︱ ᠤᠯᠤᠰ᠎ᠤᠨ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠣᠯ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠶᠢᠨ ᠨᠠᠮ᠎ᠤᠨ ᠬᠣᠷᠢᠶ᠎ᠠ᠎ᠶᠢᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠲᠦ ᡁᠢ ᠹᠸᠩ᠎ᠢ ᠰᠤᠷᠪᠤᠯᠵᠢᠯᠠᠭᠰᠠᠨ ᠨᠢ
ᠮᠥᠩᠭᠥᠨ ᠭᠦᠢᠯᠭᠡᠭᠡᠨ᠎ᠦ ᠪᠣᠳᠠᠲᠤ ᠴᠤᠭᠴᠠ ᠵᠢᠨ ᠠᠵᠤ ᠠᠬᠤᠢ ᠳᠤ ᠦᠢᠯᠡᠴᠢᠯᠡᠬᠦ ᠴᠢᠳᠠᠮᠵᠢ᠎ᠶᠢ ᠴᠢᠨᠭᠭᠠᠳᠬᠠᠨ᠎ᠠ᠃
︱ 《ᠳᠤᠮᠳᠠᠳᠤ ᠤᠯᠤᠰ(ᠥᠪᠥᠷ ᠮᠣᠩᠭᠣᠯ)᠎ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠶᠡᠷᠦᠩᠬᠡᠢ ᠲᠥᠰᠥᠯ》 ᠡᠴᠡ ᠬᠡᠰᠡᠭᠯᠡᠪᠡ
2026 ᠣᠨ ᠤ 4 ᠰᠠᠷ᠎ᠠ᠎ᠶᠢᠨ 9᠎ᠤ᠋ ᠡᠳᠦᠷ᠂ ᠲᠦᠷᠦ᠎ᠶᠢᠨ ᠶᠠᠪᠤᠳᠠᠯ᠎ᠤᠨ ᠬᠣᠷᠢᠶ᠎ᠠ᠎ᠠᠴᠠ ᠳᠠᠷᠤᠮᠠᠯᠯᠠᠨ ᠲᠠᠷᠬᠠᠭᠠᠭᠰᠠᠨ《ᠳᠤᠮᠳᠠᠳᠤ ᠤᠯᠤᠰ(ᠥᠪᠥᠷ ᠮᠣᠩᠭᠣᠯ) ᠤ᠋ᠨ ᠴᠢᠯᠦᠭᠡᠲᠦ ᠠᠷᠠᠯᠵᠢᠶᠠᠨ ᠤ ᠲᠤᠷᠰᠢᠯᠲᠠ᠎ᠶᠢᠨ ᠣᠷᠣᠨ᠎ᠤ ᠶᠡᠷᠦᠩᠬᠡᠢ ᠲᠥᠰᠥᠯ》 (ᠳᠣᠷᠣᠭ᠍ᠰᠢ《ᠶᠡᠷᠦᠩᠬᠡᠢ ᠲᠥᠰᠥᠯ》 ᠭᠡᠵᠦ ᠳᠥᠭᠥᠮᠴᠢᠯᠡᠨ᠎ᠡ) ᠢ᠋ ᠢᠯᠡ ᠨᠡᠢᠲᠡᠯᠡᠪᠡ᠂ ᠡᠨᠡ ᠪᠣᠯ ᠤᠯᠤᠰ᠎ᠠᠴᠠ ᠥᠪᠥᠷ ᠮᠣᠩᠭᠣᠯ᠎ᠳᠤ ᠣᠯᠭᠣᠭᠰᠠᠨ ᠴᠢᠬᠤᠯᠠ ᠶᠡᠬᠡ ᠲᠡᠦᠬᠡᠨ ᠠᠵᠠ ᠲᠣᠬᠢᠶᠠᠯ ᠪᠠ ᠢᠷᠠᠭᠤ ᠠᠯᠳᠠᠷᠲᠤ ᠡᠭᠦᠷᠭᠡ ᠪᠣᠯᠣᠨ᠎ᠠ᠃ ᠮᠥᠩᠭᠥᠨ ᠭᠦᠢᠯᠭᠡᠭᠡᠨ᠎ᠦ ᠰᠢᠰᠲᠧᠮ᠎ᠦᠨ ᠬᠢᠨ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ ᠤ ᠲᠤᠷᠰᠢᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ᠎ᠳᠤ ᠬᠡᠷᠬᠢᠨ ᠦᠢᠯᠡᠴᠢᠯᠡᠵᠦ᠂ 《ᠶᠡᠷᠦᠩᠬᠡᠢ ᠲᠥᠰᠥᠯ》 ᠤ᠋ᠨ ᠡᠯ᠎ᠡ ᠵᠦᠢᠯ᠎ᠦᠨ ᠥᠭᠡᠷᠡᠴᠢᠯᠡᠯᠲᠡ᠎ᠶᠢᠨ ᠡᠭᠦᠷᠭᠡ᠎ᠶᠢ ᠲᠦᠷᠭᠡᠳᠭᠡᠨ ᠨᠠᠢᠳᠠᠪᠤᠷᠢᠵᠢᠭᠤᠯᠬᠤ ᠲᠤᠬᠠᠢ ᠰᠤᠷᠪᠤᠯᠵᠢᠯᠠᠭ᠍ᠴᠢ ᠤᠯᠤᠰ᠎ᠤᠨ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ᠎ᠶᠢᠨ ᠥᠪᠥᠷ ᠮᠣᠩᠭᠣᠯ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠶᠢᠨ ᠨᠠᠮ᠎ᠤᠨ ᠬᠣᠷᠢᠶᠠᠨ᠎ᠤ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠲᠦ ᡁᠢ ᠹᠧᠩ᠎ᠢ ᠰᠤᠷᠪᠤᠯᠵᠢᠯᠠᠪᠠ ᠃
ᠲᠦ ᡁᠢ ᠹᠧᠩ ᠢᠯᠡᠷᠬᠡᠢᠯᠡᠬᠦ᠎ᠳᠡᠭᠡᠨ᠂ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ ᠵᠥᠪᠰᠢᠶᠡᠷᠡᠭᠳᠡᠭᠰᠡᠨ᠎ᠡᠴᠡ ᠨᠠᠭᠠᠰᠢ᠂ ᠤᠯᠤᠰ᠎ᠤᠨ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠣᠯ᠎ᠤᠨ ᠬᠢᠨᠠᠯᠲᠠ ᠬᠠᠮᠢᠶᠠᠷᠤᠯᠲᠠ᠎ᠶᠢᠨ ᠲᠤᠪᠴᠢᠶ᠎ᠠ ᠵᠢᠨ ᠨᠠᠮ᠎ᠤᠨ ᠬᠤᠷᠢᠶ᠎ᠠ ᠲᠤᠰᠬᠠᠢ ᠰᠡᠳᠦᠪ ᠵᠢᠡᠷ ᠰᠤᠳᠤᠯᠵᠤ᠂ ᠨᠢᠭᠡᠳᠦᠯᠲᠡᠢ ᠲᠥᠯᠥᠪᠵᠢᠬᠦᠯᠦᠨ ᠠᠷᠭ᠎ᠠ ᠤᠬᠠᠭᠠᠨ ᠰᠦᠪᠡᠭᠴᠢᠯᠡᠵᠦ᠂ ᠮᠥᠩᠭᠥᠨ ᠭᠦᠢᠯᠭᠡᠭᠡᠨ᠎ᠦ ᠬᠦᠷᠢᠶᠡᠨ᠎ᠦ ᠥᠭᠡᠷᠡᠴᠢᠯᠡᠯᠲᠡ᠎ᠶᠢᠨ ᠲᠤᠷᠰᠢᠯᠲᠠ᠎ᠶᠢᠨ ᠡᠭᠦᠷᠭᠡ᠎ᠵᠢ ᠠᠷᠠᠯᠵᠢᠶᠠᠨ᠎ᠤ ᠶᠠᠰᠤ ᠴᠢᠨᠠᠷ᠎ᠢ ᠳᠡᠭᠡᠭᠰᠢᠯᠡᠭᠦᠯᠵᠦ ᠳᠡᠰ ᠳᠡᠪᠰᠢᠭᠦᠯᠬᠦ᠎ᠶᠢ ᠠᠬᠢᠭᠤᠯᠬᠤ᠂ ᠨᠡᠭᠡᠭᠡᠯᠲᠡ᠎ᠶᠢᠨ ᠵᠠᠮ᠎ᠢ ᠰᠠᠭᠠᠳ ᠦᠭᠡᠢ ᠨᠡᠪᠲᠡᠷᠡᠭᠦᠯᠬᠦ᠂ ᠣᠨᠴᠠᠯᠢᠭ᠍ᠲᠤ ᠠᠵᠤ ᠦᠢᠯᠡᠰ ᠢ ᠬᠦᠴᠦᠷᠬᠡᠭᠵᠢᠭᠦᠯᠬᠦ ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠠᠮᠢ ᠠᠬᠤᠢ᠎ᠶᠢ ᠪᠣᠢᠵᠢᠭᠤᠯᠬᠤ ᠵᠡᠷᠭᠡ ᠭᠣᠣᠯᠳᠠᠯᠭ᠎ᠠ᠎ᠲᠠᠢ ᠡᠭᠦᠷᠭᠡ ᠯᠦ᠍ᠭᠡ ᠠᠭᠤᠰᠤᠯᠴᠠᠭᠤᠯᠤᠨ ᠨᠠᠪᠲᠠᠷᠡᠭᠦᠯᠵᠦ᠂ ᠮᠥᠩᠭᠥᠨ ᠭᠦᠢᠯᠭᠡᠭᠡᠨ᠎ᠦ ᠪᠣᠳᠠᠲᠤ ᠴᠣᠭᠴᠠ ᠵᠢᠨ ᠠᠵᠤ ᠠᠬᠤᠢ᠎ᠳᠤ ᠦᠢᠯᠡᠴᠢᠯᠡᠬᠦ ᠦᠨᠳᠦᠰᠦᠨ ᠱᠠᠭᠠᠷᠳᠠᠯᠭ᠎ᠠ᠎ᠶᠢ ᠪᠠᠲᠤ ᠡᠵᠡᠮᠰᠢᠵᠦ᠂ ᠤᠯᠤᠰ᠎ᠤᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠳᠤ ᠰᠠᠨᠠᠭᠠᠴᠢᠯᠠᠭ᠎ᠠ ᠠ᠋ᠴᠠ᠎ᠪᠠᠨ ᠦᠢᠯᠡᠴᠢᠯᠡᠨ ᠠᠭᠤᠰᠤᠯᠴᠠᠵᠤ᠂ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠥᠨᠳᠥᠷ ᠲᠦᠪᠰᠢᠨ᠎ᠪᠦᠬᠦᠢ ᠨᠡᠭᠡᠭᠡᠯᠲᠡ᠂ ᠴᠢᠨᠠᠷ ᠰᠠᠢᠲᠠᠢ ᠬᠥᠭᠵᠢᠯᠳᠠ᠎ᠳᠦ ᠮᠥᠩᠭᠥᠨ ᠭᠦᠢᠯᠭᠡᠭᠡᠨ ᠦ ᠬᠥᠳᠡᠯᠭᠡᠬᠦ ᠬᠦᠴᠦᠨ ᠪᠠ ᠠᠮᠢᠵᠢᠷᠠᠯ᠎ᠤᠨ ᠬᠦᠴᠦᠨ ᠨᠡᠮᠡᠷᠢᠯᠡᠨ᠎ᠡ ᠭᠡᠪᠡ᠃
ᠲᠥᠷᠦ᠎ᠶ᠋ᠢᠨ ᠪᠣᠳᠤᠯᠭ᠎ᠠ᠎ᠪᠠᠷ ᠬᠥᠲᠦᠯᠦᠨ ᠳᠠᠭᠠᠭᠤᠯᠬᠤ᠎ᠶ᠋ᠢ ᠴᠢᠩᠭᠠᠳᠭᠠᠵᠤ᠂ ᠮᠥᠩᠭᠦᠨ ᠭᠦᠢᠯᠭᠡᠭᠡᠨ᠎ᠤ ᠬᠥᠳᠡᠯᠭᠡᠭᠦ᠌ ᠬᠦᠴᠦᠨ᠎ᠢ ᠬᠤᠷᠠᠮᠳᠤᠭᠤᠯᠪᠠ᠃ ᠬᠠᠷᠢᠶ᠎ᠠ ᠤᠷᠤᠨ᠎ᠳᠠᠬᠢ ᠭᠤᠤᠯ ᠪᠣᠯᠬᠤ ᠪᠠᠩᠬᠢ ᠳᠠᠭᠠᠳᠭᠠᠯ᠎ᠤᠨ ᠪᠠᠶ᠋ᠢᠭᠤᠯᠤᠮᠵᠢ᠎ᠶ᠋ᠢ ᠵᠢᠯᠤᠭᠤᠳᠤᠨ ᠴᠢᠯᠦᠭᠡᠲᠦ᠍ ᠠᠷᠠᠯᠵᠢᠶᠠᠨ᠎ᠤ ᠲᠤᠷᠰᠢᠯᠲᠠ᠎ᠶ᠋ᠢᠨ ᠣᠷᠤᠨ᠎ᠤ ᠲᠤᠰᠭᠠᠢ ᠠᠵᠢᠯ᠎ᠤᠨ ᠤᠳᠤᠷᠢᠳᠭᠤ ᠳᠤᠭᠤᠶ᠋ᠢᠯᠠᠩ᠎ᠢ ᠪᠠᠶ᠋ᠢᠭᠤᠯᠵᠤ᠂ ᠮᠤᠵᠢ᠎ᠶ᠋ᠢᠨ ᠲᠡᠰ᠎ᠤᠨ ᠰᠠᠯᠪᠤᠷᠢ ᠪᠠᠶ᠋ᠢᠭᠤᠯᠤᠮᠵᠢ᠎ᠵᠢᠨ ᠬᠢᠨ ᠰᠠᠨᠠᠭᠠᠴᠢᠯᠠᠭ᠎ᠠ᠎ᠠᠴᠠ᠎ᠪᠠᠨ ᠴᠢᠷᠮᠠᠢᠨ ᠶᠡᠷᠦᠩᠬᠡᠢ ᠬᠡᠯᠲᠡᠰ᠎ᠠᠴᠠ ᠲᠥᠷᠦ᠎ᠶ᠋ᠢᠨ ᠪᠣᠳᠤᠯᠭ᠎ᠠ᠎ᠶ᠋ᠢᠨ ᠳᠡᠮᠵᠢᠯᠭᠡ ᠪᠠ ᠲᠤᠬᠠᠶ᠋ᠢᠯᠠᠭᠰᠠᠨ ᠠᠵᠢᠯ᠎ᠤᠨ ᠵᠢᠯᠤᠭᠤᠳᠤᠯᠭ᠎ᠠ ᠵᠢ ᠤᠯᠵᠤ᠂ ᠡᠯ᠎ᠡ ᠭᠠᠵᠠᠷ ᠤᠨ ᠰᠢᠨ᠎ᠡ᠎ᠶ᠋ᠢ ᠡᠭᠦᠳᠦᠭᠰᠡᠨ ᠦᠷ᠎ᠡ ᠪᠦᠲᠦᠭᠡᠯ᠎ᠢ ᠭᠥᠯᠢᠶᠡᠨ ᠠᠪᠴᠤ᠌ ᠯᠠᠪᠯᠠᠯᠲᠠ ᠪᠣᠯᠭᠠᠨ ᠳᠡᠯᠭᠡᠷᠡᠭᠦᠯᠵᠦ᠍᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠲᠣᠰ ᠲᠣᠰ᠎ᠤᠨ ᠴᠢᠯᠦᠭᠡᠲᠦ᠍ ᠠᠷᠠᠯᠵᠢᠶᠠᠨ᠎ᠤ ᠲᠤᠷᠰᠢᠯᠲᠠ᠎ᠶ᠋ᠢᠨ ᠣᠷᠤᠨ᠎ᠤ ᠲᠤᠬᠠᠶ᠋ᠢᠯᠠᠭᠰᠠᠨ ᠠᠵᠢᠯ᠎ᠢ ᠠᠬᠢᠭᠤᠯᠬᠤ ᠲᠥᠰᠦᠯ᠎ᠢ ᠪᠣᠢ ᠪᠣᠯᠭᠠᠪᠠ᠃ ᠴᠢᠯᠦᠭᠡᠲᠦ᠍ ᠠᠷᠠᠯᠵᠢᠶᠠᠨ᠎ᠤ ᠲᠤᠷᠰᠢᠯᠲᠠ᠎ᠶ᠋ᠢᠨ ᠣᠷᠤᠨ᠎ᠤ ᠲᠤᠬᠠᠶ᠋ᠢᠯᠠᠭᠰᠠᠨ ᠠᠵᠢᠯ᠎ᠤᠨ 《ᠰᠠᠭᠠᠳ ᠥᠬᠡᠢ ᠨᠡᠪᠲᠡᠷᠡᠬᠦ᠌ ᠵᠠᠮ》 ᠢ᠋ ᠨᠡᠭᠡᠭᠡᠵᠦ᠍᠂ 《ᠭᠥᠯᠢᠶᠡᠨ ᠠᠪᠴᠤ᠌ ᠰᠢᠢᠳᠪᠦᠷᠢᠯᠡᠬᠦ᠂ ᠦᠨᠡᠯᠡᠨ ᠵᠢᠱ᠌ᠢᠬᠦ᠂ ᠬᠢᠨᠠᠨ ᠵᠥᠪᠰᠢᠶᠡᠷᠡᠬᠦ᠂ ᠵᠢᠭᠡᠯᠡᠯᠭᠡ ᠲᠠᠯᠪᠢᠬᠤ》ᠵᠡᠷᠭᠡ ᠳᠥᠷᠪᠡᠨ ᠲᠠᠯ᠎ᠠ ᠵᠢᠨ ᠬᠠᠷᠠᠭᠠᠯᠵᠠᠯ ᠦᠵᠡᠬᠦᠯᠬᠦ ᠲᠥᠷᠦ᠎ᠶ᠋ᠢᠨ ᠪᠣᠳᠤᠯᠭ᠎ᠠ᠎ᠶ᠋ᠢ ᠬᠡᠷᠡᠭᠵᠢᠭᠦᠯᠵᠦ᠍᠂ ᠭᠦᠢᠴᠡᠳᠬᠡᠬᠦ᠌ ᠴᠠᠭ᠎ᠤᠨ ᠬᠢᠵᠠᠭᠠᠷ᠎ᠢ ᠶᠡᠭᠡ᠎ᠪᠠᠷ ᠪᠠᠭᠠᠰᠭᠠᠨ᠂ ᠦᠢᠯᠡᠴᠢᠯᠡᠭᠡ᠎ᠶ᠋ᠢᠨ ᠦᠷ᠎ᠡ ᠪᠦᠲᠦᠮᠵᠢ᠎ᠶ᠋ᠢ ᠳᠡᠭᠡᠭᠰᠢᠯᠡᠭᠦᠯᠪᠡ᠃
ᠲᠥᠷᠦᠯ ᠵᠦᠢᠯ᠎ᠢ ᠵᠢᠭᠰᠠᠭᠠᠨ ᠪᠠᠢᠴᠠᠭᠠᠬᠤ ᠠᠵᠢᠯ᠎ᠢ ᠥᠷᠨᠢᠭᠦᠯᠵᠦ᠍᠂ ᠨᠠᠷᠢᠯᠢᠭ ᠣᠨᠤᠴᠠᠲᠠᠢ ᠦᠢᠯᠡᠴᠢᠯᠡᠭᠡ ᠬᠠᠩᠭᠠᠪᠠ᠃ ᠬᠥᠬᠡᠬᠤᠲᠠ᠂ ᠮᠠᠨᠵᠤᠤᠷ᠂ ᠡᠷᠢᠶᠡᠨ ᠬᠤᠲᠠ ᠳ᠋ᠤ ᠲᠤᠬᠠᠢ᠎ᠶ᠋ᠢᠨ ᠭᠠᠵᠠᠷ᠎ᠤᠨ ᠪᠠᠶ᠋ᠢᠴᠠᠭᠠᠨ ᠰᠤᠳᠤᠯᠤᠯᠲᠠ ᠦᠷᠨᠢᠬᠦᠯᠵᠦ᠂ ᠮᠥᠩᠭᠦᠨ ᠭᠦᠢᠯᠭᠡᠭᠡᠨ᠎ᠤ ᠦᠢᠯᠡᠴᠢᠯᠡᠭᠡᠨ᠎ᠤ ᠬᠡᠷᠡᠭᠴᠡᠭᠡ ᠱᠠᠭᠠᠷᠳᠠᠯᠭ᠎ᠠ᠎ᠵᠢ ᠵᠣᠯᠭᠠᠭᠤᠯᠵᠤ᠂ ᠬᠢᠯᠢ ᠵᠢᠨ ᠪᠣᠭᠤᠮᠲᠠ᠎ᠶ᠋ᠢᠨ ᠰᠠᠭᠤᠷᠢ ᠲᠦᠬᠦᠭᠡᠷᠦᠮᠵᠢ᠂ ᠬᠢᠯᠢ ᠰᠤᠨᠳᠠᠯᠠᠭᠰᠠᠨ ᠪᠠᠷᠠᠭᠠᠨ᠎ᠤ ᠭᠦᠢᠯᠭᠡᠭᠡ᠂ ᠮᠠᠯ᠎ᠤᠨ ᠠᠰᠢᠭ ᠰᠢᠮ᠎ᠡ᠎ᠲᠠᠷᠢᠶᠠᠯᠠᠩ᠎ᠤᠨ ᠪᠦᠲᠦᠭᠡᠭᠳᠡᠬᠦᠨ᠂ ᠡᠨᠧᠷᠭᠢ᠂ ᠪᠠᠶ᠋ᠢᠯᠳᠤᠬᠤ ᠪᠣᠳᠤᠯᠭ᠎ᠠ᠎ᠶ᠋ᠢᠨ ᠡᠬᠢ ᠪᠠᠶᠠᠯᠢᠭ᠎ᠢ ᠨᠠᠷᠢᠯᠢᠭ ᠡᠳ᠋ᠰᠢᠭᠦᠯᠬᠦ᠌ ᠵᠡᠷᠭᠡ ᠬᠦᠷᠢᠶᠡᠨ᠎ᠳᠠᠬᠢ ᠭᠤᠤᠯᠳᠠᠯᠭ᠎ᠠ᠎ᠲᠠᠢ ᠲᠥᠷᠦᠯ ᠵᠦᠢᠯ᠎ᠤᠨ ᠪᠠᠶ᠋ᠢᠳᠠᠯ᠎ᠢ ᠣᠶ᠋ᠢᠯᠠᠭᠠᠵᠠᠢ᠃ ᠠᠩᠬ᠎ᠠ ᠠᠯᠬᠤᠮ᠎ᠤᠨ ᠪᠦᠷᠢᠳᠭᠡᠯ ᠵᠢᠡᠷ᠂ ᠨᠥᠭᠡᠴᠡ ᠲᠥᠷᠦᠯ ᠵᠦᠢᠯ᠎ᠤᠨ ᠪᠠᠯᠠ ᠬᠤᠷᠠᠮᠳᠤᠭᠤᠯᠬᠤ ᠬᠡᠪᠴᠢᠶ᠎ᠡ ᠨᠢ 200 ᠳ᠋ᠦᠩᠰᠢᠭᠤᠷ ᠲᠥᠭᠦᠷᠢᠭ᠎ᠢ ᠳᠠᠪᠠᠭᠰᠠᠨ ᠪᠠᠢᠨ᠎ᠠ᠃ ᠣᠯᠠᠨ ᠪᠠᠩᠬᠢ ᠬᠠᠮᠳᠤᠷᠠᠨ ᠬᠥᠬᠡᠬᠤᠲᠠ᠎ᠶ᠋ᠢᠨ ᠡᠭᠦᠯᠡᠨ ᠬᠦᠨᠳᠡᠢ ᠵᠢᠨ ᠳ᠋ᠦᠩ ᠹᠠᠩ ᠤᠯᠤᠰ᠎ᠤᠨ ᠢᠲᠡᠭᠡᠮᠵᠢᠳᠦ ᠵᠢᠭᠡᠯᠡᠯᠭᠡ᠎ᠶ᠋ᠢᠨ ᠳ᠋ᠠᠶ᠋ᠢᠲ᠋ᠠ᠎ᠶ᠋ᠢᠨ ᠲᠥᠪ ᠤᠨ ᠲᠥᠷᠦᠯ ᠵᠦᠢᠯ᠎ᠳᠤ 20 ᠳ᠋ᠦᠩᠰᠢᠭᠤᠷ ᠲᠥᠭᠦᠷᠢᠭ᠎ᠤᠨ ᠢᠲᠡᠭᠡᠮᠵᠢᠲᠦ᠍ ᠵᠢᠭᠡᠯᠡᠯᠭᠡ᠎ᠶ᠋ᠢᠨ ᠳᠡᠮᠵᠢᠯᠭᠡ ᠬᠠᠩᠭᠠᠵᠤ᠂ ᠪᠣᠬᠢᠷᠲᠤᠯ ᠥᠬᠡᠢ ᠪᠠᠭ᠎ᠠ ᠨᠡᠭᠦᠷᠡᠰᠦᠲᠦ᠋ᠷᠦᠭᠴᠢᠲᠦ᠍ ᠣᠶᠤᠨᠴᠢ ᠡᠬᠦᠯᠡᠨ ᠪᠣᠳᠤᠯᠳᠠ᠎ᠶ᠋ᠢᠨ ᠵᠢᠱ᠌ᠢᠶ᠎ᠡ ᠦᠵᠡᠭᠦᠯᠬᠦ᠌ ᠢᠨᠵᠧᠨᠧᠷᠢᠩ᠎ᠢ ᠪᠠᠶ᠋ᠢᠭᠤᠯᠬᠤ᠎ᠳᠤ ᠬᠦᠴᠦᠨ ᠨᠡᠮᠡᠷᠢᠯᠡᠪᠡ᠃ ᠲᠠᠷᠢᠶᠠᠯᠠᠩ᠎ᠤᠨ ᠬᠥᠭᠵᠢᠭᠦᠯᠦᠯᠲᠡ᠎ᠶ᠋ᠢᠨ ᠪᠠᠩᠬᠢ᠎ᠶ᠋ᠢᠨ ᠥᠪᠦᠷ ᠮᠣᠩᠭᠤᠯ᠎ᠳᠠᠬᠢ ᠬᠤᠪᠢᠶᠠᠷᠢ ᠪᠠᠩᠬᠢ ᠰᠢᠨ᠎ᠡ ᠬᠡᠯᠪᠡᠷᠢ᠎ᠶ᠋ᠢᠨ ᠲᠥᠷᠦ᠎ᠶ᠋ᠢᠨ ᠪᠣᠳᠤᠯᠭ᠎ᠠ᠎ᠶ᠋ᠢᠨ ᠴᠢᠨᠠᠷᠲᠠᠢ ᠮᠥᠩᠭᠦᠨ ᠭᠦᠢᠯᠭᠡᠭᠡᠨ᠎ᠤ ᠪᠠᠭᠠᠵᠢ᠎ᠪᠠᠷ ᠮᠠᠨᠵᠤᠤᠷ᠎ᠤᠨ ᠰᠢᠨ᠎ᠡ᠎ᠪᠠᠷ ᠪᠠᠶ᠋ᠢᠭᠤᠯᠤᠭᠰᠠᠨ ᠬᠠᠭᠤᠷᠠᠢ ᠭᠠᠷᠠᠮ᠎ᠤᠨ ᠬᠢᠮᠢ᠎ᠶ᠋ᠢᠨ ᠪᠣᠷᠲᠤᠭᠤᠷ᠂ ᠠᠮᠤ ᠲᠣᠰᠤᠨ᠎ᠤ ᠠᠵᠤ ᠦᠢᠯᠡᠰ᠎ᠤᠨ ᠲᠥᠷᠦᠯ ᠵᠦᠢᠯ᠎ᠤᠨ ᠡᠮᠦᠨᠡᠬᠢ ᠬᠤᠭᠤᠴᠠᠭ᠎ᠠ ᠳ᠋ᠦ 4482 ᠲᠦᠮᠡᠨ ᠲᠥᠭᠦᠷᠢᠭ᠎ᠤᠨ ᠪᠠᠯᠠ ᠣᠷᠤᠭᠤᠯᠵᠤ᠂ 7.7 ᠳ᠋ᠦᠩᠰᠢᠭᠤᠷ ᠲᠥᠭᠦᠷᠢᠭ᠎ᠤᠨ ᠢᠲᠡᠭᠡᠮᠵᠢᠳᠦ ᠵᠢᠭᠡᠯᠡᠯᠭᠡ ᠣᠯᠭᠤᠵᠤ᠂ ᠮᠠᠨᠵᠤᠤᠷ᠎ᠤᠨ ᠠᠩᠬᠠᠳᠠᠭᠴᠢ ᠴᠢᠬᠤᠯᠠ ᠶᠡᠭᠡ ᠲᠥᠷᠦᠯ ᠵᠦᠢᠯ᠎ᠤᠨ ᠠᠵᠢᠯ ᠵᠢᠡᠨ ᠡᠬᠢᠯᠡᠭᠦᠯᠬᠦ᠎ᠳᠤ ᠬᠦᠴᠦᠨ ᠨᠡᠮᠡᠷᠢᠯᠡᠪᠡ᠃
ᠳᠠᠭᠠᠳᠬᠠᠯ᠎ᠤᠨ ᠦᠢᠯᠡᠴᠢᠯᠡᠭᠡ᠎ᠶᠢ ᠬᠤᠷᠠᠮᠳᠤᠭᠤᠯᠤᠨ᠂ ᠶᠡᠷᠦᠩᠬᠡᠢᠯᠡᠭᠰᠡᠨ ᠪᠠᠲᠤᠯᠠᠭ᠎ᠠ᠎ᠶᠢ ᠳᠡᠭᠡᠭᠰᠢᠯᠡᠭᠦᠯᠪᠠ᠃ 2026 ᠣᠨ᠎ᠤ 1 - 5 ᠰᠠᠷ᠎ᠠ᠎ᠳᠤ᠂ ᠭᠠᠳᠠᠭᠠᠳᠤ᠎ᠳᠤ ᠭᠠᠷᠭᠠᠬᠤ ᠢᠲᠡᠭᠡᠮᠵᠢ᠎ᠶᠢᠨ ᠳᠠᠭᠠᠳᠬᠠᠯ᠎ᠤᠨ ᠦᠢᠯᠡᠴᠢᠯᠡᠭᠡ᠎ᠪᠡᠷ ᠳᠠᠮᠵᠢᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢᠯᠠᠯ ᠤ᠋ᠨ ᠭᠠᠲᠠᠭᠠᠲᠤ ᠭᠠᠷᠭᠠᠯᠲᠠ10.6 ᠳ᠋ᠦᠩᠰᠢᠭᠤᠷ ᠳ᠋ᠣᠯᠯᠠᠷ ᠲᠸ᠋ ᠬᠦᠷᠴᠦ᠂ 141.7 ᠲᠦᠮᠡᠨ ᠳ᠋ᠣᠯᠯᠠᠷ ᠤ᠋ᠨ ᠲᠥᠯᠥᠪᠤᠷᠢ ᠦᠭᠴᠤ᠂ ᠳᠠᠭᠠᠳᠬᠠᠯ᠎ᠤᠨ ᠬᠠᠭᠤᠲᠠᠰᠤ ᠬᠠᠩᠭᠠᠨ ᠢᠳᠡᠭᠡᠮᠵᠢ ᠵᠢ ᠨᠡᠮᠡᠭᠳᠡᠬᠦᠯᠦᠨ 2.8 ᠳ᠋ᠦᠩᠰᠢᠭᠤᠷ ᠲᠥᠭᠥᠷᠢᠭ᠎ᠤᠨ ᠪᠡᠯᠡ ᠬᠤᠷᠠᠮᠳᠤᠭᠤᠯᠪᠠ᠃ ᠪᠠᠷᠠᠭᠠᠨ᠎ᠤ ᠲᠡᠭᠡᠭᠡᠪᠦᠷᠢ᠎ᠶᠢᠨ ᠳᠠᠭᠠᠳᠬᠠᠯ᠂ ᠬᠠᠷᠢᠭᠤᠴᠠᠯᠭ᠎ᠠ᠎ᠶᠢᠨ ᠳᠠᠭᠠᠳᠬᠠᠯ ᠵᠡᠷᠭᠡ ᠳᠠᠭᠠᠳᠬᠠᠯ᠎ᠤᠨ ᠲᠥᠷᠥᠯ᠎ᠢ ᠨᠡᠢᠳᠬᠡᠨ᠂ 《ᠨᠢᠭᠡ ᠬᠠᠭᠤᠳᠠᠰᠤ ᠲᠠᠭᠠᠳᠬᠠᠯ ᠬᠤᠲᠠᠯᠲᠤᠨ ᠠᠪᠤᠪᠠᠯ ᠪᠥᠬᠥ ᠶᠠᠪᠤᠴᠠ ᠵᠢᠨ ᠲᠤᠷᠰᠢ ᠪᠠᠲᠤᠯᠠᠬᠤ》 ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ᠎ᠶᠢᠨ ᠪᠠᠷᠠᠭᠠᠨ᠎ᠤ ᠲᠡᠭᠡᠭᠡᠪᠦᠷᠢ᠎ᠶᠢᠨ ᠶᠡᠷᠦᠩᠬᠡᠢᠯᠡᠭᠰᠡᠨ ᠳᠠᠭᠠᠳᠬᠠᠯ᠎ᠢ ᠬᠡᠷᠡᠭᠵᠢᠭᠦᠯᠵᠠᠢ᠃ ᠣᠷᠣᠰ ᠮᠣᠩᠭᠣᠯ᠎ᠡᠴᠡ ᠬᠢᠯᠢ᠎ᠳᠦ ᠣᠷᠣᠵᠤ ᠢᠷᠡᠬᠦ ᠬᠥᠮᠥᠰ ᠵᠢᠴᠢ ᠲᠡᠷᠭᠡ ᠬᠥᠰᠬᠡ ᠵᠡᠷᠭᠡ᠎ᠳᠦ ᠴᠢᠭᠯᠡᠭᠦᠯᠦᠨ᠂ ᠰᠠᠨᠠᠭᠠᠨ᠎ᠳᠤ ᠦᠭᠡᠢ ᠭᠡᠮᠲᠦᠯ᠂ ᠡᠪᠡᠳᠴᠢᠨ ᠡᠮᠭᠡᠭ ᠦᠨ ᠡᠮᠴᠢᠯᠡᠭᠡ᠂ ᠲᠡᠷᠭᠡ ᠬᠥᠰᠬᠡ᠎ᠶᠢᠨ ᠬᠣᠬᠢᠷᠠᠯ ᠵᠡᠷᠭᠡ᠎ᠶᠢ ᠬᠠᠮᠤᠷᠤᠭᠰᠠᠨ ᠬᠢᠯᠢ ᠰᠤᠨᠳᠠᠯᠠᠭᠰᠠᠨ ᠶᠡᠷᠦᠩᠬᠡᠢᠯᠡᠭᠰᠡᠨ ᠳᠠᠭᠠᠳᠬᠠᠯ᠎ᠢ ᠬᠡᠷᠡᠭᠵᠢᠭᠦᠯᠪᠠ᠃ ᠬᠢᠯᠢ ᠰᠤᠨᠳᠠᠯᠠᠭᠰᠠᠨ ᠡᠯᠧᠺᠲᠷᠣᠨ ᠬᠤᠳᠠᠯᠳᠤᠭ᠎ᠠ᠂ ᠭᠠᠷ ᠳᠠᠮᠵᠢᠭ᠍ᠰᠠᠨ ᠮᠠᠰᠢᠨ ᠲᠡᠷᠭᠡ᠎ᠶᠢ ᠭᠠᠳᠠᠭᠠᠳᠤ᠎ᠳᠤ ᠭᠠᠷᠭᠠᠬᠤ ᠵᠡᠷᠭᠡ ᠰᠢᠨ᠎ᠡ ᠠᠷᠠᠯᠵᠢᠶᠠᠨ᠎ᠤ ᠡᠵᠡᠩᠨᠡᠯᠲᠡ᠎ᠶᠢᠨ ᠪᠠᠢᠳᠠᠯ᠎ᠤᠨ ᠬᠡᠷᠡᠭᠴᠡᠭᠡ ᠱᠠᠭᠠᠷᠳᠠᠯᠭ᠎ᠠ᠎ᠶᠢ ᠨᠡᠢᠳᠬᠡᠨ᠂ ᠦᠢᠯᠡᠳᠬᠦᠨ᠎ᠦ ᠬᠠᠷᠢᠭᠤᠴᠠᠯᠭ᠎ᠠ᠂ ᠪᠠᠷᠠᠭᠠᠨ᠎ᠤ ᠭᠦᠢᠯᠭᠡᠭᠡᠨ᠎ᠢ ᠰᠠᠭᠠᠲᠠᠭᠠᠬᠤ᠂ ᠭᠠᠳᠠᠭᠠᠳᠤ᠎ᠳᠤ ᠭᠠᠷᠭᠠᠬᠤ ᠶᠠᠰᠤ ᠴᠢᠨᠠᠷ᠎ᠢ ᠪᠠᠲᠤᠯᠠᠬᠤ᠂ ᠠᠷᠠᠯᠵᠢᠶᠠᠨ᠎ᠤ ᠭᠡᠷ᠎ᠡ ᠵᠢ ᠭᠦᠢᠴᠡᠳᠬᠡᠬᠦ ᠵᠡᠷᠭᠡ ᠳᠠᠭᠠᠳᠬᠠᠯ᠎ᠢ ᠨᠡᠢᠳᠬᠡᠵᠤ᠂《ᠬᠢᠯᠢ᠎ᠶᠢᠨ ᠬᠥᠮᠥᠷᠭᠡ + ᠬᠢᠯᠢ ᠰᠤᠨᠳᠠᠯᠠᠭᠰᠠᠨ ᠡᠯᠧᠺᠲᠷᠣᠨ ᠬᠤᠳᠠᠯᠳᠤᠭ᠎ᠠ + ᠭᠠᠷ ᠳᠠᠮᠵᠢᠭ᠍ᠰᠠᠨ ᠮᠠᠰᠢᠨ ᠲᠡᠷᠭᠡ᠎ᠶᠢ ᠭᠠᠳᠠᠭᠠᠳᠤ᠎ᠳᠤ ᠭᠠᠷᠭᠠᠬᠤ + ᠬᠢᠯᠢ᠎ᠶᠢᠨ ᠠᠷᠠᠳ᠎ᠤᠨ ᠬᠠᠷᠢᠯᠴᠠᠨ ᠠᠷᠠᠯᠵᠢᠶᠠᠯᠠᠬᠤ ᠵᠠᠬ᠎ᠠ ᠳᠡᠯᠭᠡᠭᠦᠷ》 ᠤ᠋ᠨ ᠶᠡᠷᠦᠩᠬᠡᠢᠯᠡᠭᠰᠡᠨ ᠪᠠᠲᠤᠯᠠᠭ᠎ᠠ᠎ᠶᠢᠨ ᠲᠥᠰᠥᠯ᠎ᠢ ᠪᠦᠷᠢᠯᠳᠦᠭᠦᠯᠪᠠ᠃
ᠰᠢᠨ᠎ᠡ ᠦᠢᠯᠡᠳᠬᠦᠨ᠎ᠢ ᠨᠡᠭᠡᠭᠡᠨ ᠬᠥᠭᠵᠢᠭᠦᠯᠵᠦ᠂ ᠤᠷᠢᠳ ᠶ᠋ᠢᠡᠷ ᠬᠡᠷᠡᠭᠵᠢᠬᠦᠯᠵᠤ ᠤᠷᠢᠳ᠎ᠢᠶᠡᠷ ᠲᠤᠷᠰᠢᠬᠤ ᠶ᠋ᠢ ᠬᠦᠲᠤᠯᠤᠨ ᠵᠢᠯᠤᠭᠤᠳᠴᠠᠢ᠃ ᠬᠠᠷᠢᠶ᠎ᠠ ᠤᠷᠤᠨ᠎ᠤ ᠮᠥᠩᠭᠥᠨ ᠭᠦᠢᠯᠭᠡᠭᠡᠨ᠎ᠦ ᠪᠠᠢᠭᠤᠯᠤᠮᠵᠢ ᠵᠢᠨ ᠬᠢᠨ᠎ᠤ ᠲᠡᠮᠦᠷ ᠵᠠᠮ ᠤᠨ ᠠᠵᠤ ᠠᠬᠤᠢᠯᠠᠯ᠎ᠤᠨ ᠪᠡᠯᠡ ᠬᠤᠷᠠᠮᠲᠤᠭᠤᠯᠬᠤ ᠢᠲᠡᠭᠡᠮᠵᠢ ᠵᠢ ᠨᠡᠮᠡᠭᠳᠡᠭᠦᠯᠬᠦ ᠴᠢᠳᠠᠮᠵᠢ᠎ᠶᠢ ᠭᠦᠨᠵᠡᠭᠡᠢ ᠠᠭᠤᠳᠠᠯᠬᠤ᠎ᠶᠢ ᠵᠣᠷᠢᠭ᠍ᠵᠢᠭᠤᠯᠵᠤ᠂ ᠪᠦᠲᠦᠭᠡᠨ ᠪᠠᠢᠭᠤᠯᠤᠯᠲᠠ᠎ᠶᠢᠨ ᠪᠠᠩᠬᠢ᠎ᠶᠢᠨ ᠥᠪᠥᠷ ᠮᠣᠩᠭᠣᠯ᠎ᠳᠠᠬᠢ ᠬᠤᠪᠢᠶᠠᠷᠢ ᠪᠠᠩᠬᠢ ᠮᠠᠨᠵᠤᠤᠷ ᠪᠠ ᠡᠷᠢᠶᠡᠨ ᠬᠣᠲᠠ᠎ᠶᠢᠨ ᠲᠡᠮᠦᠷ ᠵᠠᠮ᠎ᠤᠨ ᠲᠡᠭᠡᠭᠡᠪᠦᠷᠢ᠎ᠶᠢᠨ 2 ᠠᠵᠤ ᠠᠬᠤᠢᠯᠠᠯ ᠳ᠋ᠤ《ᠥᠪᠥᠷ ᠮᠣᠩᠭᠣᠯ᠎ᠤᠨ ᠲᠡᠭᠡᠭᠡᠪᠦᠷᠢ᠎ᠶᠢᠨ ᠵᠢᠭᠡᠯᠡᠯᠭᠡ 》 ᠵᠢᠨ ᠲᠤᠷᠰᠢᠯᠲᠠ ᠬᠢᠪᠡ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠠᠵᠤ ᠠᠬᠤᠢᠯᠠᠯ᠎ᠤᠨ ᠪᠡᠯᠡ ᠬᠤᠷᠠᠮᠲᠤᠭᠤᠯᠬᠤ ᠲᠣᠭᠣᠷᠢᠨ᠎ᠳᠤ᠂ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶᠢ ᠬᠥᠲᠥᠯᠥᠨ ᠵᠢᠯᠤᠭᠣᠳᠴᠤ ᠪᠥᠬᠥ ᠠᠮᠢ ᠨᠠᠰᠤᠨ ᠤ ᠦᠶᠡᠯᠡᠯ᠎ᠦᠨ ᠬᠤᠭᠤᠴᠠᠭ᠎ᠠ᠎ᠶᠢ ᠬᠠᠮᠤᠷᠤᠭᠰᠠᠨ ᠮᠥᠩᠭᠥᠨ ᠭᠦᠢᠯᠭᠡᠭᠡᠨ᠎ᠦ ᠦᠢᠯᠡᠴᠢᠯᠡᠭᠡᠨ ᠦ ᠰᠢᠰᠲᠧᠮᠪᠠᠶ᠋ᠢᠭᠤᠯᠬᠤᠶᠢ ᠠᠬᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠦᠨ ᠰᠤᠳᠤᠯᠤᠨ ᠨᠡᠭᠡᠭᠡᠬᠦ ᠵᠢᠭᠡᠯᠡᠯᠭᠡ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠨᠡᠢᠯᠡᠭᠦᠯᠦᠨ ᠬᠤᠳᠠᠯᠳᠤᠨ ᠠᠪᠬᠤ ᠵᠢᠭᠡᠯᠡᠯᠭᠡ᠂ ᠮᠡᠳᠡᠯᠭᠡ᠎ᠶᠢᠨ ᠦᠮᠴᠢᠯᠡᠯ᠎ᠤᠨ ᠡᠷᠬᠡ᠎ᠪᠡᠨ ᠳᠠᠨᠵᠢᠯᠠᠵᠤ ᠪᠡᠯᠡ ᠬᠤᠷᠠᠮᠲᠤᠭᠤᠯᠬᠤ ᠵᠡᠷᠭᠡ ᠶᠡᠷᠦᠩᠬᠡᠢᠯᠡᠭᠰᠡᠨ ᠦᠢᠯᠡᠴᠢᠯᠡᠭᠡ ᠬᠠᠩᠭᠠᠵᠠᠢ᠃ ᠭᠠᠳᠠᠭᠠᠳᠤ ᠭᠠᠷᠭᠠᠯᠲᠠ᠎ᠶᠢᠨ ᠢᠲᠡᠭᠡᠮᠵᠢ᠂ ᠭᠠᠢᠯᠢ᠎ᠶᠢᠨ ᠶᠠᠪᠤᠳᠠᠯ᠂ ᠳ᠋ᠦᠩᠨᠡᠨ ᠪᠤᠳᠤᠬᠤ᠂ ᠴᠠᠬᠢᠯᠭᠠᠨ ᠬᠦᠴᠦᠨ᠂ ᠪᠠᠷᠠᠭᠠᠨ᠎ᠤ ᠭᠦᠢᠯᠭᠡᠭᠡᠨ ᠵᠡᠷᠭᠡ ᠣᠯᠠᠨ ᠲᠠᠯ᠎ᠠ᠎ᠶᠢᠨ ᠲᠣᠭ᠎ᠠ ᠪᠠᠷᠢᠮᠲᠠ᠎ᠳᠤ ᠲᠦᠰᠢᠭᠯᠡᠨ᠂ 《ᠢᠲᠡᠭᠡᠮᠵᠢᠲᠦ ᠵᠢᠭᠡᠯᠡᠯᠭᠡ》ᠵᠢᠨ ᠲᠤᠬᠠᠢᠯᠠᠭᠰᠠᠨ ᠠᠵᠢᠯ᠎ᠢ ᠶᠡᠬᠡ ᠪᠡᠷ ᠬᠥᠭᠵᠢᠭᠦᠯᠵᠦ᠂ ᠭᠠᠳᠠᠭᠠᠳᠤ ᠠᠷᠠᠯᠵᠢᠶ᠎ᠠ᠎ᠶᠢᠨ ᠪᠠᠭ᠎ᠠ ᠵᠢᠵᠢᠭ ᠠᠵᠤ ᠠᠬᠤᠢᠯᠠᠯ᠎ᠤᠨ ᠥᠪᠡᠷ᠎ᠦᠨ ᠥᠷᠲᠡᠭ᠎ᠢᠶᠡᠷ ᠳᠣᠣᠷ᠎ᠠ᠂ ᠥᠨᠳᠥᠷ ᠦᠷ᠎ᠡ ᠪᠦᠲᠦᠮᠵᠢ᠎ᠲᠠᠢ᠎ᠪᠡᠷ ᠪᠡᠯᠡ ᠬᠤᠷᠠᠮᠳᠤᠭᠤᠯᠬᠤ ᠠᠷᠭ᠎ᠠ ᠵᠠᠮ᠎ᠢ ᠰᠢᠯᠤᠭᠤᠳᠬᠠᠪᠠ᠃