ᠰᠤᠷᠪᠤᠯᠵᠢᠯᠠᠭᠴᠢ 6 ᠰᠠᠷ᠎ᠠ᠎ᠶᠢᠨ 17 ᠤ ᠡᠳᠦᠷ ᠬᠤᠷᠠᠯᠳᠤᠭᠰᠠᠨ ᠪᠤᠭᠤᠲᠤ ᠬᠤᠳᠠ᠎ᠶᠢᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠰᠣᠨᠢᠨ ᠮᠡᠳᠡᠭᠡ ᠨᠡᠢᠲᠡᠯᠡᠬᠦ ᠬᠤᠷᠠᠯ᠎ᠠᠴᠠ ᠣᠢᠯᠠᠭᠠᠭᠰᠠᠨ᠎ᠢᠶᠠᠷ᠂ ᠪᠤᠭᠤᠲᠤ ᠬᠤᠳᠠ᠎ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ ᠶᠢᠨ ᠬᠣᠷᠢᠶᠠᠨ᠎ᠤ 39 ᠳ᠋ᠤᠭᠡᠷ ᠬᠤᠷᠠᠯ᠎ᠠᠴᠠ 《〈ᠪᠤᠭᠤᠲᠤ᠎ᠶᠢᠨ ᠠᠵᠤ ᠠᠬᠤᠢᠯᠠᠯᠲᠠᠨ ᠤ ᠡᠳᠦᠷ 〉 ᠢ᠋ ᠲᠣᠭᠲᠠᠭᠠᠬᠤ ᠲᠤᠬᠠᠢ ᠲᠣᠭᠲᠠᠭᠠᠯ ( ᠲᠥᠰᠦᠯ ) 》 ᠢ᠋ ᠪᠦᠷᠢᠨ ᠪᠢᠯᠧᠲ᠎ᠢᠶᠡᠷ ᠪᠠᠲᠤᠯᠠᠵᠤ᠂ 2026 ᠣᠨ᠎ᠠᠴᠠ ᠡᠬᠢᠯᠡᠨ᠂ ᠵᠢᠯ ᠪᠦᠷᠢ᠎ᠶᠢᠨ 8 ᠰᠠᠷ᠎ᠠ᠎ᠶᠢᠨ 23 ᠤ ᠡᠳᠦᠷ ᠢ 《ᠪᠤᠭᠤᠲᠤ᠎ᠶᠢᠨ ᠠᠵᠤ ᠠᠬᠤᠢᠯᠠᠯᠲᠠᠨ᠎ᠤ ᠡᠳᠦᠷ 》 ᠪᠣᠯᠭᠠᠪᠠ᠃ ᠡᠨᠡ ᠨᠢ ᠮᠥᠨ ᠴᠤ᠌ ᠪᠦᠬᠦ ᠣᠷᠣᠨ ᠤ ᠠᠩᠬᠠᠳᠠᠭᠴᠢ ᠬᠠᠤᠯᠢ ᠪᠡᠷ ᠲᠣᠭᠲᠠᠭᠠᠭᠰᠠᠨ ᠠᠵᠤ ᠠᠬᠤᠢᠯᠠᠯᠲᠠᠨ᠎ᠤ ᠡᠳᠦᠷ ᠪᠣᠯᠤᠨ᠎ᠠ᠃
《 ᠲᠣᠭᠲᠠᠭᠠᠯ 》 ᠳ᠋ᠤ ᠪᠥᠬᠥ ᠬᠣᠲᠠ᠎ᠪᠠᠷ᠎ᠢᠶᠠᠨ ᠠᠵᠤ ᠠᠬᠤᠢᠯᠠᠯᠲᠠᠨ᠎ᠤ ᠡᠳᠦᠷ ᠤᠨ ᠠᠭᠤᠯᠤᠭᠳᠠᠬᠤᠨ ᠢ ᠡᠯᠪᠡᠭᠵᠢᠭᠦᠯᠦᠨ ᠪᠠᠶᠠᠯᠢᠭᠵᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠲᠠᠰᠤᠷᠠᠯᠳᠠ ᠦᠭᠡᠢ ᠰᠢᠯᠢᠳᠡᠭᠵᠢᠭᠦᠯᠵᠦ᠂ ᠵᠠᠰᠠᠭ ᠤᠨ ᠣᠷᠳᠣᠨ ᠪᠠ ᠬᠤᠳᠠᠯᠳᠤᠭᠠᠴᠢᠨ᠎ᠤ ᠬᠣᠭᠣᠷᠣᠨᠳᠣᠬᠢ ᠳᠣᠲᠣᠨᠣ ᠴᠢᠬᠡᠴᠢ ᠬᠠᠷᠢᠴᠠᠭ᠎ᠠ᠎ᠶᠢ ᠪᠣᠢᠵᠢᠭᠤᠯᠵᠤ᠂ ᠪᠥᠬᠥ ᠰᠡᠳᠬᠢᠯ ᠪᠥᠬᠥ ᠵᠣᠷᠢᠭ᠎ᠢᠶᠠᠷ᠎ᠢᠶᠠᠨ ᠠᠵᠤ ᠠᠬᠤᠢᠯᠠᠯ᠎ᠤᠨ ᠬᠥᠭᠵᠢᠯᠲᠡ᠎ᠳᠦ ᠦᠢᠯᠡᠴᠢᠯᠡᠬᠦ ᠬᠡᠷᠡᠭᠲᠡᠶ ᠭᠡᠵᠦ ᠱᠠᠭᠠᠷᠳᠠᠪᠠ᠃
ᠣᠢᠷ᠎ᠠ᠎ᠶᠢᠨ ᠵᠢᠯ᠎ᠦᠨ ᠲᠤᠷᠰᠢ᠂ ᠪᠤᠭᠤᠲᠤ ᠬᠣᠲᠠ ᠠᠵᠤ ᠠᠬᠤᠢᠯᠠᠯ᠎ᠤᠨ ᠬᠥᠭᠵᠢᠯᠲᠡ ᠬᠢᠭᠡᠳ ᠠᠵᠤ ᠠᠬᠤᠢᠯᠠᠯᠲᠠᠨ᠎ᠤ ᠡᠩᠨᠡᠭᠡ᠎ᠶᠢᠨ ᠪᠠᠢᠭᠤᠯᠤᠯᠲᠠ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ ᠂ 《 ᠰᠡᠳᠬᠢᠯ ᠬᠠᠨᠤᠮᠵᠢᠲᠠᠶ ᠪᠠᠢᠬᠤ᠎ᠶᠢ ᠪᠠᠲᠤᠯᠠᠬᠤ᠂ ᠰᠠᠨᠠᠭ᠎ᠠ ᠠᠮᠤᠷ ᠪᠠᠢᠬᠤ᠎ᠶᠢ ᠪᠠᠲᠤᠯᠠᠬᠤ》 ᠪᠡᠷ ᠠᠭᠤᠯᠭ᠎ᠠ ᠪᠤᠯᠭᠠᠬᠰᠠᠨ《 ᠬᠣᠶᠠᠷ᠎ᠢ ᠪᠠᠳᠤᠯᠠᠬᠤ 》 ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ᠋ ᠪᠠᠢᠭᠤᠯᠤᠨ ᠲᠡᠭᠦᠯᠳᠡᠷᠵᠢᠬᠦᠯᠵᠦ ᠪᠠᠢᠨ᠎ᠠ᠃ ᠵᠢᠯ᠎ᠦᠨ ᠡᠬᠢᠨ᠎ᠳᠦ ᠳᠠᠷᠤᠮᠠᠯᠯᠠᠨ ᠲᠠᠷᠬᠠᠭᠠᠭᠰᠠᠨ 《ᠪᠤᠭᠤᠲᠤ ᠬᠣᠲᠠ᠎ᠶᠢᠨ 2026 ᠣᠨ᠎ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠬᠡᠷᠡᠭᠵᠢᠭᠦᠯᠬᠦ ᠲᠥᠰᠦᠯ 》 ᠳ᠋ᠤ ᠂ 《 ᠪᠤᠭᠤᠲᠤ᠎ᠶᠢᠨ ᠠᠵᠤ ᠠᠬᠤᠶ᠋ᠢᠯᠠᠯᠲᠠᠨ᠎ᠤ ᠡᠳᠦᠷ 》 ᠢ᠋ ᠲᠤᠭᠳᠠᠭᠠᠬᠤ ᠪᠠᠷ ᠲᠣᠳᠣᠷᠬᠠᠶ ᠳᠤᠷᠠᠳᠴᠤ ᠂ ᠲᠤᠰᠬᠠᠢ ᠪᠠᠶᠠᠷ᠎ᠤᠨ ᠡᠳᠦᠷ ᠤᠨ ᠬᠡᠯᠪᠡᠷᠢ ᠪᠡᠷ ᠠᠵᠤ ᠠᠬᠤᠢᠯᠠᠯᠲᠠᠨ᠎ᠳᠤ ᠬᠠᠢᠷ᠎ᠠ ᠬᠦᠨᠳᠦᠳᠬᠡᠯ ᠲᠡᠪᠰᠢᠭᠦᠯᠦᠨ᠂ ᠲᠡᠳᠡᠨᠤᠰ ᠤᠨ ᠦᠨᠡᠨᠴᠢ ᠵᠢᠳᠬᠦᠯ ᠳᠤ ᠬᠦᠨ ᠲᠠᠯᠠᠷᠬᠠᠯ ᠳᠡᠪᠰᠢᠭᠦᠯᠵᠦ᠂ ᠠᠵᠤ ᠠᠬᠤᠢᠯᠠᠯᠲᠠᠨ᠎ᠢ ᠦᠨᠡᠨᠬᠦ ᠬᠣᠲᠠ᠎ᠶᠢᠨ ᠬᠥᠭᠵᠢᠯᠲᠡ᠎ᠶᠢᠨ 《 ᠭᠤᠤᠯ ᠪᠠᠭᠠᠲᠤᠷ 》 ᠪᠣᠯᠭᠠᠬᠤ᠎ᠶᠢ ᠵᠤᠷᠢᠬᠰᠠᠨ ᠶᠤᠮ᠃
ᠬᠠᠮᠢᠶ᠎ᠠ ᠪᠦᠬᠦᠢ ᠲᠣᠭ᠎ᠠ ᠪᠠᠷᠢᠮᠲᠠᠳ᠋ᠤ ᠪᠤᠭᠤᠲᠤ ᠬᠤᠳᠠ ᠵᠢᠨ ᠠᠷᠠᠳ᠎ᠤᠨ ᠡᠵᠡᠩᠨᠡᠯᠲᠡ᠎ᠶᠢᠨ ᠠᠵᠤ ᠠᠬᠤᠶ᠎ᠶᠢᠨ ᠬᠤᠳᠠ ᠵᠢᠨ ᠬᠦᠭᠵᠢᠯᠳᠡ ᠳ᠋ᠡᠬᠢ ᠰᠠᠭᠤᠷᠢ ᠴᠢᠯᠠᠭᠤ᠎ᠶᠢᠨ ᠦᠢᠯᠡᠳᠦᠯ᠎ᠢ ᠭᠦᠢᠴᠡᠳ ᠢᠯᠡᠷᠡᠭᠦᠯᠦᠭᠰᠡᠨ ᠪᠠᠢᠨ᠎ᠠ᠃ ᠲᠤᠰ ᠬᠣᠲᠠ᠎ᠶᠢᠨ ᠠᠷᠠᠳ᠎ᠤᠨ ᠡᠵᠡᠩᠨᠡᠯᠲᠡ᠎ᠶᠢᠨ ᠵᠠᠬ᠎ᠠ ᠳᠡᠯᠭᠡᠭᠦᠷ᠎ᠦᠨ ᠭᠤᠤᠯ ᠴᠣᠭᠴᠠ 27 ᠲᠦᠮᠡᠨ ᠡᠷᠦᠬᠡ᠎ᠶᠢ ᠳᠠᠪᠠᠵᠤ ᠂ ᠡᠵᠡᠩᠨᠡᠯᠲᠡ᠎ᠶᠢᠨ ᠭᠤᠤᠯ ᠴᠣᠭᠴᠠ᠎ᠶᠢᠨ 96% ᠡᠴᠠ ᠳᠡᠭᠡᠭᠰᠢᠬᠢ᠎ᠶᠢ ᠡᠵᠡᠯᠡᠵᠦ᠂ ᠵᠢᠷᠭᠤᠭᠠᠨ ᠬᠤᠪᠢ᠎ᠠᠴᠠ ᠳᠡᠭᠡᠭᠰᠢᠬᠢ GDPᠵᠢᠨ ᠬᠤᠪᠢ ᠨᠡᠮᠡᠷᠢ ᠦᠵᠡᠭᠦᠯᠵᠦ᠂ ᠨᠢᠭᠡᠳᠦᠭᠡᠷ ᠤᠯᠠᠷᠢᠯ᠎ᠳᠤ ᠠᠷᠠᠳ᠎ᠤᠨ ᠡᠵᠡᠩᠨᠡᠯᠲᠡ᠎ᠶᠢᠨ ᠠᠵᠤ ᠠᠬᠤᠶ᠎ᠶᠢᠨ ᠨᠡᠮᠡᠭᠳᠡᠯ ᠥᠷᠲᠡᠭ 7.8% ᠪᠠᠷ ᠨᠡᠮᠡᠭᠳᠡᠭᠰᠡᠨ ᠪᠠᠢᠨ᠎ᠠ᠃ ᠪᠤᠭᠤᠲᠤ ᠬᠣᠲᠠ ᠤᠮᠠᠷᠠᠲᠤ ᠣᠷᠣᠨ᠎ᠤ ᠴᠣᠷ᠎ᠤᠨ ᠭᠠᠭᠴᠠ 《ᠠᠵᠤ ᠠᠬᠤᠢᠯᠠᠯᠲᠠᠨ᠎ᠤ ᠵᠢᠷᠭᠠᠯᠳᠤ ᠲᠥᠷᠥᠭᠳᠡᠯ᠎ᠦᠨ ᠣᠨ᠎ᠤ ᠬᠦᠨᠳᠦᠳᠬᠡᠯ ᠳᠡᠪᠰᠢᠭᠦᠯᠬᠦ ᠬᠣᠲᠠ 》 ᠪᠠᠷ ᠦᠨᠡᠯᠡᠭᠳᠡᠪᠡ᠃
ᠪᠦᠷᠢᠨ ᠪᠤᠰᠤ ᠪᠦᠷᠢᠳᠬᠡᠯ᠎ᠢ ᠦᠨᠳᠦᠰᠦᠯᠡᠪᠡᠯ᠂ ᠣᠳᠣᠬᠠᠨ᠎ᠳᠤ ᠪᠦᠬᠦ ᠤᠯᠤᠰ᠎ᠤᠨ 50 ᠭᠠᠷᠤᠶ ᠬᠣᠲᠠ ᠠᠵᠤ ᠠᠬᠤᠢᠯᠠᠯᠲᠠᠨ᠎ᠤ ᠡᠳᠦᠷ ᠭᠠᠷᠭᠠᠭᠰᠠᠨ ᠪᠠᠢᠨ᠎ᠠ᠃ ᠪᠤᠭᠤᠲᠤ ᠬᠣᠲᠠ᠎ᠶᠢᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠶᠠᠩᠵᠸᠦ᠂ ᠱᠧᠨᠵᠧᠨ᠂ ᠵᠸᠩᠵᠸᠦ ᠵᠡᠷᠭᠡ ᠬᠣᠲᠠ᠎ᠶᠢᠨ ᠲᠡᠷᠢᠭᠦᠨ᠎ᠦ ᠲᠤᠷᠰᠢᠯᠭ᠎ᠠ᠎ᠶᠢ ᠬᠦᠢᠴᠡᠳ ᠰᠤᠷᠤᠯᠴᠠᠨ ᠲᠣᠯᠢ ᠪᠣᠯᠭᠠᠭᠰᠠᠨᠦ ᠰᠠᠭᠤᠷᠢᠨ ᠳᠡᠭᠡᠷ᠎ᠡ᠂ ᠲᠣᠰ ᠬᠣᠲᠠ᠎ᠶᠢᠨ᠎ᠢᠶᠠᠨ ᠠᠵᠢᠯ᠎ᠤᠨ ᠪᠣᠳᠠᠲᠤ ᠪᠠᠢᠳᠠᠯ᠎ᠲᠠᠶ ᠤᠶᠠᠯᠳᠤᠭᠤᠯᠤᠨ᠂ ᠪᠤᠭᠤᠲᠤ᠎ᠶᠢᠨ ᠠᠵᠤ ᠠᠬᠤᠢᠯᠠᠯᠲᠠᠨ ᠤ ᠡᠳᠦᠷ ᠭᠠᠷᠭᠠᠬᠤ ᠲᠣᠭᠲᠠᠭᠠᠯ᠎ᠢ ᠬᠠᠤᠯᠢ ᠶᠣᠰᠣᠭᠠᠷ ᠪᠠᠳᠤᠯᠠᠵᠦ᠂ ᠬᠤᠳᠠᠯᠳᠤᠭ᠎ᠠ ᠶᠢ ᠬᠦᠨᠳᠦᠳᠬᠡᠵᠦ ᠠᠵᠤ ᠠᠬᠤᠢᠯᠠᠯ᠎ᠢ ᠴᠢᠬᠤᠯᠠᠴᠢᠯᠠᠬᠤ᠂ ᠬᠤᠳᠠᠯᠳᠤᠭ᠎ᠠ᠎ᠶᠢ ᠳᠣᠲᠣᠨᠣᠴᠢᠯᠠᠵᠤ ᠬᠤᠳᠠᠯᠳᠤᠭ᠎ᠠ᠎ᠶᠢ ᠠᠮᠤᠷᠵᠢᠭᠤᠯᠬᠤ ᠣᠢᠯᠠᠭᠠᠭᠳᠠᠬᠤᠨ ᠪᠠ ᠦᠢᠯᠡᠳᠦᠯᠭᠡ᠎ᠶᠢ ᠬᠠᠤᠯᠢ ᠲᠦᠷᠢᠮ᠎ᠦᠨ ᠬᠡᠯᠪᠡᠷᠢ᠎ᠪᠡᠷ ᠲᠣᠭᠲᠠᠪᠤᠷᠢᠵᠢᠭᠤᠯᠤᠨ ᠪᠠᠳᠤᠯᠠᠵᠦ᠂ ᠪᠣᠳᠠᠲᠤ ᠴᠣᠭᠴᠠ᠎ᠶᠢᠨ ᠠᠵᠤ ᠠᠬᠤᠶ᠎ᠶᠢᠨ ᠬᠥᠭᠵᠢᠯᠲᠡ ᠪᠠ ᠠᠵᠤ ᠠᠬᠤᠢᠯᠠᠯᠲᠠᠨ᠎ᠤ ᠦᠰᠤᠯᠳᠠ ᠪᠣᠢᠵᠢᠯᠲᠠ᠎ᠳᠤ ᠪᠠᠲᠤᠯᠠᠭ᠎ᠠ ᠬᠠᠩᠭᠠᠬᠰᠠᠨ ᠪᠠᠢᠨ᠎ᠠ᠃