ᠠᠯᠤᠰ ᠲᠡᠯᠡᠶ ᠵᠢᠨ ᠴᠠᠭᠠᠨᠠᠬᠢ ᠪᠤᠯᠵᠤᠭ᠎ᠠ ᠳ᠋ᠠᠷᠸᠢᠨ ᠬᠤᠳᠠᠨ᠎ᠠ ᠥᠪᠥᠷ ᠮᠣᠩᠭᠣᠯ᠎ᠤᠨ ᠴᠤᠭ ᠵᠢᠪᠬᠤᠭ᠎ᠠ ᠵᠢ ᠢᠯᠡᠷᠡᠭᠦᠯᠦᠯ᠎ᠡ᠃ ᠲᠤᠬᠠᠢ᠎ᠶᠢᠨ ᠭᠠᠵᠠᠷ᠎ᠤᠨ ᠴᠠᠭ᠎ᠢᠶᠠᠷ 6 ᠰᠠᠷ᠎ᠠ᠎ᠶᠢᠨ 19 ᠤ᠋ ᠡᠳᠦᠷ᠂ ᠠᠦ᠋ᠰᠲᠷᠠᠯᠢᠶ᠎ᠠ᠎ᠶᠢᠨ ᠤᠮᠠᠷᠠᠲᠤ᠎ᠶᠢᠨ ᠬᠠᠷᠢᠶᠠᠲᠤ ᠭᠠᠵᠠᠷ ᠳ᠋ᠠᠷᠸᠢᠨ ᠬᠤᠲᠠ᠎ᠶᠢᠨ ᠭᠤᠤᠯ ᠶᠠᠪᠠᠭᠠᠨ ᠵᠡᠭᠡᠯᠢ᠎ᠳᠦ ᠬᠥᠮᠥᠨ ᠬᠠᠷ᠎ᠠ ᠴᠤᠭᠯᠠᠷᠠᠵᠤ᠂ ᠳᠤᠮᠳᠠᠳᠤ ᠤᠯᠤᠰ᠎ᠤᠨ ᠥᠪᠥᠷ ᠮᠣᠩᠭᠣᠯ᠎ᠡᠴᠡ ᠢᠷᠡᠭᠰᠡᠨ ᠠᠨᠳᠠ ᠬᠠᠮᠲᠤᠯᠢᠭ ᠵᠡᠬᠡᠯᠢ ᠲᠡᠭᠡᠷ᠎ᠡ ᠠᠦ᠋ᠰᠲᠷᠠᠯᠢᠶ᠎ᠠ ᠵᠢᠨ ᠲᠤᠬᠠᠢ ᠵᠢᠨ ᠭᠠᠵᠠᠷ ᠤᠨ ᠲᠣᠭᠯᠠᠭ᠍ᠴᠢᠳ᠎ᠲᠠᠢ ᠬᠠᠮᠲᠤ ᠲᠤᠭᠯᠠᠯᠲᠠ ᠭᠠᠷᠭᠠᠵᠤ᠂ ᠰᠣᠶᠣᠯ ᠠᠯᠤᠰᠯᠠᠭᠰᠠᠨ ᠤᠷᠠᠯᠢᠭ᠋ ᠤᠨ ᠦᠪᠡᠳᠡᠭᠰᠢ ᠨᠠᠢᠷ ᠪᠤᠯᠤᠭᠰᠠᠨ ᠪᠠᠢᠨ᠎ᠠ; ᠡᠬᠦᠨ ᠯᠤᠬᠡ ᠵᠡᠷᠭᠡ ᠪᠡᠷ ᠶᠠᠪᠤᠭᠳᠠᠭᠰᠠᠨ ᠥᠪᠥᠷ ᠮᠣᠩᠭᠣᠯ᠎ᠤᠨ ᠰᠣᠶᠣᠯ ᠵᠢᠭᠤᠯᠴᠢᠯᠠᠯ ᠤᠨ ᠲᠠᠨᠢᠯᠴᠠᠭᠤᠯᠭ᠎ᠠ ᠪᠠ ᠰᠣᠶᠣᠯ ᠤᠨ ᠪᠦᠲᠦᠭᠡᠯᠴᠢ ᠦᠢᠯᠡᠳᠭᠦᠨ᠎ᠤ ᠲᠡᠯᠭᠡᠨ ᠦᠵᠡᠭᠦᠯᠭᠡ ᠵᠢᠨ ᠠᠵᠢᠯᠯᠠᠭ᠎ᠠ ᠨᠢ ᠲᠤᠬᠠᠢ᠎ᠶᠢᠨ ᠭᠠᠵᠠᠷ᠎ᠤᠨ ᠣᠯᠠᠨ ᠲᠦᠮᠡᠨ ᠵᠢᠴᠢ ᠵᠢᠭᠤᠯᠴᠢᠯᠠᠭᠰᠡᠳ᠎ᠤᠨ ᠠᠩᠬᠠᠷᠤᠯ᠎ᠢ ᠲᠠᠲᠠᠵᠤ᠂《ᠠᠯᠤᠰ ᠲᠡᠯᠡᠶ᠎ᠶᠢᠨ ᠲᠡᠷᠲᠡᠭᠡ ᠡᠷᠭᠢ ᠳᠤᠮᠳᠠᠳᠤ ᠠᠦ᠋ᠰᠲᠷᠠᠯᠢᠶ᠎ᠠ ᠵᠢᠨ ᠨᠦᠬᠦᠷᠯᠡᠯ》ᠳᠤᠮᠳᠠᠳᠤ ᠠᠦ᠋ᠰᠲᠷᠠᠯᠢᠶ᠎ᠠ᠎ᠶᠢᠨ ᠣᠷᠣᠨ ᠨᠤᠲᠤᠭ᠎ᠤᠨ ᠰᠣᠶᠣᠯ᠎ᠤᠨ ᠰᠣᠯᠢᠯᠴᠠᠭᠠᠨ᠎ᠤ ᠠᠵᠢᠯᠯᠠᠭ᠎ᠠ᠎ᠶᠢᠨ ᠬᠥᠰᠢᠭᠡ᠎ᠶᠢ ᠨᠡᠬᠡᠬᠡᠪᠡ᠃
ᠣᠢᠯᠠᠭᠠᠭᠰᠠᠨ᠎ᠢᠶᠠᠷ᠂ ᠠᠦ᠋ᠰᠲᠷᠠᠯᠢᠶ᠎ᠠ᠎ᠵᠢᠨ ᠳᠤᠮᠳᠠᠳᠤ ᠤᠯᠤᠰ ᠯᠤᠭ᠎ᠠ ᠨᠥᠬᠥᠷᠰᠡᠭ᠎ᠢᠶᠡᠷ ᠬᠠᠷᠢᠯᠴᠠᠬᠤ ᠨᠡᠢᠭᠡᠮᠯᠢᠭ᠎ᠦᠨ ᠤᠷᠢᠯᠭ᠎ᠠ᠎ᠪᠠᠷ᠂ 《ᠠᠯᠤᠰ ᠳᠠᠯᠠᠶ ᠶᠢᠨ ᠲᠡᠷᠲᠡᠭᠡ ᠡᠷᠭᠢ ᠳᠤᠮᠳᠠᠳᠤ ᠠᠦ᠋ᠰᠲᠷᠠᠯᠢᠶ᠎ᠠ᠎ᠶᠢᠨ ᠨᠦᠬᠦᠷᠯᠡᠯ》 ᠳᠤᠮᠳᠠᠳᠤ ᠠᠦ᠋ᠰᠲᠷᠠᠯᠢᠶ᠎ᠠ᠎ᠶᠢᠨ ᠣᠷᠣᠨ ᠨᠤᠲᠤᠭ᠎ᠤᠨ ᠰᠣᠶᠣᠯ᠎ᠤᠨ ᠰᠣᠯᠢᠯᠴᠠᠭᠠᠨ᠎ᠤ ᠠᠵᠢᠯᠯᠠᠭ᠎ᠠ ᠲᠤᠬᠠᠢ᠎ᠶᠢᠨ ᠭᠠᠵᠠᠷ᠎ᠤᠨ ᠴᠠᠭ ᠢᠶᠠᠷ 6 ᠰᠠᠷ᠎ᠠ᠎ᠶᠢᠨ 19 ᠡᠴᠡ 21 ᠤ᠋ ᠡᠳᠦᠷ ᠪᠣᠯᠲᠠᠯ᠎ᠠ ᠠᠦ᠋ᠰᠲᠷᠠᠯᠢᠶ᠎ᠠ᠎ᠶᠢᠨ ᠳ᠋ᠠᠷᠸᠢᠨ ᠬᠣᠲᠠ᠎ᠳᠤ ᠶᠠᠪᠤᠭᠳᠠᠨ᠎ᠠ᠃ ᠲᠣᠰ ᠤᠳᠠᠭᠠᠨ᠎ᠤ ᠠᠵᠢᠯᠯᠠᠭ᠎ᠠ᠎ᠶᠢ ᠳᠤᠮᠳᠠᠳᠤ ᠤᠯᠤᠰ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠦ ᠠᠯᠪᠠᠨ ᠭᠡᠷ᠂ ᠳᠤᠮᠳᠠᠳᠤ ᠤᠯᠤᠰ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠭᠠᠳᠠᠭᠠᠳᠤ᠎ᠲᠠᠢ ᠨᠥᠬᠥᠷᠰᠡᠭ᠎ᠢᠶᠡᠷ ᠬᠠᠷᠢᠯᠴᠠᠬᠤ ᠨᠡᠢᠭᠡᠮᠯᠢᠭ᠂ ᠠᠦ᠋ᠰᠲᠷᠠᠯᠢᠶ᠎ᠠ᠎ᠵᠢᠨ ᠳᠤᠮᠳᠠᠳᠤ ᠤᠯᠤᠰ᠎ᠯᠤᠭ᠎ᠠ ᠨᠥᠬᠥᠷᠰᠡᠭ᠎ᠢᠶᠡᠷ ᠬᠠᠷᠢᠯᠴᠠᠬᠤ ᠨᠡᠢᠭᠡᠮᠯᠢᠭ᠎ᠦᠨ ᠤᠮᠠᠷᠠᠲᠤ ᠠᠦ᠋ᠰᠲᠷᠠᠯᠢᠶ᠎ᠠ᠎ᠶᠢᠨ ᠬᠤᠪᠢᠶᠠᠷᠢ ᠨᠡᠢᠭᠡᠮᠯᠢᠭ᠎ᠡᠴᠡ ᠭᠣᠣᠯᠯᠠᠨ ᠡᠷᠭᠢᠯᠡᠵᠦ᠂ ᠥᠪᠥᠷ ᠮᠣᠩᠭᠣᠯ᠎ᠤᠨ ᠤᠷᠠᠯᠢᠭ᠋ ᠤᠨ ᠳᠡᠭᠡᠳᠦ ᠰᠤᠷᠭᠠᠭᠤᠯᠢ᠂ ᠥᠪᠥᠷ ᠮᠣᠩᠭᠣᠯ᠎ᠤᠨ ᠤᠷᠠᠯᠢᠭ᠋ ᠵᠦᠴᠦᠭᠡ᠎ᠶᠢᠨ ᠬᠦᠷᠢᠶᠡᠯᠡᠩ᠂ ᠥᠪᠥᠷ ᠮᠣᠩᠭᠣᠯ᠎ᠤᠨ ᠰᠢᠨᠬᠤᠸᠠ ᠲᠠᠷᠬᠠᠭᠠᠯᠲᠠ᠎ᠶᠢᠨ ᠪᠦᠯᠦᠭᠯᠡᠯ᠎ᠦᠨ ᠥᠪᠥᠷ ᠮᠣᠩᠭᠣᠯ᠎ᠤᠨ ᠰᠢᠨᠬᠤᠸᠠ ᠨᠣᠮ᠎ᠤᠨ ᠳᠡᠯᠭᠡᠭᠦᠷ᠎ᠤᠨ ᠬᠢᠵᠠᠭᠠᠷᠲᠤ ᠺᠣᠮᠫᠠᠨᠢ ᠵᠡᠷᠭᠡ ᠨᠢᠭᠡᠴᠢ᠎ᠡᠴᠡ ᠳᠠᠭᠠᠭᠠᠴᠢᠯᠠᠨ ᠡᠷᠭᠢᠯᠡᠪᠡ᠃ ᠲᠣᠰ ᠤᠳᠠᠭᠠᠨ᠎ᠤ ᠠᠵᠢᠯᠯᠠᠭ᠎ᠠ ᠨᠢ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠳᠠᠭᠠᠳᠤ᠎ᠲᠠᠢ ᠨᠥᠬᠥᠷᠰᠡᠭ᠎ᠢᠶᠡᠷ ᠬᠠᠷᠢᠯᠴᠠᠬᠤ ᠨᠡᠢᠭᠡᠮᠯᠢᠭ ᠬᠢᠭᠡᠳ ᠠᠦ᠋ᠰᠲᠷᠠᠯᠢᠶ᠎ᠠ ᠵᠢᠨ ᠳᠤᠮᠳᠠᠳᠤ ᠤᠯᠤᠰ ᠯᠤᠭ᠎ᠠ ᠨᠥᠬᠥᠷᠰᠡᠭ᠎ᠢᠶᠡᠷ ᠬᠠᠷᠢᠯᠴᠠᠬᠤ ᠨᠡᠢᠭᠡᠮᠯᠢᠭ᠎ᠦᠨ ᠤᠮᠠᠷᠠᠲᠤ ᠠᠦ᠋ᠰᠲᠷᠠᠯᠢᠶ᠎ᠠ᠎ᠶᠢᠨ ᠬᠤᠪᠢᠶᠠᠷᠢ ᠨᠡᠢᠭᠡᠮᠯᠢᠭ᠎ᠦᠨ ᠨᠥᠬᠥᠷᠰᠡᠭ ᠬᠠᠮᠲᠤᠷᠠᠯᠴᠠᠭᠠᠨ᠎ᠤ ᠰᠠᠨᠠᠮᠵᠢ᠎ᠶᠢᠨ ᠪᠢᠴᠢᠭ》 ᠲᠠᠢ ᠨᠢᠬᠳᠠ ᠤᠶᠠᠯᠳᠤᠭᠤᠯᠵᠤ᠂ ᠰᠠᠨᠠᠮᠵᠢ᠎ᠶᠢᠨ ᠪᠢᠴᠢᠭ ᠳᠡᠬᠢ ᠬᠠᠮᠢᠶ᠎ᠠ ᠪᠦᠬᠦᠢ ᠪᠣᠯᠵᠣᠭ᠎ᠠ᠎ᠶᠢ ᠴᠢᠩᠭ᠎ᠠ ᠨᠠᠢᠳᠠᠪᠤᠷᠢᠵᠢᠭᠤᠯᠤᠨ᠂ ᠰᠣᠶᠣᠯ ᠤᠷᠠᠯᠢᠭ᠋᠎ᠢᠶᠠᠷ ᠬᠣᠯᠪᠣᠭᠠᠰᠤ ᠪᠣᠯᠭᠠᠵᠤ᠂ ᠰᠣᠯᠢᠯᠴᠠᠭᠠᠨ ᠤ ᠲᠠᠪᠴᠠᠩ ᠢ ᠪᠠᠢᠭᠤᠯᠤᠨ᠂ ᠳᠤᠮᠳᠠᠳᠤ ᠠᠦ᠋ᠰᠲᠷᠠᠯᠢᠶ᠎ᠠ᠎ᠶᠢᠨ ᠠᠷᠠᠳ ᠲᠦᠮᠡᠨ᠎ᠦ ᠨᠥᠬᠥᠷᠯᠡᠯ ᠢ ᠵᠤᠵᠠᠭᠠᠳᠬᠠᠵᠤ᠂ ᠳᠤᠮᠳᠠᠳᠤ ᠠᠦ᠋ᠰᠲᠷᠠᠯᠢᠶ᠎ᠠ᠎ᠶᠢᠨ ᠪᠥᠬᠥ ᠲᠠᠯ᠎ᠠ᠎ᠶᠢᠨ ᠪᠠᠢᠯᠳᠤᠬᠤ ᠪᠣᠳᠣᠯᠭ᠎ᠠ᠎ᠶᠢᠨ ᠬᠠᠨᠢᠲᠠᠨ᠎ᠤ ᠬᠠᠷᠢᠯᠴᠠᠭ᠎ᠠ᠎ᠶᠢᠨ ᠦᠷᠭᠦᠯᠵᠢᠯᠡᠨ ᠡᠷᠡᠭᠦᠯ᠎ᠢᠶᠡᠷ ᠬᠥᠭᠵᠢᠬᠦ᠎ᠳᠦ ᠬᠦᠴᠦᠨ ᠨᠡᠮᠡᠷᠢᠯᠡᠨ᠎ᠠ᠃
ᠭᠣᠣᠯᠯᠠᠨ ᠡᠷᠭᠢᠯᠡᠭᠰᠡᠨ ᠲᠠᠯ᠎ᠠ᠎ᠶᠢᠨ ᠬᠢᠨ᠂ ᠲᠣᠰ ᠤᠳᠠᠭᠠᠨ᠎ᠤ ᠠᠵᠢᠯᠯᠠᠭ᠎ᠠ ᠨᠢ 《2026 ᠳ᠋ᠠᠷᠸᠢᠨ᠎ᠳᠡᠬᠢ ᠳᠤᠮᠳᠠᠳᠤ ᠤᠯᠤᠰ᠎ᠤᠨ ᠰᠣᠶᠣᠯ᠎ᠤᠨ ᠨᠠᠢᠷ》᠎ᠤ᠋ᠨ ᠠᠨᠳᠠ ᠬᠠᠮᠲᠤᠯᠢᠭ᠋᠎ᠤᠨ ᠤᠷᠠᠨ ᠰᠠᠢᠬᠠᠨ᠎ᠤ ᠲᠣᠭᠯᠠᠯᠲᠠ᠂ ᠵᠡᠭᠡᠯᠢ ᠭᠤᠳᠤᠮᠵᠢ᠎ᠶᠢᠨ ᠤᠷᠠᠯᠢᠭ᠋᠎ᠤᠨ ᠦᠵᠡᠭᠦᠯᠭᠡ᠂ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠲᠠᠨᠢᠯᠴᠠᠭᠤᠯᠭ᠎ᠠ᠂ ᠰᠣᠶᠣᠯ᠎ᠤᠨ ᠪᠦᠳᠦᠭᠡᠯᠴᠢ ᠦᠢᠯᠡᠳᠬᠦᠨ ᠤ᠋ ᠲᠡᠯᠬᠡᠨ ᠦᠵᠡᠭᠦᠯᠭᠡ᠂ ᠤᠳᠬ᠎ᠠ ᠤᠷᠠᠯᠢᠭ᠋᠎ᠤᠨ ᠶᠠᠷᠢᠯᠴᠠᠭ᠎ᠠ ᠰᠣᠯᠢᠯᠴᠠᠭ᠎ᠠ ᠵᠢᠴᠢ ᠠᠵᠢᠯ ᠤᠨ ᠵᠦᠪᠯᠡᠯᠴᠡᠬᠡ ᠬᠢᠬᠦ ᠵᠡᠷᠭᠡ ᠠᠵᠢᠯᠯᠠᠭ᠎ᠠ᠎ᠶᠢ ᠪᠠᠭᠳᠠᠭᠠᠵᠤ᠂ ᠳᠤᠮᠳᠠᠳᠤ ᠤᠯᠤᠰ᠎ᠤᠨ ᠥᠪᠥᠷ ᠮᠣᠩᠭᠣᠯ᠎ᠤᠨ ᠰᠣᠶᠣᠯ᠎ᠤᠨ ᠰᠢᠳᠢ ᠬᠦᠴᠦᠨᠢᠲᠥᠪᠯᠡᠷᠡᠭᠦᠯᠦᠨ ᠢᠯᠡᠷᠡᠭᠦᠯᠬᠦ ᠪᠣᠯᠣᠨ᠎ᠠ᠃ ᠳᠤᠷᠠᠳᠤᠭᠤᠰᠢᠲᠠᠢ ᠨᠢ᠂ 6 ᠰᠠᠷ᠎ᠠ᠎ᠶᠢᠨ 20 ᠤ᠋ ᠡᠳᠦᠷ ᠳ᠋ᠠᠷᠸᠢᠨ ᠬᠣᠲᠠ᠎ᠳᠦ ᠠᠩᠬ᠎ᠠ ᠤᠳᠠᠭ᠎ᠠ 《ᠳᠤᠮᠳᠠᠳᠤ ᠤᠯᠤᠰ᠎ᠤᠨ ᠰᠣᠶᠣᠯ᠎ᠤᠨ ᠨᠠᠢᠷ》 ᠢ᠋ ᠡᠷᠭᠢᠯᠡᠵᠦ᠂ ᠳᠤᠮᠳᠠᠳᠤ ᠤᠯᠤᠰ᠎ᠤᠨ ᠰᠣᠶᠣᠯ ᠢ ᠠᠦ᠋ᠰᠲᠷᠠᠯᠢᠶ᠎ᠠ᠎ᠳᠤ ᠲᠠᠮᠵᠢᠭᠤᠯᠤᠬᠰᠠᠨ ᠴᠢᠬᠤᠯᠠ ᠪᠡᠯᠭᠡ ᠲᠡᠮᠳᠡᠭ ᠤᠨ ᠴᠢᠨᠠᠷᠳᠠᠢ ᠶᠠᠪᠤᠳᠠᠯ ᠪᠣᠯᠬᠤ ᠪᠣᠯᠣᠨ᠎ᠠ ᠭᠡᠵᠦ ᠨᠡᠢᠳᠡᠯᠡᠪᠡ᠃
ᠠᠭᠤᠯᠠ ᠤᠰᠤ ᠵᠢ ᠲᠠᠪᠠᠨ ᠪᠤᠯᠵᠤᠵᠤ᠂ ᠰᠣᠶᠣᠯ ᠪᠤᠯᠪᠠᠰᠤᠨᠢᠶᠡᠷᠢᠶᠡᠨ ᠬᠠᠷᠢᠯᠴᠠᠵᠤ ᠰᠤᠯᠢᠯᠴᠠᠨ᠎ᠠ᠃ ᠲᠤᠰ ᠤᠳᠠᠭᠠᠨ ᠤ ᠰᠣᠶᠣᠯ᠎ᠤᠨ ᠦᠪᠡᠳᠡᠭᠰᠢ ᠴᠤᠭᠯᠠᠭᠠᠨ ᠨᠢ ᠳᠤᠮᠳᠠᠳᠤ ᠠᠦ᠋ᠰᠲᠷᠠᠯᠢᠶ᠎ᠠ᠎ᠶᠢᠨ ᠠᠷᠠᠳ ᠤᠨ ᠬᠣᠭᠣᠷᠣᠨᠳᠣᠬᠢ ᠨᠠᠪᠲᠡᠷᠡᠯᠴᠡᠭᠡ ᠵᠢᠨ ᠰᠡᠳᠬᠢᠯ᠎ᠦᠨ ᠬᠥᠭᠥᠷᠭᠡ᠎ᠶᠢ ᠪᠣᠰᠬᠠᠵᠤ᠂ ᠬᠣᠶᠠᠷ ᠭᠠᠵᠠᠷ ᠤᠨ ᠠᠷᠠᠳ ᠣᠯᠠᠨ ᠤ ᠬᠣᠭᠣᠷᠣᠨᠳᠣᠬᠢ ᠣᠢᠯᠠᠭᠠᠯᠴᠠᠵᠤ ᠮᠡᠳᠡᠯᠴᠡᠬᠦ᠎ᠶᠢ ᠠᠬᠢᠭᠤᠯᠵᠤ᠂ ᠬᠣᠶᠠᠷ ᠭᠠᠵᠠᠷ ᠤᠨ ᠤᠷᠲᠤ ᠬᠤᠭᠤᠴᠠᠭᠠᠨ᠎ᠤ ᠪᠠᠢᠩᠭᠤ᠎ᠶᠢᠨ ᠨᠥᠬᠥᠷᠰᠡᠭ ᠶᠠᠪᠤᠯᠴᠠᠭ᠎ᠠ᠎ᠳᠤ ᠤᠷᠳᠤ ᠬᠤᠭᠤᠴᠠᠭᠠᠨ ᠤ᠋ ᠬᠥᠳᠡᠯᠭᠡᠬᠦ ᠬᠦᠴᠦᠨ ᠨᠡᠮᠡᠷᠢᠯᠡᠬᠦ ᠪᠣᠯᠣᠨ᠎ᠠ᠃