— ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠲᠤᠬᠠᠢ ᠦᠬᠦᠯᠡᠬᠦ ᠨᠢ
ᠠᠭᠤᠤ ᠶᠡᠬᠡ ᠴᠠᠭ ᠦᠶ᠎ᠡ ᠨᠢ ᠰᠢᠨᠵᠢᠯᠡᠬᠦ ᠤᠬᠠᠭᠠᠨᠴᠢ ᠦᠵᠡᠯ ᠰᠠᠨᠠᠭ᠎ᠠ᠎ᠶᠢ ᠪᠤᠢ ᠪᠤᠯᠭᠠᠵᠤ᠂ ᠰᠢᠨᠵᠢᠯᠡᠬᠦ ᠤᠬᠠᠭᠠᠨᠴᠢ ᠦᠵᠡᠯ ᠰᠠᠨᠠᠭ᠎ᠠ ᠨᠢ ᠰᠢᠨ᠎ᠡ᠎ᠶᠢ ᠡᠭᠦᠳᠦᠭᠰᠡᠨ ᠦᠢᠯᠡᠳᠦᠯᠭᠡ᠎ᠶᠢ ᠬᠥᠲᠥᠯᠥᠨ ᠳᠠᠭᠠᠭᠤᠯᠤᠨ᠎ᠠ᠃
ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ ᠨᠢ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢ ᠴᠢᠩᠭᠠᠳᠬᠠᠬᠤ ᠦᠨᠳᠦᠰᠦᠨ ᠵᠢᠷᠤᠮᠯᠠᠯ ᠪᠣᠯᠤᠭᠰᠠᠨ᠎ᠤ ᠬᠤᠪᠢ᠎ᠳᠤ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠵᠢᠨ ᠲᠤᠳᠤᠷ᠎ᠠ ᠣᠨᠴᠠᠭᠠᠢ ᠴᠢᠬᠤᠯᠠ ᠪᠠᠢᠷᠢ ᠰᠠᠭᠤᠷᠢ᠎ᠲᠠᠢ ᠪᠠᠢᠵᠤ᠂ ᠮᠠᠷᠺᠰ᠎ᠤᠨ ᠦᠵᠡᠯ᠎ᠦᠨ ᠨᠠᠮ᠎ᠤᠨ ᠪᠠᠢᠭᠤᠯᠤᠯᠳᠠ᠎ᠶᠢᠨ ᠰᠤᠷᠭᠠᠯ᠎ᠢ ᠬᠥᠭᠵᠢᠭᠦᠯᠬᠦ᠎ᠳᠦ ᠴᠢᠬᠤᠯᠠ ᠶᠡᠬᠡ ᠠᠩᠬᠠᠨ᠎ᠤ ᠡᠭᠦᠳᠦᠯᠲᠡ᠎ᠶᠢᠨ ᠴᠢᠨᠠᠷᠲᠠᠢ ᠬᠤᠪᠢ ᠨᠡᠮᠡᠷᠢ ᠦᠵᠡᠭᠦᠯᠪᠡ᠃ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 105 ᠵᠢᠯ᠎ᠦᠨ ᠤᠢᠬᠦᠷᠴᠤ ᠢᠷᠡᠬᠦ ᠲᠠᠰᠢᠷᠠᠮ᠎ᠳᠤ᠂ ᠨᠠᠮ᠎ᠤᠨ ᠲᠥᠪ ᠬᠣᠷᠢᠶ᠎ᠠ ᠡᠴᠡ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ ᠵᠢ ᠳᠤᠳᠤᠷᠬᠠᠢᠯᠠᠭᠰᠠᠨ ᠨᠢ ᠤᠳᠤ ᠦᠶ᠎ᠡ᠎ᠶᠢᠨ ᠳᠤᠮᠳᠠᠳᠤ ᠤᠯᠤᠰ᠎ᠤᠨ ᠮᠠᠷᠺᠰ᠎ᠤᠨ ᠦᠵᠡᠯ᠂ 21 ᠳ᠋ᠤᠭᠡᠷ ᠵᠠᠭᠤᠨ᠎ᠤ ᠮᠠᠷᠺᠰ᠎ᠤᠨ ᠦᠵᠡᠯ᠎ᠢ ᠪᠠᠶᠠᠯᠢᠭ᠍ᠵᠢᠭᠤᠯᠤᠨ ᠬᠥᠭᠵᠢᠭᠦᠯᠵᠦ᠂ ᠪᠦᠬᠦ ᠨᠠᠮ᠎ᠤᠨ ᠦᠵᠡᠯ ᠰᠠᠨᠠᠭ᠎ᠠ ᠤᠨᠤᠯ᠎ᠤᠨ ᠲᠦᠪᠰᠢᠨ᠎ᠢ ᠲᠠᠰᠤᠷᠠᠯᠳᠠ ᠦᠭᠡᠢ ᠳᠡᠭᠡᠭᠰᠢᠯᠡᠭᠦᠯᠬᠦ᠎ᠶᠢ ᠠᠬᠢᠭᠤᠯᠬᠤ᠎ᠳᠤ ᠴᠢᠬᠤᠯᠠ ᠶᠡᠬᠡ ᠪᠥᠭᠡᠳ ᠠᠯᠤᠰ ᠬᠡᠳᠤ᠎ᠶᠢᠨ ᠠᠴᠢ ᠬᠣᠯᠪᠣᠭᠳᠠᠯ᠎ᠲᠠᠢ ᠶᠤᠮ᠃
ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ ᠪᠣᠯ ᠵᠠᠭᠤ ᠭᠠᠷᠤᠢ ᠵᠢᠯ᠎ᠦᠨ ᠲᠤᠷᠰᠢᠬᠢ ᠮᠠᠨ᠎ᠤ ᠨᠠᠮ᠎ᠤᠨ ᠲᠤᠰ ᠪᠡᠶ᠎ᠡ᠎ᠶᠢᠨ ᠪᠠᠢᠭᠤᠯᠤᠯᠲᠠ᠎ᠪᠠᠨ ᠴᠢᠩᠭᠠᠳᠬᠠᠭᠰᠠᠨ ᠡᠯᠪᠡᠭ ᠪᠠᠶᠠᠯᠢᠭ᠋ ᠲᠤᠷᠰᠢᠯᠭ᠎ᠠ᠎ᠶᠢ ᠭᠦᠨᠵᠡᠭᠡᠢ ᠳ᠋ᠦᠩᠨᠡᠭᠰᠡᠨ ᠰᠠᠭᠤᠷᠢᠨ ᠳᠡᠭᠡᠷ᠎ᠡ ᠪᠦᠷᠢᠯᠳᠦᠭᠰᠡᠨ ᠶᠤᠮ᠂ ᠰᠢᠨ᠎ᠡ ᠴᠠᠭ ᠦᠶ᠎ᠡ᠎ᠶᠢᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠦᠢᠯᠡᠳᠦᠯᠭᠡ᠎ᠶᠢᠨ ᠲᠤᠷᠰᠢᠯᠭ᠎ᠠ᠎ᠶᠢᠨ ᠰᠢᠰᠲ᠋ᠸᠮ ᠲᠠᠢ ᠬᠤᠷᠢᠶᠠᠩᠭᠤᠢᠯᠠᠯ ᠮᠥᠨ᠃ ᠡᠨᠡ ᠬᠦ᠌ ᠴᠢᠬᠤᠯᠠ ᠦᠵᠡᠯ ᠰᠠᠨᠠᠭ᠎ᠠ ᠨᠢ 《ᠠᠷᠪᠠᠨ ᠲᠦᠷᠪᠡ ᠵᠢ ᠪᠠᠷᠢᠮᠳᠠᠯᠠᠬᠤ》 ᠪᠡᠷ ᠨᠠᠮ᠎ᠢ ᠬᠠᠮᠢᠶᠠᠷᠴᠤ ᠨᠠᠮ᠎ᠢ ᠵᠠᠰᠠᠬᠤ᠂ ᠨᠠᠮ᠎ᠢᠶᠡᠨ ᠮᠠᠨᠳᠤᠭᠤᠯᠵᠤ ᠨᠠᠮ᠎ᠢᠶᠡᠨ ᠬᠦᠴᠦᠷᠬᠡᠭᠵᠢᠭᠦᠯᠬᠦ ᠪᠠ ᠤᠯᠤᠰ᠎ᠢᠶᠠᠨ ᠬᠦᠴᠦᠷᠬᠡᠭᠵᠢᠭᠦᠯᠵᠦ ᠰᠡᠷᠭᠦᠨ ᠮᠠᠨᠳᠤᠭᠤᠯᠬᠤ᠎ᠶᠢᠨ ᠳᠣᠲᠣᠭᠠᠳᠤ ᠬᠣᠯᠪᠣᠭ᠎ᠠ᠎ᠶᠢ ᠭᠦᠨᠵᠡᠭᠡᠢ ᠡᠵᠡᠮᠳᠡᠵᠦ᠂ ᠮᠠᠷᠺᠰ᠎ᠤᠨ ᠦᠵᠡᠯ᠎ᠦᠨ ᠨᠠᠮ᠎ᠤᠨ ᠪᠠᠶ᠋ᠢᠭᠤᠯᠤᠯᠳᠠ᠎ᠶᠢᠨ ᠰᠤᠷᠭᠠᠯ᠎ᠤᠨ ᠬᠠᠮᠤᠭ᠎ᠤᠨ ᠦᠨᠳᠦᠰᠦᠨ᠂ ᠬᠠᠮᠤᠭ᠎ᠤᠨ ᠭᠣᠣᠯ ᠠᠭᠤᠯᠭ᠎ᠠ᠎ᠶᠢ ᠪᠠᠲᠤ ᠰᠠᠬᠢᠭᠰᠠᠨ ᠮᠥᠷᠲᠡᠭᠡᠨ ᠪᠠᠰᠠ ᠰᠢᠨ᠎ᠡ ᠪᠠᠢᠳᠠᠯ᠎ᠢ ᠰᠤᠳᠤᠯᠬᠤ᠂ ᠰᠢᠨ᠎ᠡ ᠠᠰᠠᠭᠤᠳᠠᠯ᠎ᠢ ᠰᠢᠢᠳᠪᠦᠷᠢᠯᠡᠬᠦ ᠳᠤᠮᠳᠠ ᠲᠥᠪ ᠶᠣᠰᠣ᠌᠎ᠶᠢ ᠪᠠᠷᠢᠮᠲᠠᠯᠠᠨ ᠰᠢᠨ᠎ᠡ᠎ᠶᠢ ᠡᠭᠦᠳᠴᠦ᠂ ᠬᠠᠭᠤᠴᠢᠨ᠎ᠢ ᠲᠠᠶᠠᠬᠳᠠᠨ ᠰᠢᠨ᠎ᠡ᠎ᠶᠢ ᠡᠭᠦᠳᠴᠦ᠂ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠴᠢᠬᠤᠯᠠ ᠶᠡᠬᠡ ᠤᠨᠤᠯ᠎ᠤᠨ ᠪᠠ ᠦᠢᠯᠡᠳᠦᠯᠭᠡ᠎ᠶᠢᠨ ᠠᠰᠠᠭᠤᠳᠠᠯ᠎ᠳᠤ ᠬᠠᠷᠢᠭᠤᠯᠲᠠ ᠥᠭᠴᠦ᠂ ᠠᠯᠢ ᠤᠯᠠᠨ ᠪᠦᠲᠦᠭᠡᠯᠴᠢ ᠴᠢᠨᠠᠷᠲᠠᠢ ᠦᠷ᠎ᠡ ᠪᠦᠲᠦᠭᠡᠯ᠎ᠢᠶᠡᠷ ᠮᠠᠷᠺᠰ᠎ᠤᠨ ᠦᠵᠡᠯ᠎ᠦᠨ ᠨᠠᠮ᠎ᠤᠨ ᠪᠠᠶ᠋ᠢᠭᠤᠯᠤᠯᠳᠠ᠎ᠶᠢᠨ ᠰᠤᠷᠭᠠᠯ᠎ᠢ ᠪᠠᠶᠠᠯᠢᠭ᠍ᠵᠢᠭᠤᠯᠤᠨ ᠬᠥᠭᠵᠢᠭᠦᠯᠦᠭᠰᠡᠨ ᠪᠠᠢᠨ᠎ᠠ᠃ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭᠠᠨ᠎ᠤ ᠪᠦᠷᠢᠯᠳᠦᠯ ᠪᠠ ᠬᠥᠭᠵᠢᠯᠲᠡ ᠨᠢ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠨᠤᠯ᠎ᠤᠨ ᠰᠢᠨ᠎ᠡ ᠡᠭᠦᠳᠬᠦ ᠰᠥᠷ ᠬᠦᠴᠦᠨ ᠪᠣᠯᠣᠨ ᠰᠥᠰᠥ ᠵᠣᠷᠢᠭ᠋᠎ᠢ ᠲᠥᠪᠯᠡᠷᠡᠩᠭᠦᠢ ᠢᠯᠡᠷᠡᠭᠦᠯᠵᠦ᠂ ᠮᠠᠨ᠎ᠤ ᠨᠠᠮ᠎ᠤᠨ ᠡᠪ ᠬᠠᠮᠲᠤ ᠨᠠᠮ᠎ᠤᠨ ᠲᠦᠷᠦ ᠪᠠᠷᠢᠬᠤ ᠵᠢᠮ᠎ᠡ ᠶᠣᠰᠣ᠌ ᠪᠣᠯᠣᠨ ᠮᠠᠷᠺᠰ᠎ᠤᠨ ᠦᠵᠡᠯ᠎ᠦᠨ ᠲᠦᠷᠦ᠎ᠶᠢᠨ ᠨᠠᠮ᠎ᠤᠨ ᠪᠠᠢᠭᠤᠯᠤᠯᠲᠠ᠎ᠶᠢᠨ ᠵᠢᠮ᠎ᠡ ᠶᠣᠰᠣᠨ᠎ᠤ ᠲᠤᠬᠠᠢ ᠲᠠᠨᠢᠯᠲᠠ ᠰᠢᠨ᠎ᠡ ᠥᠨᠳᠥᠷᠴᠡ᠎ᠳᠤ ᠬᠦᠷᠦᠭᠰᠡᠨ᠎ᠢ ᠬᠠᠷᠠᠭᠤᠯᠵᠤ ᠪᠠᠢᠨ᠎ᠠ᠃
ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠳᠤ᠂ ᠡᠷᠬᠡᠪᠰᠢ ᠡᠨᠡ ᠬᠦ᠌ ᠴᠢᠬᠤᠯᠠ ᠦᠵᠡᠯ ᠰᠠᠨᠠᠭᠠᠨ᠎ᠤ ᠭᠣᠣᠯ ᠴᠢᠮᠦᠭᠡ ᠴᠢᠬᠤᠯᠠ ᠠᠭᠤᠯᠭ᠎ᠠ᠎ᠶᠢ ᠭᠦᠨᠵᠡᠭᠡᠢ ᠣᠢᠯᠠᠭᠠᠨ ᠡᠵᠡᠮᠰᠢᠵᠦ᠂ ᠡᠨᠡ ᠬᠦ᠌ ᠴᠢᠬᠤᠯᠠ ᠦᠵᠡᠯ ᠰᠠᠨᠠᠭᠠᠨ᠎ᠤ ᠴᠢᠬᠤᠯᠠ ᠶᠡᠬᠡ ᠠᠩᠬᠠᠨ᠎ᠤ ᠡᠭᠦᠳᠦᠯᠲᠡ᠎ᠶᠢᠨ ᠴᠢᠨᠠᠷᠲᠠᠢ ᠬᠤᠪᠢ ᠨᠡᠮᠡᠷᠢ᠎ᠶᠢ ᠭᠦᠨᠵᠡᠭᠡᠢ ᠲᠠᠨᠢᠵᠤ᠂ ᠨᠠᠮ᠎ᠤᠨ ᠪᠠᠢᠭᠤᠯᠤᠯᠲᠠ᠎ᠶᠢᠨ ᠤᠨᠤᠯ ᠪᠠ ᠦᠢᠯᠡᠳᠦᠯᠭᠡ᠎ᠶᠢᠨ ᠰᠢᠨ᠎ᠡ ᠵᠢ ᠡᠭᠦᠳᠬᠦ᠎ᠶᠢ ᠦᠷᠭᠦᠯᠵᠢᠯᠡᠨ ᠠᠬᠢᠭᠤᠯᠵᠤ᠂ ᠮᠠᠷᠺᠰ᠎ᠤᠨ ᠦᠵᠡᠯ᠎ᠦᠨ ᠲᠦᠷᠦ᠎ᠶᠢᠨ ᠨᠠᠮ᠎ᠤᠨ ᠪᠠᠢᠭᠤᠯᠤᠯᠲᠠ᠎ᠶᠢᠨ ᠰᠢᠨ᠎ᠡ ᠠᠬᠤᠢ ᠪᠠᠢᠳᠠᠯ᠎ᠢ ᠲᠠᠰᠤᠷᠠᠯᠳᠠ ᠦᠭᠡᠢ ᠡᠬᠦᠳᠦᠨ ᠨᠡᠭᠡᠭᠡᠬᠦ ᠬᠡᠷᠡᠭᠲᠡᠢ᠃
ᠡᠨᠡ ᠬᠦ᠌ ᠴᠢᠬᠤᠯᠠ ᠦᠵᠡᠯ ᠰᠠᠨᠠᠭ᠎ᠠ ᠨᠢ ᠮᠠᠷᠺᠰ᠎ᠤᠨ ᠦᠵᠡᠯ᠎ᠦᠨ ᠰᠢᠨᠵᠢᠯᠡᠬᠦ ᠤᠬᠠᠭᠠᠨᠴᠢ ᠤᠨᠤᠯ ᠡᠴᠡ ᠢᠷᠡᠯᠲᠡ᠎ᠲᠠᠢ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠳᠤ ᠦᠨᠳᠦᠰᠦᠯᠡᠵᠦ᠂ ᠰᠢᠨ᠎ᠡ ᠴᠠᠭ ᠦᠶ᠎ᠡ᠎ᠳᠦ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠭᠤᠤ ᠶᠡᠬᠡ ᠦᠢᠯᠡᠳᠦᠯᠭᠡ᠎ᠡᠴᠡ ᠬᠦᠪᠦᠷᠡᠵᠦ᠂ ᠪᠠᠲᠤ ᠪᠡᠬᠢ ᠦᠢᠯᠡᠳᠦᠯᠭᠡ᠎ᠶᠢᠨ ᠰᠠᠭᠤᠷᠢ ᠪᠠ ᠭᠦᠨ ᠵᠤᠵᠠᠭᠠᠨ ᠤᠨᠤᠯ᠎ᠤᠨ ᠡᠬᠢ ᠰᠤᠷᠪᠤᠯᠵᠢ᠎ᠲᠠᠢ ᠶᠤᠮ᠃
ᠨᠢᠬᠡᠨ ᠵᠢᠵᠢᠭᠬᠡᠨ ᠤᠯᠠᠭᠠᠨ ᠣᠩᠭᠣᠴᠠ ᠡᠴᠡ ᠳᠤᠮᠳᠠᠳᠤ ᠤᠯᠤᠰ᠎ᠤᠨ ᠠᠯᠤᠰ᠎ᠢ ᠵᠣᠷᠢᠨ ᠯᠠᠪᠳᠠᠭᠤᠨ᠎ᠢᠶᠠᠷ ᠤᠷᠤᠭᠰᠢᠯᠠᠬᠤ ᠴᠢᠭᠯᠡᠯ᠎ᠢ ᠵᠢᠯᠤᠭᠤᠳᠬᠤ ᠰᠦᠷᠯᠢᠭ ᠲᠣᠮᠣ᠌ ᠬᠥᠯᠭᠡ ᠣᠩᠭᠣᠴᠠ ᠪᠤᠯᠤᠬᠰᠠᠠ ᠬᠦᠷᠲᠡᠯ᠎ᠡ᠂ ᠮᠠᠨ᠎ᠤ ᠨᠠᠮ ᠵᠠᠭᠤ ᠭᠠᠷᠤᠢ ᠵᠢᠯ᠎ᠦᠨ ᠲᠤᠷᠰᠢ ᠮᠠᠷᠺᠰ᠎ᠤᠨ ᠦᠵᠡᠯ᠎ᠦᠨ ᠨᠠᠮ᠎ᠤᠨ ᠪᠠᠶ᠋ᠢᠭᠤᠯᠤᠯᠳᠠ᠎ᠶᠢᠨ ᠰᠤᠷᠭᠠᠯ᠎ᠢᠶᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠳᠤᠮᠳᠠᠳᠤ ᠤᠯᠤᠰ᠎ᠤᠨ ᠬᠤᠪᠢᠰᠬᠠᠯ᠎ᠤᠨ ᠪᠦᠲᠦᠭᠡᠨ ᠪᠠᠢᠭᠤᠯᠤᠯᠲᠠ ᠥᠭᠡᠷᠡᠴᠢᠯᠡᠯᠲᠡ᠎ᠶᠢᠨ ᠪᠣᠳᠠᠲᠤ ᠪᠠᠢᠳᠠᠯ᠎ᠲᠠᠢ ᠤᠶᠠᠯᠳᠤᠭᠤᠯᠤᠨ᠂ ᠨᠠᠮ᠎ᠢ ᠬᠠᠮᠢᠶᠠᠷᠴᠤ ᠨᠠᠮ᠎ᠢ ᠵᠠᠰᠠᠬᠤ ᠡᠯᠪᠡᠭ ᠪᠠᠶᠠᠯᠢᠭ᠋ ᠲᠤᠷᠰᠢᠯᠭ᠎ᠠ᠎ᠶᠢ ᠬᠤᠷᠠᠮᠳᠤᠭᠤᠯᠵᠠᠢ᠃
ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠶᠡᠷᠦᠩᠬᠡᠢ ᠱᠦᠵᠢ ᠰᠢ᠎ᠶᠢᠨ ᠫᠢᠩ ᠬᠣᠶᠠᠷ ᠶᠡᠬᠡ ᠲᠠᠯ᠎ᠠ᠎ᠶᠢ ᠨᠢᠭᠡᠳᠦᠯᠲᠡᠢ ᠲᠥᠯᠥᠪᠵᠢᠭᠦᠯᠬᠦ ᠪᠠᠢᠯᠳᠤᠬᠤ ᠪᠣᠳᠣᠯᠭ᠎ᠠ᠎ᠶᠢᠨ ᠦᠨᠳᠦᠷᠴᠡ ᠡᠴᠡ ᠡᠭᠦᠰᠴᠦ᠂ ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠬᠤ ᠪᠣᠯ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠬᠠᠮᠤᠭ᠎ᠤᠨ ᠮᠥᠨ ᠴᠢᠨᠠᠷ᠎ᠤᠨ ᠣᠨᠴᠠᠯᠢᠭ᠋ ᠮᠥᠨ᠂ ᠨᠠᠮ᠎ᠤᠨ ᠲᠥᠪ ᠬᠣᠷᠢᠶ᠎ᠡ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠬᠤ ᠪᠣᠯ ᠬᠠᠮᠤᠭ᠎ᠤᠨ ᠳᠡᠭᠡᠳᠦ ᠤᠯᠤᠰ ᠲᠦᠷᠦ᠎ᠶᠢᠨ ᠵᠠᠷᠴᠢᠮ ᠮᠥᠨ ᠭᠡᠵᠦ ᠲᠤᠭ ᠲᠡᠮᠳᠡᠭ ᠲᠣᠳᠣᠷᠬᠠᠢ᠎ᠪᠠᠷ ᠳᠤᠷᠠᠳᠤᠨ ᠭᠠᠷᠭᠠᠵᠤ᠂ ᠤᠯᠤᠰ ᠲᠦᠷᠦ᠎ᠶᠢᠨ ᠪᠠᠢᠭᠤᠯᠤᠯᠲᠠ ᠪᠣᠯ ᠨᠠᠮ᠎ᠤᠨ ᠦᠨᠳᠦᠰᠦᠨ ᠴᠢᠨᠠᠷᠲᠠᠢ ᠪᠠᠢᠭᠤᠯᠤᠯᠲᠠ ᠮᠥᠨ ᠭᠡᠵᠦ ᠪᠦᠲᠦᠭᠡᠯᠴᠢ ᠴᠢᠨᠠᠷᠲᠠᠢ᠎ᠪᠠᠷ ᠳᠤᠷᠠᠳᠤᠨ ᠭᠠᠷᠭᠠᠵᠤ᠂ ᠪᠦᠬᠦ ᠨᠠᠮ᠎ᠢ ᠦᠵᠡᠯ ᠰᠠᠨᠠᠭᠠᠨ᠎ᠤ ᠲᠠᠯ᠎ᠠ᠎ᠪᠠᠷ ᠨᠡᠩ ᠨᠢᠭᠡᠳᠦᠯᠲᠡᠢ᠂ ᠤᠯᠤᠰ ᠲᠦᠷᠦ᠎ᠶᠢᠨ ᠲᠠᠯ᠎ᠠ᠎ᠪᠠᠷ ᠨᠡᠩ ᠪᠦᠯᠬᠦᠮᠳᠡᠯ᠎ᠲᠠᠢ᠂ ᠦᠢᠯᠡ ᠠᠵᠢᠯᠯᠠᠭᠠᠨ᠎ᠤ ᠲᠠᠯ᠎ᠠ᠎ᠪᠠᠷ ᠨᠡᠩ ᠨᠢᠭᠡᠳᠦᠯᠲᠡᠢ ᠪᠣᠯᠭᠠᠪᠠ;ᠲᠥᠪ᠎ᠦᠨ ᠨᠠᠢ᠍ᠮᠠᠨ ᠲᠣᠭᠲᠠᠭᠠᠯ᠎ᠢ ᠲᠣᠭᠲᠠᠭᠠᠨ ᠨᠠᠢᠳᠠᠪᠤᠷᠢᠵᠢᠭᠤᠯᠬᠤ᠎ᠡᠴᠡ ᠡᠬᠢᠯᠡᠨ ᠠᠰᠠᠭᠤᠳᠠᠯ᠎ᠢ ᠰᠢᠢᠳᠪᠦᠷᠢᠯᠡᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ《ᠳᠦᠷᠪᠡᠨ ᠪᠦᠬᠦ ᠲᠠᠯ᠎ᠠ》ᠵᠢᠨ ᠪᠠᠢᠯᠳᠤᠬᠤ ᠪᠣᠳᠣᠯᠭ᠎ᠠ᠎ᠶᠢᠨ ᠪᠠᠢᠷᠢᠰᠢᠭᠤᠯᠤᠯᠲᠠ᠎ᠳᠤ ᠣᠷᠣᠭᠤᠯᠵᠤ᠂ ᠰᠠᠬᠢᠯᠭ᠎ᠠ ᠪᠠᠲᠤ᠎ᠶᠢᠨ ᠪᠠᠢᠭᠤᠯᠤᠯᠲᠠ᠎ᠶᠢ ᠴᠢᠩᠭᠠᠳᠬᠠᠬᠤ ᠪᠣᠯ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢᠨ ᠦᠨᠳᠦᠰᠦ᠎ᠡᠴᠡ ᠨᠢ ᠵᠠᠰᠠᠬᠤ ᠪᠣᠳᠣᠯᠭ᠎ᠠ ᠮᠥᠨ᠂ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ ᠳᠦᠷᠢᠮ᠎ᠦᠨ ᠪᠠᠢᠭᠤᠯᠤᠯᠲᠠ᠎ᠶᠢ ᠴᠢᠩᠭᠠᠳᠬᠠᠬᠤ ᠪᠣᠯ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢᠨ ᠠᠯᠤᠰ ᠬᠡᠳᠦ᠎ᠶᠢᠨ ᠪᠣᠳᠣᠯᠭ᠎ᠠ᠂ ᠦᠨᠳᠦᠰᠦᠨ ᠪᠣᠳᠣᠯᠭ᠎ᠠ ᠮᠥᠨ ᠭᠡᠵᠦ ᠪᠦᠲᠦᠭᠡᠯᠴᠢ ᠴᠢᠨᠠᠷᠲᠠᠢ᠎ᠪᠠᠷ ᠳᠤᠷᠠᠳᠤᠨ ᠭᠠᠷᠭᠠᠵᠤ᠂ ᠴᠢᠩᠭ᠎ᠠ ᠪᠠᠢᠬᠤ ᠱᠠᠭᠠᠷᠳᠠᠯᠭ᠎ᠠ᠎ᠶᠢ ᠨᠠᠮ᠎ᠢ ᠬᠠᠮᠢᠶᠠᠷᠴᠤ ᠨᠠᠮ᠎ᠢ ᠵᠠᠰᠠᠬᠤ ᠡᠯ᠎ᠡ ᠲᠠᠯ᠎ᠠ ᠡᠯ᠎ᠡ ᠭᠣᠭᠴᠣᠭ᠎ᠠ᠎ᠳᠤ ᠢᠯᠡᠷᠡᠭᠦᠯᠪᠡ; ᠬᠡᠳᠦᠨ ᠮᠢᠩᠭᠠᠨ ᠵᠢᠯ᠎ᠦᠨ ᠳᠤᠮᠳᠠᠳᠤ᠎ᠶᠢᠨ ᠪᠣᠯᠪᠠᠰᠤᠨ᠎ᠤ ᠬᠥᠭᠵᠢᠯᠲᠡ᠎ᠶᠢᠨ ᠲᠡᠦᠬᠡᠨ᠎ᠡᠴᠡ ᠣᠨᠣᠯ᠎ᠤᠨ ᠰᠢᠨ᠎ᠡ ᠵᠢ ᠡᠭᠦᠳᠬᠦ ᠵᠢᠨ ᠡᠯᠪᠡᠭ ᠪᠠᠶᠠᠯᠢᠭ ᠤᠶᠤᠨ ᠰᠠᠨᠠᠭᠠᠨ᠎ᠤ ᠰᠢᠮ᠎ᠡ ᠵᠢ ᠰᠢᠨᠭᠭᠡᠭᠡᠨ ᠠᠪᠴᠦ᠂ ᠳᠤᠮᠳᠠᠳᠤ᠎ᠶᠢᠨ ᠪᠣᠯᠪᠠᠰᠤᠨ᠎ᠤ ᠠᠷᠠᠳ ᠲᠦᠮᠡᠨ᠎ᠢᠶᠠᠷ ᠦᠨᠳᠦᠰᠦ ᠪᠣᠯᠭᠠᠬᠤ ᠦᠵᠡᠯ ᠰᠠᠨᠠᠭ᠎ᠠ᠎ᠶᠢ ᠤᠯᠠᠮᠵᠢᠯᠠᠨ ᠬᠥᠭᠵᠢᠭᠦᠯᠵᠦ᠂ ᠪᠦᠬᠦ ᠰᠡᠳᠬᠢᠯ ᠪᠦᠬᠦ ᠵᠣᠷᠢᠭ᠋᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠬᠦ ᠦᠨᠳᠦᠰᠦᠨ ᠵᠣᠷᠢᠯᠲᠠ᠎ᠶᠢ ᠢᠮᠠᠭᠲᠠ ᠪᠠᠷᠢᠮᠲᠠᠯᠠᠵᠤ᠂ ᠲᠦᠷᠦ᠎ᠶᠢ ᠲᠦᠪᠰᠢᠳᠬᠡᠵᠦ ᠵᠠᠰᠠᠭ᠎ᠢ ᠡᠷᠬᠢᠯᠡᠬᠦ ᠲᠦᠷᠦ ᠵᠢ ᠵᠠᠰᠠᠬᠤ ᠶᠣᠰᠣ᠌᠂ ᠪᠡᠶ᠎ᠡ᠎ᠪᠡᠨ ᠵᠠᠰᠠᠵᠤ ᠨᠡᠢᠭᠡᠮ᠎ᠳᠦ ᠬᠠᠨᠳᠤᠬᠤ ᠶᠣᠰᠣ᠌ ᠰᠤᠷᠲᠠᠬᠤᠨ᠎ᠤ ᠣᠢᠯᠠᠭᠠᠭᠳᠠᠬᠤᠨ᠎ᠢ ᠪᠦᠲᠦᠭᠡᠯᠴᠢ᠎ᠪᠡᠷ ᠤᠨᠳᠤᠤᠰᠢᠭᠤᠯᠬᠤ ᠪᠠ ᠰᠢᠨ᠎ᠡ᠎ᠶᠢ ᠡᠭᠦᠳᠬᠦ ᠴᠢᠨᠠᠷᠲᠠᠢ ᠬᠥᠭᠵᠢᠭᠦᠯᠬᠦ᠎ᠶᠢ ᠪᠡᠶᠡᠯᠡᠭᠦᠯᠪᠡ ᠁ ᠵᠠᠯᠭᠠᠮᠵᠢᠯᠠᠬᠤᠳᠤᠮᠳᠠ ᠬᠥᠭᠵᠢᠭᠦᠯᠤᠨ᠂ ᠲᠥᠪ ᠶᠤᠰᠤ ᠵᠢ ᠪᠠᠷᠢᠮᠲᠠᠯᠠᠬᠤ ᠲᠤᠮᠳᠠ ᠰᠢᠨ᠎ᠡ᠎ᠶᠢ ᠡᠭᠦᠳᠴᠦ᠂ ᠰᠢ᠎ᠶᠢᠨ ᠫᠢᠩ᠎ᠤᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ ᠨᠢ ᠴᠠᠭ ᠦᠶᠡᠴᠢ ᠴᠢᠨᠠᠷ᠎ᠢ ᠢᠯᠡᠷᠡᠭᠦᠯᠦᠭᠰᠡᠨ᠂ ᠵᠢᠮ᠎ᠡ ᠶᠣᠰᠣᠴᠢ ᠴᠢᠨᠠᠷ᠎ᠢ ᠡᠵᠡᠮᠰᠢᠭᠰᠡᠨ᠂ ᠪᠦᠲᠦᠭᠡᠯᠴᠢ ᠴᠢᠨᠠᠷ᠎ᠢᠶᠠᠷ ᠪᠠᠶᠠᠯᠢᠭ᠋ ᠪᠦᠷᠢᠨ ᠲᠡᠭᠦᠯᠳᠡᠷ ᠤᠨᠤᠯ᠎ᠤᠨ ᠰᠢᠰᠲ᠋ᠸᠮ᠎ᠢ ᠪᠦᠷᠢᠯᠳᠦᠭᠦᠯᠵᠦ᠂ ᠮᠠᠨ᠎ᠤ ᠨᠠᠮ᠎ᠤᠨ 《ᠬᠣᠶᠠᠷ᠎ᠢ ᠤᠶᠠᠯᠳᠤᠭᠤᠯᠬᠤ》 ᠶ᠋ᠢ ᠪᠠᠷᠢᠮᠲᠠᠯᠠᠭᠰᠠᠨ᠂ ᠤᠨᠤᠯ᠎ᠤᠨ ᠰᠢᠨ᠎ᠡ᠎ᠶᠢ ᠡᠭᠦᠳᠬᠦ᠎ᠶᠢ ᠠᠬᠢᠭᠤᠯᠤᠭᠰᠠᠨ ᠴᠢᠬᠤᠯᠠ ᠶᠡᠬᠡ ᠦᠷ᠎ᠡ ᠪᠦᠲᠦᠭᠡᠯ ᠪᠣᠯᠣᠨ᠎ᠠ᠃
ᠡᠨᠡ ᠬᠦ᠌ ᠴᠢᠬᠤᠯᠠ ᠦᠵᠡᠯ ᠰᠠᠨᠠᠭ᠎ᠠ ᠨᠢ ᠡᠷᠡᠰ ᠪᠠᠲᠤ ᠬᠦᠰᠡᠯᠡᠩ ᠢᠲᠡᠭᠡᠯ ᠪᠢᠰᠢᠷᠡᠯ᠂ ᠳᠡᠭᠡᠳᠦ ᠬᠡᠮᠵᠢᠶᠡᠨ᠎ᠦ ᠲᠡᠦᠬᠡ᠎ᠶᠢᠨ ᠰᠠᠨᠠᠭᠠᠴᠢᠯᠠᠭᠠᠳᠤ ᠤᠬᠠᠮᠰᠠᠷ᠂ ᠢᠯᠡ ᠲᠣᠳᠣ᠌ ᠠᠰᠠᠭᠤᠳᠠᠯ᠎ᠢᠶᠡᠷ ᠤᠳᠤᠷᠢᠳᠤᠮᠵᠢ ᠪᠤᠯᠭᠠᠬᠰᠠᠨ᠂ ᠪᠠᠲᠦ ᠴᠢᠩᠭ᠎ᠠ ᠬᠠᠷᠢᠭᠤᠴᠠᠯᠭ᠎ᠠ ᠡᠭᠦᠷᠭᠡᠯᠡᠯ᠂ ᠠᠷᠠᠳ᠎ᠤᠨ ᠲᠥᠯᠦᠭᠡᠨᠤ ᠭᠦᠨ ᠵᠤᠵᠠᠭᠠᠨ ᠬᠠᠢᠷ᠎ᠠ ᠰᠡᠳᠬᠢᠯᠭᠡ᠂ ᠰᠢᠨᠵᠢᠯᠡᠬᠦ ᠤᠬᠠᠭᠠᠨᠴᠢ ᠦᠵᠡᠯ ᠰᠠᠨᠠᠭᠠᠨ᠎ᠤ ᠠᠷᠭ᠎ᠠ᠎ᠶᠢ ᠢᠯᠡᠷᠡᠭᠦᠯᠵᠦ᠂ ᠢᠯᠡ ᠲᠣᠳᠣ᠌ ᠤᠨᠤᠯ᠎ᠤᠨ ᠬᠡᠪ ᠴᠢᠨᠠᠷᠲᠠᠢ ᠶᠤᠮ᠃
《ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ ᠪᠣᠯ ᠳᠠᠷᠤᠢ ᠪᠢᠳᠡᠨ᠎ᠦ ᠲᠡᠮᠡᠴᠡᠬᠦ ᠬᠠᠷᠠᠯᠲᠠ ᠮᠥᠨ》ᠭᠡᠳᠡᠭ᠎ᠢ ᠪᠠᠲᠤ ᠡᠵᠡᠮᠳᠡᠵᠤ᠂ ᠪᠦᠬᠦ ᠨᠠᠮ᠎ᠢᠶᠠᠷ᠎ᠢᠶᠠᠨ ᠤᠭ ᠰᠠᠨᠠᠭ᠎ᠠ᠎ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ ᠵᠢ ᠱᠠᠭᠠᠷᠳᠠᠵᠤ᠂ ᠠᠷᠠᠳ ᠲᠦᠮᠡᠨ᠎ᠢ ᠢᠮᠠᠭᠲᠠ ᠰᠡᠳᠬᠢᠯ ᠵᠢᠷᠦᠬᠡᠨ᠎ᠦ᠎ᠪᠡᠨ ᠬᠠᠮᠤᠭ᠎ᠤᠨ ᠳᠡᠭᠡᠳᠦ ᠪᠠᠢᠷᠢᠨ᠎ᠳᠤ ᠲᠠᠯᠪᠢᠵᠤ᠂ ᠠᠷᠠᠳ ᠲᠦᠮᠡᠨ᠎ᠳᠦ ᠪᠤᠶᠠᠨ ᠦᠢᠯᠡᠳᠬᠦ᠎ᠶᠢ ᠬᠠᠮᠤᠭ᠎ᠤᠨ ᠴᠢᠬᠤᠯᠠ ᠵᠠᠰᠠᠭ᠎ᠤᠨ ᠠᠵᠢᠯ᠎ᠤᠨ ᠪᠦᠲᠦᠮᠵᠢ ᠪᠣᠯᠭᠠᠵᠤ᠂ ᠢᠮᠠᠭᠲᠠ ᠠᠷᠠᠳ ᠲᠦᠮᠡᠨ᠎ᠲᠠᠢ ᠠᠮᠢᠰᠬᠤᠭ᠎ᠠ᠎ᠪᠠᠨ ᠨᠢᠭᠡᠳᠬᠡᠵᠦ᠂ ᠬᠤᠪᠢ ᠵᠠᠶᠠᠭ᠎ᠠ᠎ᠪᠠᠨ ᠬᠠᠮᠲᠤᠳᠬᠠᠨ᠂ ᠰᠡᠳᠬᠢᠯ ᠵᠢᠷᠦᠬᠡ᠎ᠪᠡᠨ ᠬᠣᠯᠪᠤᠪᠠ; ᠨᠠᠮ᠎ᠤᠨ ᠳᠣᠲᠣᠭᠠᠳᠤ᠎ᠶᠢᠨ ᠲᠥᠪᠯᠡᠷᠡᠩᠭᠦᠢ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠬᠦ᠎ᠡᠴᠡ ᠰᠢᠨ᠎ᠡ ᠴᠠᠭ ᠦᠶ᠎ᠡ᠎ᠶᠢᠨ ᠠᠷᠢᠭᠤᠨ ᠴᠢᠬᠡᠴᠢ ᠰᠣᠶᠣᠯ᠎ᠤᠨ ᠪᠠᠢᠭᠤᠯᠤᠯᠲᠠ᠎ᠶᠢ ᠴᠢᠩᠭᠠᠳᠬᠠᠬᠰᠠᠨ ᠬᠦᠷᠲᠡᠯ᠎ᠡ᠂ ᠨᠠᠮ᠎ᠤᠨ ᠰᠢᠨ᠎ᠡ ᠡᠭᠦᠳᠦᠯᠳᠡ ᠵᠢᠨ ᠤᠨᠤᠯ ᠵᠢᠡᠷ ᠰᠡᠳᠬᠢᠯ᠎ᠢ ᠨᠢᠭ᠍ᠲᠠᠷᠠᠭᠤᠯᠵᠤ ᠰᠦᠭ ᠰᠦᠨᠡᠰᠦ᠎ᠶᠢ ᠱᠤᠭᠤᠬᠤ᠎ᠶᠢ ᠪᠠᠷᠢᠮᠲᠠᠯᠠᠬᠤ᠎ᠶᠢ ᠨᠠᠮ᠎ᠤᠨ ᠦᠵᠡᠯ ᠰᠠᠨᠠᠭᠠᠨ᠎ᠤ ᠪᠠᠢᠭᠤᠯᠤᠯᠲᠠ᠎ᠶᠢᠨ ᠦᠨᠳᠦᠰᠦᠨ ᠡᠭᠦᠷᠭᠡ ᠪᠣᠯᠭᠠᠵᠤ᠂ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠬᠤ᠂ ᠦᠵᠡᠯ ᠰᠠᠨᠠᠭᠠᠨ᠎ᠤ ᠤᠬᠠᠮᠰᠠᠷ᠎ᠢ ᠳᠡᠭᠡᠭᠰᠢᠯᠡᠭᠦᠯᠬᠦ᠎ᠶᠢ ᠨᠠᠰᠤᠨ ᠲᠤᠷᠰᠢᠲᠠ᠎ᠶᠢᠨ ᠰᠡᠳᠦᠪ ᠪᠣᠯᠭᠠᠬᠤ ᠵᠢ ᠳᠤᠷᠠᠳᠴᠦ᠂ ᠡᠪ ᠬᠠᠮᠲᠤᠴᠤᠳ᠎ᠤᠨ ᠤᠯᠤᠰ ᠲᠦᠷᠦ᠎ᠶᠢᠨ ᠤᠤᠷ ᠴᠢᠨᠠᠷ᠎ᠢ ᠢᠮᠠᠭᠲᠠ ᠪᠠᠷᠢᠮᠲᠠᠯᠠᠪᠠ; ᠨᠠᠮ᠎ᠤᠨ ᠳᠣᠲᠣᠭᠠᠳᠤ᠎ᠳᠤ ᠣᠷᠣᠰᠢᠵᠤ ᠪᠠᠢᠭ᠎ᠠ ᠲᠣᠪᠣᠢᠮ᠎ᠠ ᠠᠰᠠᠭᠤᠳᠠᠯ ᠪᠠ ᠬᠦᠨᠳᠦ ᠨᠣᠴᠢᠲᠠᠢ ᠬᠡᠮ ᠰᠣᠭᠣᠭ᠎ᠲᠤ ᠠᠩᠬᠠᠷᠤᠯ᠎ᠢᠶᠠᠨ ᠲᠥᠪᠯᠡᠷᠡᠭᠦᠯᠵᠦ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠤᠯᠤᠰ ᠲᠥᠷᠥ᠎ᠶᠢᠨ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠬᠤ᠎ᠶᠢ ᠲᠦᠯᠬᠢᠨ ᠠᠬᠢᠭᠤᠯᠵᠤ᠂ ᠢᠯᠵᠢᠷᠠᠬᠦ ᠡᠴᠡ ᠵᠢᠷᠦᠬᠡᠰᠢᠶᠡᠬᠦ᠂ ᠢᠯᠵᠢᠷᠠᠵᠤ ᠪᠣᠯᠬᠤ ᠦᠭᠡᠢ᠂ ᠢᠯᠵᠢᠷᠠᠬᠦ᠎ᠶᠢ ᠪᠤᠳᠤᠬᠤ ᠦᠭᠡᠢ ᠪᠠᠢᠬᠤ᠎ᠶᠢ ᠨᠢᠭᠡ ᠴᠣᠭᠴᠠᠵᠢᠭᠤᠯᠤᠨ ᠠᠬᠢᠭᠤᠯᠬᠤ᠎ᠶᠢ ᠪᠠᠷᠢᠮᠲᠠᠯᠠᠵᠤ᠂《ᠮᠢᠩᠭ᠎ᠠ ᠲᠦᠮᠡᠨ ᠬᠥᠮᠥᠨ᠎ᠲᠠᠢ ᠮᠠᠭᠤᠳᠠᠯᠴᠠᠭᠰᠠᠨ ᠴᠦ᠍᠂ ᠠᠷᠪᠠᠨ ᠲᠦᠷᠪᠡᠨ ᠳ᠋ᠦᠩᠰᠢᠭᠤᠷ ᠬᠦᠮᠦᠨ᠎ᠢ ᠦᠯᠦ ᠬᠥᠰᠡᠷᠳᠡᠭᠦᠯᠬᠦ》ᠡᠭᠦᠷᠭᠡ ᠬᠠᠷᠢᠭᠤᠴᠠᠯᠭ᠎ᠠ᠎ᠪᠠᠷ ᠢᠯᠵᠢᠷᠡᠯ᠎ᠢ ᠡᠰᠡᠷᠭᠦᠴᠡᠬᠦ ᠲᠡᠮᠡᠴᠡᠯ᠎ᠦᠨ ᠳᠡᠢᠯᠦᠩᠭᠦᠢ ᠢᠯᠠᠯᠲᠠ᠎ᠶᠢ ᠣᠯᠤᠭᠰᠠᠨ᠎ᠤ ᠬᠠᠮᠲᠤ ᠪᠦᠬᠦ ᠲᠠᠯ᠎ᠠ᠎ᠪᠠᠷ ᠪᠡᠬᠢᠵᠢᠭᠦᠯᠪᠡ ᠁ 《ᠭᠣᠣᠯ ᠭᠠᠲᠤᠯᠬᠤ》 ᠡᠭᠦᠷᠭᠡ᠎ᠶᠢ ᠪᠠᠢᠷᠢᠯᠠᠭᠤᠯᠤᠭᠰᠠᠨ ᠵᠢᠡᠷ ᠪᠠᠷᠠᠬᠤ ᠦᠭᠡᠢ ᠪᠠᠰᠠ 《ᠬᠥᠭᠥᠷᠭᠡ ᠪᠤᠶᠤ ᠣᠩᠭᠣᠴᠠ》 ᠶ᠋ᠢᠨ ᠠᠰᠠᠭᠤᠳᠠᠯ᠎ᠢ ᠵᠢᠯᠣᠭᠣᠳᠤᠨ ᠰᠢᠢᠳᠪᠦᠷᠢᠯᠡᠵᠦ᠂ ᠰᠢ᠎ᠶᠢᠨ ᠫᠢᠩ᠎ᠤᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ ᠨᠢ ᠵᠢᠮ᠎ᠡ ᠶᠤᠰᠤ ᠵᠢ ᠤᠢᠯᠠᠭᠠᠵᠤ ᠦᠢᠯᠡᠳᠦᠯᠭᠡ᠎ᠳᠦ ᠬᠡᠷᠡᠭᠯᠡᠨ᠂ ᠵᠢᠮ᠎ᠡ ᠶᠤᠰᠤ ᠦᠢᠯᠡᠳᠦᠯᠭᠡ ᠵᠢ ᠨᠢᠭᠡᠳᠬᠡᠵᠤ᠂ ᠳᠤᠮᠳᠠᠳᠤ ᠤᠯᠤᠰ᠎ᠤᠨ ᠡᠪ ᠬᠠᠮᠲᠦ ᠨᠠᠮ ᠭᠡᠭᠴᠢ ᠶᠠᠭᠤ ᠪᠣᠯᠬᠤ᠂ ᠶᠠᠭᠤ ᠬᠢᠬᠦ ᠭᠡᠰᠡᠨ ᠡᠨᠡ ᠬᠦ᠌ ᠦᠨᠳᠦᠰᠦᠨ ᠠᠰᠠᠭᠤᠳᠠᠯ᠎ᠢ ᠭᠦᠨᠵᠡᠭᠡᠢ ᠲᠣᠳᠣᠷᠬᠠᠢᠯᠠᠵᠤ᠂ ᠮᠠᠷᠺᠰ᠎ᠤᠨ ᠦᠵᠡᠯ᠎ᠦᠨ ᠦᠨᠡᠨ ᠶᠣᠰᠣᠨ᠎ᠤ ᠬᠦᠴᠦᠨ᠎ᠢ ᠢᠯᠡᠷᠡᠭᠦᠯᠪᠡ᠃
ᠰᠢᠨᠵᠢᠯᠡᠬᠦ ᠤᠬᠠᠭᠠᠨᠴᠢ ᠣᠪᠣᠷ᠎ᠢᠶᠠᠷ ᠰᠢᠨᠵᠢᠯᠡᠬᠦ ᠤᠬᠠᠭᠠᠨ᠎ᠳᠤ ᠬᠠᠨᠳᠤᠵᠤ᠂ ᠦᠨᠡᠨ ᠶᠣᠰᠣᠨ᠎ᠤ ᠵᠣᠷᠢᠭ᠋ ᠰᠠᠨᠠᠭ᠎ᠠ᠎ᠪᠠᠷ ᠦᠨᠡᠨ ᠶᠣᠰᠣ᠌᠎ᠶᠢ ᠡᠷᠢᠯᠬᠢᠯᠡᠬᠦ ᠪᠣᠯ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠢᠮᠠᠭᠲᠠ ᠴᠠᠭ ᠦᠶ᠎ᠡ᠎ᠶᠢᠨ ᠡᠮᠦᠨ᠎ᠡ ᠡᠩᠨᠡᠭᠡᠨ᠎ᠳᠦ ᠶᠠᠪᠤᠬᠤ᠎ᠶᠢᠨ ᠦᠵᠡᠯ ᠰᠠᠨᠠᠭᠠᠨ᠎ᠤ ᠨᠢᠭᠤᠴᠠ ᠲᠡᠮᠳᠡᠭ ᠮᠥᠨ᠃ ᠰᠢ᠎ᠶᠢᠨ ᠫᠢᠩ᠎ᠤᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ ᠲᠡᠦᠬᠡ᠂ ᠪᠣᠳᠠᠲᠤ ᠠᠬᠤᠢ᠂ ᠢᠷᠡᠭᠡᠳᠦᠢ ᠵᠢ ᠨᠡᠪᠳᠡᠷᠡᠬᠦᠯᠵᠤ᠂ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠦᠢᠯᠡᠳᠦᠯᠭᠡ᠎ᠶᠢᠨ ᠬᠥᠭᠵᠢᠯᠲᠡ᠎ᠶᠢ ᠳᠠᠭᠠᠯᠳᠤᠨ ᠲᠠᠰᠤᠷᠠᠯᠳᠠ ᠦᠭᠡᠢ ᠪᠠᠶᠠᠯᠢᠭ᠍ᠵᠢᠨ ᠬᠥᠭᠵᠢᠵᠦ᠂ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠠᠬᠢᠭᠤᠯᠬᠤ ᠲᠡᠦᠬᠡᠨ ᠶᠠᠪᠤᠴᠠ᠎ᠳᠤ ᠬᠦᠴᠦᠷᠬᠡᠭ ᠶᠡᠬᠡ ᠦᠵᠡᠯ ᠰᠠᠨᠠᠭᠠᠨ᠎ᠤ ᠠᠤᠭ᠎ᠠ ᠬᠦᠴᠦᠨ ᠪᠠ ᠦᠢᠯᠡᠳᠦᠯᠭᠡ᠎ᠶᠢᠨ ᠠᠤᠭ᠎ᠠ ᠬᠦᠴᠦᠨ᠎ᠢ ᠢᠯᠡᠷᠡᠭᠦᠯᠬᠦ ᠪᠣᠯᠣᠨ᠎ᠠ᠃
ᠨᠠᠮ᠎ᠤᠨ ᠲᠡᠮᠡᠴᠡᠯ᠎ᠦᠨ ᠥᠩᠭᠡᠷᠡᠯᠲᠡ᠎ᠶᠢ ᠡᠷᠭᠢᠴᠡᠭᠦᠯᠬᠦᠶ᠎ᠡ᠂ ᠮᠠᠨ᠎ᠤ ᠨᠠᠮ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠳᠤᠮᠳᠠᠳᠤ᠎ᠶᠢᠨ ᠦᠨᠳᠦᠰᠦᠲᠡᠨ᠎ᠦ ᠬᠡᠳᠦᠨ ᠮᠢᠩᠭᠠᠨ ᠵᠢᠯ᠎ᠦᠨ ᠲᠡᠦᠬᠡᠨ᠎ᠳᠡᠬᠢ ᠬᠠᠮᠤᠭ᠎ᠤᠨ ᠠᠤᠭ᠎ᠠ ᠲᠤᠤᠯᠢᠰ᠎ᠢ ᠪᠢᠴᠢᠭᠯᠡᠵᠦ᠂ ᠠᠯᠢ ᠤᠯᠠᠨ ᠠᠭᠤᠤ ᠶᠡᠬᠡ ᠠᠮᠵᠢᠯᠲᠠ ᠪᠦᠲᠦᠮᠵᠢ᠎ᠶᠢ ᠡᠭᠦᠳᠪᠡ᠃ ᠮᠠᠷᠺᠰ᠎ᠤᠨ ᠦᠵᠡᠯ᠎ᠦᠨ ᠰᠢᠨᠵᠢᠯᠡᠬᠦ ᠤᠬᠠᠭᠠᠨᠴᠢ ᠤᠨᠤᠯ᠎ᠤᠨ ᠵᠢᠯᠣᠭᠣᠳᠤᠯᠭ᠎ᠠ᠎ᠲᠠᠢ ᠪᠠᠢᠬᠤ ᠪᠣᠯ ᠮᠠᠨ᠎ᠤ ᠨᠠᠮ᠎ᠤᠨ ᠢᠲᠡᠭᠡᠯ ᠪᠢᠰᠢᠷᠡᠯ᠎ᠢᠶᠡᠨ ᠪᠠᠲᠤᠳᠬᠠᠨ᠂ ᠲᠡᠦᠬᠡ᠎ᠶᠢᠨ ᠰᠠᠨᠠᠭᠠᠴᠢᠯᠠᠭᠠᠲᠤ ᠡᠷᠬᠡ᠎ᠶᠢ ᠡᠵᠡᠮᠳᠡᠬᠦ᠎ᠶᠢᠨ ᠦᠨᠳᠦᠰᠦ ᠮᠥᠨ ᠭᠡᠳᠡᠭ᠎ᠢ ᠲᠡᠦᠬᠡ ᠪᠠ ᠦᠢᠯᠡᠳᠦᠯᠭᠡ ᠪᠢᠳᠡᠨ᠎ᠳᠦ ᠬᠡᠯᠡᠵᠦ ᠥᠭᠴᠡᠢ᠃ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠣᠨᠴᠠᠭᠠᠢᠯᠠᠨ ᠰᠢ᠎ᠶᠢᠨ ᠫᠢᠩ᠎ᠤᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭᠠᠨ᠎ᠤ ᠵᠢᠯᠣᠭᠣᠳᠤᠯᠭ᠎ᠠ ᠳᠣᠣᠷ᠎ᠠ᠂ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ᠎ᠢ ᠭᠦᠨᠵᠡᠭᠡᠢ ᠠᠬᠢᠭᠤᠯᠪᠠᠯ᠂ ᠵᠠᠭᠤᠨ ᠵᠢᠯ᠎ᠦᠨ ᠲᠣᠮᠣ᠌ ᠨᠠᠮ᠎ᠤᠨ ᠨᠠᠮ᠎ᠢ ᠬᠠᠮᠢᠶᠠᠷᠴᠤ ᠨᠠᠮ᠎ᠢ ᠵᠠᠰᠠᠬᠤ᠂ ᠨᠠᠮ᠎ᠢᠶᠡᠨ ᠮᠠᠨᠳᠤᠭᠤᠯᠵᠤ ᠨᠠᠮ᠎ᠢᠶᠡᠨ ᠬᠦᠴᠦᠷᠬᠡᠭᠵᠢᠭᠦᠯᠬᠦ ᠰᠢᠨ᠎ᠡ ᠠᠬᠤᠢ ᠪᠠᠢᠳᠠᠯ᠎ᠢ ᠳᠠᠰᠤᠷᠠᠯᠳᠠ ᠦᠭᠡᠢ ᠡᠭᠦᠳᠴᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠰᠢᠨ᠎ᠡ ᠠᠶᠠᠨ᠎ᠳᠤ ᠬᠣᠶᠠᠷ ᠶᠡᠬᠡ ᠭᠠᠢᠬᠠᠮᠰᠢᠭ᠎ᠤᠨ ᠰᠢᠨ᠎ᠡ ᠬᠠᠭᠤᠳᠠᠰᠤ᠎ᠶᠢ ᠦᠷᠭᠦᠯᠵᠢᠯᠡᠨ ᠪᠢᠴᠢᠭᠯᠡᠬᠦ ᠨᠢ ᠯᠠᠪᠲᠠᠢ᠃
(ᠰᠢᠨᠬᠤᠸᠠ ᠬᠤᠷᠢᠶ᠎ᠠ᠎ᠶᠢᠨ ᠪᠡᠭᠡᠵᠢᠩ᠎ᠤᠨ 6 ᠰᠠᠷ᠎ᠠ᠎ᠶᠢᠨ 17 ᠤ᠋ ᠴᠠᠬᠢᠯᠭᠠᠨ ᠮᠡᠳᠡᠭᠡ)