ᠥᠪᠥᠷ ᠮᠣᠩᠭᠣᠯ ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠳᠤᠮᠳᠠᠳᠤ᠎ᠶᠢᠨ ᠦᠨᠳᠦᠰᠦᠲᠡᠨ ᠎ᠦ ᠬᠠᠮᠲᠤ᠎ᠶᠢᠨ ᠴᠣᠭᠴᠠ᠎ᠶᠢᠨ ᠳᠡᠭᠡᠳᠦ ᠰᠤᠷᠭᠠᠭᠤᠯᠢ ᠤᠯᠤᠰ ᠎ᠤᠨ ᠲᠠᠰ ᠎ᠤᠨ ᠰᠤᠳᠤᠯᠭᠠᠨ ᠎ᠤ ᠰᠠᠭᠤᠷᠢᠨ ᠵᠢᠡᠷ ᠰᠤᠨᠭᠭᠤᠭᠳᠠᠵᠠᠢ
2026-06-21 12:19:13
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠥᠪᠥᠷ ᠮᠣᠩᠭᠣᠯ ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠠᠴᠠ ᠣᠢᠯᠠᠭᠠᠭᠰᠠᠨ ᠵᠢᠡᠷ᠂ ᠣᠢᠷ᠎ᠠ᠎ᠶᠢᠨ ᠡᠳᠦᠷ ᠴᠧᠩᠳᠦ᠋ ᠎ᠳᠦ ᠶᠠᠪᠤᠭᠳᠠᠭᠰᠠᠨ ᠲᠠᠪᠤᠳᠤᠭᠠᠷ ᠬᠤᠭᠤᠴᠠᠭᠠᠨ᠎ᠤ ᠳᠤᠮᠳᠠᠳᠤ᠎ᠶᠢᠨ ᠦᠨᠳᠦᠰᠦᠲᠡᠨ ᠎ᠦ ᠬᠠᠮᠲᠤ᠎ᠶᠢᠨ ᠴᠣᠭᠴᠠ ᠵᠢᠨ ᠤᠬᠠᠮᠰᠠᠷ᠎ᠢ ᠪᠠᠳᠤ ᠴᠤᠭᠴᠠᠯᠠᠬᠤ ᠰᠤᠳᠤᠯᠭᠠᠨ᠎ᠤ ᠶᠠᠷᠢᠶᠠᠨ ᠎ᠤ ᠲᠠᠪᠴᠠᠩ ᠳᠡᠭᠡᠷ᠎ᠡ ᠭᠤᠷᠪᠠᠳᠤᠭᠠᠷ ᠪᠦᠯᠦᠭ᠎ᠦᠨ ᠳᠦᠷᠪᠡᠨ ᠶᠠᠮᠤᠨ ᠵᠥᠪᠯᠡᠯ᠎ᠦᠨ ᠳᠤᠮᠳᠠᠳᠤ ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ ᠵᠢᠨ ᠤᠬᠠᠮᠰᠠᠷ᠎ᠢ ᠪᠠᠳᠤ ᠴᠤᠭᠴᠠᠯᠠᠬᠤ ᠰᠤᠳᠤᠯᠭᠠᠨ ᠎ᠤ ᠰᠠᠭᠤᠷᠢᠨ᠎ᠤ ᠪᠠᠢᠭᠤᠯᠤᠯᠲᠠ᠎ᠶᠢᠨ ᠨᠡᠷᠡᠰ᠎ᠢ ᠨᠡᠢᠲᠡᠯᠡᠵᠠᠢ᠂ ᠡᠬᠦᠨ ᠳ᠋ᠤ ᠥᠪᠥᠷ ᠮᠣᠩᠭᠣᠯ ᠎ᠤᠨ ᠪᠠᠭ᠍ᠰᠢ᠎ᠶᠢᠨ ᠶᠡᠬᠡ ᠰᠤᠷᠭᠠᠭᠤᠯᠢ ᠎ᠶᠢᠨ ᠳᠤᠮᠳᠠᠳᠤ᠎ᠶᠢᠨ ᠦᠨᠳᠦᠰᠦᠲᠡᠨ ᠎ᠦ ᠬᠠᠮᠲᠤ ᠎ᠶᠢᠨ ᠴᠣᠭᠴᠠ ᠎ᠶᠢᠨ ᠳᠡᠭᠡᠳᠦ ᠰᠤᠷᠭᠠᠭᠤᠯᠢ ᠰᠣᠩᠭᠣᠭᠳᠠᠭᠰᠠᠨ ᠪᠠᠢᠨ᠎ᠠ᠃

ᠥᠪᠥᠷ ᠮᠣᠩᠭᠣᠯ᠎ᠤᠨ ᠪᠠᠭ᠍ᠰᠢ ᠎ᠶᠢᠨ ᠶᠡᠬᠡ ᠰᠤᠷᠭᠠᠭᠤᠯᠢ᠎ᠶᠢᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠳᠡᠭᠡᠳᠦ ᠰᠤᠷᠭᠠᠭᠤᠯᠢ 2024 ᠣᠨ᠎ᠳᠤ ᠪᠠᠢᠭᠤᠯᠤᠭᠳᠠᠵᠠᠢ᠂  ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠬᠡᠷᠡᠭᠴᠡᠭᠡ ᠪᠣᠯᠣᠨ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠬᠥᠭᠵᠢᠯᠲᠡ᠎ᠶᠢᠨ ᠪᠣᠳᠠᠲᠤ ᠪᠠᠢᠳᠠᠯ᠎ᠳᠤ ᠰᠠᠭᠤᠷᠢᠯᠠᠨ ᠪᠠᠢᠭᠤᠯᠤᠭᠰᠠᠨ ᠵᠢᠭᠠᠨ ᠰᠤᠷᠭᠠᠯᠲᠠ ᠰᠢᠨᠵᠢᠯᠡᠬᠦ ᠤᠬᠠᠭᠠᠨ᠎ᠤ ᠰᠤᠳᠤᠯᠭᠠᠨ᠎ᠤ  ᠪᠤᠳᠠᠳᠤ ᠴᠤᠭᠴᠠᠳᠤ ᠪᠠᠢᠭᠤᠯᠤᠮᠵᠢ ᠪᠣᠯᠣᠨ᠎ᠠ᠂ ᠮᠥᠨ ᠴᠤ᠌ ᠥᠪᠥᠷ ᠮᠣᠩᠭᠣᠯ᠎ᠤᠨ ᠪᠣᠳᠠᠲᠤ ᠴᠣᠭᠴᠠᠵᠢᠭᠤᠯᠤᠨ ᠪᠦᠲᠦᠭᠡᠨ ᠪᠠᠢᠭᠤᠯᠤᠭᠰᠠᠨ ᠴᠤᠷ ᠎ᠤᠨ ᠭᠠᠭᠴᠠ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠳᠡᠭᠡᠳᠦ ᠰᠤᠷᠭᠠᠭᠤᠯᠢ ᠪᠣᠯᠣᠨ᠎ᠠ᠃ 2025 ᠣᠨ᠎ᠳᠤ᠂ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠭᠠᠨ᠎ᠤ ᠰᠣᠯᠪᠢᠴᠠᠯ ᠰᠢᠨᠵᠢᠯᠡᠭᠡᠨ᠎ᠦ ᠰᠠᠯᠠᠭ᠎ᠠ᠎ᠶᠢᠨ ᠪᠠᠢᠭᠤᠯᠤᠯᠲᠠ᠎ᠶᠢᠨ ᠲᠤᠷᠰᠢᠯᠲᠠ᠎ᠵᠢᠨ ᠴᠡᠭ ᠵᠢᠡᠷ ᠵᠥᠪᠰᠢᠶᠡᠷᠡᠭᠳᠡᠵᠦ᠂ ᠲᠤᠰ ᠲᠤᠰᠬᠠᠢ ᠮᠡᠷᠭᠡᠵᠢᠯ᠎ᠤᠨ ᠠᠰᠫᠢᠷᠠᠨᠲ᠂ ᠳ᠋ᠣᠺᠲ᠋ᠣᠷᠠᠨᠲ ᠬᠦᠮᠦᠵᠢᠬᠦᠯᠬᠦ ᠬᠢᠷᠢ ᠬᠡᠮ ᠢ᠋ ᠪᠦᠷᠢᠳᠦᠬᠦᠯᠦᠭᠰᠡᠨ ᠥᠪᠥᠷ ᠮᠣᠩᠭᠣᠯ ᠎ᠤᠨ ᠴᠣᠷ᠎ᠤᠨ ᠭᠠᠭᠴᠠ  ᠶᠡᠬᠡ ᠳᠡᠭᠡᠳᠦ ᠰᠤᠷᠭᠠᠭᠤᠯᠢ ᠪᠤᠯᠵᠠᠢ᠂ ᠮᠦᠨ ᠴᠤ᠌ ᠪᠥᠬᠥ ᠤᠯᠤᠰ ᠎ᠤᠨ 16 ᠲᠤᠷᠰᠢᠯᠲᠠ᠎ᠶᠢᠨ ᠨᠢᠭᠡᠴᠢ᠎ᠶᠢᠨ ᠳᠣᠲᠣᠷᠠᠬᠢ ᠪᠠᠭ᠍ᠰᠢ᠎ᠶᠢᠨ ᠲᠤᠰᠬᠠᠢ ᠮᠡᠷᠭᠡᠵᠢᠯ ᠎ᠤᠨ ᠲᠥᠷᠥᠯ᠎ᠦᠨ ᠴᠣᠷ᠎ᠤᠨ ᠭᠠᠭᠴᠠ ᠶᠡᠬᠡ ᠳᠡᠭᠡᠳᠦ ᠰᠤᠷᠭᠠᠭᠤᠯᠢ ᠪᠣᠯᠣᠨ᠎ᠠ᠃ ᠡᠨᠡ ᠤᠳᠠᠭ᠎ᠠ ᠳᠥᠷᠪᠡᠨ ᠶᠠᠮᠤᠨ ᠵᠦᠪᠯᠡᠯ ᠤ᠋ᠨ ᠳᠤᠮᠳᠠᠳᠤ᠎ᠶᠢᠨ ᠦᠨᠳᠦᠰᠦᠲᠡᠨ ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠭᠴᠠᠯᠠᠬᠤ ᠰᠤᠳᠤᠯᠭᠠᠨ᠎ᠤ ᠰᠠᠭᠤᠷᠢᠨ ᠵᠢᠡᠷ ᠰᠤᠩᠭᠤᠭᠳᠠᠭᠰᠠᠨ ᠨᠢ ᠲᠣᠰ ᠰᠤᠷᠭᠠᠭᠤᠯᠢ᠎ᠶᠢᠨ ᠬᠢᠨ᠎ᠤ ᠣᠷᠳᠣ᠌ ᠬᠤᠭᠤᠴᠠᠭᠠᠨ᠎ᠤ ᠲᠤᠷᠰᠢ ᠬᠢᠯᠢ ᠬᠢᠵᠠᠭᠠᠷ᠎ᠤᠷᠤᠨ᠎ᠤ ᠪᠤᠳᠠᠳᠠᠢ ᠪᠠᠢᠳᠠᠯ ᠳ᠋ᠤ ᠰᠠᠭᠤᠷᠢᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠤᠭᠰᠠᠨ᠎ᠢ ᠭᠦᠢᠴᠡᠳ ᠨᠤᠲᠠᠯᠠᠭᠰᠠᠨ ᠪᠦᠭᠡᠳ ᠲᠤᠰ ᠰᠤᠷᠭᠠᠭᠤᠯᠢ᠎ᠶᠢᠨ ᠤᠯᠤᠰ᠎ᠤᠨ ᠪᠠᠢᠯᠳᠤᠬᠤ ᠪᠣᠳᠣᠯᠭ᠎ᠠ᠎ᠳᠤ ᠦᠢᠯᠡᠴᠢᠯᠡᠬᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠎ᠢ ᠪᠠᠳᠤ ᠴᠤᠭᠴᠠᠯᠠᠬᠤ ᠣᠨᠣᠯ ᠪᠠ ᠦᠢᠯᠡᠳᠦᠯᠭᠡ᠎ᠶᠢᠨ ᠰᠤᠳᠤᠯᠭᠠᠨ ᠪᠥᠬᠥ ᠲᠠᠯ᠎ᠠ ᠎ᠪᠠᠷ ᠰᠢᠨ᠎ᠡ ᠳᠡᠭᠲᠡᠷ᠎ᠲᠦ ᠭᠠᠷᠤᠭᠰᠠᠨ᠎ᠢ ᠬᠠᠷᠠᠭᠤᠯᠵᠤ ᠪᠠᠢᠨ᠎ᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号