ᠲᠦᠷᠦᠭᠦᠬᠡᠨ᠂ ᠥᠪᠥᠷ ᠮᠣᠩᠭᠣᠯ᠎ᠤᠨ ᠣᠨᠴᠠ ᠲᠥᠷᠥᠯ᠎ᠦᠨ ᠲᠣᠨᠣᠭ ᠲᠥᠬᠦᠭᠡᠷᠦᠮᠵᠢ᠎ᠶᠢᠨ ᠳᠡᠭᠡᠳᠦ ᠰᠤᠷᠭᠠᠭᠤᠯᠢ᠎ᠶᠢᠨ ᠠᠩᠬᠠᠳᠤᠭᠠᠷ ᠬᠤᠭᠤᠴᠠᠭᠠᠨ᠎ᠤ ᠲᠡᠭᠦᠰᠬᠦ ᠤᠶᠤᠳᠠᠳ᠎ᠤᠨ ᠠᠵᠢᠯ ᠣᠯᠭᠣᠯᠲᠠ᠎ᠶᠢᠨ ᠲᠠᠨᠢᠯᠴᠠᠭᠤᠯᠭ᠎ᠠ᠎ᠶᠢᠨ ᠴᠤᠬᠯᠠᠭᠠᠨ ᠬᠥᠬᠡᠬᠣᠲᠠ᠎ᠳᠤ ᠶᠠᠪᠤᠭᠳᠠᠵᠤ᠂ ᠪᠥᠬᠥ ᠣᠷᠣᠨ᠎ᠤ ᠣᠨᠴᠠ ᠲᠥᠷᠥᠯ᠎ᠦᠨ ᠲᠣᠨᠣᠭ ᠲᠥᠬᠦᠭᠡᠷᠦᠮᠵᠢ᠎ᠶᠢᠨ ᠠᠵᠢᠯ ᠲᠥᠷᠥᠯ᠎ᠦᠨ 24 ᠰᠢᠯᠢᠳᠡᠭ ᠠᠵᠤ ᠠᠬᠤᠢᠯᠠᠯ᠎ᠤᠨ ᠲᠥᠯᠥᠭᠡᠯᠡᠭᠴᠢ ᠪᠠ ᠳᠡᠭᠡᠳᠦ ᠰᠤᠷᠭᠠᠭᠤᠯᠢ᠎ᠶᠢᠨ ᠣᠨᠴᠠ ᠲᠥᠷᠥᠯ᠎ᠦᠨ ᠲᠣᠨᠣᠭ ᠲᠥᠬᠦᠭᠡᠷᠦᠮᠵᠢ᠎ᠶᠢᠨ ᠲᠤᠰᠬᠠᠢ ᠮᠡᠷᠭᠡᠵᠢᠯ᠎ᠦᠨ ᠠᠩᠬᠠᠳᠤᠭᠠᠷ ᠬᠤᠭᠤᠴᠠᠭᠠᠨ᠎ᠤ 35 ᠲᠡᠭᠦᠰᠬᠦ ᠤᠶᠤᠳᠠᠨ ᠴᠤᠬᠯᠠᠭᠠᠨ᠎ᠳᠤ ᠣᠷᠣᠯᠴᠠᠵᠠᠢ᠃
ᠡᠨᠡ ᠬᠦ᠌ ᠪᠠᠭ᠎ᠠ ᠬᠡᠪᠴᠢᠶᠡᠨ᠎ᠤ ᠠᠵᠢᠯᠲᠠᠨ ᠤᠷᠢᠵᠤ ᠡᠯᠰᠡᠬᠦ ᠴᠤᠬᠯᠠᠭᠠᠨ ᠨᠢ ᠪᠤᠭᠤᠲᠤ ᠶ᠋ᠢᠨ ᠪᠣᠯᠣᠳ ᠲᠡᠮᠦᠷ᠎ᠦᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠶ᠋ᠢᠨ ᠠᠵᠤ ᠦᠢᠯᠡᠰ᠎ᠦᠨ ᠬᠥᠭᠵᠢᠯᠲᠡ ᠶ᠋ᠢᠨ ᠲᠣᠭᠣᠷᠢᠨ᠎ᠳᠤ ᠦᠢᠯᠡᠳᠪᠦᠷᠢᠯᠡᠯ ᠵᠢᠭᠠᠨ ᠰᠤᠷᠭᠠᠯᠳᠠ ᠰᠤᠳᠤᠯᠭᠠᠨ᠎ᠢ ᠨᠢᠭᠡ ᠴᠣᠭᠴᠠᠵᠢᠭᠤᠯᠤᠨ ᠬᠥᠮᠥᠵᠢᠭᠦᠯᠬᠦ ᠵᠠᠭᠪᠤᠷ᠎ᠤᠨ ᠶᠡᠬᠡ ᠠᠯᠬᠤᠮ᠎ᠢ ᠠᠯᠬᠤᠭᠰᠠᠨ ᠢ᠋ ᠬᠠᠷᠠᠭᠤᠯᠵᠤ ᠪᠠᠢᠭ᠎ᠠ ᠶᠤᠮ᠃ 2025 ᠣᠨ᠎ᠤ 3 ᠰᠠᠷ᠎ᠠ᠎ᠳᠤ᠂ ᠪᠤᠭᠤᠲᠤ᠎ᠶᠢᠨ ᠪᠣᠯᠣᠳ ᠲᠡᠮᠦᠷ᠎ᠦᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠨᠢ ᠥᠪᠡᠷᠲᠡᠭᠡᠨ ᠵᠠᠰᠠᠬᠤ ᠣᠷᠣᠨ᠎ᠤ ᠣᠨᠴᠠ ᠲᠥᠷᠥᠯ᠎ᠦᠨ ᠲᠣᠨᠣᠭ ᠲᠥᠬᠦᠭᠡᠷᠦᠮᠵᠢ᠎ᠶᠢ ᠰᠢᠯᠭᠠᠨ ᠪᠠᠢᠴᠠᠭᠠᠬᠤ ᠰᠤᠳᠤᠯᠭᠠᠨ᠎ᠤ ᠬᠦᠷᠢᠶᠡᠯᠡᠩ᠎ᠲᠠᠢ ᠬᠠᠮᠲᠤᠷᠠᠨ ᠥᠪᠥᠷ ᠮᠣᠩᠭᠣᠯ᠎ᠤᠨ ᠣᠨᠴᠠ ᠲᠥᠷᠥᠯ᠎ᠦᠨ ᠲᠣᠨᠣᠭ ᠲᠥᠬᠦᠭᠡᠷᠦᠮᠵᠢ᠎ᠶᠢᠨ ᠳᠡᠭᠡᠳᠦ ᠰᠤᠷᠭᠠᠭᠤᠯᠢ᠎ᠶᠢ ᠪᠠᠢᠭᠤᠯᠵᠤ᠂ ᠥᠪᠥᠷ ᠮᠣᠩᠭᠣᠯ᠎ᠤᠨ ᠠᠩᠬᠠᠳᠠᠭ᠍ᠴᠢ ᠵᠠᠰᠠᠭ᠎ᠤᠨ ᠤᠷᠳᠤᠨ ᠠᠵᠢᠯ ᠲᠦᠷᠦᠯ ᠰᠤᠷᠭᠠᠭᠤᠯᠢ ᠠᠵᠤ ᠠᠬᠤᠢᠯᠠᠯ᠎ᠤᠨ ᠬᠠᠮᠲᠤᠷᠠᠨ ᠪᠠᠢᠭᠤᠯᠤᠭᠰᠠᠨ ᠣᠨᠴᠠ ᠲᠥᠷᠥᠯ᠎ᠦᠨ ᠲᠣᠨᠣᠭ ᠲᠥᠬᠦᠭᠡᠷᠦᠮᠵᠢ᠎ᠶᠢᠨ ᠳᠡᠭᠡᠳᠦ ᠰᠤᠷᠭᠠᠭᠤᠯᠢ ᠪᠣᠯᠤᠭᠰᠠᠨ ᠪᠠᠢᠨ᠎ᠠ᠃ ᠵᠢᠯ ᠭᠠᠷᠤᠢ᠎ᠶᠢᠨ ᠲᠤᠷᠰᠢ᠂ ᠳᠡᠭᠡᠳᠦ ᠰᠤᠷᠭᠠᠭᠤᠯᠢ᠎ᠶᠢᠨ ᠬᠢᠨ ᠣᠨᠴᠠ ᠲᠦᠷᠦᠯ᠎ᠦᠨ ᠲᠤᠨᠤᠭ ᠲᠥᠬᠦᠭᠡᠷᠦᠮᠵᠢ᠎ᠶᠢᠨ ᠬᠦᠷᠢᠶᠡᠨ᠎ᠦ ᠠᠵᠤ ᠦᠢᠯᠡᠰ ᠪᠣᠯᠣᠨ ᠰᠤᠷᠭᠠᠨ ᠬᠥᠮᠦᠵᠢᠯ᠎ᠦᠨ ᠡᠬᠢ ᠪᠠᠶᠠᠯᠢᠭ᠋᠎ᠢ ᠦᠷᠭᠦᠯᠵᠢᠯᠡᠨ ᠨᠡᠢᠳᠬᠡᠵᠦ᠂ ᠲᠤᠰᠬᠠᠢ ᠮᠡᠷᠭᠡᠵᠢᠯ᠎ᠦᠨ ᠪᠦᠯᠦᠭᠵᠢᠯ᠎ᠦᠨ ᠪᠠᠢᠭᠤᠯᠤᠯᠲᠠ᠎ᠶᠢ ᠠᠬᠢᠭᠤᠯᠵᠤ᠂ ᠥᠨᠳᠥᠷ ᠲᠦᠪᠰᠢᠨ ᠪᠦᠬᠦᠢ ᠨᠡᠭᠡᠭᠡᠯᠲᠡᠲᠤ ᠬᠡᠯᠪᠡᠷᠢ᠎ᠶᠢᠨ ᠣᠷᠣᠨ ᠪᠦᠰᠡ᠎ᠶᠢᠨ ᠠᠵᠤ ᠦᠢᠯᠡᠰ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠦᠢᠯᠡᠳᠦᠯᠭᠡ᠎ᠶᠢᠨ ᠲᠥᠪ ᠪᠣᠯᠣᠨ ᠥᠨᠳᠥᠷ ᠲᠦᠪᠰᠢᠨ ᠪᠦᠬᠦᠢ ᠴᠢᠳᠠᠪᠤᠷᠢᠲᠠᠨ᠎ᠢ ᠬᠥᠮᠥᠵᠢᠭᠦᠯᠬᠦ ᠰᠠᠭᠤᠷᠢᠨ᠎ᠢ ᠬᠦᠴᠦᠯᠡᠨ ᠪᠠᠢᠭᠤᠯᠵᠠᠢ᠃
ᠲᠣᠰ ᠤᠳᠠᠭᠠᠨ᠎ᠤ ᠠᠵᠢᠯᠲᠠᠨ ᠤᠷᠢᠵᠤ ᠡᠯᠰᠡᠬᠦ ᠴᠤᠬᠯᠠᠭᠠᠨ ᠨᠢ ᠠᠵᠢᠯ ᠲᠥᠷᠥᠯ᠎ᠦᠨ ᠠᠵᠤ ᠠᠬᠤᠢᠯᠠᠯ᠎ᠳᠤ ᠬᠠᠨᠳᠤᠭᠤᠯᠤᠨ᠂ ᠳᠡᠭᠡᠳᠦ ᠰᠤᠷᠭᠠᠭᠤᠯᠢ᠎ᠶᠢᠨ ᠣᠨᠴᠠ ᠲᠥᠷᠥᠯ᠎ᠦᠨ ᠲᠣᠨᠣᠭ ᠲᠥᠬᠦᠭᠡᠷᠦᠮᠵᠢ᠎ᠶᠢ ᠰᠢᠯᠭᠠᠨ ᠪᠠᠢᠴᠠᠭᠠᠵᠤ ᠬᠢᠨᠠᠨ ᠬᠡᠮᠵᠢᠬᠦ᠂ ᠠᠮᠤᠷ ᠲᠦᠪᠰᠢᠨ᠎ᠦ ᠬᠠᠮᠢᠶᠠᠷᠤᠯᠲᠠ ᠵᠡᠷᠭᠡ ᠴᠢᠭᠯᠡᠯ᠎ᠦᠨ ᠴᠢᠳᠠᠪᠤᠷᠢᠲᠠᠨ᠎ᠢ ᠬᠥᠮᠥᠵᠢᠭᠦᠯᠦᠭᠰᠡᠨ ᠦᠷ᠎ᠡ ᠪᠦᠲᠦᠭᠡᠯ᠎ᠢ ᠲᠥᠪᠯᠡᠷᠡᠭᠦᠯᠦᠨ ᠦᠵᠡᠬᠦᠯᠪᠡ᠃ ᠡᠭᠦᠨ᠎ᠦ ᠬᠠᠮᠲᠤ ᠳᠡᠭᠡᠳᠦ ᠰᠤᠷᠭᠠᠭᠤᠯᠢ ᠨᠢ ᠪᠠᠰᠠ ᠥᠪᠡᠷᠲᠡᠭᠡᠨ ᠵᠠᠰᠠᠬᠤ ᠣᠷᠣᠨ᠎ᠤ ᠣᠨᠴᠠ ᠲᠥᠷᠥᠯ᠎ᠦᠨ ᠲᠣᠨᠣᠭ ᠲᠥᠬᠦᠭᠡᠷᠦᠮᠵᠢ᠎ᠶᠢ ᠰᠢᠯᠭᠠᠨ ᠪᠠᠢᠴᠠᠭᠠᠬᠤ ᠰᠤᠳᠤᠯᠭᠠᠨ᠎ᠤ ᠬᠦᠷᠢᠶᠡᠯᠡᠩ᠎ᠲᠠᠢ ᠬᠠᠮᠲᠤ᠎ᠪᠠᠷ ᠰᠠᠭᠤᠷᠢᠨ ᠪᠠᠢᠭᠤᠯᠪᠠ᠃