ᠣᠯᠠᠨ ᠰᠠᠯᠠᠭ᠎ᠠ ᠮᠥᠴᠢᠷ ᠮᠡᠳᠡᠭᠳᠡᠯ ᠪᠠᠭᠤᠯᠭᠠᠵᠤ ᠭᠣᠣᠯᠳᠠᠯᠭ᠎ᠠ᠎ᠲᠠᠢ ᠠᠵᠢᠯ ᠲᠥᠷᠥᠯ᠎ᠦᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ ᠥᠭᠡᠷᠡᠴᠢᠯᠡᠯᠲᠡ᠎ᠶᠢᠨ ᠪᠤᠭᠤᠮᠲᠠ ᠰᠢᠪᠲᠤᠯᠬᠤ ᠠᠵᠢᠯ᠎ᠢ ᠥᠷᠨᠢᠭᠦᠯᠪᠡ
2026-06-22 10:19:34
ᠵᠣᠬᠢᠶᠠᠭ᠍ᠴᠢ᠄
​ ᠸᠧᠢ ᠬᠣᠩ ᠢ ᠸᠧᠢ ᠢᠦᠢ ᠺᠦᠨ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ 15 ᠎ᠤ᠋ ᠡᠳᠦᠷ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠡᠴᠡ ᠣᠢᠯᠠᠭᠠᠭᠰᠠᠨ ᠵᠢᠡᠷ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶᠢᠨ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠲᠥᠪ᠎ᠦᠨ ᠠᠵᠤ ᠠᠬᠤᠢ᠎ᠶᠢᠨ ᠠᠵᠢᠯ᠎ᠤᠨ ᠬᠤᠷᠠᠯ ᠪᠠ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳ᠋ᠡᠬᠢ ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ ᠥᠭᠡᠷᠡᠴᠢᠯᠡᠯᠲᠡ᠎ᠶᠢᠨ ᠪᠤᠭᠤᠮᠲᠠ ᠰᠢᠪᠲᠤᠯᠬᠤ ᠡᠷᠴᠢᠮ᠎ᠢ ᠴᠢᠩᠭᠠᠷᠠᠭᠤᠯᠵᠤ᠂ ᠪᠦᠲᠦᠮᠵᠢᠲᠡᠶ ᠪᠡᠯᠡ ᠣᠷᠣᠭᠤᠯᠤᠯᠲᠠ᠎ᠶᠢ ᠬᠦᠴᠦᠯᠡᠨ ᠥᠷᠭᠡᠳᠬᠡᠵᠦ᠂ ᠪᠣᠬᠢᠷᠲᠤᠯ ᠦᠭᠡᠢ ᠬᠥᠭᠵᠢᠯᠲᠡ᠎ᠶᠢᠨ ᠬᠥᠳᠡᠯᠭᠡᠬᠦ ᠡᠨᠧᠷᠭᠢ᠎ᠶᠢ ᠪᠣᠢᠵᠢᠭᠤᠯᠵᠤ᠂ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠣᠷᠭᠢᠯ᠎ᠬᠡᠮᠵᠢᠭᠳᠡᠯ᠎ᠳᠤ ᠬᠦᠷᠬᠦ ᠬᠠᠷᠠᠯᠲᠠ᠎ᠶᠢ ᠪᠡᠶᠡᠯᠡᠭᠦᠯᠬᠦ᠎ᠶᠢ ᠲᠤᠯᠭᠠᠭᠤᠷᠢᠯᠠᠬᠤ ᠵᠢᠨ ᠲᠦᠯᠦᠬᠡ᠂ ᠣᠢᠷ᠎ᠠ᠎ᠳᠤ ᠤᠯᠤᠰ᠎ᠤᠨ ᠬᠥᠭᠵᠢᠭᠦᠯᠦᠯᠲᠡ ᠪᠡ ᠥᠭᠡᠷᠡᠴᠢᠯᠡᠯᠲᠡ᠎ᠶᠢᠨ ᠵᠦᠪᠯᠡᠯ ᠵᠡᠷᠭᠡ ᠰᠠᠯᠠᠭ᠎ᠠ ᠮᠥᠴᠢᠷ ᠬᠠᠮᠲᠤᠷᠠᠨ《ᠭᠣᠣᠯᠳᠠᠯᠭ᠎ᠠ᠎ᠲᠠᠢ ᠠᠵᠢᠯ ᠲᠥᠷᠥᠯ᠎ᠦᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ ᠥᠭᠡᠷᠡᠴᠢᠯᠡᠯᠲᠡ᠎ᠶᠢᠨ ᠪᠤᠭᠤᠮᠲᠠ ᠰᠢᠪᠲᠤᠯᠬᠤ ᠭᠤᠷᠪᠠᠨ ᠵᠢᠯ᠎ᠦᠨ ᠠᠵᠢᠯᠯᠠᠭ᠎ᠠ᠎ᠶᠢ ᠥᠷᠨᠢᠭᠦᠯᠬᠦ ᠲᠤᠬᠠᠢ ᠮᠡᠳᠡᠭᠳᠡᠯ》ᠢ᠋ ᠳᠠᠷᠤᠮᠠᠯᠯᠠᠨ ᠲᠠᠷᠬᠠᠭᠠᠪᠠ᠃

ᠰᠤᠷᠪᠤᠯᠵᠢᠯᠠᠭ᠍ᠴᠢ᠎ᠶᠢᠨ ᠣᠢᠯᠠᠭᠠᠭᠰᠠᠨ᠎ᠢᠶᠠᠷ᠂ ᠮᠡᠳᠡᠭᠳᠡᠯ᠎ᠳᠦ ᠭᠣᠣᠯᠳᠠᠯᠭ᠎ᠠ᠎ᠲᠠᠢ ᠠᠵᠢᠯ ᠲᠦᠷᠦᠯ᠎ᠦᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ ᠥᠭᠡᠷᠡᠴᠢᠯᠡᠯᠲᠡ᠎ᠶᠢ ᠠᠬᠢᠭᠤᠯᠬᠤ ᠶᠡᠷᠦᠩᠬᠡᠢ ᠱᠠᠭᠠᠷᠳᠠᠯᠭ᠎ᠠ ᠪᠠ 2028 ᠣᠨ᠎ᠤ ᠡᠴᠦᠰ ᠪᠣᠯᠲᠠᠯᠠᠬᠢ ᠭᠣᠣᠯ ᠬᠠᠷᠠᠯᠲᠠ᠎ᠶᠢ ᠲᠣᠳᠣᠷᠬᠠᠢᠯᠠᠵᠤ᠂ ᠪᠣᠯᠣᠳ ᠲᠡᠮᠦᠷ᠂ ᠴᠠᠬᠢᠯᠭᠠᠨ ᠵᠠᠳᠠᠯᠤᠯ᠎ᠤᠨ ᠬᠥᠩᠭᠡᠨᠴᠠᠭᠠᠨ᠂ ᠱᠦᠢᠨᠢ᠂ ᠬᠠᠪᠲᠠᠭᠠᠢ ᠰᠢᠯ᠂ ᠲᠣᠰᠣ᠌ ᠪᠣᠯᠪᠠᠰᠤᠷᠠᠭᠤᠯᠬᠤ᠂ ᠡᠲᠧᠡ᠂ ᠨᠡᠢᠯᠡᠯᠭᠡ ᠰᠢᠪᠲᠦᠷ᠂ ᠮᠧᠲ᠋ᠢᠯ ᠠᠯᠺᠣᠣᠯ᠂ ᠨᠡᠭᠦᠷᠡᠰᠦ ᠪᠡᠷ ᠴᠠᠬᠢᠯᠭᠠᠨ ᠭᠠᠷᠭᠠᠬᠤ ᠵᠡᠷᠭᠡ 9 ᠭᠣᠣᠯᠳᠠᠯᠭ᠎ᠠ᠎ᠲᠠᠢ ᠠᠵᠢᠯ ᠲᠦᠷᠦᠯ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠪᠣᠳᠠᠲᠠᠢ ᠥᠭᠡᠷᠡᠴᠢᠯᠡᠬᠦ ᠡᠭᠦᠷᠭᠡ᠎ᠶᠢ ᠨᠠᠷᠢᠯᠢᠭ᠍ᠵᠢᠭᠤᠯᠤᠨ ᠪᠠᠢᠷᠢᠯᠠᠭᠤᠯᠵᠤ᠂ ᠪᠡᠯᠡ ᠮᠥᠩᠭᠥ᠎ᠪᠡᠷ ᠳᠡᠮᠵᠢᠬᠦ᠂ ᠦᠨ᠎ᠡ ᠬᠠᠩᠰᠢ᠎ᠪᠠᠷ ᠬᠥᠲᠥᠯᠥᠨ ᠵᠢᠯᠤᠭᠣᠳᠬᠤ᠂ ᠲᠦᠷᠦ᠎ᠶᠢᠨ ᠪᠣᠳᠣᠯᠭ᠎ᠠ᠎ᠪᠠᠷ ᠤᠷᠮᠠᠰᠢᠭᠤᠯᠬᠤ᠂ ᠪᠠᠷᠢᠮᠵᠢᠶ᠎ᠠ᠎ᠪᠠᠷ ᠬᠢᠵᠠᠭᠠᠷᠯᠠᠬᠤ ᠵᠡᠷᠭᠡ ᠲᠤᠯᠭᠠᠭᠤᠷᠢᠯᠠᠬᠤ ᠪᠠᠲᠤᠯᠠᠭ᠎ᠠ᠎ᠶᠢ ᠴᠢᠨᠠᠭᠰᠢᠳᠠ ᠴᠢᠩᠭᠠᠳᠬᠠᠬᠤ᠎ᠶᠢᠨ ᠬᠠᠮᠲᠤ ᠵᠣᠬᠢᠶᠠᠨ ᠪᠠᠢᠭᠤᠯᠵᠤ ᠬᠡᠷᠡᠭᠵᠢᠭᠦᠯᠬᠦ᠎ᠶᠢ ᠴᠢᠩᠭᠠᠳᠬᠠᠬᠤ ᠲᠠᠯ᠎ᠠ᠎ᠪᠠᠷ ᠠᠵᠢᠯ᠎ᠤᠨ ᠱᠠᠭᠠᠷᠳᠠᠯᠭ᠎ᠠ ᠳᠤᠷᠠᠳᠪᠠ᠃

ᠤᠯᠤᠰ᠎ᠤᠨ ᠬᠥᠭᠵᠢᠭᠦᠯᠦᠯᠲᠡ ᠪᠡ ᠥᠭᠡᠷᠡᠴᠢᠯᠡᠯᠲᠡ᠎ᠶᠢᠨ ᠵᠥᠪᠯᠡᠯ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠳᠠᠷᠠᠭᠠᠴᠢ᠎ᠶᠢᠨ ᠠᠯᠬᠤᠮ᠎ᠳᠤ ᠤᠯᠤᠰ᠎ᠤᠨ ᠬᠥᠭᠵᠢᠭᠦᠯᠦᠯᠲᠡ ᠪᠡ ᠥᠭᠡᠷᠡᠴᠢᠯᠡᠯᠲᠡ᠎ᠶᠢᠨ ᠵᠥᠪᠯᠡᠯ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤ᠎ᠪᠠᠷ ᠮᠡᠳᠡᠭᠳᠡᠯ᠎ᠤᠨ ᠡᠯ᠎ᠡ ᠵᠦᠢᠯ᠎ᠦᠨ ᠡᠭᠦᠷᠭᠡ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠤᠨ ᠪᠤᠲᠠᠲᠠᠢᠵᠢᠭᠤᠯᠬᠤ᠎ᠶᠢ ᠲᠦᠯᠬᠢᠨ ᠠᠬᠢᠭᠤᠯᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ ᠥᠭᠡᠷᠡᠴᠢᠯᠡᠯᠲᠡ᠎ᠪᠡᠷ ᠦᠨᠡᠨ ᠬᠦ᠌ ᠭᠠᠷᠳᠠᠴᠠ ᠪᠣᠯᠭᠠᠵᠤ᠂ ᠠᠵᠤ ᠠᠬᠤᠢᠯᠠᠯ᠎ᠤᠨ ᠡᠨᠧᠷᠭᠢ᠎ᠶᠢᠨ ᠠᠰᠢᠭ᠍ᠯᠠᠮᠵᠢ ᠨᠡᠭᠦᠷᠡᠰᠦᠲᠥ᠋ᠷᠥᠭᠴᠢ᠎ᠶᠢᠨ ᠠᠰᠢᠭ᠍ᠯᠠᠮᠵᠢ᠎ᠶᠢᠨ ᠲᠦᠪᠰᠢᠨ᠎ᠤ ᠳᠡᠭᠡᠭᠰᠢᠯᠡᠭᠦᠯᠪᠡᠰᠦ ᠵᠣᠬᠢᠬᠤ᠎ᠶᠢ ᠨᠢ ᠪᠦᠬᠦᠨ᠎ᠢ ᠳᠡᠭᠡᠭᠰᠢᠯᠡᠭᠦᠯᠤᠨ᠂ ᠠᠵᠢᠯ ᠲᠦᠷᠦᠯ᠎ᠦᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ᠎ᠶᠢᠨ ᠲᠦᠪᠰᠢᠨ᠎ᠢ ᠢᠯᠡᠷᠬᠡᠢ ᠳᠡᠭᠡᠭᠰᠢᠯᠡᠭᠦᠯᠵᠦ᠂ ᠲᠣᠭᠲᠠᠭᠰᠠᠨ ᠬᠤᠭᠤᠴᠠᠭᠠᠨ᠎ᠳᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠣᠷᠭᠢᠯ᠎ᠬᠡᠮᠵᠢᠭᠳᠡᠯ᠎ᠳᠤ ᠬᠦᠷᠬᠦ ᠬᠠᠷᠠᠯᠲᠠ᠎ᠶᠢ ᠪᠡᠶᠡᠯᠡᠭᠦᠯᠬᠦ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠪᠦᠬᠦ ᠲᠠᠯ᠎ᠠ᠎ᠪᠠᠷ ᠪᠣᠬᠢᠷᠲᠤᠯ ᠦᠭᠡᠢ ᠲᠡᠢᠰᠢ ᠬᠡᠯᠪᠡᠷᠢ᠎ᠪᠠᠨ ᠬᠤᠪᠢᠷᠠᠭᠤᠯᠬᠤ᠎ᠶᠢ ᠲᠦᠷᠭᠡᠳᠬᠡᠬᠦ᠎ᠳᠦ ᠬᠦᠴᠦᠲᠡᠢ ᠲᠤᠯᠭᠠᠭᠤᠷᠢᠯᠠᠯ ᠬᠠᠩᠭᠠᠨ᠎ᠠ ᠭᠡᠵᠦ ᠢᠯᠡᠳᠬᠡᠵᠡᠢ᠃

(ᠰᠢᠨᠬᠤᠸᠠ ᠬᠣᠷᠢᠶ᠎ᠡ ᠵᠢᠨ ᠪᠡᠭᠡᠵᠢᠩ᠎ᠦᠨ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号