ᠤᠢᠷ᠎ᠠ ᠳ᠋ᠤ᠂ ᠥᠪᠥᠷ ᠮᠣᠩᠭᠣᠯ᠎ᠤᠨ ᠨᠠᠰᠤᠨ ᠲᠤᠷᠰᠢᠲᠠ᠎ᠶᠢᠨ ᠰᠤᠷᠭᠠᠨ ᠬᠥᠮᠦᠵᠢᠯ᠎ᠦᠨ ᠰᠦᠯᠵᠢᠶ᠎ᠡ ᠵᠢᠩᠬᠢᠨᠢ᠎ᠪᠡᠷ ᠠᠰᠢᠭ᠍ᠯᠠᠯᠲᠠ᠎ᠳᠤ ᠣᠷᠣᠭᠰᠠᠨ ᠨᠢ ᠥᠪᠥᠷ ᠮᠣᠩᠭᠣᠯ᠎ᠤᠨ ᠨᠠᠰᠤᠨ ᠲᠤᠷᠰᠢᠲᠠ᠎ᠶᠢᠨ ᠰᠤᠷᠭᠠᠨ ᠬᠥᠮᠦᠵᠢᠯ᠎ᠦᠨ ᠲᠣᠭᠠᠴᠢᠯᠠᠭᠰᠠᠨ ᠡᠬᠢ ᠪᠠᠶᠠᠯᠢᠭ᠋᠎ᠤᠨ ᠪᠠᠢᠭᠤᠯᠤᠯᠲᠠ ᠪᠠ ᠰᠤᠷᠤᠯᠴᠠᠯᠭ᠎ᠠ ᠦᠢᠯᠡᠴᠢᠯᠡᠭᠡᠨ᠎ᠦ ᠰᠢᠰᠲᠧᠮ᠎ᠦᠨ ᠪᠠᠢᠭᠤᠯᠤᠯᠲᠠ ᠰᠢᠨ᠎ᠡ ᠠᠯᠬᠤᠮ᠎ᠢ ᠡᠬᠢᠯᠡᠬᠦᠯᠦᠭᠰᠡᠨ ᠢ᠋ ᠬᠠᠷᠠᠭᠤᠯᠵᠤ ᠪᠠᠢᠭ᠎ᠠ ᠶᠤᠮ᠃
ᠥᠪᠥᠷ ᠮᠣᠩᠭᠣᠯ᠎ᠤᠨ ᠨᠠᠰᠤᠨ ᠲᠤᠷᠰᠢᠳᠠ᠎ᠶᠢᠨ ᠰᠤᠷᠭᠠᠨ ᠬᠥᠮᠦᠵᠢᠯ᠎ᠦᠨ ᠰᠦᠯᠵᠢᠶ᠎ᠡ ᠪᠣᠯ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠵᠢᠯᠤᠭᠤᠳᠤᠯᠭ᠎ᠠ ᠳᠤᠤᠷ᠎ᠠ᠂ ᠥᠪᠥᠷ ᠮᠣᠩᠭᠣᠯ᠎ᠤᠨ ᠨᠡᠭᠡᠭᠡᠯᠲᠡᠲᠤ ᠶᠡᠬᠡ ᠰᠤᠷᠭᠠᠭᠤᠯᠢ᠎ᠡᠴᠡ ᠪᠠᠢᠭᠤᠯᠤᠭᠰᠠᠨ ᠤᠯᠠᠨ ᠨᠡᠶ᠋ᠢᠲᠡ᠎ᠶᠢᠨ ᠦᠢᠯᠡᠴᠢᠯᠡᠭᠡᠨ᠎ᠦ ᠲᠠᠪᠴᠠᠩ ᠪᠤᠯᠤᠨ᠎ᠠ᠃ ᠥᠪᠥᠷ ᠮᠣᠩᠭᠣᠯ᠎ᠤᠨ ᠨᠠᠰᠤᠨ ᠲᠤᠷᠰᠢᠲᠠ᠎ᠶᠢᠨ ᠰᠤᠷᠭᠠᠨ ᠬᠥᠮᠦᠵᠢᠯ᠎ᠦᠨ ᠲᠣᠭᠠᠴᠢᠯᠠᠭᠰᠠᠨ ᠪᠠᠢᠭᠤᠯᠤᠯᠲᠠ᠎ᠶᠢ ᠠᠬᠢᠭᠤᠯᠬᠤ᠂ ᠰᠢᠯᠢᠳᠡᠭ ᠰᠤᠷᠤᠯᠴᠠᠯᠭ᠎ᠠ᠎ᠶᠢᠨ ᠡᠬᠢ ᠪᠠᠶᠠᠯᠢᠭ᠋᠎ᠢ ᠨᠡᠢᠳᠬᠡᠬᠦ᠂ ᠪᠦᠬᠦ ᠠᠷᠠᠳ᠎ᠤᠨ ᠨᠠᠰᠤᠨ ᠲᠤᠷᠰᠢᠲᠠ᠎ᠶᠢᠨ ᠰᠤᠷᠤᠯᠴᠠᠯᠭ᠎ᠠ᠎ᠳᠤ ᠦᠢᠯᠡᠴᠢᠯᠡᠬᠦ ᠴᠢᠬᠤᠯᠠ ᠲᠠᠪᠴᠠᠩ ᠪᠣᠯᠣᠨ᠎ᠠ᠂ ᠥᠪᠥᠷ ᠮᠣᠩᠭᠣᠯ᠎ᠤᠨ ᠬᠤᠳᠠ ᠬᠥᠳᠡᠭᠡ᠎ᠶᠢ ᠬᠠᠮᠤᠷᠤᠭᠰᠠᠨ ᠨᠠᠰᠤᠨ ᠲᠤᠷᠰᠢᠲᠠ᠎ᠶᠢᠨ ᠰᠤᠷᠭᠠᠨ ᠬᠥᠮᠦᠵᠢᠯ᠎ᠦᠨ ᠦᠢᠯᠡᠴᠢᠯᠡᠭᠡᠨ᠎ᠦ ᠰᠢᠰᠲ᠋ᠧᠮ᠎ᠢ ᠪᠠᠶ᠋ᠢᠭᠤᠯᠬᠤ᠎ᠳᠤ ᠴᠢᠬᠤᠯᠠ ᠦᠢᠯᠡᠳᠦᠯ ᠦᠵᠡᠭᠦᠯᠬᠦ ᠪᠣᠯᠣᠨ᠎ᠠ᠃
ᠡᠨᠡ ᠬᠦ᠌ ᠬᠤᠭᠤᠴᠠᠭᠠᠨ ᠳ᠋ᠤ 2026 ᠣᠨ᠎ᠳᠤ ᠥᠪᠡᠷᠲᠡᠭᠡᠨ ᠵᠠᠰᠠᠬᠤ ᠣᠷᠣᠨ᠎ᠤ ᠨᠠᠰᠤᠨ ᠲᠤᠷᠰᠢᠲᠠ᠎ᠶᠢᠨ ᠰᠤᠷᠭᠠᠨ ᠬᠥᠮᠦᠵᠢᠯ᠎ᠦᠨ ᠪᠣᠯᠪᠠᠰᠤᠷᠠᠯ᠎ᠤᠨ ᠠᠩᠭᠢ ᠡᠬᠢᠯᠡᠵᠦ᠂ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠲᠢᠩᠬᠢᠮ ᠲᠣᠪᠴᠢᠶ᠎ᠠ᠂ ᠡᠯ᠎ᠡ ᠱᠠᠲᠤᠨ᠎ᠤ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠂ ᠨᠠᠰᠤᠲᠠᠢᠴᠤᠳ᠎ᠤᠨ ᠰᠤᠷᠭᠠᠨ ᠬᠥᠮᠦᠵᠢᠯ ᠪᠠ ᠨᠡᠢᠭᠡᠮ ᠲᠣᠭᠣᠷᠢᠭ᠋᠎ᠤᠨ ᠰᠤᠷᠭᠠᠨ ᠬᠥᠮᠦᠵᠢᠯ᠎ᠦᠨ ᠲᠤᠷᠰᠢᠯᠲᠠ᠎ᠶᠢᠨ ᠴᠡᠭ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠵᠡᠷᠭᠡ ᠬᠠᠮᠢᠶ᠎ᠠ ᠪᠦᠬᠦᠢ ᠨᠢᠭᠡᠴᠢ᠎ᠶᠢᠨ 300 ᠬᠥᠮᠥᠨ ᠪᠣᠯᠪᠠᠰᠤᠷᠠᠯ᠎ᠳᠤ ᠣᠷᠣᠯᠴᠠᠵᠠᠢ᠃ ᠪᠣᠯᠪᠠᠰᠤᠷᠠᠯ ᠨᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ᠋ ᠪᠠᠳᠤ ᠴᠤᠭᠴᠠᠯᠠᠬᠤ ᠪᠡᠷ ᠭᠣᠣᠯ ᠰᠢᠵᠢᠮ ᠪᠣᠯᠭᠠᠵᠤ᠂ ᠨᠠᠰᠤᠨ ᠲᠤᠷᠰᠢᠳᠠ᠎ᠶᠢᠨ ᠰᠤᠷᠭᠠᠨ ᠬᠥᠮᠦᠵᠢᠯ᠎ᠦᠨ ᠰᠢᠰᠲᠧᠮ ᠢ᠋ ᠪᠦᠷᠢᠨᠰᠢᠭᠦᠯᠬᠦ᠂ ᠪᠥᠬᠥ ᠠᠷᠠᠳ᠎ᠤᠨ ᠨᠠᠰᠤᠨ ᠲᠤᠷᠰᠢᠲᠠ᠎ᠶᠢᠨ ᠰᠤᠷᠤᠯᠴᠠᠯᠭ᠎ᠠ᠎ᠳᠤ ᠦᠢᠯᠡᠴᠢᠯᠡᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠲᠥᠷᠥ᠎ᠶᠢᠨ ᠪᠣᠳᠣᠯᠭ᠎ᠠ᠎ᠶᠢᠨ ᠲᠠᠢᠯᠤᠮᠵᠢ ᠬᠢᠬᠦ᠂ ᠲᠤᠰᠬᠠᠢ ᠰᠡᠳᠦᠪ᠎ᠢᠶᠡᠷ ᠬᠠᠪᠰᠤᠷᠤᠨ ᠵᠢᠯᠤᠭᠣᠳᠬᠤ᠂ ᠲᠤᠷᠰᠢᠯᠭ᠎ᠠ ᠰᠣᠯᠢᠯᠴᠠᠬᠤ ᠪᠠ ᠦᠢᠯᠡᠳᠦᠯᠭᠡ᠎ᠶᠢᠨ ᠰᠤᠳᠤᠯᠤᠨ ᠶᠠᠷᠢᠯᠴᠠᠬᠤᠵᠡᠷᠬᠡ ᠵᠢ ᠥᠷᠨᠢᠭᠦᠯᠵᠦ᠂ ᠪᠥᠬᠥ ᠣᠷᠣᠨ᠎ᠤ ᠨᠠᠰᠤᠨ ᠲᠤᠷᠰᠢᠲᠠ᠎ᠶᠢᠨ ᠰᠤᠷᠭᠠᠨ ᠬᠥᠮᠦᠵᠢᠯ᠎ᠦᠨ ᠠᠵᠢᠯᠲᠠᠨ᠎ᠤ ᠲᠥᠷᠥ᠎ᠶᠢᠨ ᠪᠣᠳᠣᠯᠭ᠎ᠠ᠎ᠶᠢᠨ ᠬᠢᠷᠢ ᠲᠦᠪᠰᠢᠨ᠂ ᠲᠤᠰᠬᠠᠢ ᠮᠡᠷᠭᠡᠵᠢᠯ᠎ᠦᠨ ᠴᠢᠳᠠᠪᠤᠷᠢ ᠪᠠ ᠦᠢᠯᠡᠳᠦᠯᠭᠡ᠎ᠶᠢᠨ ᠴᠢᠳᠠᠪᠤᠷᠢ᠎ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠰᠤᠨ ᠲᠤᠷᠰᠢᠲᠠ᠎ᠶᠢᠨ ᠰᠤᠷᠭᠠᠨ ᠬᠥᠮᠦᠵᠢᠯ᠎ᠦᠨ ᠰᠢᠰᠲᠧᠮ᠎ᠢ ᠪᠠᠶ᠋ᠢᠭᠤᠯᠬᠤ ᠬᠠᠮᠲᠤᠷᠠᠯ ᠬᠦᠴᠦᠨ᠎ᠢ ᠨᠢᠭ᠍ᠲᠠᠷᠠᠭᠤᠯᠪᠠ᠃