ᠲᠦᠩᠯᠢᠶᠤᠤ ᠬᠤᠳᠠ ᠵᠢᠨ ᠨᠢᠴᠦᠭᠦᠨ ᠡᠯᠡᠰᠦᠷᠬᠡᠭ ᠭᠠᠵᠠᠷ ᠤ᠋ᠨ ᠲᠠᠯᠠᠪᠠᠢ 5 ᠵᠢᠯ ᠳ᠋ᠤ 76.6% ᠪᠡᠷ ᠪᠠᠭᠠᠰᠪᠠ
2026-06-21 11:39:58
ᠵᠣᠬᠢᠶᠠᠭ᠍ᠴᠢ᠄
ᠾᠦᠸᠸ ᠱᠢᠶᠤᠤ ᠴᠢᠩ
ᠣᠩᠱᠢᠭ᠍ᠰᠠᠨ ᠣᠳᠠᠭ᠎ᠠ᠄
★★★☆☆

ᠬᠣᠷᠴᠢᠨ ᠤ᠋ ᠡᠯᠡᠰᠦᠷᠬᠡᠭ ᠭᠠᠵᠠᠷ ᠪᠣᠯ ᠮᠠᠨ ᠤ᠋ ᠤᠯᠤᠰ ᠤ᠋ᠨ ᠬᠠᠮᠤᠭ ᠤ᠋ᠨ ᠶᠡᠬᠡ ᠡᠯᠡᠰᠦᠷᠬᠡᠭ ᠭᠠᠵᠠᠷ ᠶᠤᠮ᠃ ᠲᠦᠩᠯᠢᠶᠣᠤ ᠬᠣᠲᠠ ᠬᠣᠷᠴᠢᠨ ᠤ᠋ ᠡᠯᠡᠰᠦᠷᠬᠡᠭ ᠭᠠᠵᠠᠷ ᠤ᠋ᠨ ᠥᠷᠥᠴᠡᠨ ᠳ᠋ᠤ ᠪᠠᠢᠷᠢᠯᠠᠵᠤ᠂ ᠬᠠᠷᠢᠶᠠᠨ ᠎ᠳᠡᠬᠢ ᠡᠯᠡᠰᠦᠷᠬᠡᠭ ᠭᠠᠵᠠᠷ ᠨᠢ ᠬᠣᠷᠴᠢᠨ ᠤ᠋ ᠡᠯᠡᠰᠦᠷᠬᠡᠭ ᠭᠠᠵᠠᠷ ᠤ᠋ᠨ ᠶᠡᠷᠦᠩᠬᠡᠶ ᠲᠠᠯᠠᠪᠠᠶ ᠶ᠋ᠢᠨ 50% ᠡᠴᠡ ᠳᠡᠭᠡᠭ᠌ᠰᠢᠬᠢ ᠵᠢ ᠡᠵᠡᠯᠡᠵᠦ᠍᠂ ᠡᠨᠡ ᠨᠤᠲᠤᠭ ᠲᠦ᠍ ᠦᠶ᠎ᠡ ᠤᠯᠠᠷᠢᠨ ᠤᠷᠤᠰᠢᠨ ᠠᠮᠢᠳᠤᠷᠠᠵᠤ ᠢᠷᠡᠭᠰᠡᠨ ᠠᠷᠠᠳ ᠲᠦᠮᠡᠨ 《ᠡᠯᠡᠰᠦ ᠤᠷᠤᠭ᠍ᠰᠢᠯᠠᠵᠤ ᠬᠥᠮᠦᠨ ᠤᠬᠤᠷᠢᠵᠤ》 ᠪᠠᠢᠭ᠍ᠰᠠᠨ ᠡᠴᠡ ᠪᠠᠨ 《ᠨᠣᠭᠣᠭᠠᠷᠠᠭᠤᠯᠤᠯᠲᠠ ᠤᠷᠤᠭ᠍ᠰᠢᠯᠠᠵᠤ ᠡᠯᠡᠰᠦ ᠤᠬᠤᠷᠢᠭ᠍ᠰᠠᠨ 》 ᠠᠮᠢ ᠠᠬᠤᠶ ᠶ᠋ᠢᠨ ᠬᠤᠪᠢᠷᠠᠯᠲᠠ ᠵᠢ ᠪᠡᠶᠡᠯᠡᠭᠦᠯᠪᠡ᠃

3 ᠵᠢᠯ ᠤ᠋ᠨ ᠡᠮᠦᠨ᠎ᠡ᠂ ᠶᠡᠷᠦᠩᠬᠡᠢ ᠱᠦᠵᠢ ᠰᠢ ᠵᠢᠨ ᠫᠢᠩ 《ᠤᠮᠠᠷᠠᠲᠤ ᠶ᠋ᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠪᠣᠭᠣᠮᠲᠠ ᠱᠢᠪᠲᠤᠯᠬᠤ ᠳᠠᠢᠯᠠᠯᠳᠤᠭᠠᠨ ᠢ᠋ ᠰᠠᠢᠲᠤᠷ ᠬᠢᠬᠦ᠌ ᠶᠡᠷᠦᠩᠬᠡᠢ ᠲᠠᠢ᠌ᠴᠢᠯᠠᠯᠳᠠ ᠶ᠋ᠢᠨ ᠵᠠᠷᠯᠢᠭ ᠪᠠᠭᠤᠯᠭᠠᠪᠠ᠃ ᠬᠣᠷᠴᠢᠨ ᠤ᠋ ᠡᠯᠡᠰᠦᠷᠬᠡᠭ ᠭᠠᠵᠠᠷ ᠤ᠋ᠨ ᠰᠥᠨᠥᠭᠡᠯᠲᠡ ᠶ᠋ᠢᠨ ᠳᠠᠢᠯᠠᠯᠳᠤᠭᠠᠨ ᠤ᠋ ᠭᠤᠤᠯ ᠳᠠᠢᠯᠠᠯᠳᠤᠭᠠᠨ ᠤ᠋ ᠲᠠᠯᠠᠪᠤᠷ᠂ ᠭᠤᠤᠯ ᠳᠠᠭᠠᠷᠢᠭ᠍ᠴᠢ ᠪᠤᠯᠤᠭᠰᠠᠨ ᠤ᠋ ᠬᠤᠪᠢ ᠳ᠋ᠦ᠂ ᠲᠦᠩᠯᠢᠶᠣᠤ ᠬᠤᠲᠠ ᠶ᠋ᠢᠨ ᠵᠠᠰᠠᠯᠲᠠ ᠶ᠋ᠢᠨ ᠦᠷ᠎ᠡ ᠪᠦᠲᠦᠮᠵᠢ ᠨᠢ ᠰᠥᠨᠥᠭᠡᠯᠲᠡ ᠶ᠋ᠢᠨ ᠳᠠᠢᠯᠠᠯᠳᠤᠭᠠᠨ ᠤ᠋ ᠢᠯᠠᠵᠤ ᠢᠯᠠᠭ᠍ᠳᠠᠬᠤ ᠲᠠᠶ ᠨᠢᠭᠲᠠ ᠬᠤᠯᠪᠤᠭᠳᠠᠨ᠂ 《ᠤᠮᠠᠷᠠᠲᠤ ᠶ᠋ᠢᠨ ᠭᠤᠷᠪᠠᠨ ᠣᠷᠣᠨ》 ᠤ᠋ ᠠᠮᠢ ᠠᠬᠤᠶ ᠶ᠋ᠢᠨ ᠠᠮᠤᠷ ᠲᠦᠪᠱᠢᠨ ᠲᠡᠶ ᠬᠣᠯᠪᠣᠭ᠍ᠳᠠᠵᠤ᠂ ᠮᠠᠨ ᠤ᠋ ᠤᠯᠤᠰ ᠤ᠋ᠨ ᠤᠮᠠᠷᠠᠲᠤ ᠶ᠋ᠢᠨ ᠴᠢᠬᠤᠯᠠ ᠠᠮᠢ ᠠᠬᠤᠶ ᠶ᠋ᠢᠨ ᠠᠮᠤᠷ ᠲᠦᠪᠱᠢᠨ ᠤ᠋ ᠬᠠᠯᠬᠠᠪᠴᠢ ᠵᠢ ᠪᠠᠲᠤ ᠴᠣᠭ᠍ᠴᠠᠯᠠᠬᠤ ᠶᠡᠬᠡ ᠲᠠᠯ᠎ᠠ ᠲᠠᠶ ᠬᠣᠯᠪᠣᠭ᠍ᠳᠠᠨ᠎ᠠ᠃

ᠳᠠᠭᠠᠭᠤᠯᠢ ᠣᠳᠣᠨ ᠤ᠋ ᠠᠯᠤᠰ ᠰᠡᠷᠡᠯ ᠤ᠋ᠨ ᠲᠣᠭ᠎ᠠ ᠪᠠᠷᠢᠮᠲᠠ ᠶ᠋ᠢᠨ ᠭᠡᠷᠡᠴᠢᠯᠡᠯ — 2020 ᠣᠨ ᠡᠴᠡ 2025 ᠣᠨ ᠪᠣᠯᠲᠠᠯ᠎ᠠ᠂ ᠲᠦᠩᠯᠢᠶᠣᠤ ᠬᠣᠲᠠ ᠶ᠋ᠢᠨ 6 ᠬᠣᠱᠢᠭᠤ ᠱᠢᠶᠠᠨ ᠲᠣᠭᠣᠷᠢᠭ ᠤ᠋ᠨ  ᠨᠢᠴᠦᠭᠦᠨ ᠡᠯᠡᠰᠦᠷᠬᠡᠭ ᠭᠠᠵᠠᠷ ᠤ᠋ᠨ ᠲᠠᠯᠠᠪᠠᠶ 835.3 ᠲᠡᠭ᠌ᠰᠢ ᠳᠥᠷᠪᠡᠯᠵᠢᠨ ᠺᠢᠯᠣᠮᠧᠲ᠋ᠷ ᠪᠠᠢᠭ᠍ᠰᠠᠨ ᠡᠴᠡ ᠪᠠᠨ ᠮᠠᠰᠢ ᠲᠦᠷᠭᠡᠨ ᠬᠠᠰᠤᠭ᠍ᠳᠠᠭᠠᠳ 195.6 ᠲᠡᠭ᠌ᠰᠢ ᠳᠥᠷᠪᠡᠯᠵᠢᠨ ᠺᠢᠯᠣᠮᠧᠲ᠋ᠷ ᠪᠣᠯᠵᠣ᠂ 5 ᠵᠢᠯ ᠳ᠋ᠤ 76.6% ᠪᠡᠷ ᠪᠠᠭᠠᠰᠴᠠᠢ᠃

《ᠭᠤᠷᠪᠠᠨ ᠶᠡᠬᠡ ᠳᠠᠢᠯᠠᠯᠳᠤᠭᠠᠨ ᠤ᠋ ᠲᠣᠭᠣᠷᠢᠭ》 + 《ᠲᠠᠪᠤᠨ ᠮᠢᠩᠭᠠᠨ ᠲᠦᠮᠡ ᠶ᠋ᠢᠨ ᠢᠨᠵᠧᠨᠧᠷᠢᠩ 》 ᠄  ᠨᠢᠴᠤᠭᠦᠨ ᠡᠯᠡᠰᠦᠷᠬᠡᠭ ᠭᠠᠵᠠᠷ ᠢ᠋ ᠦᠯᠡᠳᠡᠬᠡᠯ ᠦᠬᠡᠢ ᠵᠠᠰᠠᠨ᠎ᠠ

ᠡᠨᠡ ᠵᠢᠯ᠂ ᠤᠯᠢᠶᠠᠰᠤ ᠱᠢᠶᠠᠩ ᠤ᠋ᠨ ᠭᠤᠸᠠᠩ ᠬᠣᠶ ᠲᠣᠰᠭᠣᠨ ᠤ᠋ 7000 ᠮᠥ᠍ ᠡᠯᠡᠰᠦᠷᠬᠡᠭ ᠭᠠᠵᠠᠷ ᠢ᠋ ᠵᠠᠰᠠᠵᠤ ᠳᠠᠭᠤᠰᠭᠤ ᠵᠢ ᠳᠠᠭᠠᠯᠳᠤᠨ ᠨᠠᠶ᠋ᠮᠠᠨ ᠬᠤᠰᠢᠭᠤᠨ ᠤ᠋ ᠬᠠᠮᠤᠭ ᠤ᠋ᠨ ᠰᠡᠭᠦᠯᠴᠢ ᠶ᠋ᠢᠨ ᠨᠢᠭᠡ ᠬᠡᠰᠡᠭ ᠲᠥᠪᠯᠡᠷᠡᠨ ᠵᠠᠯᠭᠠᠯᠳᠤᠭ᠍ᠰᠠᠨ  ᠨᠢᠴᠦᠭᠦᠨ ᠡᠯᠡᠰᠦᠷᠬᠡᠭ ᠭᠠᠵᠠᠷ ᠴᠤ᠌ ᠤᠳᠠᠯ ᠥᠬᠡᠶ ᠨᠤᠭᠤᠭᠠᠷᠠᠬᠤ ᠪᠣᠯᠤᠨ᠎ᠠ᠃

ᠬᠣᠷᠴᠢᠨ ᠤ᠋ ᠡᠯᠡᠰᠦᠷᠬᠡᠭ ᠭᠠᠵᠠᠷ ᠤ᠋ᠨ ᠰᠦᠨᠦᠭᠡᠯᠲᠡ ᠶ᠋ᠢᠨ ᠲᠠᠢᠯᠠᠯᠳᠤᠭᠠᠨ ᠤ᠋ ᠪᠦᠷᠢᠶ᠎ᠡ ᠬᠠᠩᠭᠢᠨᠠᠭ᠍ᠰᠠᠨ ᠡᠴᠡ ᠨᠠᠭᠠᠰᠢ᠂ ᠲᠦᠩᠯᠢᠶᠣᠤ ᠬᠣᠲᠠ《ᠬᠤᠢᠲᠤ ᠬᠡᠰᠡᠭ ᠲᠦ᠍ ᠬᠠᠮᠠᠭᠠᠯᠠᠯᠲᠠ ᠬᠢᠬᠦ᠂ ᠳᠤᠮᠳᠠ ᠬᠡᠰᠡᠭ ᠲᠦ᠍ ᠤᠰᠤ ᠠᠷᠪᠢᠯᠠᠬᠤ᠂ ᠡᠮᠦᠨ᠎ᠡ ᠬᠡᠰᠡᠭ ᠲᠦ᠍ ᠡᠯᠡᠰᠦ ᠵᠢ ᠵᠠᠰᠠᠬᠤ》ᠶᠡᠷᠦᠩᠬᠡᠶ ᠰᠡᠳᠭᠢᠴᠡ  ᠶᠣᠰᠣᠭᠠᠷ ᠪᠥᠬᠥ᠌ ᠣᠷᠣᠨ ᠪᠦᠰᠡ ᠪᠠᠨ《ᠭᠤᠷᠪᠠᠨ ᠶᠡᠬᠡ ᠳᠠᠢᠯᠠᠯᠳᠤᠭᠠᠨ ᠤ᠋ ᠲᠤᠭᠤᠷᠢᠭ》 ᠤ᠋ᠨ ᠱᠢᠰᠲ᠋ᠧᠮ᠎ᠪᠤᠯᠭᠠᠨ ᠪᠠᠢᠷᠢᠰᠢᠭᠤᠯᠵᠠᠢ᠄ ᠡᠮᠦᠨ᠎ᠠ ᠬᠡᠰᠡᠭ ᠤ᠋ᠨ 3 ᠬᠣᠱᠢᠭᠤ ᠪᠤᠯ ᠡᠯᠡᠰᠦᠷᠬᠡᠭ᠌ᠵᠢᠭ᠌ᠰᠡᠨ ᠭᠠᠵᠠᠷ ᠱᠢᠷᠣᠶ ᠵᠢ ᠶᠡᠷᠦᠩᠬᠡᠢᠯᠡᠨ ᠵᠠᠰᠠᠬᠤ ᠭᠤᠤᠯ ᠳᠠᠢᠯᠠᠯᠳᠤᠭᠠᠨ ᠤ᠋ ᠲᠤᠭᠤᠷᠢᠭ ᠪᠠᠢᠵᠤ᠂ ᠨᠡᠭᠦᠳᠡᠯ ᠡᠯᠡᠰᠦ ᠪᠠ ᠬᠠᠭᠠᠰ ᠲᠣᠭ᠍ᠲᠠᠮᠠᠯ ᠡᠯᠡᠰᠦᠨ ᠳᠣᠪᠣᠴᠠᠭ ᠢ᠋ ᠲᠥᠪᠯᠡᠷᠡᠭᠦᠯᠦᠨ ᠵᠠᠰᠠᠬᠤ ᠪᠣᠭᠣᠮᠲᠠ ᠰᠢᠪᠲᠤᠯᠪᠠ; ᠬᠤᠢᠳᠤ ᠬᠡᠰᠡᠭ ᠤ᠋ᠨ 2 ᠬᠣᠱᠢᠭᠤ ᠬᠣᠲᠠ ᠪᠣᠯ ᠠᠮᠢ ᠠᠬᠤᠶ ᠵᠢ ᠬᠠᠮᠠᠭᠠᠯᠠᠨ ᠰᠡᠷᠭᠦᠭᠡᠬᠦ᠌ ᠪᠠᠢᠯᠳᠤᠭᠠᠨ ᠤ᠋ ᠲᠣᠭᠣᠷᠢᠭ ᠪᠠᠢᠵᠤ᠂ ᠨᠤᠲᠤᠭ ᠪᠡᠯᠴᠢᠭᠡᠷ ᠢ᠋ ᠬᠠᠮᠠᠭᠠᠯᠠᠬᠤ ᠪᠠ ᠤᠷᠭᠤᠮᠠᠯ ᠤ᠋ᠨ ᠬᠤᠴᠢᠯᠭ᠎ᠠ ᠵᠢ ᠰᠡᠷᠭᠦᠭᠡᠬᠦ᠌ ᠪᠡᠷ ᠭᠤᠤᠯᠳᠠᠯᠭ᠎ᠠ ᠪᠤᠯᠭᠠᠪᠠ; ᠳᠤᠮᠳᠠ ᠬᠡᠰᠡᠭ ᠤ᠋ᠨ 3 ᠬᠣᠱᠢᠭᠤ ᠱᠢᠶᠠᠨ ᠲᠣᠭᠣᠷᠢᠭ ᠨᠢ ᠲᠠᠷᠢᠶᠠᠯᠠᠩ ᠤ᠋ᠨ ᠤᠰᠤ ᠠᠷᠪᠢᠯᠠᠬᠤ ᠠᠮᠢ ᠠᠬᠤᠶ ᠵᠢ ᠪᠡᠬᠢᠵᠢᠭᠦᠯᠦᠨ ᠳᠡᠭᠡᠭ᠌ᠰᠢᠯᠡᠭᠦᠯᠬᠦ᠌ ᠳᠠᠢᠯᠠᠯᠳᠤᠭᠠᠨ ᠤ᠋ ᠲᠣᠭᠣᠷᠢᠭ ᠪᠠᠢᠵᠤ᠂ ᠲᠠᠷᠢᠶᠠᠨ ᠭᠠᠵᠠᠷ ᠣᠶ ᠱᠢᠭᠤᠶ ᠶ᠋ᠢᠨ ᠲᠤᠤᠷ ᠤ᠋ᠨ ᠪᠥᠲᠥᠭᠡᠨ ᠪᠠᠢᠭᠤᠯᠤᠯᠲᠠ ᠬᠢᠭᠡᠳ ᠤᠰᠤ ᠠᠷᠪᠢᠯᠠᠬᠤ ᠥᠭᠡᠷᠡᠴᠢᠯᠡᠯᠲᠡ ᠪᠡᠷ ᠠᠮᠢ ᠠᠬᠤᠶ ᠶ᠋ᠢᠨ ᠬᠠᠯᠬᠠᠪᠴᠢ ᠵᠢ ᠪᠠᠲᠤ ᠴᠣᠭ᠍ᠴᠠᠯᠠᠪᠠ᠃

ᠡᠭᠦᠨ ᠤ᠋ ᠬᠠᠮᠲᠤ 《ᠤᠮᠠᠷᠠᠲᠤ ᠶ᠋ᠢᠨ ᠭᠤᠷᠪᠠᠨ ᠤᠷᠤᠨ》 ᠤ᠋ ᠢᠨᠵᠧᠨᠧᠷᠢᠩ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠥᠲᠥᠭᠡᠨ ᠪᠠᠢᠭᠤᠯᠤᠯᠲᠠ ᠶ᠋ᠢᠨ ᠢᠨᠵᠧᠨᠧᠷᠢᠩ ᠵᠡᠷᠭᠡ ᠲᠥᠷᠥᠯ ᠵᠦᠶ᠋ᠯ ᠳ᠋ᠤ ᠲᠦᠱᠢᠭ᠌ᠯᠡᠨ᠂ ᠮᠢᠩᠭᠠᠨ ᠲᠦᠮᠡᠨ ᠮᠥ᠍ ᠡᠯᠡᠰᠦ ᠵᠢ ᠶᠡᠷᠦᠩᠬᠡᠢᠯᠡᠨ ᠵᠠᠰᠠᠬᠤ ᠢᠨᠵᠧᠨᠧᠷᠢᠩ᠂ ᠮᠢᠩᠭᠠᠨ ᠲᠦᠮᠡᠨ ᠮᠥ᠍ ᠣᠶ ᠱᠢᠭᠤᠶ ᠶ᠋ᠢᠨ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠢᠨᠵᠧᠨᠧᠷᠢᠩ᠂ ᠮᠢᠩᠭᠠᠨ ᠲᠦᠮᠡᠨ ᠮᠥ᠍ ᠨᠤᠲᠤᠭ ᠪᠡᠯᠴᠢᠭᠡᠷ ᠢ᠋ ᠪᠡᠬᠢᠵᠢᠭᠦᠯᠦᠨ ᠳᠡᠭᠡᠭ᠌ᠰᠢᠯᠡᠭᠦᠯᠬᠦ᠌ ᠢᠨᠵᠧᠨᠧᠷᠢᠩ᠂ ᠮᠢᠩᠭᠠᠨ ᠲᠦᠮᠡᠨ ᠮᠥ᠍ ᠡᠯᠡᠰᠦᠷᠬᠡᠭ ᠣᠷᠣᠨ ᠤ᠋ ᠲᠠᠷᠢᠶᠠᠨ ᠭᠠᠵᠠᠷ ᠤ᠋ᠨ ᠤᠰᠤ ᠠᠷᠪᠢᠯᠠᠬᠤ ᠥᠭᠡᠷᠡᠴᠢᠯᠡᠯᠲᠡ ᠵᠢ ᠲᠡᠰ ᠲᠡᠪᠰᠢᠬᠦᠯᠬᠦ ᠢᠨᠵᠧᠨᠧᠷᠢᠩ᠂ ᠮᠢᠩᠭ᠎ᠠ ᠲᠦᠮᠡᠨ ᠮᠠᠯ ᠢ᠋ ᠬᠠᠱᠢᠶᠠᠯᠠᠨ ᠲᠡᠵᠢᠭᠡᠵᠤ ᠬᠠᠭᠠᠰ ᠬᠠᠱᠢᠶᠠᠯᠠᠨ ᠲᠡᠵᠢᠭᠡᠬᠦ᠌ ᠢᠨᠵᠧᠨᠧᠷᠢᠩ᠎ᠵᠡᠷᠭᠡ 《ᠲᠠᠪᠤᠨ ᠮᠢᠡᠭᠭ᠎ᠠ ᠲᠦᠮᠡ ᠶ᠋ᠢᠨ ᠢᠨᠵᠧᠨᠧᠷᠢᠩ》 ᠢ᠋ ᠡᠬᠢᠯᠡᠭᠦᠯᠦᠨ ᠬᠡᠷᠡᠭᠵᠢᠭᠦᠯᠪᠡ᠃

《ᠭᠤᠷᠪᠠᠨ ᠶᠡᠬᠡ ᠳᠠᠢᠯᠠᠯᠳᠤᠭᠠᠨ ᠤ᠋ ᠲᠤᠭᠤᠷᠢᠭ 》 ᠢ᠋ ᠨᠢᠭᠡᠳᠦᠯᠲᠡᠶ ᠲᠥᠯᠥᠪᠯᠡᠨ ᠪᠠᠢᠷᠢᠱᠢᠭᠤᠯᠵᠤ᠂ 《ᠲᠠᠪᠤᠨ ᠮᠢᠡᠭᠭ᠎ᠠ ᠲᠦᠮᠡ ᠶ᠋ᠢᠨ ᠢᠨᠵᠧᠨᠧᠷᠢᠩ》 ᠢ᠋ ᠬᠦᠴᠦ᠍ ᠪᠡᠨ ᠲᠥᠪᠯᠡᠷᠡᠭᠦᠯᠦᠨ ᠬᠡᠷᠡᠭ᠌ᠵᠢᠭᠦᠯᠵᠦ᠍᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶ᠋ᠢ ᠱᠢᠰᠲ᠋ᠧᠮ ᠲᠡᠶ ᠵᠠᠰᠠᠵᠤ᠂ ᠪᠥᠬᠥ᠌ ᠣᠷᠣᠨ ᠪᠦᠰᠡ ᠪᠡᠷ ᠨᠢ ᠵᠠᠰᠠᠨ ᠰᠡᠷᠭᠦᠭᠡᠭᠰᠡᠨ ᠨᠡᠢᠲᠡᠯᠢᠭ ᠵᠢᠱ᠌ᠢᠶ᠎ᠡ ᠵᠢ ᠪᠣᠶ ᠪᠣᠯᠭᠠᠭ᠍ᠰᠠᠨ ᠶ᠋ᠢᠡᠷ ᠪᠠᠷᠠᠬᠤ ᠥᠬᠡᠶ ᠪᠠᠰᠠ ᠪᠥᠲᠥᠭᠡᠨ ᠪᠠᠢᠭᠤᠯᠬᠤ ᠪᠠ ᠬᠠᠮᠢᠶᠠᠷᠬᠤ ᠵᠢ ᠵᠡᠷᠭᠡ ᠪᠡᠷ ᠴᠢᠬᠤᠯᠠᠴᠢᠯᠠᠵᠤ᠂ ᠵᠠᠰᠠᠯᠲᠠ ᠶ᠋ᠢᠨ ᠦᠷ᠎ᠡ ᠪᠦᠲᠦᠭᠡᠯ ᠢ᠋ ᠪᠡᠬᠢᠵᠢᠭᠦᠯᠦᠨ ᠦᠷᠭᠡᠳᠭᠡᠭᠰᠡᠨ ᠠᠷᠭ᠎ᠠ ᠵᠠᠮ ᠢ᠋ ᠨᠡᠭᠡᠭᠡᠵᠠᠢ᠃

ᠡᠨᠡ ᠬᠦ᠌ ᠦᠨᠳᠤᠷ ᠪᠦᠲᠦᠮᠵᠢᠲᠡᠶ ᠡᠯᠡᠰᠦ ᠵᠢ ᠵᠠᠰᠠᠬᠤ ᠱᠢᠰᠲ᠋ᠧᠮ ᠨᠢ ᠪᠥᠬᠥ᠌ ᠠᠷᠠᠳ ᠤ᠋ᠨ ᠡᠯᠡᠰᠦ ᠵᠢ ᠵᠠᠰᠠᠬᠤ ᠠᠮᠢᠵᠢᠷᠠᠯ ᠤ᠋ᠨ ᠬᠦᠴᠦᠨ ᠢ᠋ ᠬᠥᠭ᠌ᠵᠢᠭᠡᠪᠡ᠄ ᠳᠥᠷᠪᠡᠨ ᠱᠠᠲᠤᠨ ᠤ᠋ ᠱᠦᠵᠢ ᠡᠯᠡᠰᠦ ᠵᠢ ᠵᠠᠰᠠᠬᠤ ᠠᠵᠢᠯ ᠢ᠋ ᠠᠳᠭᠤᠨ ᠬᠠᠷᠢᠭᠤᠴᠠᠯᠭ᠎ᠠ ᠪᠠᠨ ᠪᠣᠳᠠᠲᠠᠢᠵᠢᠭᠤᠯᠵᠤ᠂ ᠲᠡᠬᠡᠷ᠎ᠡ ᠲᠤᠤᠷ᠎ᠠ ᠱᠠᠲᠤ ᠬᠣᠯᠪᠣᠭᠠᠯᠠᠨ ᠬᠥᠳᠡᠯᠦᠯᠴᠡᠵᠦ᠍᠂ ᠰᠠᠯᠠᠭ᠎ᠠ ᠮᠥᠴᠢᠷ ᠬᠠᠮᠵᠢᠯᠴᠠᠨ ᠠᠵᠢᠯᠯᠠᠵᠤ᠂ ᠪᠥᠬᠥ᠌ ᠠᠷᠠᠳ ᠶ᠋ᠢᠡᠷ ᠵᠢᠡᠨ ᠣᠷᠣᠯᠴᠠᠵᠤ᠂ ᠪᠥᠬᠥ᠌ ᠨᠡᠢᠭᠡᠮ ᠤ᠋ᠨ ᠬᠦᠴᠦᠨ ᠢ᠋ ᠳᠠᠢᠴᠢᠯᠠᠨ ᠤᠷᠤᠯᠴᠠᠭᠤᠯᠵᠤ᠂ ᠬᠣᠷᠴᠢᠨ ᠤ᠋ ᠡᠯᠡᠰᠦᠷᠬᠡᠭ ᠭᠠᠵᠠᠷ ᠤ᠋ᠨ ᠰᠦᠨᠦᠭᠡᠯᠲᠡ ᠶ᠋ᠢᠨ ᠳᠠᠢᠯᠠᠯᠳᠤᠭᠠᠨ ᠤ᠋ ᠬᠤᠷᠳᠤᠴᠠ ᠵᠢ ᠲᠦᠷᠭᠡᠳᠭᠡᠪᠡ᠃ ᠡᠬᠦᠨ ᠳ᠋ᠤ ᠵᠠᠷᠤᠳ ᠬᠣᠱᠢᠭᠤ ᠨᠢᠭᠡ ᠰᠠᠷ᠎ᠠ ᠶ᠋ᠢᠨ ᠳᠣᠲᠣᠷ᠎ᠠ ᠲᠠᠴᠢᠷᠳᠠᠭᠰᠠᠨ ᠨᠤᠲᠤᠭ ᠪᠡᠯᠴᠢᠭᠡᠷ ᠢ᠋ 100 ᠲᠦᠮᠡᠨ ᠮᠥ᠍ ᠵᠠᠰᠠᠨ ᠰᠡᠷᠭᠦᠭᠡᠭ᠌ᠰᠡᠨ ᠲᠡᠮᠳᠡᠭ᠌ᠯᠡᠯ ᠢ᠋ ᠡᠭᠦᠳᠦᠭᠰᠡᠨ ᠠᠵᠢ᠃

ᠡᠯᠡᠰᠤ ᠮᠠᠩᠬ᠎ᠠ ᠵᠢᠨ ᠵᠠᠰᠠᠯᠳᠠ ᠵᠢᠨ 12 ᠵᠦᠢᠯ ᠤ᠋ᠨ ᠵᠠᠭ᠍ᠪᠤᠷ᠄ 《ᠪᠦᠳᠦᠭᠦᠯᠢᠭ ᠶ᠋ᠢᠡᠷ ᠵᠠᠰᠠᠵᠤ》 ᠪᠠᠢᠭᠰᠠᠨ ᠢ᠋ 《ᠤᠨᠤᠴᠠᠲᠠᠢ ᠵᠠᠰᠠᠬᠤ 》 ᠲᠠᠢᠰᠢ ᠬᠤᠪᠢᠷᠠᠭᠤᠯᠪᠠ

ᠬᠠᠪᠤᠷ ᠤ᠋ᠨ ᠤᠯᠠᠷᠢᠯ ᠪᠣᠯ ᠮᠣᠳᠣ ᠳᠠᠷᠢᠵᠤ ᠣᠢᠵᠢᠭᠤᠯᠬᠤ ᠱᠢᠵᠢᠷ ᠠᠯᠲᠠᠨ ᠴᠠᠭ ᠬᠤᠭᠤᠴᠠᠭ᠎ᠠ ᠪᠤᠯᠪᠠᠴᠦ ᠠᠭᠤᠷᠰᠢᠯᠲᠠ ᠲᠦᠷᠭᠡᠨ᠂ ᠰᠠᠯᠬᠢ ᠶᠡᠬᠡ᠂ ᠳᠤᠤᠷ᠎ᠠ ᠳᠤᠯᠠᠭᠠᠨ ᠳᠠᠬᠢᠨ ᠳᠠᠪᠲᠠᠬᠤ ᠵᠡᠷᠭᠡ ᠠᠰᠠᠭᠤᠳᠠᠯ ᠳ᠋ᠦ ᠲᠤᠯᠭᠠᠷᠠᠳᠠᠭ᠃ ᠡᠯᠡᠰᠦᠷᠬᠡᠭ ᠭᠠᠵᠠᠷ ᠲᠦ᠍ ᠰᠠᠶᠢᠬᠠᠨ ᠰᠠᠭᠤᠯᠭᠠᠭᠰᠠᠨ ᠴᠢᠬᠢ ᠮᠣᠳᠣ ᠰᠠᠯᠬᠢ ᠡᠯᠡᠰᠦᠨ ᠤ᠋ ᠨᠢᠳᠤ ᠦᠬᠡᠢ ᠲᠠᠭᠠᠷᠢᠯᠲᠠ ᠳ᠋ᠦ ᠤᠴᠠᠷᠠᠨ᠂ ᠵᠠᠷᠢᠮ ᠨᠢ ᠦᠨᠳᠦᠰᠦ ᠪᠡᠷ ᠶ᠋ᠢᠡᠨ ᠦᠭ᠌ᠲᠡᠭᠡᠭ᠌ᠳᠡᠵᠦ᠍᠂ ᠡᠯᠡᠰᠤ ᠮᠠᠩᠬ᠎ᠠ ᠵᠢ ᠨᠣᠭᠣᠭᠠᠷᠠᠭᠤᠯᠬᠤ ᠵᠠᠮ ᠲᠤᠢᠯ ᠤ᠋ᠨ ᠪᠡᠷᠬᠡᠱᠢᠶᠡᠯ ᠲᠡᠶ ᠪᠠᠢᠯ᠎ᠠ᠃

ᠡᠯᠡᠰᠦᠷᠬᠡᠭ ᠭᠠᠵᠠᠷ ᠢ᠋ ᠣᠢᠵᠢᠭᠤᠯᠵᠤ ᠨᠤᠭᠤᠭᠠᠷᠠᠭᠤᠯᠬᠤ ᠡᠨᠡ ᠬᠦ᠌ ᠬᠦᠴᠢᠷ ᠠᠰᠠᠭᠤᠳᠠᠯ ᠳ᠋ᠦ ᠴᠢᠭ᠌ᠯᠡᠭᠦᠯᠦᠨ᠂ ᠬᠣᠷᠴᠢᠨ ᠵᠡᠭᠦᠨ ᠭᠠᠷᠤᠨ ᠬᠣᠢᠲᠤ ᠬᠣᠱᠢᠭᠤᠨ ᠤ᠋ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠶ᠋ᠢᠨ ᠮᠡᠷᠭᠡᠵᠢᠯ ᠤ᠋ᠨ ᠪᠦᠯᠬᠦᠮ ᠣᠷᠳᠣ ᠬᠤᠭᠤᠴᠠᠭ᠎ᠠ ᠪᠡᠷ ᠳᠠᠬᠢᠨ ᠳᠠᠪᠲᠠᠨ ᠲᠤᠷᠱᠢᠯᠲᠠ ᠬᠢᠭᠰᠡᠨ ᠰᠠᠭᠤᠷᠢᠨ ᠲᠠᠬᠡᠷ᠎ᠠ ᠭᠦᠨ ᠨᠦᠬᠡᠨ ᠳ᠋ᠤ ᠴᠢᠬᠢ ᠰᠠᠭᠤᠯᠭᠠᠨ ᠭᠦᠶᠦᠬᠡᠨ ᠳᠠᠪᠬᠤᠷᠭ᠎ᠠ ᠱᠢᠷᠣᠶ ᠳᠠᠷᠤᠵᠤ᠂ ᠴᠢᠬᠢ ᠮᠣᠳᠣ ᠵᠢ ᠭᠦᠨ ᠮᠠᠯᠲᠠᠭ᠍ᠰᠠᠨ ᠨᠦᠬᠡᠨ ᠳ᠋ᠤ ᠰᠠᠭᠤᠯᠭᠠᠭᠰᠠᠨ ᠤ᠋ ᠳᠠᠷᠠᠭ᠎ᠠ ᠬᠣᠶᠠᠷ ᠤᠳᠠᠭ᠎ᠠ ᠱᠢᠷᠣᠶ ᠨᠡᠮᠡᠬᠦ᠌ ᠶᠡᠷᠦᠩᠬᠡᠶ ᠬᠡᠮᠵᠢᠶ᠎ᠡ ᠵᠢ ᠮᠠᠯᠳᠠᠭᠰᠠᠨ ᠨᠦᠬᠡᠨ ᠤ᠋ ᠪᠠᠨ ᠭᠦᠨ ᠤ᠋ ᠬᠡᠮᠵᠢᠶ᠎ᠠ ᠵᠢᠨ 50% ᠡᠴᠡ ᠦᠯᠦ ᠬᠡᠲᠦᠷᠡᠭᠦᠯᠬᠦ 《ᠭᠦᠨ ᠵᠠᠢᠯᠠᠵᠤ ᠭᠦᠶᠦᠭᠡᠨ ᠪᠤᠯᠠᠬᠤ》 ᠲᠠᠷᠢᠵᠤ ᠤᠷᠭᠤᠭᠤᠯᠬᠤ ᠮᠡᠷᠭᠡᠵᠢᠯ ᠢ᠋ ᠳ᠋ᠦᠩᠨᠡᠨ ᠭᠠᠷᠭᠠᠪᠠ᠃

《ᠭᠦᠨ ᠵᠠᠢᠯᠠᠵᠤ ᠭᠦᠶᠦᠬᠡᠨ ᠪᠤᠯᠠᠬᠤ》ᠮᠡᠷᠭᠡᠵᠢᠯ ᠨᠢ ᠣᠢᠵᠢᠭᠤᠯᠤᠯᠲᠠ ᠶ᠋ᠢᠨ ᠡᠳᠡᠭᠡᠷᠡᠯᠲᠡ ᠶ᠋ᠢᠨ ᠨᠤᠷᠮ᠎ᠠ ᠵᠢ 50% ᠪᠠᠢᠭ᠍ᠰᠠᠨ ᠡᠴᠡ 90% ᠡᠴᠡ ᠳᠡᠭᠡᠭ᠌ᠰᠢ ᠪᠣᠯᠭᠠᠨ ᠳᠡᠭᠡᠭ᠌ᠰᠢᠯᠡᠭᠦᠯᠪᠡ᠃ ᠡᠭᠦᠨ ᠤ᠋ ᠬᠠᠮᠲᠤ ᠣᠢᠵᠢᠭᠤᠯᠤᠯᠲᠠ ᠶ᠋ᠢᠨ ᠤᠯᠠᠷᠢᠯ ᠤ᠋ᠨ ᠴᠢᠨᠠᠷᠲᠠᠶ ᠬᠢᠵᠠᠭᠠᠷᠯᠠᠯ ᠤ᠋ᠨ ᠬᠦᠴᠢᠷ ᠠᠰᠠᠭᠤᠳᠠᠯ ᠢ᠋ ᠱᠢᠶ᠋ᠳᠪᠦᠷᠢᠯᠡᠵᠦ᠍᠂ ᠣᠯᠠᠩᠬᠢ ᠮᠣᠳᠣᠨ ᠤ᠋ ᠲᠥᠷᠥᠯ ᠢ᠋ ᠵᠢᠯ ᠤ᠋ᠨ ᠳᠥᠷᠪᠡᠨ ᠤᠯᠠᠷᠢᠯ ᠳ᠋ᠤ ᠪᠦᠷ ᠣᠢᠵᠢᠭᠤᠯᠵᠤ ᠲᠠᠢᠯᠬᠦ ᠪᠤᠯᠵᠤ᠂ ᠬᠣᠷᠴᠢᠨ ᠤ᠋ ᠡᠯᠡᠰᠦᠷᠬᠡᠭ ᠭᠠᠵᠠᠷ ᠤ᠋ᠨ ᠵᠠᠰᠠᠯᠳᠠ ᠵᠢ ᠤᠷᠢᠳ ᠭᠠᠷᠤᠭ᠎ᠠ ᠦᠬᠡᠢ ᠲᠦᠷᠬᠡᠳᠬᠡᠪᠡ᠃ ᠣᠳᠣᠬᠠᠨ ᠪᠤᠯᠳᠠᠯ᠎ᠠ ᠲᠤᠰ ᠮᠡᠷᠬᠡᠵᠢᠯ ᠢ᠋ ᠳᠡᠯᠭᠡᠷᠡᠭᠦᠯᠦᠭᠰᠡᠨ ᠲᠠᠯᠠᠪᠠᠶ ᠨᠢᠬᠡᠨᠳᠡ 60 ᠲᠦᠮᠡᠨ ᠮᠥ᠍ ᠳ᠋ᠤ ᠬᠦᠷᠴᠡᠶ᠃

ᠡᠨᠡ ᠨᠢ ᠵᠥᠪᠬᠡᠨ ᠬᠣᠷᠴᠢᠨ ᠤ᠋ ᠡᠯᠡᠰᠦᠷᠬᠡᠭ ᠭᠠᠵᠠᠷ ᠤ᠋ᠨ ᠵᠠᠰᠠᠯᠲᠠ ᠶ᠋ᠢᠨ ᠳᠤᠲᠤᠷᠠᠬᠢ ᠨᠢᠭᠡᠨ ᠨᠡᠢᠳᠡᠯᠢᠭ ᠠᠷᠭ᠎ᠠ ᠬᠡᠮᠵᠢᠶ᠎ᠠ ᠲᠡᠳᠤᠢ ᠪᠣᠯᠤᠨ᠎ᠠ᠃ ᠬᠥᠮᠦᠨ ᠬᠢᠭᠡᠳ ᠡᠯᠡᠰᠦ ᠶ᠋ᠢᠨ ᠤᠳᠠᠭᠠᠨ ᠵᠢᠯ ᠦᠷᠭᠦᠯᠵᠢᠯᠡᠭ᠌ᠰᠡᠨ ᠦᠵᠡᠯᠴᠡᠭᠡᠨ ᠳᠤᠮᠳᠠ ᠲᠦᠩᠯᠢᠶᠣᠤ ᠶ᠋ᠢᠨ ᠡᠬᠡ ᠭᠠᠵᠠᠷ ᠲᠦ᠍ ᠭᠠᠵᠠᠷ ᠣᠷᠣᠨ ᠤ᠋ ᠪᠤᠳᠠᠳᠤ ᠪᠠᠢᠳᠠᠯ ᠳ᠋ᠠᠭᠠᠨ ᠳᠣᠭᠢᠷᠠᠭᠤᠯᠬᠤ᠂  ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭ᠌ᠵᠢᠭᠦᠯᠬᠦ᠌ ᠡᠯᠡᠰᠦ ᠵᠢ ᠵᠠᠰᠠᠬᠤ ᠣᠶᠤᠨ ᠤᠬᠠᠭᠠᠨ ᠪᠣᠶ ᠪᠣᠯᠵᠠᠶ — ᠠᠳᠠᠯᠢ ᠪᠤᠰᠤ ᠡᠯᠡᠰᠦᠷᠬᠡᠭ᠌ᠵᠢᠯ ᠤ᠋ᠨ ᠬᠡᠮᠵᠢᠶ᠎ᠡ᠂ ᠪᠠᠢᠭᠠᠯᠢ ᠶ᠋ᠢᠨ ᠤᠷᠴᠢᠨ ᠲᠤᠭᠤᠷᠢᠨ ᠤ᠋ ᠨᠥᠬᠥᠴᠡᠯ ᠳ᠋ᠤ ᠰᠠᠭᠤᠷᠢᠯᠠᠨ 12 ᠵᠦᠶ᠋ᠯ ᠤ᠋ᠨ ᠱᠢᠨᠵᠢᠯᠡᠬᠦ᠌ ᠤᠬᠠᠭᠠᠨᠴᠢ ᠪᠡᠷ ᠡᠯᠡᠰᠦ ᠵᠢ ᠵᠠᠰᠠᠬᠤ ᠵᠠᠭ᠍ᠪᠤᠷ ᠢ᠋ ᠳ᠋ᠦᠩᠨᠡᠨ ᠳᠡᠯᠭᠡᠷᠡᠭᠦᠯᠵᠦ᠍᠂ ᠡᠯ᠎ᠡ ᠲᠥᠷᠥᠯ ᠤ᠋ᠨ ᠡᠯᠡᠰᠦᠷᠬᠡᠭ ᠭᠠᠵᠠᠷ ᠢ᠋ ᠵᠠᠰᠠᠬᠤ ᠬᠦᠴᠢᠷ ᠠᠰᠠᠭᠤᠳᠠᠯ ᠢ᠋ ᠬᠠᠨᠳᠤᠯᠭᠠᠲᠤ ᠴᠢᠨᠠᠷᠲᠠᠶ ᠪᠡᠷ ᠱᠢᠶ᠋ᠳᠪᠦᠷᠢᠯᠡᠵᠦ᠍᠂ ᠲᠣᠰ ᠭᠠᠵᠠᠷ ᠤ᠋ᠨ ᠪᠣᠳᠠᠲᠤ ᠪᠠᠢᠳᠠᠯ ᠳ᠋ᠤ ᠨᠡᠢᠴᠡᠭ᠌ᠰᠡᠨ ᠡᠯᠡᠰᠦᠷᠬᠡᠭ᠌ᠵᠢᠯ ᠢ᠋ ᠵᠠᠰᠠᠬᠤ ᠵᠠᠮ ᠢ᠋ ᠨᠡᠭᠡᠭᠡᠪᠡ᠃

ᠤᠰᠤᠨ ᠤ᠋ ᠡᠬᠢ ᠪᠠᠶᠠᠯᠢᠭ ᠳᠤᠲᠠᠭ᠍ᠳᠠᠬᠤ ᠪᠣᠯ ᠤᠮᠠᠷᠠᠲᠤ ᠶ᠋ᠢᠨ ᠡᠯᠡᠰᠦᠷᠬᠡᠭ ᠣᠷᠣᠨ ᠤ᠋ ᠠᠮᠢ ᠠᠬᠤᠶ ᠶ᠋ᠢᠨ ᠪᠦᠲᠦᠭᠡᠨ ᠪᠠᠢᠭᠤᠯᠤᠯᠲᠠ ᠵᠢ ᠬᠢᠵᠠᠭᠠᠷᠯᠠᠵᠤ ᠪᠠᠢᠭ᠎ᠠ ᠭᠤᠤᠯ ᠪᠣᠭᠣᠮᠢ ᠪᠣᠯᠤᠨ᠎ᠠ᠃ ᠲᠦᠩᠯᠢᠶᠣᠤ ᠬᠣᠲᠠ ᠳ᠋ᠤ ᠡᠯᠡᠰᠦ ᠠᠷᠪᠢᠨ ᠤᠰᠤ ᠪᠠᠭ᠎ᠠ ᠪᠠᠢᠵᠤ᠂ ᠬᠥᠮᠦᠨ ᠪᠦᠷᠢ ᠶ᠋ᠢᠨ ᠳᠤᠮᠳᠠᠴᠢ ᠤᠰᠤᠨ ᠤ᠋ ᠡᠬᠢ ᠪᠠᠶᠠᠯᠢᠭ ᠤ᠋ᠨ ᠡᠵᠡᠯᠡᠬᠦ᠌ ᠬᠡᠮᠵᠢᠶ᠎ᠡ ᠨᠢ ᠪᠦᠬᠦ᠌ ᠤᠯᠤᠰ᠂ ᠪᠦᠬᠦ᠌ ᠣᠷᠣᠨ ᠤ᠋ 50% ᠳ᠋ᠤ ᠴᠦ᠍ ᠬᠦᠷᠬᠦ᠌ ᠦᠭᠡᠶ ᠶᠤᠮ᠃ ᠡᠨᠡ ᠬᠦ᠌ ᠪᠠᠢᠳᠠᠯ ᠳ᠋ᠤ ᠴᠢᠭᠯᠡᠬᠦᠯᠦᠨ ᠲᠤᠬᠠᠶ ᠶ᠋ᠢᠨ ᠭᠠᠵᠠᠷ ᠤ᠋ᠨ ᠬᠢᠨ ᠡᠯᠡᠰᠦᠷᠬᠡᠭᠵᠢᠯ ᠢ᠋ ᠰᠡᠷᠭᠡᠢᠯᠡᠵᠦ᠍ ᠡᠯᠡᠰᠦ ᠵᠢ ᠵᠠᠰᠠᠬᠤ ᠶᠠᠪᠤᠴᠠ ᠳ᠋ᠤ ᠡᠩ ᠲᠡᠷᠢᠭᠦᠨ ᠳ᠋ᠤ ᠭᠠᠩ ᠬᠠᠭᠤᠷᠠᠢ ᠳ᠋ᠤ ᠲᠡᠰᠪᠦᠷᠢᠲᠡᠢ ᠬᠠᠲᠠᠭᠤ ᠴᠠᠭᠠᠨ᠂ ᠬᠡᠭᠡᠷ᠎ᠡ ᠶ᠋ᠢᠨ ᠲᠠᠤᠯᠠᠢ ᠶ᠋ᠢᠨ ᠪᠦᠭᠡᠷ᠎ᠡ᠂ ᠨᠠᠢᠯᠵᠠᠭᠤᠷ ᠬᠠᠷᠭᠠᠨ᠎ᠠ ᠵᠡᠷᠭᠡ ᠨᠤᠲᠤᠭ ᠤ᠋ᠨ ᠮᠣᠳᠣᠨ ᠦᠷ᠎ᠡ ᠡᠪᠡᠰᠦᠨ ᠦᠷ᠎ᠡ ᠵᠢ ᠰᠣᠩᠭᠣᠨ ᠬᠡᠷᠡᠭ᠌ᠯᠡᠬᠦ᠌ ᠶ᠋ᠢᠨ ᠬᠠᠮᠲᠤ ᠮᠠᠰᠢᠨ ᠵᠢᠡᠷ ᠨᠦᠬᠡ ᠥᠷᠥᠮᠳᠡᠨ ᠣᠢᠵᠢᠭᠤᠯᠬᠤ᠂ ᠦᠨᠳᠦᠰᠦ ᠵᠢ ᠨᠢ ᠬᠢᠵᠠᠭᠠᠷᠯᠠᠨ ᠣᠢᠵᠢᠭᠤᠯᠬᠤ ᠵᠡᠷᠭᠡ ᠭᠠᠩ ᠬᠠᠭ᠍ᠰᠠᠷᠠᠭᠠᠨ ᠲᠠᠢ ᠲᠡᠮᠡᠴᠡᠵᠦ᠍ ᠣᠢᠵᠢᠭᠤᠯᠵᠤ ᠨᠤᠭᠤᠭᠠᠷᠠᠭᠤᠯᠬᠤ 10 ᠭᠠᠷᠤᠶ ᠵᠦᠶ᠋ᠯ ᠤ᠋ᠨ ᠮᠡᠷᠭᠡᠵᠢᠯ ᠢ᠋ ᠬᠡᠷᠡᠭ᠌ᠯᠡᠪᠡ᠃

ᠦᠶ᠎ᠡ ᠦᠶ᠎ᠡ ᠶ᠋ᠢᠨ ᠡᠯᠡᠰᠦ ᠵᠠᠰᠠᠭ᠍ᠴᠢᠳ ᠴᠥᠬᠥᠷᠡᠰᠢ ᠥᠬᠡᠶ ᠵᠢᠳᠬᠦᠵᠤ᠂ ᠤᠯᠠᠨ ᠣᠢᠵᠢᠭᠤᠯᠤᠯᠳᠠ ᠵᠢᠨ ᠮᠡᠷᠭᠡᠵᠢᠯ ᠪᠣᠯᠤᠨ ᠵᠠᠰᠠᠯᠲᠠ ᠶ᠋ᠢᠨ ᠵᠠᠭ᠍ᠪᠤᠷ ᠢ᠋ ᠲᠠᠰᠤᠷᠠᠯᠲᠠ ᠥᠬᠡᠶ ᠱᠢᠨ᠎ᠡ ᠵᠢ ᠡᠬᠦᠳᠤᠨ ᠴᠤᠭᠴᠠᠯᠠᠵᠤ᠂ ᠬᠣᠷᠴᠢᠨ ᠤ᠋ ᠡᠯᠡᠰᠦᠷᠬᠡᠭ ᠭᠠᠵᠠᠷ ᠢ᠋ ᠲᠤᠢᠯᠪᠤᠷᠢᠲᠠᠶ ᠵᠠᠰᠠᠬᠤ ᠢᠷᠠᠭᠤ ᠬᠠᠭᠤᠳᠠᠰᠤ ᠵᠢ ᠪᠢᠴᠢᠭ᠌ᠯᠡᠪᠡ᠃ 2025 ᠣᠨ ᠤ᠋ 4 ᠰᠠᠷ᠎ᠠ ᠶ᠋ᠢᠨ 3 ᠤ᠋ ᠡᠳᠦᠷ᠂ ᠶᠡᠷᠤᠩᠬᠡᠢ ᠱᠦᠵᠢ ᠰᠢ ᠵᠢᠨ ᠫᠢᠩ ᠨᠡᠢᠰᠯᠡᠯ ᠤ᠋ᠨ ᠠᠯᠪᠠᠨ ᠵᠢᠷᠤᠮ ᠤ᠋ᠨ ᠮᠣᠳᠣ ᠳᠠᠷᠢᠬᠤ ᠠᠵᠢᠯᠯᠠᠭ᠎ᠠ ᠳ᠋ᠤ ᠣᠷᠣᠯᠴᠠᠬᠤ ᠳ᠋ᠠᠭᠠᠨ᠂ ᠦᠷᠭᠦᠯᠵᠢᠯᠡᠨ ᠴᠢᠷᠮᠠᠢᠬᠤ ᠪᠡᠷ ᠳᠡᠮᠵᠢᠨ ᠲᠠᠺᠯᠢᠮᠠᠺᠠᠨ ᠡᠯᠡᠰᠦᠨ ᠴᠥᠯ ᠳ᠋ᠤ 《ᠨᠣᠭᠣᠭᠠᠨ ᠬᠦᠵᠦᠭᠦᠪᠴᠢ》 ᠵᠡᠭᠦᠯᠭᠡᠵᠦ᠍᠂ ᠬᠣᠷᠴᠢᠨ ᠤ᠋ ᠡᠯᠡᠰᠦᠷᠬᠡᠭ ᠭᠠᠵᠠᠷ ᠲᠦ᠍ ᠲᠠᠯ᠎ᠠ ᠨᠤᠲᠤᠭ ᠤ᠋ᠨ ᠥᠩᠭᠡ ᠦᠵᠡᠮᠵᠢ ᠳᠠᠬᠢᠨ ᠢᠯᠡᠷᠡᠵᠦ᠍᠂ ᠡᠳᠡᠭᠡᠷ ᠠᠮᠵᠢᠯᠲᠠ ᠪᠦᠲᠦᠮᠵᠢ ᠵᠢ ᠤᠯᠤᠬᠰᠠᠨ ᠨᠢ ᠬᠢᠯᠪᠡᠷ ᠦᠭᠡᠢ ᠶᠤᠮ ᠭᠡᠵᠤ ᠬᠡᠯᠡᠭᠰᠡᠨ ᠪᠠᠢᠨ᠎ᠠ᠃

67.82 ᠳ᠋ᠦᠩᠱᠢᠭᠤᠷ ᠲᠥᠭᠥᠷᠢᠭ ᠤ᠋ᠨ ᠦᠶ᠋ᠯᠡᠳᠬᠦᠨ ᠤ᠋ ᠥᠷᠲᠡᠭ᠄ ᠨᠣᠭᠣᠭᠠᠷᠠᠭᠤᠯᠬᠤ ᠵᠢᠨ ᠬᠠᠮᠳᠤ ᠪᠠᠶᠠᠵᠢᠭᠤᠯᠵᠤ ᠡᠯᠡᠰᠦᠨ ᠲᠡᠯᠡᠶ ᠳ᠋ᠤ 《ᠪᠣᠬᠢᠷᠲᠤᠯ ᠥᠬᠡᠶ ᠪᠠᠩᠬᠢ》 ᠵᠢ ᠪᠠᠢᠭᠤᠯᠪᠠ

ᠡᠨᠡ ᠵᠢᠯ ᠤ᠋ᠨ 《5·1》 ᠤ᠋ ᠠᠮᠠᠷᠠᠯᠲᠠ ᠶ᠋ᠢᠨ ᠬᠤᠭᠤᠴᠠᠭᠠᠨ ᠳ᠋ᠤ 4 ᠲᠦᠮᠡᠨ ᠵᠢᠭᠤᠯᠴᠢᠯᠠᠬᠴᠢ ᠬᠦᠷᠢᠶ᠎ᠡ ᠬᠣᠱᠢᠭᠤᠨ ᠤ᠋ ᠮᠦᠨᠭᠭᠦᠨ ᠲᠤᠬᠤᠢ ᠵᠢᠭᠤᠯᠴᠢᠯᠠᠯ ᠤ᠋ᠨ ᠦᠵᠡᠮᠵᠢ ᠶ᠋ᠢᠨ ᠣᠷᠣᠨ ᠳ᠋ᠤ ᠬᠦᠷᠴᠦ ᠵᠢᠭᠤᠯᠴᠢᠯᠠᠪᠠ; 《5·1》 ᠤ᠋ ᠠᠮᠠᠷᠠᠯᠲᠠ ᠶ᠋ᠢᠨ ᠠᠩᠬᠠᠨ ᠤ᠋ ᠡᠳᠦᠷ᠂ ᠨᠠᠶ᠋ᠮᠠᠨ ᠬᠣᠱᠢᠭᠤᠨ ᠤ᠋ ᠪᠤᠬᠲᠤ ᠶ᠋ᠢᠨ ᠡᠯᠡᠰᠦᠨ ᠴᠥᠯ ᠤ᠋ᠨ ᠵᠢᠭᠤᠯᠴᠢᠯᠠᠯ ᠤ᠋ᠨ ᠣᠷᠣᠨ 1500 ᠭᠠᠷᠤᠶ ᠵᠢᠭᠤᠯᠴᠢᠯᠠᠬᠴᠢ ᠵᠢ ᠭᠥᠯᠢᠶᠡᠨ ᠠᠪᠴᠤ᠌᠂ ᠡᠵᠡᠩᠨᠡᠯᠲᠡ ᠶ᠋ᠢᠨ ᠣᠷᠣᠯᠭ᠎ᠠ ᠨᠢ 10 ᠲᠦᠮᠡᠨ ᠲᠥᠭᠥᠷᠢᠭ ᠢ᠋ ᠳᠠᠪᠠᠪᠠ ᠁ ᠦᠩᠬᠡᠷᠡᠭᠰᠡᠨ ᠳ᠋ᠤ ᠬᠥᠮᠦᠰ ᠢ᠋ ᠲᠠᠷᠴᠢᠯᠭᠠᠵᠤ ᠪᠠᠢᠭ᠍ᠰᠠᠨ ᠡᠯᠡᠰᠦᠷᠬᠡᠭ ᠤᠳᠤ ᠠᠵᠤ ᠠᠬᠤᠢ ᠶ᠋ᠢᠨ ᠦᠷᠲᠡᠭ ᠪᠦᠬᠦᠢ ᠵᠢᠭᠤᠯᠴᠢᠯᠠᠯ ᠤ᠋ᠨ ᠡᠷᠳᠡᠨᠢ ᠶ᠋ᠢᠨ ᠭᠠᠵᠠᠷ ᠪᠣᠯᠵᠠᠶ᠃

ᠲᠦᠩᠯᠢᠶᠣᠤ ᠬᠣᠲᠠ ᠶ᠋ᠢᠨ 1300 ᠭᠠᠴᠠᠭ᠎ᠠ ᠲᠣᠰᠭᠣᠨ ᠡᠯᠡᠰᠦᠷᠬᠡᠭ ᠣᠷᠣᠨ ᠳ᠋ᠤ ᠲᠠᠷᠬᠠᠵᠤ᠂ 160 ᠲᠦᠮᠡᠨ ᠬᠥᠮᠦᠨ ᠡᠯᠡᠰᠦ ᠡᠴᠡ ᠪᠣᠯᠵᠣ ᠠᠮᠢᠳᠤᠷᠠᠯ ᠨᠢ ᠬᠦᠴᠢᠷᠳᠡᠯᠲᠡᠢ ᠪᠠᠢᠵᠠᠢ᠃ ᠲᠦᠩᠯᠢᠶᠣᠤ ᠬᠣᠲᠠ ᠳ᠋ᠤ ᠠᠪᠴᠤ᠌ ᠬᠡᠯᠡᠪᠡᠯ᠂ ᠡᠯᠡᠰᠦ ᠵᠢ ᠵᠠᠰᠠᠬᠤ ᠨᠢ ᠶᠡᠷᠦ᠍ ᠡᠴᠡ ᠲᠠᠩ ᠭᠠᠭ᠍ᠴᠠ ᠠᠮᠢ ᠠᠬᠤᠶ ᠶ᠋ᠢᠨ ᠢᠨᠵᠧᠨᠧᠷᠢᠩ ᠪᠢᠰᠢ ᠂ ᠬᠠᠷᠢᠨ ᠠᠷᠠᠳ ᠤ᠋ᠨ ᠠᠮᠢᠳᠤᠷᠠᠯ ᠤ᠋ᠨ ᠠᠵᠠ ᠵᠢᠷᠭᠠᠯ᠂ ᠥᠨᠢᠳᠡ ᠶ᠋ᠢᠨ ᠦᠷᠭᠦᠯᠵᠢᠯᠡᠬᠦ᠌ ᠬᠥᠭ᠌ᠵᠢᠯᠲᠡ ᠳ᠋ᠤ ᠬᠣᠯᠪᠣᠭ᠍ᠳᠠᠬᠤ ᠱᠢᠰᠲ᠋ᠧᠮᠲᠦ ᠢᠨᠵᠧᠨᠧᠷᠢᠩ ᠪᠣᠯᠤᠨ᠎ᠠ᠃

ᠣᠢᠷ᠎ᠠ ᠶ᠋ᠢᠨ ᠵᠢᠯ ᠡᠴᠡ ᠨᠠᠭᠠᠰᠢ᠂ ᠲᠦᠩᠯᠢᠶᠣᠤ ᠬᠣᠲᠠ ᠠᠮᠢ ᠠᠬᠤᠶ ᠶ᠋ᠢᠨ ᠪᠥᠲᠥᠭᠡᠨ ᠪᠠᠢᠭᠤᠯᠤᠯᠲᠠ ᠵᠢ ᠠᠵᠤ ᠦᠢᠯᠡᠰᠵᠢᠭᠦᠯᠬᠦ᠌᠂ ᠠᠵᠤ ᠦᠶ᠋ᠯᠡᠰ ᠤ᠋ᠨ ᠬᠦᠭᠵᠢᠯᠲᠡ ᠵᠢ ᠠᠮᠢ ᠠᠬᠤᠢᠵᠢᠭᠤᠯᠬᠤ ᠵᠠᠮ ᠢ᠋ᠶ᠋ᠡᠷ ᠭᠤᠢᠪᠢᠰᠢ ᠦᠬᠡᠢ ᠵᠠᠮᠨᠠᠵᠤ᠂ ᠡᠯᠡᠰᠦᠷᠬᠡᠭ ᠣᠷᠣᠨ ᠤ᠋ ᠥᠪᠡᠷᠮᠢᠴᠡ ᠡᠬᠢ ᠪᠠᠶᠠᠯᠢᠭ ᠢ᠋ ᠱᠢᠨᠵᠢᠯᠡᠬᠦ᠌ ᠤᠬᠠᠭᠠᠨᠴᠢ ᠪᠡᠷ ᠠᠮᠢᠯᠠᠭᠤᠯᠤᠨ᠂ ᠣᠶ ᠳᠤᠲᠤᠷᠠᠬᠢ ᠡᠮ ᠤ᠋ᠨ ᠮᠠᠲᠸᠷᠢᠶᠠᠯ᠂ ᠲᠡᠵᠢᠭᠡᠯ ᠡᠪᠡᠰᠦ᠂ ᠡᠯᠡᠰᠦᠨ ᠴᠥᠯ ᠤ᠋ᠨ ᠵᠢᠭᠤᠯᠴᠢᠯᠠᠯ ᠪᠠ ᠣᠨᠴᠠᠯᠢᠬᠲᠤ ᠵᠢᠮᠢᠰ ᠵᠡᠷᠭᠡ ᠠᠮᠢ ᠠᠬᠤᠶ ᠶ᠋ᠢᠨ ᠠᠵᠤ ᠦᠶ᠋ᠯᠡᠰ ᠢ᠋ ᠪᠣᠢᠵᠢᠭᠤᠯᠤᠨ ᠪᠤᠵᠠᠭᠠᠢᠷᠠᠭᠤᠯᠵᠤ᠂ ᠠᠮᠢ ᠠᠬᠤᠶ ᠶ᠋ᠢᠨ ᠵᠠᠰᠠᠯᠲᠠ ᠬᠢᠭᠡᠳ ᠠᠵᠤ ᠦᠶ᠋ᠯᠡᠰ ᠤ᠋ᠨ ᠬᠥᠭ᠌ᠵᠢᠯᠲᠡ ᠵᠢ ᠵᠡᠷᠭᠡ ᠪᠡᠷ ᠠᠬᠢᠭᠤᠯᠬᠤ᠂ ᠬᠠᠷᠢᠯᠴᠠᠨ ᠠᠬᠢᠭᠤᠯᠵᠤ ᠬᠠᠮᠲᠤ ᠪᠡᠷ ᠠᠱᠢᠭ ᠭᠥᠷᠳᠡᠬᠦ᠌ ᠦᠷᠭᠦᠯᠵᠢᠯᠡᠬᠦ᠌ ᠬᠥᠭ᠌ᠵᠢᠯᠲᠡ ᠶ᠋ᠢᠨ ᠵᠠᠮ ᠢ᠋ᠶ᠋ᠡᠷ ᠵᠠᠮᠨᠠᠭᠰᠠᠨ ᠪᠠᠢᠨ᠎ᠠ᠃

ᠨᠤᠷ᠎ᠠ ᠡᠯᠡᠰᠦᠨ ᠳ᠋ᠤ ᠳ᠋ᠦᠩᠱᠢᠭᠤᠷ ᠲᠥᠭᠥᠷᠢᠭ ᠤ᠋ᠨ 《ᠠᠮᠢ ᠠᠬᠤᠢ ᠶ᠋ᠢᠨ ᠵᠢᠮᠢᠰ》 ᠢ᠋ ᠪᠣᠢᠵᠢᠭᠤᠯᠵᠤ᠂ ᠪᠦᠬᠦ᠌ ᠬᠣᠲᠠ ᠶ᠋ᠢᠨ ᠣᠢ ᠳᠤᠲᠤᠷᠠᠬᠢ ᠮᠣᠩᠭᠣᠯ ᠡᠮ ᠤ᠋ᠨ ᠮᠠᠲ᠋ᠧᠷᠢᠶᠠᠯ ᠤ᠋ᠨ ᠲᠠᠷᠢᠮᠠᠯ ᠤ᠋ᠨ ᠲᠠᠯᠪᠠᠢ 30 ᠲᠦᠮᠡᠨ ᠮᠦ᠍ ᠵᠢ ᠲᠠᠪᠠᠨ᠂ ᠬᠠᠢᠲᠠᠩ ᠵᠢᠮᠢᠰ ᠲᠠᠷᠢᠭ᠍ᠰᠠᠨ ᠲᠠᠯᠠᠪᠠᠢ ᠨᠢᠭᠡᠨᠲᠡ 33.4 ᠲᠦᠮᠡᠨ ᠮᠦ᠍ ᠳ᠋ᠤ ᠬᠦᠷᠴᠦ᠂ ᠵᠢᠯ ᠤ᠋ᠨ ᠦᠢᠯᠡᠳᠬᠦᠨ ᠤ᠋ ᠥᠷᠲᠡᠭ ᠨᠢ 6 ᠳ᠋ᠦᠩᠱᠢᠭᠤᠷ ᠲᠥᠭᠥᠷᠢᠭ ᠢ᠋ ᠳᠠᠪᠠᠪᠠ᠃ ᠡᠯᠡᠰᠦᠨ ᠴᠥᠯ ᠳ᠋ᠤ ᠪᠠᠶᠠᠵᠢᠯ ᠤ᠋ᠨ ᠦᠢᠯᠡᠰ ᠢ᠋ ᠴᠤᠭᠴᠠᠯᠠᠨ᠂ ᠡᠯᠡᠰᠦᠷᠬᠡᠭ ᠣᠷᠣᠨ ᠤ᠋ ᠠᠮᠢ ᠠᠬᠤᠶ ᠶ᠋ᠢᠨ ᠵᠢᠭᠤᠯᠴᠢᠯᠠᠯ ᠤ᠋ᠨ ᠠᠵᠤ ᠦᠶ᠋ᠯᠡᠰ ᠥᠷᠨᠢᠨ ᠬᠥᠭ᠌ᠵᠢᠵᠦ᠍᠂ ᠪᠥᠬᠥ᠌ ᠬᠣᠲᠠ ᠶ᠋ᠢᠨ ᠡᠯᠡᠰᠦᠷᠬᠡᠭ ᠭᠠᠵᠠᠷ ᠤ᠋ᠨ ᠠᠮᠢ ᠠᠬᠤᠶ ᠶ᠋ᠢᠨ ᠵᠢᠭᠤᠯᠴᠢᠯᠠᠯ ᠤ᠋ᠨ ᠵᠢᠯ ᠤ᠋ᠨ ᠬᠦᠯᠢᠶᠡᠨ ᠠᠪᠬᠤ ᠵᠢᠭᠤᠯᠴᠢᠯᠠᠭᠰᠠᠳ 200 ᠲᠦᠮᠡᠨ ᠬᠥᠮᠦᠨ ᠤᠳᠠᠭ᠎ᠠ ᠵᠢ ᠳᠠᠪᠠᠵᠤ᠂ ᠦᠶ᠋ᠯᠡᠳᠬᠦᠨ ᠤ᠋ ᠥᠷᠲᠡᠭ ᠨᠢ 16 ᠳ᠋ᠦᠩᠱᠢᠭᠤᠷ ᠲᠥᠭᠥᠷᠢᠭ ᠲᠦ᠍ ᠬᠦᠷᠴᠤ ᠪᠠᠢᠨ᠎ᠠ ᠁

5 ᠵᠢᠯ ᠤ᠋ᠨ ᠲᠤᠷᠰᠢ᠂ ᠲᠦᠩᠯᠢᠶᠣᠤ ᠬᠣᠲᠠ ᠶ᠋ᠢᠨ ᠣᠶ ᠱᠢᠭᠤᠶ ᠡᠪᠡᠰᠦᠨ ᠤ᠋ ᠠᠵᠤ ᠦᠶ᠋ᠯᠡᠰ ᠤ᠋ᠨ ᠦᠶ᠋ᠯᠡᠳᠬᠦᠨ ᠤ᠋ ᠥᠷᠲᠡᠭ ᠵᠢᠯ ᠪᠦᠷᠢ 31.42% ᠵᠢᠡᠷ ᠲᠦᠷᠭᠡᠨ ᠨᠡᠮᠡᠭ᠌ᠳᠡᠵᠦ᠍᠂ 2025 ᠣᠨ ᠳ᠋ᠤ 67.82 ᠳ᠋ᠦᠩᠱᠢᠭᠤᠷ ᠲᠥᠭᠥᠷᠢᠭ ᠲᠦ᠍ ᠬᠦᠷᠴᠦ᠍᠂ ᠨᠢᠬᠡᠨᠳᠡ ᠣᠷᠣᠨ ᠪᠦᠰᠡ ᠶ᠋ᠢᠨ ᠠᠵᠤ ᠠᠬᠤᠶ ᠶ᠋ᠢᠨ ᠨᠡᠮᠡᠭ᠌ᠳᠡᠯ ᠪᠠ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠬᠦᠴᠦᠲᠡᠶ ᠲᠤᠯᠭᠠᠭᠤᠷᠢᠯᠠᠯ ᠪᠣᠯᠪᠠ᠃

ᠨᠤᠷ᠎ᠠ ᠡᠯᠡᠰᠦ ᠵᠢ ᠵᠠᠰᠠᠨ ᠨᠤᠭᠤᠭᠠᠨ ᠲᠠᠯ᠎ᠠ ᠵᠢ ᠴᠤᠭᠴᠠᠯᠠᠵᠤ᠂ ᠣᠷᠣᠨ ᠪᠦᠰᠡ ᠶ᠋ᠢᠨ ᠠᠷᠠᠳ ᠲᠦᠮᠡᠨ ᠢ᠋ ᠪᠠᠶᠠᠵᠢᠭᠤᠯᠪᠠ᠃ ᠲᠦᠩᠯᠢᠶᠣᠤ ᠬᠣᠲᠠ ᠪᠣᠳᠠᠲᠤ ᠠᠵᠢᠯᠯᠠᠭ᠎ᠠ ᠪᠡᠷ ᠢ᠋ᠶ᠋ᠡᠨ《ᠨᠤᠮᠢᠨ ᠤᠰᠤ ᠬᠦᠬᠡᠮᠳᠦᠭ ᠠᠭᠤᠯᠠ ᠪᠤᠯ ᠠᠯᠲᠠᠨ ᠠᠭᠤᠯᠠ ᠮᠦᠨᠭᠭᠦᠨ ᠬᠠᠢᠷᠬᠠᠨ ᠮᠦᠨ》 ᠭᠡᠬᠦ᠌ ᠣᠢᠯᠠᠭᠠᠭ᠍ᠳᠠᠬᠤᠨ ᠤ᠋ ᠦᠶ᠋ᠯᠡᠳᠦᠯᠭᠡ ᠶ᠋ᠢᠨ ᠠᠸ᠋ᠭ᠎ᠠ ᠬᠦᠴᠦᠨ ᠢ᠋ ᠭᠦᠨᠵᠡᠭᠡᠶ ᠲᠠᠢᠯᠪᠤᠷᠢᠯᠠᠵᠤ᠂ ᠠᠮᠢ ᠠᠬᠤᠶ᠂ ᠠᠷᠠᠳ ᠤ᠋ᠨ ᠠᠮᠢᠳᠤᠷᠠᠯ᠂ ᠠᠵᠤ ᠠᠬᠤᠶ ᠶ᠋ᠢᠨ ᠲᠡᠩᠴᠡᠭᠦᠷᠢᠲᠦ ᠬᠥᠳᠡᠯᠭᠡᠭᠦᠷ ᠤ᠋ᠨ ᠡᠯᠡᠰᠦᠷᠬᠡᠭ ᠣᠷᠣᠨ ᠤ᠋ ᠬᠥᠭ᠌ᠵᠢᠯᠲᠡ ᠶ᠋ᠢᠨ ᠥᠯᠢᠭᠡᠷ ᠬᠡᠪ ᠢ᠋ ᠪᠣᠶ ᠪᠣᠯᠭᠠᠪᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号