᠳᠤᠨ ᠭᠠᠷᠭᠠᠪᠠ ᠃ 6 ᠰᠠᠷ᠎ᠠ᠎ᠶᠢᠨ 11᠎ᠤ᠋ ᠡᠳᠦᠷ᠂ ᠰᠤᠷᠪᠤᠯᠵᠢᠯᠠᠭ᠍ᠴᠢ ᠥᠭᠡᠷᠡᠴᠢᠯᠡᠯᠲᠡ ᠬᠢᠬᠦ ᠲᠤᠷᠰᠢᠯᠲᠠ᠎ᠶᠢᠨ ᠴᠡᠭ᠎ᠤᠨ ᠭᠤᠤᠯ ᠡᠭᠦᠷᠭᠡ ᠵᠢᠨ ᠲᠤᠭᠤᠷᠢᠨ ᠳ᠋ᠤ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠴᠢᠨᠠᠷ ᠰᠠᠢᠲᠠᠢ ᠬᠥᠭᠵᠢᠯᠲᠡ᠎ᠶᠢ ᠬᠡᠷᠬᠢᠨ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠳᠡᠳ᠋ ᠡᠷᠬᠢᠯᠡᠭᠴᠢ ᠮᠠ ᠸᠸᠨ᠎ᠢ ᠰᠤᠷᠪᠤᠯᠵᠢᠯᠠᠪᠠ ᠃

ᠮᠠ ᠸᠸᠨ ᠢᠯᠡᠷᠬᠡᠢᠯᠡᠬᠦ᠎ᠳᠡᠭᠡᠨ᠂ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠢ ᠵᠥᠪᠰᠢᠶᠡᠷᠡᠭᠰᠡᠨ᠎ᠡᠴᠡ ᠨᠠᠭᠠᠰᠢ᠂ ᠥᠪᠥᠷ ᠮᠣᠩᠭᠣᠯ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠰᠠᠨᠠᠭᠠᠴᠢᠯᠠᠭ᠎ᠠ ᠡᠴᠡ ᠪᠠᠨ ᠠᠵᠢᠯᠯᠠᠵᠤ ᠂  ᠱᠠᠲᠤᠴᠢ ᠴᠢᠨᠠᠷᠲᠠᠢ ᠦᠷ᠎ᠡ ᠪᠦᠲᠦᠭᠡᠯ ᠭᠠᠷᠭᠠᠵᠦ ᠪᠤᠢ ᠭᠡᠵᠡᠢ᠃

ᠳᠦᠷᠢᠮ᠎ᠦᠨ ᠰᠢᠰᠲᠧᠮ᠎ᠢ ᠪᠠᠢᠭᠤᠯᠵᠤ᠂ ᠥᠭᠡᠷᠡᠴᠢᠯᠡᠯᠲᠡ᠎ᠶᠢᠨ ᠲᠦᠭᠵᠢᠷᠡᠯ ᠴᠡᠭ᠎ᠢ ᠰᠢᠯᠤᠭᠤᠳᠬᠠᠪᠠ᠃ ᠥᠪᠥᠷ ᠮᠣᠩᠭᠣᠯ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠲᠡᠷᠡ ᠳᠠᠷᠤᠢ ᠳ᠋ᠤᠨᠢ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠠᠵᠢᠯ᠎ᠤᠨ ᠤᠳᠤᠷᠢᠳᠬᠤ ᠳᠤᠭᠤᠢᠯᠠᠩ᠎ᠤᠨ ᠬᠤᠷᠠᠯ᠎ᠤᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠠᠵᠢᠯ᠎ᠢ ᠠᠬᠢᠭᠤᠯᠬᠤ ᠳᠤᠭᠤᠢᠯᠠᠩ᠎ᠢ ᠴᠠᠭ ᠲᠤᠬᠠᠢ ᠳ᠋ᠤᠨᠢ ᠪᠠᠢᠭᠤᠯᠵᠤ᠂ 《ᠳᠤᠮᠳᠠᠳᠤ ᠤᠯᠤᠰ(ᠥᠪᠥᠷ ᠮᠣᠩᠭᠣᠯ) ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ᠎ᠶᠢᠨ ᠡᠭᠦᠷᠭᠡ᠎ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ》ᠵᠢᠴᠢ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ᠎ᠶᠢ ᠠᠬᠢᠭᠤᠯᠬᠤ ᠡᠭᠦᠷᠭᠡ᠎ᠶᠢᠨ ᠠᠵᠢᠯ᠎ᠤᠨ ᠬᠤᠪᠢᠶᠠᠷᠢᠯᠠᠯ᠎ᠤᠨ ᠨᠠᠷᠢᠨ ᠲᠠᠩᠰᠠ᠎ᠶᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠠᠵᠢᠯ᠎ᠤᠨ ᠠᠬᠢᠴᠠ᠎ᠶᠢ ᠲᠣᠭᠲᠠᠭᠰᠠᠨ ᠬᠤᠭᠤᠴᠠᠭ᠎ᠠ᠎ᠲᠠᠢ᠎ᠪᠠᠷ ᠲᠣᠬᠢᠷᠠᠭᠤᠯᠪᠠ᠃ ᠡᠭᠦᠨ᠎ᠦ ᠬᠠᠮᠲᠤ᠂ ᠳᠡᠭᠡᠷ᠎ᠠ ᠳᠣᠣᠷ᠎ᠠ ᠱᠠᠲᠤ ᠪᠡᠷ ᠵᠢᠡᠨ ᠬᠣᠯᠪᠤᠭᠠᠯᠠᠨ ᠬᠥᠳᠡᠯᠦᠯᠴᠡᠬᠦ᠂ ᠬᠥᠨᠳᠡᠯᠡᠨ᠎ᠢᠶᠡᠷ ᠨᠡᠪᠲᠡᠷᠡᠯᠴᠡᠬᠦ᠎ᠶᠢ ᠪᠠᠷᠢᠮᠲᠠᠯᠠᠵᠤ᠂ ᠭᠤᠷᠪᠠᠨ ᠬᠡᠰᠡᠭ ᠣᠷᠣᠨ᠎ᠳᠤ ᠰᠠᠨᠠᠭᠠᠴᠢᠯᠠᠭ᠎ᠠ  ᠠ᠋ᠴᠠ᠎ᠪᠠᠨ ᠭᠦᠨᠵᠡᠭᠡᠢᠷᠡᠨ ᠲᠤᠬᠠᠢ᠎ᠶᠢᠨ ᠭᠠᠵᠠᠷ ᠲᠤᠨᠢ ᠪᠠᠢᠴᠠᠭᠠᠨ ᠰᠤᠳᠤᠯᠤᠯᠲᠠ ᠬᠢᠵᠦ᠂ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ ᠬᠦᠰᠡᠯ ᠱᠠᠭᠠᠷᠳᠠᠯᠭ᠎ᠠ ᠵᠢᠴᠢ ᠣᠳᠣᠬᠠᠨ᠎ᠳᠤ ᠣᠷᠣᠰᠢᠵᠤ ᠪᠠᠢᠭ᠎ᠠ ᠬᠦᠴᠢᠷ ᠲᠦᠪᠡᠭᠲᠡᠢ ᠠᠰᠠᠭᠤᠳᠠᠯ᠎ᠢ ᠰᠢᠢᠳᠪᠦᠷᠢᠯᠡᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠨᠡᠶ᠋ᠢᠲᠡ 49 ᠵᠦᠢᠯ᠎ᠦᠨ ᠬᠦᠰᠡᠯ ᠱᠠᠭᠠᠷᠳᠠᠯᠭ᠎ᠠ᠎ᠶᠢ ᠬᠣᠷᠢᠶᠠᠨ ᠴᠤᠭᠯᠠᠭᠤᠯᠵᠤ᠂ 32 ᠵᠦᠢᠯ᠎ᠢ ᠲᠤᠬᠠᠢ᠎ᠶᠢᠨ ᠲᠠᠯᠠᠪᠤᠷ᠎ᠲᠤᠨᠢ ᠰᠢᠢᠳᠪᠦᠷᠢᠯᠡᠵᠡᠢ᠃

ᠦᠢᠯᠡᠴᠢᠯᠡᠭᠡᠨ᠎ᠦ ᠪᠠᠲᠤᠯᠠᠭ᠎ᠠ᠎ᠶᠢ ᠴᠢᠩᠭᠠᠳᠬᠠᠵᠤ᠂ ᠬᠢᠯᠢ᠎ᠶᠢᠨ ᠭᠠᠳᠠᠨ᠎ᠠ ᠪᠡᠯᠡ ᠣᠷᠣᠭᠤᠯᠬᠤ᠎ᠶᠢ ᠴᠢᠩᠭᠠᠳᠬᠠᠪᠠ᠃ ᠥᠪᠥᠷ ᠮᠣᠩᠭᠣᠯ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠬᠢᠯᠢ᠎ᠶᠢᠨ ᠭᠠᠳᠠᠨ᠎ᠠ ᠪᠡᠯᠡ ᠤᠷᠤᠭᠤᠯᠬᠤ ᠦᠢᠯᠡᠴᠢᠯᠡᠭᠡᠨ᠎ᠦ ᠬᠠᠮᠢᠶᠠᠷᠤᠯᠲᠠ ᠬᠢᠭᠡᠳ ᠲᠤᠬᠠᠢᠯᠠᠭᠰᠠᠨ ᠠᠵᠢᠯ᠎ᠤᠨ ᠵᠢᠯᠣᠭᠣᠳᠤᠯᠭ᠎ᠠ ᠵᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠲᠤ ᠪᠠᠷ ᠭᠠᠳᠠᠭᠠᠳᠤ᠎ᠳᠠᠬᠢ ᠶᠡᠷᠦᠩᠬᠡᠢᠯᠡᠭᠰᠡᠨ ᠦᠢᠯᠡᠴᠢᠯᠡᠭᠡᠨ᠎ᠦ ᠰᠢᠰᠲᠧᠮ ᠢ᠋ ᠪᠠᠶ᠋ᠢᠭᠤᠯᠬᠤ᠎ᠶᠢ ᠠᠬᠢᠭᠤᠯᠵᠤ᠂ ᠬᠢᠯᠢ᠎ᠶᠢᠨ ᠭᠠᠳᠠᠨ᠎ᠠ ᠪᠡᠯᠡ ᠤᠷᠤᠭᠤᠯᠬᠤ ᠭᠣᠣᠯᠳᠠᠯᠭ᠎ᠠ᠎ᠲᠠᠢ ᠠᠵᠤ ᠠᠬᠤᠢᠯᠠᠯ᠎ᠤᠨ ᠨᠡᠷᠡᠰ᠎ᠢ᠋ ᠦᠷᠭᠦᠯᠵᠢᠯᠡᠨ ᠲᠡᠭᠦᠯᠳᠡᠷᠵᠢᠭᠦᠯᠵᠦ᠂ ᠠᠵᠤ ᠠᠬᠤᠢᠯᠠᠯ᠎ᠤᠨ ᠬᠢᠨ᠎ᠤ ᠬᠢᠯᠢ᠎ᠶᠢᠨ ᠭᠠᠳᠠᠨ᠎ᠠ ᠪᠡᠯᠡ ᠤᠷᠤᠭᠤᠯᠬᠤ ᠠᠵᠢᠯᠯᠠᠭ᠎ᠠ᠎ᠶᠢ ᠤᠷᠢᠳᠴᠢᠯᠠᠨ ᠵᠢᠯᠤᠭᠣᠳᠴᠤ᠂ ᠠᠵᠤ ᠠᠬᠤᠢᠯᠠᠯ᠎ᠤᠨ ᠣᠯᠠᠨ ᠤᠯᠤᠰ᠎ᠤᠨ ᠬᠠᠮᠲᠤᠷᠠᠯᠴᠠᠭ᠎ᠠ᠎ᠳᠤ ᠢᠳᠡᠪᠬᠢᠲᠡᠢ ᠤᠷᠤᠯᠴᠠᠬᠤ ᠵᠢ ᠳᠡᠮᠵᠢᠪᠡ᠃ ᠡᠨᠡ ᠵᠢᠯ᠎ᠦᠨ 1 ︱5 ᠰᠠᠷ᠎ᠠ᠎ᠳᠤ᠂ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠳ᠋ᠤ ᠳᠠᠩᠰᠠᠯᠠᠭᠤᠯᠤᠭᠰᠠᠨ ᠠᠵᠤ ᠠᠬᠤᠢᠯᠠᠯ᠎ᠤᠳ 《ᠨᠢᠭᠡ ᠪᠦᠰᠡ ᠨᠢᠭᠡ ᠵᠠᠮ》 ᠲᠠᠭᠠᠤ ᠵᠢᠨ ᠬᠠᠮᠲᠤ᠎ᠪᠠᠷ ᠪᠦᠲᠦᠭᠡᠨ ᠪᠠᠶ᠋ᠢᠭᠤᠯᠬᠤ ᠤᠯᠤᠰ᠎ᠲᠤ ᠬᠦᠷᠴᠦ ᠬᠢᠯᠢ᠎ᠶᠢᠨ ᠭᠠᠳᠠᠨ᠎ᠠ ᠪᠡᠯᠡ ᠤᠷᠤᠭᠤᠯᠬᠤ 9 ᠲᠥᠷᠥᠯ ᠵᠦᠢᠯ᠎ᠢ ᠥᠷᠨᠢᠭᠦᠯᠬᠦ ᠪᠡᠷ ᠲᠠᠩᠰᠠᠯᠠᠭᠤᠯᠪᠠ᠃ ᠡᠨᠡ ᠨᠢ ᠮᠠᠨ᠎ᠤ ᠣᠷᠣᠨ᠎ᠤ ᠳᠠᠩᠰᠠᠯᠠᠭᠤᠯᠤᠭᠰᠠᠨ ᠲᠥᠷᠥᠯ ᠵᠦᠢᠯ᠎ᠦᠨ ᠪᠥᠬᠥ ᠲᠣᠭᠠᠨ᠎ᠤ 42.8%᠎ᠶᠢ ᠡᠵᠡᠯᠡᠭᠰᠡᠨ ᠪᠠᠢᠨ᠎ᠠ᠃

ᠮᠥᠩᠭᠥᠨ ᠭᠦᠢᠯᠭᠡᠭᠡᠨ᠎ᠦ ᠳᠡᠮᠵᠢᠯᠭᠡ᠎ᠶᠢ ᠴᠢᠷᠮᠠᠢᠨ  ᠣᠯᠵᠤ᠂ ᠬᠢᠯᠢ ᠵᠢᠨ ᠪᠣᠭᠣᠮᠲᠠ᠎ᠶᠢᠨ ᠠᠵᠤ ᠠᠬᠤᠢ᠎ᠶᠢ ᠠᠬᠢᠭᠤᠯᠪᠠ᠃ ᠦᠪᠦᠷ ᠮᠣᠩᠭᠤᠯ᠎ᠤᠨ ᠬᠥᠭᠵᠢᠭᠦᠯᠦᠯᠲᠡ ᠪᠠ ᠦᠭᠡᠷᠡᠴᠢᠯᠡᠯᠲᠡ᠎ᠶᠢᠨ ᠵᠦᠪᠯᠡᠯ ᠢᠳᠡᠪᠬᠢᠳᠡᠢ ᠴᠢᠷᠮᠠᠢᠵᠦ 4482 ᠲᠦᠮᠡᠨ ᠲᠥᠭᠥᠷᠢᠭ᠎ᠦᠨ ᠰᠢᠨ᠎ᠡ ᠬᠡᠯᠪᠡᠷᠢ᠎ᠶᠢᠨ ᠲᠥᠷᠥ᠎ᠶᠢᠨ ᠪᠣᠳᠣᠯᠭ᠎ᠠ᠎ᠶᠢᠨ ᠴᠢᠨᠠᠷᠲᠠᠢ ᠮᠥᠩᠭᠥᠨ ᠭᠦᠢᠯᠭᠡᠭᠡᠨ᠎ᠦ ᠪᠠᠭᠠᠵᠢ ᠬᠡᠷᠡᠭᠰᠡᠯ᠎ᠢ  ᠤᠯᠵᠤ᠂  ᠥᠪᠥᠷ ᠮᠣᠩᠭᠣᠯ᠎ᠤᠨ ᠣᠯᠠᠨ ᠤᠯᠤᠰ᠎ᠤᠨ ᠠᠷᠠᠯᠵᠢᠶᠠᠨ᠎ᠤ ᠪᠦᠯᠦᠭᠯᠡᠯ᠎ᠦᠨ ᠮᠠᠨᠵᠤᠤᠷ᠎ᠤᠨ ᠬᠠᠭᠤᠷᠠᠢ ᠭᠠᠷᠠᠮ᠎ᠤᠨ ᠬᠢᠮᠢ᠎ᠶᠢᠨ ᠪᠣᠷᠳᠣᠭᠤᠷ᠎ᠤᠨ ᠠᠵᠤ ᠦᠢᠯᠡᠰ᠎ᠦᠨ ᠲᠥᠷᠥᠯ ᠵᠦᠢᠯ᠎ᠳᠦ ᠪᠡᠯᠡ ᠣᠷᠣᠭᠤᠯᠤᠨ ᠪᠦᠲᠦᠭᠡᠨ ᠪᠠᠶ᠋ᠢᠭᠤᠯᠬᠤ᠎ᠶᠢ ᠳᠡᠮᠵᠢᠪᠡ᠃ ᠲᠤᠰ ᠲᠦᠷᠦᠯ ᠵᠦᠢᠯ ᠨᠢ ᠡᠨᠡ ᠵᠢᠯ᠎ᠦᠨ 5 ᠰᠠᠷ᠎ᠠ᠎ᠶᠢᠨ 30 ᠤ᠋ ᠡᠳᠦᠷ ᠪᠠᠷᠢᠯᠭ᠎ᠠ ᠡᠬᠢᠯᠡᠵᠦ᠂ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠮᠠᠨᠵᠤᠤᠷ᠎ᠤᠨ ᠬᠡᠰᠡᠭ ᠣᠷᠣᠨ᠎ᠤ ᠠᠩᠬᠠᠳᠠᠭ᠍ᠴᠢ ᠪᠠᠷᠢᠯᠭ᠎ᠠ ᠡᠬᠢᠯᠡᠭᠰᠡᠨ ᠲᠦᠷᠦᠯ ᠵᠦᠢᠯ ᠪᠣᠯᠵᠠᠢ᠃  ᠲᠤᠰ ᠲᠦᠷᠦᠯ ᠵᠦᠢᠯ᠎ᠢ  ᠵᠢᠱ᠌ᠢᠯᠲᠡ᠎ᠪᠡᠷ 2028 ᠣᠨ᠎ᠤ ᠳᠡᠭᠡᠷ᠎ᠡ ᠬᠠᠭᠠᠰ ᠵᠢᠯ᠎ᠳᠦ ᠪᠥᠬᠥ ᠲᠠᠯ᠎ᠠ᠎ᠪᠠᠷ ᠪᠠᠢᠭᠤᠯᠵᠤ ᠳᠠᠭᠤᠰᠬᠠᠨ ᠠᠰᠢᠭ᠍ᠯᠠᠯᠲᠠ᠎ᠳᠤ ᠣᠷᠣᠭᠤᠯᠵᠤ᠂ ᠬᠢᠯᠢ ᠵᠢᠨ ᠪᠣᠭᠣᠮᠲᠠ᠎ᠶᠢᠨ 《ᠨᠡᠪᠲᠡᠷᠡᠯ ᠵᠠᠮ᠎ᠤᠨ ᠠᠵᠤ ᠠᠬᠤᠢ》 ᠡᠴᠨ 《ᠨᠤᠳᠤᠭᠰᠢᠨ ᠰᠠᠭᠤᠷᠢᠰᠢᠬᠤ ᠠᠵᠤ ᠠᠬᠤᠢ》 ᠪᠤᠯᠭᠠᠨ ᠲᠠᠰ ᠳᠡᠪᠰᠢᠬᠦᠯᠬᠦ᠎ᠶᠢ ᠬᠦᠴᠦᠲᠡᠢ ᠠᠬᠢᠭᠤᠯᠬᠤ ᠪᠣᠯᠣᠨ᠎ᠠ᠃

ᠵᠢᠰᠢᠶᠠᠨ᠎ᠤ ᠭᠠᠯᠲᠤ ᠲᠡᠷᠭᠡ᠎ᠵᠢᠨ  ᠵᠥᠭᠡᠭᠡᠪᠦᠷᠢ᠎ᠶᠢ ᠴᠢᠩᠭᠠᠳᠬᠠᠵᠤ᠂ ᠭᠠᠳᠠᠭᠠᠳᠤ ᠳ᠋ᠡᠬᠢ ᠲᠤᠬᠠᠢᠯᠠᠭᠰᠠᠨ ᠠᠵᠢᠯ᠎ᠢ ᠥᠷᠭᠡᠳᠬᠡᠪᠡ᠃ ᠬᠥᠬᠡᠬᠣᠲᠠ᠎ᠶᠢᠨ ᠬᠡᠰᠡᠭ᠎ᠨᠢ  ᠵᠢᠰᠢᠶᠠᠨ᠎ᠤ ᠭᠠᠯᠲᠤ ᠲᠡᠷᠭᠡᠨ᠎ᠦ ᠵᠥᠭᠡᠭᠡᠪᠦᠷᠢ᠎ᠶᠢᠨ ᠱᠤᠭᠤᠮ᠎ᠢ ᠢᠳᠡᠪᠬᠢᠲᠡᠢ ᠥᠷᠭᠡᠳᠬᠡᠵᠦ᠂ ᠨᠢᠭᠡᠳᠦᠭᠡᠷ ᠤᠯᠠᠷᠢᠯ᠎ᠳᠤ ᠪᠸᠯᠤᠷᠦ᠋ᠰ ᠤ᠋ᠨ ᠱᠠᠪᠠᠨᠠᠢ — ᠡᠷᠢᠶᠡᠨ ᠬᠤᠳᠠ —  ᠬᠥᠬᠡᠬᠣᠲᠠ᠎ᠶᠢᠨ ᠱᠤᠭᠤᠮ᠎ᠢ ᠰᠢᠨ᠎ᠡ᠎ᠪᠡᠷ ᠨᠡᠮᠡᠵᠦ᠂ ᠣᠳᠣᠬᠠᠨ᠎ᠳᠤ ᠨᠢᠭᠡᠨᠲᠡ 20 ᠵᠢᠰᠢᠶᠠᠨ᠎ᠤ ᠭᠠᠯᠲᠤ ᠲᠡᠷᠭᠡᠨ᠎ᠦ ᠱᠤᠭᠤᠮ᠎ᠢ ᠨᠡᠪᠲᠡᠷᠡᠭᠦᠯᠪᠡ᠃ ᠭᠠᠳᠠᠭᠠᠳᠤ᠎ᠳᠤ ᠭᠠᠷᠭᠠᠬᠤ ᠪᠠᠷᠠᠭ᠎ᠠ᠎ᠶᠢᠨ 《ᠲᠤᠭ᠎ᠠ ᠬᠡᠮᠵᠢᠶ᠎ᠡ ᠪᠠ ᠶᠠᠰᠤ ᠴᠢᠨᠠᠷ᠎ᠢ  ᠵᠡᠷᠭᠡ ᠪᠡᠷ ᠳᠡᠭᠡᠭᠰᠢᠯᠡᠭᠦᠯᠦᠭᠰᠡᠨ》᠎ᠤ᠋ ᠰᠠᠭᠤᠷᠢᠨ ᠳᠡᠭᠡᠷ᠎ᠡ᠂ ᠪᠤᠴᠠᠬᠤ ᠠᠶᠠᠯᠠᠯ᠎ᠤᠨ ᠵᠢᠰᠢᠶᠠᠨ᠎ᠤ ᠭᠠᠯᠲᠤ ᠲᠡᠷᠭᠡ᠎ᠶᠢ ᠠᠮᠵᠢᠯᠲᠠ᠎ᠲᠠᠢ ᠨᠠᠪᠲᠠᠷᠡᠭᠦᠯᠵᠦ᠂ ᠭᠠᠳᠠᠭᠠᠳᠤ᠎ᠡᠴᠨ ᠣᠷᠣᠭᠤᠯᠬᠤ ᠲᠡᠵᠢᠭᠡᠯ ᠪᠤᠷᠳᠤᠭ᠎ᠠ ᠵᠢᠨ  ᠪᠤᠭᠤᠳᠠᠢ᠎ᠶᠢᠨ ᠭᠤᠯᠢᠷ᠂ ᠪᠤᠭᠤᠳᠠᠢ᠎ᠶᠢᠨ ᠠᠭᠠᠭ᠎ᠢ ᠡᠳ᠋ᠰᠢᠭᠦᠯᠦᠨ ᠪᠤᠯᠪᠠᠰᠤᠷᠠᠭᠤᠯᠬᠤ᠎ᠶᠢ ᠠᠬᠢᠭᠤᠯᠤᠨ᠂ ᠪᠤᠴᠠᠬᠤ ᠠᠶᠠᠯᠠᠯ᠎ᠤᠨ ᠶᠠᠮᠠ᠎ᠶᠢᠨ ᠦᠷ᠎ᠡ ᠵᠢ  ᠡᠳ᠋ᠰᠢᠬᠦᠯᠦᠨ ᠪᠣᠯᠪᠠᠰᠤᠷᠠᠭᠤᠯᠬᠤ ᠦᠢᠯᠡᠰ ᠎ᠢ ᠬᠥᠭᠵᠢᠭᠦᠯᠵᠦ᠂ ᠵᠢᠰᠢᠶᠡᠨ ᠤ᠋ ᠭᠠᠯᠲᠤ ᠲᠡᠷᠭᠡ᠎ᠶᠢ 《ᠬᠣᠣᠰ ᠴᠢᠭᠯᠡᠯ》 ᠵᠢᠡᠷ  ᠲᠡᠩᠴᠡᠭᠦᠷᠢᠲᠡᠢ ᠬᠥᠭᠵᠢᠬᠦᠯᠪᠡ᠃ ᠡᠭᠦᠨ᠎ᠦ ᠬᠠᠮᠲᠤ ᠂ JSQ ᠵᠢᠰᠢᠶᠡᠨ ᠤ᠋  ᠭᠠᠯᠲᠤ ᠲᠡᠷᠭᠡ ᠨᠢ ᠤᠤᠯ᠎ᠤᠨ ᠴᠢ ᠷᠦᠢ ᠮᠠᠰᠢᠨ ᠲᠡᠷᠭᠡᠨ᠎ᠦ ᠲᠠᠩ ᠭᠠᠭᠴᠠ ᠲᠦᠷᠦᠯ ᠲᠡᠮᠳᠡᠭᠳᠦ ᠪᠠᠢᠭᠰᠠᠨ᠎ᠡᠴᠨ  ᠵᠢᠢ ᠯᠢ᠂ ᠭᠤᠸᠠᠩ ᠴᠢ ᠵᠡᠷᠭᠡ ᠤᠯᠤᠰ᠎ᠲᠸ᠋ ᠦᠢᠯᠡᠳᠪᠦᠷᠢᠯᠡᠬᠦ ᠤᠯᠠᠨ ᠲᠦᠷᠦᠯ ᠲᠡᠮᠳᠡᠭᠳᠦ ᠮᠠᠰᠢᠨ ᠲᠡᠷᠭᠡ ᠪᠤᠯᠤᠨ ᠥᠷᠭᠡᠵᠢᠵᠦ᠂ ᠪᠡᠶ᠎ᠡ᠎ᠪᠡᠨ ᠳᠠᠭᠠᠭᠠᠭᠰᠠᠨ ᠲᠦᠷᠦᠯ ᠲᠡᠮᠳᠡᠭᠳᠦ᠎ᠶᠢᠨ 《 ᠭᠠᠳᠠᠭ᠍ᠰᠢ ᠭᠠᠷᠬᠤ 》 ᠳ᠋ᠸ᠋  ᠬᠦᠴᠦᠨ ᠨᠡᠮᠡᠷᠢᠯᠡᠪᠡ᠃ 1— 4 ᠰᠠᠷ᠎ᠠ᠎ᠳᠤ ᠂ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠬᠥᠬᠡᠬᠣᠲᠠ᠎ᠶᠢᠨ ᠬᠡᠰᠡᠭ ᠵᠢᠡᠷ ᠨᠡᠶ᠋ᠢᠲᠡ 65 ᠴᠤᠪᠤᠭ᠎ᠠ ᠳᠤᠮᠳᠠᠳᠤ ᠡᠸᠦ᠋ᠷᠦᠫᠡ ( ᠳᠤᠮᠳᠠᠳᠤ ᠠᠽᠢᠶ᠎ᠠ ) ᠵᠢᠨ ᠵᠢᠰᠢᠶᠠᠨ᠎ᠤ ᠭᠠᠯᠲᠤ ᠲᠡᠷᠭᠡ᠎ᠶᠢ ᠦᠩᠭᠡᠷᠡᠭᠡᠵᠦ᠂ ᠠᠳᠠᠯᠢ ᠬᠤᠭᠤᠴᠠᠭᠠᠨ᠎ᠤ ᠬᠢ᠎ᠡᠴᠡ 57 ᠴᠤᠪᠤᠭ᠎ᠠ ᠨᠡᠮᠡᠭᠳᠡᠪᠡ; 15 ᠴᠤᠪᠤᠭ᠎ᠠ 21 ᠴᠢᠨᠭᠭᠡᠯᠢᠭ ᠪᠦᠬᠦᠢ 2.6 ᠳ᠋ᠦᠩᠰᠢᠭᠤᠷ ᠲᠥᠭᠥᠷᠢᠭ᠎ᠤᠨ ᠡᠳ᠋ ᠪᠠᠷᠠᠭ᠎ᠠ ᠵᠢ  ᠲᠡᠮᠦᠷ ᠵᠠᠮ ᠵᠢᠡᠷ ᠲᠦᠷᠬᠡᠨ ᠦᠩᠭᠡᠷᠡᠭᠡᠬᠦ ᠵᠢ ᠪᠡᠶᠡᠯᠡᠬᠦᠯᠪᠡ᠃

《ᠲᠠᠷᠠᠭᠠᠴᠢ᠎ᠶᠢᠨ ᠠᠯᠬᠤᠮ᠎ᠳᠤ᠂ ᠪᠢᠳᠡ ᠦᠷᠭᠦᠯᠵᠢᠯᠡᠨ ᠡᠯ᠎ᠡ ᠵᠦᠢᠯ᠎ᠦᠨ ᠥᠭᠡᠷᠡᠴᠢᠯᠡᠯᠲᠡ᠎ᠶᠢᠨ ᠡᠭᠦᠷᠭᠡ ᠲᠡᠭᠡᠷ᠎ᠡ ᠰᠡᠳᠬᠢᠯ ᠨᠢᠭᠡᠳᠤᠨ ᠬᠦᠴᠦ᠎ᠪᠡᠨ ᠬᠠᠮᠲᠤᠳᠬᠠᠵᠤ᠂ ᠨᠠᠢᠳᠠᠪᠤᠷᠢᠵᠢᠭᠤᠯᠤᠯᠲᠠ᠎ᠶᠢ ᠠᠬᠢᠭᠤᠯᠬᠤ ᠠᠵᠢᠯ᠎ᠢ ᠰᠠᠢᠲᠤᠷ ᠠᠳᠬᠤᠵᠤ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ᠎ᠶᠢ ᠤᠯᠠᠮ ᠴᠢᠩᠭᠠᠳᠬᠠᠵᠤ᠂ 〈 ᠨᠢᠭᠡᠳᠦᠯᠲᠡᠢ ᠲᠥᠯᠥᠪᠵᠢᠭᠦᠯᠬᠦ 〉 ᠪᠠ 〈 ᠱᠠᠯᠠᠪᠳᠠᠨ ᠱᠠᠭᠠᠷᠳᠠᠬᠤ 〉 ᠦᠢᠯᠡᠳᠦᠯ᠎ᠢ ᠪᠦᠲᠦᠮᠵᠢᠲᠡᠶ ᠪᠠᠳᠠᠷᠠᠭᠤᠯᠵᠤ᠂ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ᠎ᠶᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠣᠨ᠎ᠤ ᠬᠠᠷᠠᠯᠲᠠ ᠡᠭᠦᠷᠭᠡ᠎ᠪᠡᠨ ᠪᠥᠬᠥ ᠬᠦᠴᠦᠨ᠎ᠢᠶᠡᠷ᠎ᠢᠶᠡᠨ ᠪᠡᠶᠡᠯᠡᠭᠦᠯᠵᠦ᠂ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ᠎ᠳᠤ ᠡᠨᠧᠷᠭᠢ ᠣᠯᠭᠣᠵᠤ ᠦᠷ᠎ᠡ ᠠᠰᠢᠭ᠋᠎ᠢ ᠨᠡᠮᠡᠭᠳᠡᠭᠦᠯᠦᠨ᠎ᠡ》 ᠭᠡᠵᠦ ᠮᠠ ᠸᠸᠨ ᠶᠠᠷᠢᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号