ᠸᠠᠩ ᠸᠧᠢ ᠵᠦᠩ ᠪᠦᠦ ᠭᠠᠩ ᠵᠠᠩ ᠶᠠᠨ ᠺᠦᠨᠪᠠᠷᠠᠳᠠᠨ ᠠᠭᠤᠯᠵᠠᠵᠠᠢ
6 ᠰᠠᠷ᠎ᠠ᠎ᠶᠢᠨ 15 ᠡᠴᠡ 18 ᠤ᠋ ᠡᠳᠦᠷ ᠪᠣᠯᠲᠠᠯ᠎ᠠ᠂ ᠪᠦᠬᠦ᠌ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠳᠡᠳ᠋ ᠲᠡᠷᠢᠭᠦᠯᠡᠭᠴᠢ ᠸᠠᠩ ᠶᠦᠩ ᠪᠦᠬᠦ᠌ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠠᠵᠤ ᠠᠬᠤᠢ᠎ᠶᠢᠨ ᠵᠥᠪᠯᠡᠯ᠎ᠦᠨ ᠪᠠᠶ᠋ᠢᠴᠠᠭᠠᠨ ᠰᠤᠳᠤᠯᠬᠤ ᠳᠤᠭᠤᠶ᠋ᠢᠯᠠᠩ᠎ᠤᠨ ᠪᠦᠯᠬᠦᠮ᠎ᠤᠨ ᠬᠢᠨᠢ ᠳᠠᠭᠠᠭᠤᠯᠤᠨ ᠥᠪᠥᠷ ᠮᠣᠩᠭᠣᠯ᠎ᠳᠤ ᠢᠷᠡᠵᠤ 《ᠠᠵᠤ ᠠᠬᠤᠶ᠋ᠢᠯᠠᠯ᠎ᠤᠨ ᠪᠡᠶᠡᠴᠢ ᠴᠣᠭᠴᠠ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠭᠠᠵᠠᠷ ᠣᠷᠣᠨ᠎ᠤ ᠠᠵᠤ ᠦᠢᠯᠡᠰ᠎ᠦᠨ ᠬᠠᠮᠵᠢᠯᠴᠠᠭ᠎ᠠ᠎ᠶᠢ ᠴᠢᠨᠠᠷ ᠰᠠᠶ᠋ᠢᠲᠠᠢ ᠥᠷᠨᠢᠭᠦᠯᠬᠦ᠌》 ᠵᠢᠨ ᠲᠣᠭᠣᠷᠢᠨ᠎ᠳᠤ ᠪᠠᠶ᠋ᠢᠴᠠᠭᠠᠨ ᠰᠤᠳᠤᠯᠤᠯᠲᠠ ᠥᠷᠨᠢᠭᠦᠯᠪᠡ᠃ 6 ᠰᠠᠷ᠎ᠠ᠎ᠶᠢᠨ 15 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠤᠷᠢᠶ᠎ᠠ ᠵᠢᠨ ᠡᠷᠬᠢᠯᠡᠭᠴᠢ ᠸᠠᠩ ᠸᠧᠶ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠲᠡᠷᠢᠭᠦᠯᠡᠭᠴᠢ ᠵᠠᠩ ᠶᠠᠨ ᠺᠦᠨ ᠬᠥᠬᠡᠬᠣᠲᠠ᠎ᠳᠤ ᠸᠠᠩ ᠶᠦᠩ᠎ᠲᠠᠢ ᠪᠠᠷᠠᠳᠠᠨ ᠠᠭᠤᠯᠵᠠᠪᠠ᠃
ᠪᠠᠶ᠋ᠢᠴᠠᠭᠠᠨ ᠰᠤᠳᠤᠯᠬᠤ ᠳᠤᠭᠤᠶ᠋ᠢᠯᠠᠩ᠎ᠤᠨ ᠬᠢᠨ ᠠᠵᠤ ᠦᠢᠯᠡᠰ᠎ᠦᠨ ᠬᠦᠷᠢᠶᠡᠯᠡᠩ ᠲᠣᠭᠣᠷᠢᠭ᠂ ᠪᠤᠳᠤᠯᠲᠠ ᠵᠢᠨ ᠬᠦᠴᠦᠨ᠎ᠦ ᠰᠠᠭᠤᠷᠢᠨ᠂ ᠭᠤᠤᠯᠳᠠᠯᠭ᠎ᠠ᠎ᠲᠠᠶ ᠠᠵᠤ ᠠᠬᠤᠶ᠋ᠢᠯᠠᠯ᠎ᠳᠤ ᠭᠦᠨᠵᠡᠭᠡᠶ᠋ᠢᠷᠡᠨ᠂ ᠠᠵᠤ ᠦᠢᠯᠡᠰ᠎ᠢ ᠪᠤᠢᠵᠢᠭᠤᠯᠬᠤ᠂ ᠲᠥᠷᠥᠯ ᠵᠦᠢᠯ᠎ᠦᠨ ᠪᠥᠲᠥᠭᠡᠨ ᠪᠠᠶ᠋ᠢᠭᠤᠯᠤᠯᠲᠠ᠂ ᠴᠢᠬᠤᠯᠠ ᠡᠯᠧᠮᠧᠨ᠋ᠲ᠎ᠦᠨ ᠲᠣᠬᠢᠷᠠᠭᠤᠯᠤᠯᠲᠠ ᠵᠢᠴᠢ ᠣᠷᠣᠨ ᠪᠦᠰᠡ ᠠᠯᠤᠰᠯᠠᠭᠰᠠᠨ ᠠᠵᠤ ᠦᠢᠯᠡᠰ᠎ᠦᠨ ᠬᠠᠮᠵᠢᠯᠴᠠᠭ᠎ᠠ ᠵᠡᠷᠭᠡ ᠪᠠᠶ᠋ᠢᠳᠠᠯ᠎ᠢ ᠲᠤᠬᠠᠶ᠎ᠶᠢᠨ ᠭᠠᠵᠠᠷ᠎ᠲᠤᠨᠢ ᠪᠠᠶ᠋ᠢᠴᠠᠭᠠᠨ ᠦᠵᠡᠵᠦ᠍᠂ ᠰᠠᠨᠠᠯ ᠰᠠᠨᠠᠭᠤᠯᠭ᠎ᠠ᠎ᠶᠢ ᠨᠠᠷᠢᠨ ᠬᠢᠨᠠᠮᠠᠭᠠᠶ ᠰᠣᠨᠣᠰᠪᠠ᠃ ᠪᠠᠶ᠋ᠢᠴᠠᠭᠠᠨ ᠰᠤᠳᠤᠯᠬᠤ ᠳᠤᠭᠤᠶ᠋ᠢᠯᠠᠩ᠎ᠤᠨ ᠬᠢᠨ᠂ ᠥᠪᠥᠷ ᠮᠣᠩᠭᠣᠯ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠡᠷᠡᠰ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠲᠣᠰ ᠪᠡᠶ᠎ᠡ᠎ᠶᠢᠨ ᠠᠵᠤ ᠦᠢᠯᠡᠰ᠎ᠦᠨ ᠰᠠᠭᠤᠷᠢ ᠪᠣᠯᠤᠨ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠰᠠᠭᠤᠷᠢᠯᠠᠬᠤ ᠵᠢ ᠪᠠᠷᠢᠮᠳᠠᠯᠠᠵᠤ᠂ ᠵᠠᠰᠠᠭ᠎ᠤᠨ ᠣᠷᠳᠣᠨ᠎ᠤ ᠰᠢᠨᠵᠢᠯᠡᠬᠦ᠌ ᠤᠬᠠᠭᠠᠨᠴᠢ᠎ᠪᠠᠷ ᠬᠥᠲᠥᠯᠥᠨ ᠵᠢᠯᠣᠭᠣᠳᠬᠤ ᠦᠢᠯᠡᠳᠦᠯ᠂ ᠠᠵᠤ ᠦᠢᠯᠡᠰ᠎ᠤᠨ ᠬᠡᠯᠬᠢᠶ᠎ᠡ ᠵᠢᠨ ᠭᠤᠤᠯᠯᠠᠭᠴᠢ ᠳᠠᠭᠠᠭᠤᠯᠤᠭᠴᠢ ᠠᠵᠤ ᠠᠬᠤᠶ᠋ᠢᠯᠠᠯ᠎ᠤᠨ ᠬᠥᠲᠥᠯᠥᠨ ᠳᠠᠭᠠᠭᠤᠯᠵᠤ ᠲᠠᠢᠴᠢᠯᠠᠬᠤ ᠦᠢᠯᠡᠳᠦᠯ ᠪᠣᠯᠤᠨ ᠳᠤᠮᠳᠠ ᠪᠠᠭ᠎ᠠ ᠠᠵᠤ ᠠᠬᠤᠶ᠋ᠢᠯᠠᠯ᠎ᠤᠨ ᠢᠵᠢ ᠪᠥᠷᠢᠳᠦᠭᠦᠯᠦᠨ ᠲᠤᠯᠭᠠᠭᠤᠷᠢᠯᠠᠬᠤ ᠦᠢᠯᠡᠳᠦᠯ᠎ᠢ ᠪᠦᠲᠦᠮᠵᠢᠲᠡᠶ ᠪᠠᠳᠠᠷᠠᠭᠤᠯᠵᠤ᠂ ᠠᠵᠤ ᠦᠢᠯᠡᠰ᠎ᠦᠨ ᠡᠷᠭᠢᠯᠲᠡ᠎ᠶᠢ ᠰᠢᠯᠤᠭᠤᠳᠬᠠᠵᠤ᠂ ᠬᠠᠮᠵᠢᠯᠴᠠᠬᠤ ᠵᠠᠭᠪᠤᠷ᠎ᠢ ᠰᠢᠯᠢᠳᠡᠭᠵᠢᠭᠦᠯᠵᠦ᠍᠂ ᠣᠷᠣᠨ ᠪᠦᠰᠡ᠎ᠶᠢᠨ ᠠᠵᠤ ᠦᠢᠯᠡᠰ᠎ᠦᠨ ᠬᠠᠮᠵᠢᠯᠴᠠᠭ᠎ᠠ ᠵᠢᠨ ᠶᠠᠰᠤ ᠴᠢᠨᠠᠷ ᠦᠷ᠎ᠡ ᠠᠰᠢᠭ ᠦᠷᠭᠦᠯᠵᠢᠯᠡᠨ ᠳᠡᠭᠡᠭᠰᠢᠯᠡᠵᠦ᠍᠂ ᠠᠵᠤ ᠠᠬᠤᠶ᠎ᠶᠢᠨ ᠬᠥᠭᠵᠢᠯᠲᠡ᠎ᠶᠢᠨ ᠤᠶᠠᠨ ᠬᠠᠲᠠᠨ ᠴᠢᠨᠠᠷ ᠪᠣᠯᠤᠨ ᠳᠣᠲᠣᠭᠠᠳᠤ ᠬᠥᠳᠡᠯᠭᠡᠬᠦ᠌ ᠬᠦᠴᠦᠨ ᠲᠣᠭᠲᠠᠭᠤᠨ᠎ᠢᠶᠠᠷ ᠴᠢᠩᠭᠠᠷᠠᠵᠤ᠂ ᠶᠡᠷᠦᠩᠬᠡᠶ ᠱᠦᠵᠢ᠎ᠶᠢᠨ ᠨᠠᠨᠳᠢᠨ ᠬᠦᠰᠡᠯ ᠨᠠᠶ᠋ᠢᠳᠠᠯᠭ᠎ᠠ᠎ᠶᠢ ᠦᠨᠡᠨ ᠬᠦ᠌ ᠴᠢᠨᠠᠷ ᠰᠠᠶ᠋ᠢᠲᠠᠶ ᠬᠥᠭᠵᠢᠯᠲᠡ᠎ᠶᠢᠨ ᠯᠠᠪᠳᠠᠭᠤᠨ ᠪᠠᠲᠤᠲᠠᠶ ᠦᠷ᠎ᠡ ᠪᠦᠲᠦᠮᠵᠢ ᠪᠣᠯᠭᠠᠨ ᠬᠤᠪᠢᠷᠠᠭᠤᠯᠵᠠᠢ ᠭᠡᠵᠦ ᠦᠵᠡᠪᠡ᠃
ᠪᠠᠢᠴᠠᠭᠠᠨ ᠰᠤᠳᠤᠯᠬᠤ ᠳᠤᠭᠤᠢᠯᠠᠩ᠎ᠤᠨ ᠬᠢᠨ᠂ ᠠᠵᠤ ᠠᠬᠤᠢᠯᠠᠯ᠎ᠤᠨ ᠪᠡᠶᠡᠴᠢ ᠴᠣᠭᠴᠠ᠎ᠶᠢᠨ ᠦᠢᠯᠡᠳᠦᠯ᠎ᠢ ᠴᠢᠨᠭᠭᠠᠳᠬᠠᠨ᠂ ᠣᠷᠣᠨ ᠪᠦᠰᠡ᠎ᠶᠢᠨ ᠠᠵᠤ ᠦᠢᠯᠡᠰ᠎ᠦᠨ ᠬᠠᠮᠵᠢᠯᠴᠠᠭ᠎ᠠ᠎ᠶᠢ ᠭᠦᠨᠵᠡᠭᠡᠢᠷᠡᠭᠦᠯᠬᠦ ᠪᠣᠯ ᠣᠷᠣᠨ ᠪᠦᠰᠡ᠎ᠶᠢᠨ ᠵᠣᠬᠢᠴᠠᠩᠭᠤᠢ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠶᠢ ᠨᠠᠢᠳᠠᠪᠤᠷᠢᠵᠢᠭᠤᠯᠬᠤ᠂ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠪᠠᠶ᠋ᠢᠭᠤᠯᠬᠤ᠎ᠳᠤ ᠦᠢᠯᠡᠴᠢᠯᠡᠬᠦ ᠴᠢᠬᠤᠯᠠ ᠭᠠᠷᠳᠡᠴᠡ ᠮᠦᠨ᠃ ᠶᠡᠷᠦᠩᠬᠡᠢ ᠱᠦᠵᠢ ᠰᠢ᠎ᠶᠢᠨ ᠫᠢᠩ᠎ᠤᠨ ᠠᠯᠢ ᠤᠯᠠᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠵᠠᠰᠠᠭ᠎ᠤᠨ ᠣᠷᠳᠣᠨ᠎ᠡᠴᠡ ᠬᠥᠲᠥᠯᠥᠨ ᠵᠢᠯᠤᠭᠣᠳᠬᠤ ᠪᠠ ᠵᠠᠬ᠎ᠠ ᠳᠡᠯᠭᠡᠭᠦᠷ᠎ᠢᠶᠡᠷ ᠭᠣᠣᠯ ᠪᠤᠯᠭᠠᠬᠤ᠎ᠶᠢ ᠤᠶᠠᠯᠳᠤᠭᠤᠯᠬᠤ᠎ᠶᠢ ᠪᠠᠷᠢᠮᠲᠠᠯᠠᠵᠤ᠂ ᠣᠷᠣᠨ ᠪᠦᠰᠡ᠎ᠶᠢᠨ ᠬᠦᠴᠦᠨ ᠵᠦᠢᠯ᠎ᠤᠨ ᠪᠡᠬᠢᠯᠡᠯᠲᠡ᠎ᠶᠢ ᠪᠦᠲᠦᠮᠵᠢᠲᠡᠢ ᠡᠪᠳᠡᠵᠦ᠂ ᠬᠦᠴᠦᠨ ᠵᠦᠢᠯ᠎ᠤᠨ ᠡᠬᠢ ᠪᠠᠶᠠᠯᠢᠭ᠋᠎ᠤᠨ ᠵᠣᠬᠢᠰᠲᠠᠢ ᠰᠢᠯᠵᠢᠯᠲᠡ᠎ᠶᠢ ᠠᠬᠢᠭᠤᠯᠵᠤ᠂ ᠠᠵᠤ ᠦᠢᠯᠡᠰ᠎ᠦᠨ ᠬᠡᠯᠬᠢᠶ᠎ᠡ᠂ ᠬᠠᠩᠭᠠᠯᠭ᠎ᠠ᠎ᠶᠢᠨ ᠬᠡᠯᠬᠢᠶ᠎ᠡ᠂ ᠰᠢᠨ᠎ᠡ᠎ᠶᠢ ᠡᠭᠦᠳᠬᠦ ᠬᠡᠯᠬᠢᠶ᠎ᠡ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠳᠠᠪᠠᠭᠤᠯᠢᠭ᠋ ᠵᠢᠡᠷ᠎ᠢᠶᠠᠨ ᠬᠠᠷᠢᠯᠴᠠᠨ ᠨᠥᠬᠥᠪᠦᠷᠢᠯᠡᠭᠰᠡᠨ᠂ ᠬᠠᠷᠢᠯᠴᠠᠨ ᠠᠰᠢᠭ᠍ᠲᠠᠢ ᠬᠠᠮᠲᠤ ᠪᠠᠷ ᠠᠰᠢᠭ᠋ ᠬᠦᠷᠳᠡᠭᠰᠡᠨ ᠣᠷᠣᠨ ᠪᠦᠰᠡ᠎ᠶᠢᠨ ᠠᠵᠤ ᠦᠢᠯᠡᠰ᠎ᠦᠨ ᠬᠥᠭᠵᠢᠯᠲᠡ᠎ᠶᠢᠨ ᠪᠠᠢᠷᠢᠰᠢᠯ᠎ᠢ ᠪᠠᠶ᠋ᠢᠭᠤᠯᠬᠤ ᠬᠡᠷᠡᠭᠲᠡᠢ᠃ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠴᠥᠬᠥᠷᠡᠰᠢ ᠦᠭᠡᠢ ᠪᠠᠢᠩᠭᠤ ᠠᠳᠬᠤᠨ ᠵᠢᠳᠬᠦᠯ ᠴᠢᠷᠮᠠᠢᠯᠭ᠎ᠠ ᠭᠠᠷᠭᠠᠵᠤ᠂ ᠠᠵᠤ ᠦᠢᠯᠡᠰ᠎ᠦᠨ ᠬᠠᠮᠵᠢᠯᠴᠠᠭ᠎ᠠ᠎ᠶᠢᠨ ᠵᠢᠷᠤᠮᠵᠢᠭᠤᠯᠤᠯᠳᠠ᠂ ᠤᠷᠳᠤ ᠬᠤᠭᠤᠴᠠᠭᠠᠨ᠎ᠤ ᠪᠦᠲᠦᠮᠵᠢᠲᠡᠶ ᠦᠷᠭᠦᠯᠵᠢᠯᠡᠬᠦ ᠬᠥᠭᠵᠢᠯᠲᠡ᠎ᠶᠢ ᠠᠬᠢᠭᠤᠯᠬᠤ ᠬᠡᠷᠡᠭᠲᠡᠢ᠃ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠤ ᠬᠢᠨ ᠲᠤᠰᠬᠠᠢ ᠵᠥᠪᠯᠡᠬᠦ ᠪᠠᠢᠭᠤᠯᠤᠮᠵᠢ᠎ᠶᠢᠨ ᠳᠠᠪᠠᠭᠤᠯᠢᠭ᠋᠎ᠢᠶᠠᠨ ᠪᠠᠳᠠᠷᠠᠭᠤᠯᠵᠤ᠂ ᠭᠠᠵᠠᠷ ᠣᠷᠣᠨ᠎ᠤ ᠠᠵᠤ ᠦᠢᠯᠡᠰ᠎ᠦᠨ ᠬᠠᠮᠵᠢᠯᠴᠠᠭ᠎ᠠ᠎ᠶᠢᠨ ᠲᠦᠭᠵᠢᠷᠡᠯ ᠴᠡᠭ ᠬᠦᠴᠢᠷ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠤᠨᠢᠨ ᠳᠡᠭᠡᠷ᠎ᠡ ᠨᠢ ᠪᠠᠢᠴᠠᠭᠠᠨ ᠰᠤᠳᠤᠯᠵᠦ᠂ ᠪᠣᠳᠠᠲᠠᠢ᠎ᠶᠢ ᠡᠷᠬᠢᠮᠯᠡᠨ ᠰᠠᠨᠠᠯ ᠵᠥᠪᠯᠡᠯᠭᠡ ᠳᠤᠷᠠᠳᠴᠤ᠂ ᠣᠷᠣᠨ ᠨᠤᠲᠤᠭ᠎ᠤᠨ ᠴᠢᠨᠠᠷ ᠰᠠᠢᠲᠠᠢ ᠬᠥᠭᠵᠢᠯᠲᠡ᠎ᠶᠢ ᠳᠡᠮᠵᠢᠬᠦ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢᠨ ᠰᠠᠢᠬᠠᠨ ᠡᠬᠢᠯᠡᠯᠲᠡ᠎ᠳᠦ ᠦᠢᠯᠡᠴᠢᠯᠡᠬᠦ᠎ᠳᠦ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠨ᠎ᠡ ᠭᠡᠵᠤ ᠢᠯᠡᠳᠬᠡᠪᠡ᠃
ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠠᠵᠤ ᠠᠬᠤᠢ᠎ᠶᠢᠨ ᠵᠥᠪᠯᠡᠯ᠎ᠦᠨ ᠳᠡᠳ᠋ ᠡᠷᠬᠢᠯᠡᠭᠴᠢ ᠮᠠ ᠵᠢᠶᠠᠨ ᠲᠠᠩ᠂ ᠴᠢ ᠪᠢᠨ᠂ ᠢᠦᠢ ᠸᠧᠢ ᠫᠢᠩ᠂ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠪᠠᠢᠩᠭᠤ᠎ᠶᠢᠨ ᠭᠡᠰᠢᠭᠦᠨ ᠯᠢᠦ ᠵᠢᠶᠠ ᠴᠢᠶᠠᠩ᠂ ᠭᠡᠰᠢᠭᠦᠨ ᠠᠨ ᠷᠦᠨ ᠱᠧᠩ᠂ ᠵᠤᠤ ᠹᠠᠨ᠂ ᠯᠢᠦ ᠰᠢᠨ ᠶᠦᠩ᠂ ᠳᠦ ᠮᠢᠩ ᠶᠠᠨ᠂ ᠦ᠋ ᠴᠧᠩ᠂ ᠸᠠᠩ ᠵᠢᠶᠠᠨ ᠫᠢᠩ᠂ ᠭᠸᠦ ᠬ᠍ᠤ ᠱᠧᠩ ᠨᠠᠷ ᠪᠠᠢᠴᠠᠭᠠᠨ ᠰᠤᠳᠤᠯᠤᠯᠲᠠ᠎ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠢ ᠯᠢ ᠰᠢᠨ ᠬᠠᠮᠢᠶ᠎ᠠ ᠪᠦᠬᠦᠢ ᠠᠵᠢᠯᠯᠠᠭ᠎ᠠ᠎ᠳᠤ ᠣᠷᠣᠯᠴᠠᠵᠠᠢ᠃