6 ᠰᠠᠷ᠎ᠠ᠎ᠶ᠋ᠢᠨ 18᠎ᠤ᠋ ᠡᠳᠦᠷ᠂ ᠥᠪᠥᠷ ᠮᠣᠩᠭᠣᠯ᠎ᠤ᠋ᠨ ᠳᠤᠮᠳᠠᠳᠤ᠎ᠶ᠋ᠢᠨ ᠦᠨᠳᠦᠰᠦᠲᠡᠨ ᠦ᠌ ᠬᠠᠮᠲᠤ᠎ᠶ᠋ᠢᠨ ᠴᠣᠭᠴᠠ᠎ᠶ᠋ᠢᠨ ᠤᠬᠠᠮᠰᠠᠷ ᠢ᠋ ᠪᠠᠲᠤ ᠴᠤᠭᠴᠠᠯᠠᠬᠤ ᠲᠡᠦᠬᠡ᠎ᠶᠢᠨ ᠲᠤᠷᠠᠰᠬᠠᠯᠲᠤ ᠵᠦᠢᠯᠡᠰ ᠰᠤᠷᠪᠤᠯᠵᠢ ᠪᠢᠴᠢᠭ᠎ᠤᠨ ᠲᠤᠭᠤᠷᠢᠨ ᠦᠵᠡᠭᠦᠯᠭᠡ︵ᠪᠠᠶᠠᠨᠨᠠᠭᠤᠷ ᠥᠷᠲᠡᠭᠡ︶ᠥᠪᠥᠷ ᠮᠣᠩᠭᠣᠯ᠎ᠤ᠋ᠨ ᠪᠤᠷᠤᠳᠤᠬᠤᠢ᠎ᠶ᠋ᠢᠨ ᠰᠣᠶᠣᠯ ᠤ᠋ᠨ ᠮᠦᠽᠧᠢ᠎ᠶ᠋ᠢᠨ ᠬᠦᠷᠢᠶᠡᠯᠡᠩ ᠳ᠋ᠦ᠍ ᠬᠦᠰᠢᠭᠡ ᠪᠠᠨ ᠰᠡᠬᠦᠪᠡ᠃ ᠦᠵᠡᠭᠦᠯᠭᠡ ᠨᠢ ᠳᠤᠮᠳᠠᠳᠤ᠎ᠶ᠋ᠢᠨ ᠦᠨᠳᠦᠰᠦᠲᠡᠨ ᠦ᠌ ᠬᠠᠮᠲᠤ᠎ᠶ᠋ᠢᠨ ᠴᠣᠭᠴᠠ᠎ᠶ᠋ᠢᠨ ᠤᠬᠠᠮᠰᠠᠷ᠎ᠤ᠋ᠨ ᠭᠣᠣᠯ ᠰᠢᠵᠢᠮᠢ᠋ ᠪᠠᠲᠤ ᠠᠳᠬᠤᠵᠤ᠂ 100 ᠭᠠᠷᠤᠢ ᠰᠢᠷᠭᠡᠭ(ᠲᠡᠪᠳᠡᠷ) ᠬᠣᠪᠣᠷ ᠨᠠᠨᠳᠢᠨ ᠲᠡᠦᠬᠡ᠎ᠶ᠋ᠢᠨ ᠳᠤᠷᠠᠰᠬᠠᠯᠲᠤ ᠵᠦᠢᠯᠡᠰ ᠰᠤᠷᠪᠤᠯᠵᠢ ᠪᠢᠴᠢᠭ᠎ᠢ ᠨᠠᠷᠢᠯᠢᠭ ᠰᠣᠩᠭᠣᠨ ᠳᠡᠯᠭᠡᠨ ᠦᠵᠡᠬᠦᠯᠵᠦ᠂ ᠳᠤᠮᠳᠠᠳᠤ᠎ᠶ᠋ᠢᠨ ᠦᠨᠳᠦᠰᠦᠲᠡᠨ᠎ᠦ᠌ ᠣᠯᠠᠨ ᠡᠰᠢᠵᠢᠵᠤ ᠨᠢᠭᠡ ᠴᠤᠭᠴᠠᠵᠢᠭᠰᠠᠨ ᠪᠠᠢᠳᠠᠯ ᠪᠤᠢ ᠪᠤᠯᠤᠭᠰᠠᠨ ᠭᠣᠣᠯᠯᠠᠬᠤ ᠥᠷᠲᠡᠭ ᠢ᠋ ᠪᠤᠳᠠᠳᠤ ᠵᠦᠢᠯ᠎ᠢᠶᠡᠷ ᠭᠡᠷᠡᠴᠢᠯᠡᠵᠦ᠂ ᠪᠣᠷᠣᠲᠣᠬᠣᠢ ᠣᠷᠣᠨ᠎ᠤ᠋ ᠦᠨᠳᠦᠰᠦᠲᠡᠨᠨᠤᠭᠦᠳ ᠤᠨ ᠬᠠᠮᠲᠤ᠎ᠪᠠᠷ ᠠᠮᠢᠳᠤᠷᠠᠵᠤ ᠬᠠᠮᠲᠤ᠎ᠪᠠᠷ ᠠᠭᠤᠰᠤᠯᠴᠠᠭᠰᠠᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠲᠡᠦᠬᠡ᠎ᠶ᠋ᠢᠨ ᠵᠢᠷᠤᠭ᠎ᠢ᠋ ᠠᠮᠢᠳᠤᠯᠢᠭ᠎ᠢ᠋ᠶ᠋ᠠᠷ ᠳᠡᠯᠭᠡᠨ ᠦᠵᠡᠭᠦᠯᠪᠡ᠃
ᠦᠵᠡᠭᠦᠯᠭᠡ᠎ᠶ᠋ᠢᠨ ᠲᠢᠩᠬᠢᠮᠳ᠋ᠦ᠍ ᠬᠦᠷᠬᠦᠳ᠋ᠦ᠍᠂ ᠡᠯ᠎ᠡ ᠵᠦᠢᠯ᠎ᠦ᠋ᠨ ᠲᠡᠦᠭᠡ ᠵᠢᠨ ᠳᠤᠷᠠᠰᠬᠠᠯᠳᠤ ᠵᠦᠢᠯᠡᠰ ᠰᠤᠷᠪᠤᠯᠵᠢ ᠪᠢᠴᠢᠭ᠎ᠢ ᠬᠠᠷᠠᠭ᠎ᠠ ᠳᠦᠭᠦᠷᠡᠩ ᠲᠡᠯᠭᠡᠵᠦ᠂ ᠪᠠᠶᠠᠨᠨᠠᠭᠤᠷ ᠬᠣᠲᠠ᠎ᠠ᠋ᠴᠠ ᠢᠯᠡᠷᠡᠭᠦᠯᠦᠭᠰᠡᠨ ᠰᠢᠨ᠎ᠡ ᠴᠢᠯᠠᠭᠤᠨ ᠵᠡᠪᠰᠡᠭᠦ᠋ᠨ ᠴᠠᠭ ᠦᠶ᠎ᠡ᠎ᠶ᠋ᠢᠨ ᠭᠤᠷᠪᠠᠨ ᠬᠥᠯᠲᠦ ᠳᠡᠭᠡᠰᠦᠨ ᠠᠷ ᠪᠦᠬᠦᠢ ᠰᠢᠪᠠᠷ ᠠᠶᠠᠭ᠎ᠠ᠂ ᠬᠠᠨ ᠤᠯᠤᠰ᠎ᠤ᠋ᠨ ᠦᠶ᠎ᠡ᠎ᠶ᠋ᠢᠨ ᠤᠭᠤᠯᠢ ᠮᠠᠶᠢᠭ᠎ᠤ᠋ᠨ ᠸᠠᠭᠠᠷ ᠰᠠᠪᠠ ᠵᠡᠷᠭᠡ ᠲᠡᠦᠬᠡ᠎ᠶ᠋ᠢᠨ ᠳᠤᠷᠠᠰᠬᠠᠯᠲᠤ ᠵᠦᠢᠯᠡᠰ ᠪᠤᠯᠤᠨ︽ᠬᠠᠭᠠᠨ᠎ᠤ᠋ ᠵᠠᠷᠯᠢᠭᠢ᠋ᠶ᠋ᠠᠷ ᠬᠢᠯᠢ ᠬᠢᠵᠠᠭᠠᠷ ᠣᠷᠣᠨ᠎ᠳ᠋ᠤ᠌ ᠪᠤᠴᠠᠨ ᠢᠷᠡᠭᠰᠡᠨ ᠨᠢ︾᠂ ᠣᠯᠠᠨ ᠦᠨᠳᠦᠰᠦᠲᠡᠨ᠎ᠦ᠌ ᠣᠷᠴᠢᠭᠤᠯᠭ᠎ᠠ᠎ᠶ᠋ᠢᠨ ᠳᠡᠪᠲᠡᠷ ᠪᠦᠬᠦᠢ︽ᠳᠥᠷᠪᠡᠨ ᠶᠡᠬᠡ ᠨᠡᠷᠡᠲᠦ ᠪᠦᠲᠦᠭᠡᠯ︾᠂ ᠣᠯᠠᠨ ᠬᠡᠯᠡᠨᠦ᠌︽ᠬᠠᠭᠠᠨ᠎ᠤ᠋ ᠳᠦᠷᠢᠮᠲᠦ ᠣᠷᠴᠢᠭᠤᠯᠭ᠎ᠠ᠎ᠶ᠋ᠢᠨ ᠳᠥᠷᠪᠡᠨ ᠨᠣᠮ︾ ᠵᠡᠷᠭᠡ ᠤᠯᠤᠰ ᠪᠠ ᠥᠪᠡᠷᠲᠡᠭᠡᠨ ᠵᠠᠰᠠᠬᠤ ᠣᠷᠣᠨ᠎ᠤ᠋ ᠳᠡᠰ᠎ᠦ᠋ᠨ ᠬᠣᠪᠣᠷ ᠴᠤᠬᠠᠭ ᠰᠤᠷᠪᠤᠯᠵᠢ ᠪᠢᠴᠢᠭ ᠨᠢ ᠡᠯ᠎ᠡ ᠦᠨᠳᠦᠰᠦᠲᠡᠨ᠎ᠦ᠌ ᠣᠶᠤᠨ ᠰᠠᠨᠠᠭᠠᠨ᠎ᠤ᠋ ᠣᠢᠯᠠᠭᠠᠭᠳᠠᠬᠤᠨ᠂ ᠰᠣᠶᠣᠯ᠎ᠤ᠋ᠨ ᠤᠯᠠᠮᠵᠢᠯᠠᠯ ᠬᠢᠭᠡᠳ ᠠᠮᠢᠳᠤᠷᠠᠯ᠎ᠤ᠋ᠨ ᠦᠢᠯᠡᠳᠦᠯᠭᠡ ᠳᠤᠮᠳᠠᠬᠢ ᠭᠦᠨ ᠠᠭᠤᠰᠤᠯᠴᠠᠯ ᠢ᠋ ᠢᠯᠡᠷᠡᠭᠦᠯᠦᠭᠰᠡᠨ ᠪᠠᠢᠨ᠎ᠠ᠃
《ᠡᠨᠡ ᠤᠳᠠᠭᠠᠨ᠎ᠤ᠋ ᠲᠣᠭᠣᠷᠢᠨ ᠦᠵᠡᠭᠦᠯᠭᠡ ᠨᠢ ᠨᠠᠳᠠ᠎ᠳᠤ ᠭᠦᠨ ᠰᠠᠭᠤᠭᠳᠠᠯ ᠥᠭᠴᠡᠢ᠂ ᠡᠳᠡᠭᠡᠷ ᠲᠡᠦᠬᠡ᠎ᠶ᠋ᠢᠨ ᠳᠤᠷᠠᠰᠬᠠᠯᠲᠤ ᠵᠦᠢᠯᠡᠰ ᠰᠤᠷᠪᠤᠯᠵᠢ ᠪᠢᠴᠢᠭ ᠨᠢ ᠡᠯ᠎ᠡ ᠦᠨᠳᠦᠰᠦᠲᠡᠨ᠎ᠦ᠌ ᠶᠠᠪᠤᠯᠴᠠᠭ᠎ᠠ᠂ ᠰᠣᠯᠢᠯᠴᠠᠭ᠎ᠠ᠂ ᠠᠭᠤᠰᠤᠯᠴᠠᠯ᠎ᠤ᠋ᠨ ᠳᠤᠷᠠᠳᠬᠠᠯ ᠠᠭᠤᠯᠤᠭᠳᠠᠵᠤ᠂ ᠪᠢᠳᠡᠨᠳ᠋ᠦ᠍ ᠳᠤᠮᠳᠠᠳᠤ᠎ᠶ᠋ᠢᠨ ᠦᠨᠳᠦᠰᠦᠲᠡᠨ᠎ᠦ᠌ ᠬᠠᠮᠲᠤ᠎ᠶ᠋ᠢᠨ ᠴᠣᠭᠴᠠ᠎ᠶ᠋ᠢᠨ ᠤᠬᠠᠮᠰᠠᠷ᠎ᠤ᠋ᠨ ᠠᠭᠤᠯᠬᠤᠨᠢ᠋ ᠨᠡᠩ ᠰᠢᠭᠤᠳ ᠲᠠᠨᠢᠭᠤᠯᠤᠭᠰᠠᠨ ᠪᠠᠢᠨ᠎ᠠ᠃ ᠪᠢ ᠡᠳᠡᠭᠡᠷ ᠬᠣᠪᠣᠷ ᠨᠠᠨᠳᠢᠨ ᠲᠡᠦᠬᠡ᠎ᠶ᠋ᠢᠨ ᠳᠤᠷᠠᠰᠬᠠᠯᠲᠤ ᠵᠦᠢᠯᠡᠰ᠎ᠢ᠋ ᠰᠤᠨᠢᠷᠬᠠᠭᠰᠨᠨᠳ᠋ᠠᠭᠠᠨ ᠮᠠᠰᠢ ᠤᠮᠤᠭᠰᠢᠨ ᠪᠠᠶᠠᠷᠯᠠᠵᠤ ᠪᠠᠢᠨ᠎ᠠ》 ᠭᠡᠮᠡᠨ ᠯᠢᠨᠾᠧ ᠲᠣᠭᠣᠷᠢᠭ᠎ᠤ᠋ᠨ ᠬᠣᠲᠠ᠎ᠶ᠋ᠢᠨ ᠠᠷᠠᠳ ᠳᠦ ᠴᠦᠨ ᠮᠧᠢ ᠬᠡᠯᠡᠨ᠎ᠡ᠃
ᠦᠵᠡᠭᠦᠯᠭᠡ᠎ᠳ᠋ᠦ᠍ ᠪᠠᠶᠠᠨᠨᠠᠭᠤᠷ ᠬᠣᠲᠠ᠎ᠶ᠋ᠢᠨ ᠦᠨᠳᠦᠰᠦᠲᠡᠨ᠎ᠦ᠌ ᠪᠦᠯᠬᠦᠮᠳᠡᠯ ᠲᠠᠪᠰᠢᠯᠲᠠ᠎ᠶ᠋ᠢ ᠴᠣᠭᠴᠠᠯᠠᠨ ᠪᠠᠢᠭᠤᠯᠵᠤ ᠦᠨᠳᠦᠰᠦᠲᠡᠨ ᠨᠤᠭᠦᠳ᠎ᠤᠨ ᠬᠠᠮᠲᠤ᠎ᠶ᠋ᠢᠨ ᠬᠥᠭᠵᠢᠯᠲᠡ᠎ᠶ᠋ᠢ ᠠᠬᠢᠭᠤᠯᠤᠭᠰᠠᠨ ᠡᠯᠪᠡᠭ ᠪᠠᠶᠠᠯᠢᠭ ᠦᠷ᠎ᠡ ᠪᠦᠲᠦᠭᠡᠯ᠎ᠢ᠋ ᠪᠥᠬᠥ ᠲᠠᠯ᠎ᠠ᠎ᠪᠠᠷ ᠳᠡᠯᠭᠡᠨ ᠦᠵᠡᠭᠦᠯᠵᠦ᠂ ᠪᠥᠬᠥ ᠬᠣᠲᠠ᠎ᠶ᠋ᠢᠨ ᠦᠨᠳᠦᠰᠦᠲᠡᠨ ᠨᠤᠬᠦᠳ᠎ᠤᠨ ᠣᠯᠠᠨ ᠲᠦᠮᠡᠨ ᠭᠠᠷ ᠭᠠᠷᠢ᠋ᠶ᠋ᠠᠨ ᠬᠣᠯᠪᠣᠨ᠂ ᠨᠢᠭᠡ ᠰᠡᠳᠬᠢᠯ ᠨᠢᠭᠡ ᠵᠣᠷᠢᠭᠢ᠋ᠶ᠋ᠠᠷ ᠡᠷᠡᠯᠬᠡᠭᠯᠡᠨ ᠤᠷᠤᠭᠰᠢᠯᠠᠵᠤ᠂ ᠭᠡᠷ ᠣᠷᠣᠨᠢ᠋ᠶ᠋ᠠᠨ ᠬᠠᠮᠲᠤ᠎ᠪᠠᠷ ᠪᠦᠲᠦᠭᠡᠨ ᠪᠠᠢᠭᠤᠯᠵᠤ ᠪᠠᠢᠭ᠎ᠠ ᠰᠠᠢᠨ ᠰᠠᠢᠬᠠᠨ ᠣᠶᠤᠨ ᠰᠠᠨᠠᠭᠠᠨ᠎ᠤ᠋ ᠳᠦᠷᠰᠦ ᠪᠠᠢᠳᠠᠯ᠎ᠢ᠋ ᠢᠯᠡᠷᠡᠭᠦᠯᠵᠠᠢ᠃
ᠲᠤᠰ ᠤᠳᠠᠭᠠᠨ᠎ᠤ᠋ ᠦᠵᠡᠭᠦᠯᠭᠡ᠎ᠳ᠋ᠦ᠍︽ᠦᠵᠡᠭᠦᠯᠭᠡ + N︾ᠬᠡᠪ ᠵᠠᠭᠪᠤᠷ᠎ᠢ᠋ ᠰᠢᠨ᠎ᠡ᠎ᠪᠡᠷ ᠡᠭᠦᠳᠴᠦ᠂ ᠢᠵᠢᠯᠢ ᠲᠥᠪ᠎ᠲᠦ ᠲᠣᠭᠣᠷᠢᠭ᠎ᠤ᠋ᠨ ᠡᠭᠦᠳᠦᠨ ᠪᠦᠲᠦᠭᠡᠯᠲᠡ᠎ᠶ᠋ᠢᠨ ᠲᠠᠯ᠎ᠠ᠎ᠪᠠᠷ ᠵᠢᠷᠤᠵᠤ ᠡᠷᠢᠶᠡᠴᠢᠬᠦ ᠬᠠᠨ᠎ᠠ᠂ ᠲᠡᠦᠬᠡᠨ ᠬᠥᠮᠦᠨ᠎ᠢ ᠲᠠᠭᠤᠷᠢᠶᠠᠭᠰᠠᠨ ᠦᠨᠡᠨ ᠬᠥᠮᠦᠨ᠎ᠤ NPC᠂ ᠳᠤᠮᠳᠠᠳᠤ᠎ᠶ᠋ᠢᠨ ᠰᠣᠩᠭᠣᠳᠠᠭ ᠪᠢᠴᠢᠭ᠎ᠢ ᠰᠡᠳᠬᠢᠯᠢ᠋ᠶ᠋ᠡᠨ ᠲᠥᠪᠯᠡᠷᠡᠭᠦᠯᠦᠨ ᠬᠠᠭᠤᠯᠤᠨ ᠪᠢᠴᠢᠬᠦ᠂ ᠡᠷᠲᠡᠨ᠎ᠦ᠌ ᠨᠣᠮᠢ᠋ ᠵᠠᠰᠠᠨ ᠰᠡᠷᠭᠦᠭᠡᠬᠦ᠎ᠵᠢ ᠪᠡᠶᠡᠴᠢᠯᠡᠨ ᠣᠢᠯᠠᠭᠠᠬᠤ ᠲᠣᠭᠣᠷᠢᠭ᠂ ᠦᠨᠳᠦᠰᠦᠲᠡᠨ᠎ᠦ᠌ ᠲᠥᠷᠥ᠎ᠶ᠋ᠢᠨ ᠪᠣᠳᠣᠯᠭ᠎ᠠ᠎ᠶ᠋ᠢᠨ ᠮᠡᠳᠡᠯᠭᠡ᠎ᠶ᠋ᠢᠨ ᠲᠠᠢᠯᠤᠮᠵᠢ ᠬᠢᠬᠦ᠂ ᠬᠤᠭᠤᠴᠠᠭ᠎ᠠ ᠪᠦᠷᠢ᠎ᠶ᠋ᠢᠨ ᠲᠣᠭᠣᠷᠢᠨ ᠦᠵᠡᠭᠦᠯᠭᠡ᠎ᠶ᠋ᠢᠨ ᠲᠣᠭᠠᠴᠢᠯᠠᠭᠰᠠᠨ ᠦᠷ᠎ᠡ ᠪᠦᠲᠦᠭᠡᠯ᠎ᠦ᠋ᠨ ᠦᠵᠡᠭᠦᠯᠭᠡ ᠵᠡᠷᠭᠡ ᠣᠯᠠᠨ ᠡᠰᠢᠴᠢᠯᠡᠭᠰᠡᠨ ᠬᠠᠷᠢᠯᠴᠠᠨ ᠬᠥᠳᠡᠯᠦᠯᠴᠡᠬᠦ ᠬᠡᠰᠡᠭ ᠲᠣᠬᠢᠷᠠᠭᠤᠯᠵᠠᠢ᠃ 《ᠲᠣᠭᠲᠠᠩᠭᠤᠢ ᠳᠡᠯᠭᠡᠨ ᠦᠵᠡᠭᠦᠯᠭᠡ + ᠬᠥᠳᠡᠯᠦᠩᠭᠦᠢ ᠪᠡᠶᠡᠴᠢᠯᠡᠨ ᠤᠢᠯᠠᠭᠠᠯᠲᠠ》᠎ᠶ᠋ᠢᠨ ᠲᠦᠷᠦᠯ ᠬᠤᠪᠢᠶᠠᠭᠰᠨᠨ ᠪᠡᠶᠡᠴᠢᠯᠡᠯᠲᠡᠶ᠋ᠢᠨ ᠲᠣᠭᠲᠠᠯᠴᠠᠭ᠎ᠠ᠎ᠪᠡᠷ ᠲᠠᠮᠵᠢᠭᠤᠯᠤᠨ᠂ ᠲᠡᠦᠬᠡ᠎ᠶ᠋ᠢᠨ ᠳᠤᠷᠠᠰᠬᠠᠯᠲᠤ ᠵᠦᠢᠯᠡᠰ ᠰᠤᠷᠪᠤᠯᠵᠢ ᠪᠢᠴᠢᠭ᠎ᠢ᠋ ᠦᠨᠡᠨᠬᠦ《ᠠᠮᠢᠯᠠᠭᠤᠯᠵᠤ》᠂ ᠳᠤᠮᠳᠠᠳᠤ᠎ᠶ᠋ᠢᠨ ᠦᠨᠳᠦᠰᠦᠲᠡᠨ᠎ᠦ᠌ ᠬᠠᠮᠲᠤ᠎ᠶ᠋ᠢᠨ ᠴᠣᠭᠴᠠ᠎ᠶ᠋ᠢᠨ ᠤᠬᠠᠮᠰᠠᠷ᠎ᠢ᠋ ᠦᠵᠡᠭᠳᠡᠬᠦᠢᠴᠡ᠂ ᠮᠡᠳᠡᠷᠡᠭᠳᠡᠬᠦᠢᠴᠡ᠂ ᠣᠷᠣᠯᠴᠠᠵᠤ ᠪᠣᠯᠬᠤᠢᠴᠠ ᠰᠣᠶᠣᠯ᠎ᠤ᠋ᠨ ᠮᠡᠳᠡᠷᠡᠮᠵᠢᠲᠡᠢ ᠢᠯᠡᠳᠭᠡᠵᠠᠢ᠃ ᠦᠵᠡᠭᠦᠯᠭᠡ᠎ᠨᠢ 10 ᠰᠠᠷ᠎ᠠ ᠪᠣᠯᠲᠠᠯ᠎ᠠ ᠦᠷᠭᠦᠯᠵᠢᠯᠠᠵᠦ᠂ ᠤᠯᠠᠨ ᠨᠡᠢᠲᠡᠳ᠋ᠦ᠍ ᠰᠦᠢᠳᠬᠡᠯ ᠬᠤᠷᠢᠶᠠᠬᠤ ᠦᠭᠡᠢ᠎ᠪᠡᠷ ᠲᠡᠯᠭᠡᠨ ᠦᠵᠡᠬᠦᠯᠤᠨ᠎ᠠ᠃