ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠣᠷᠣᠨ ᠰᠠᠭᠤᠴᠠ ᠪᠠ ᠬᠣᠲᠠ ᠬᠥᠳᠡᠭᠡ ᠶ᠋ᠢᠨ ᠪᠥᠲᠥᠭᠡᠨ ᠪᠠᠶ᠋ᠢᠭᠤᠯᠤᠯᠲᠠ ᠶ᠋ᠢᠨ ᠲᠢᠩᠬᠢᠮ ᠡᠴᠡ ᠤᠢᠯᠠᠭᠠᠬᠰᠠᠨ ᠵᠢᠡᠷ᠂ ᠣᠯᠠᠨ ᠲᠦᠮᠡᠨ ᠤ᠋ ᠬᠠᠯᠠᠭᠤᠨ ᠳᠤᠯᠠᠭᠠᠨ ᠡᠪᠦᠯᠵᠢᠬᠦ᠌ ᠵᠢ ᠪᠠᠲᠤᠯᠠᠬᠤ ᠶ᠋ᠢᠨ ᠲᠥᠯᠥᠭᠡ᠂ ᠲᠣᠰ ᠲᠢᠨᠭᠬᠢᠮ ᠤ᠋ᠨ ᠬᠢᠨ ᠣᠶ᠋ᠢᠷ᠎ᠠ ᠳ᠋ᠤ ᠪᠥᠬᠥ᠌ ᠣᠷᠣᠨ ᠤ᠋ ᠬᠣᠲᠠ ᠪᠠᠯᠭᠠᠰᠤᠨ ᠤ᠋ ᠳᠤᠯᠠᠭᠠᠯᠠᠭ᠎ᠠ ᠬᠠᠨᠭᠭᠠᠬᠤ ᠦᠢᠯᠡᠴᠢᠯᠡᠭᠡᠨ ᠤ᠋ ᠶᠠᠰᠤ ᠴᠢᠨᠠᠷ ᠢ᠋ ᠳᠡᠭᠡᠭᠰᠢᠯᠡᠭᠦᠯᠬᠦ᠌ ᠠᠵᠢᠯ ᠵᠢᠡᠨ ᠪᠠᠢᠷᠢᠯᠠᠭᠤᠯᠵᠦ᠂ ᠲᠠᠷᠠᠭᠠᠴᠢ ᠶ᠋ᠢᠨ ᠠᠯᠬᠤᠮ ᠤ᠋ᠨ ᠳᠤᠯᠠᠭᠠᠯᠠᠭ᠎ᠠ ᠬᠠᠩᠭᠠᠬᠤ ᠪᠠᠲᠤᠯᠠᠭ᠎ᠠ ᠶ᠋ᠢᠨ ᠠᠵᠢᠯ ᠢ᠋ ᠲᠤᠬᠢᠷᠠᠭᠤᠯᠪᠠ᠃
ᠠᠵᠢᠯ ᠤ᠋ᠨ ᠲᠣᠬᠢᠷᠠᠭᠤᠯᠤᠯᠲᠠ ᠳ᠋ᠤ᠂ ᠡᠯ᠎ᠡ ᠭᠠᠵᠠᠷ ᠤ᠋ᠨ ᠳᠤᠯᠠᠭᠠᠯᠠᠭ᠎ᠠ ᠬᠠᠩᠭᠠᠬᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤ᠋ᠨ ᠬᠢᠨ ᠠᠵᠢᠯ ᠲᠥᠷᠥᠯ ᠤ᠋ᠨ ᠬᠢᠨᠠᠯᠲᠠ ᠬᠠᠮᠢᠶᠠᠷᠤᠯᠲᠠ ᠶ᠋ᠢᠨ ᠭᠤᠤᠯ ᠴᠣᠭᠴᠠ ᠶ᠋ᠢᠨ ᠬᠠᠷᠢᠭᠤᠴᠠᠯᠭ᠎ᠠ ᠪᠠᠨ ᠦᠨᠡᠨ ᠬᠦ᠌ ᠭᠦᠢᠴᠡᠳᠬᠡᠵᠦ᠍᠂ ᠬᠣᠲᠠ ᠪᠠᠯᠭᠠᠰᠤ ᠶ᠋ᠢᠨ ᠳᠤᠯᠠᠭᠠᠯᠠᠭ᠎ᠠ ᠬᠠᠩᠭᠠᠬᠤ ᠦᠢᠯᠡᠴᠢᠯᠡᠭᠡᠨ ᠤ᠋ ᠪᠠᠷᠢᠮᠵᠢᠶ᠎ᠠ ᠲᠠᠢ ᠬᠠᠷᠭᠤᠭᠤᠯᠤᠨ᠂ ᠲᠣᠰ ᠭᠠᠵᠠᠷ ᠣᠷᠣᠨ ᠤ᠋ ᠳᠤᠯᠠᠭᠠᠯᠠᠭ᠎ᠠ ᠬᠠᠩᠭᠠᠬᠤ ᠦᠢᠯᠡᠴᠢᠯᠡᠭᠡᠨ ᠤ᠋ ᠵᠢᠷᠤᠮᠵᠢᠯ ᠢ᠋ ᠨᠠᠷᠢᠯᠢᠬᠵᠢᠭᠤᠯᠤᠨ ᠲᠡᠭᠦᠯᠳᠡᠷᠵᠢᠭᠦᠯᠬᠦ᠌ ᠬᠡᠷᠡᠭᠲᠡᠶ᠃ ᠳᠤᠯᠠᠭᠠᠯᠠᠭ᠎ᠠ ᠬᠠᠩᠭᠠᠬᠤ ᠰᠦᠢᠳᠬᠡᠯ ᠬᠤᠷᠢᠶᠠᠬᠤ ᠬᠠᠮᠢᠶᠠᠷᠤᠯᠲᠠ ᠶ᠋ᠢᠨ ᠳᠦᠷᠢᠮ ᠢ᠋ ᠪᠦᠷᠢᠨᠰᠢᠭᠦᠯᠵᠦ᠍᠂ ᠰᠦᠢᠳᠬᠡᠯ ᠬᠤᠷᠢᠶᠠᠬᠤ᠂ ᠰᠦᠢᠳᠬᠡᠯ ᠪᠤᠴᠠᠭᠠᠬᠤ ᠪᠠ ᠪᠠᠷᠢᠮᠵᠢᠶ᠎ᠠ ᠬᠡᠲᠦᠷᠡᠭᠰᠡᠨ ᠡᠴᠡ ᠰᠦᠢᠳᠬᠡᠯ ᠬᠤᠷᠢᠶᠠᠬᠤ ᠵᠡᠷᠭᠡ ᠬᠡᠷᠡᠭᠵᠢᠭᠦᠯᠬᠦ᠌ ᠨᠠᠷᠢᠨ ᠳᠦᠷᠢᠮ ᠢ᠋ ᠲᠣᠳᠣᠷᠬᠠᠶ᠋ᠢᠯᠠᠵᠤ᠂ ᠪᠣᠳᠠᠲᠤ᠌ ᠪᠠᠶ᠋ᠢᠳᠠᠯ ᠲᠠᠢ ᠪᠠᠨ ᠤᠶᠠᠯᠳᠤᠭᠤᠯᠤᠨ᠂ ᠲᠤᠰ ᠭᠠᠵᠠᠷ ᠣᠷᠣᠨ ᠤ᠋ ᠳᠤᠯᠠᠭᠠᠯᠠᠭ᠎ᠠ ᠬᠠᠩᠭᠠᠬᠤ ᠬᠤᠭᠤᠴᠠᠭᠠᠨ ᠳ᠋ᠡᠬᠢ ᠭᠡᠷ ᠳᠣᠲᠣᠷᠠᠬᠢ ᠳᠤᠯᠠᠭᠠᠨ ᠤ᠋ ᠬᠡᠮᠵᠢᠶ᠎ᠡ ᠶ᠋ᠢᠨ ᠪᠠᠷᠢᠮᠵᠢᠶ᠎ᠠ ᠵᠢ ᠰᠢᠨᠵᠢᠯᠡᠬᠦ᠌ ᠤᠬᠠᠭᠠᠨᠴᠢ ᠪᠡᠷ ᠲᠣᠭᠲᠠᠭᠠᠬᠤ ᠬᠡᠷᠡᠭᠲᠡᠶ᠃ ᠨᠢᠭᠡᠳᠦᠭᠡᠷ ᠹᠷᠣᠨᠲ ᠤ᠋ᠨ ᠠᠵᠢᠯᠲᠠᠨ ᠤ᠋ ᠦᠢᠯᠡᠴᠢᠯᠡᠭᠡᠨ ᠤ᠋ ᠤᠬᠠᠮᠰᠠᠷ ᠢ᠋ ᠤᠯᠠᠮ ᠲᠡᠭᠡᠭᠰᠢᠯᠡᠬᠦᠯᠵᠤ᠂ ᠳᠤᠯᠠᠭᠠᠯᠠᠭ᠎ᠠ ᠬᠠᠩᠭᠠᠬᠤ ᠠᠵᠤ ᠠᠬᠤᠶ᠋ᠢᠯᠠᠯ ᠤ᠋ᠨ 《ᠠᠷᠠᠳ ᠢ᠋ ᠰᠤᠷᠪᠤᠯᠵᠢᠯᠠᠨ ᠳᠤᠯᠠᠭᠠᠯᠠᠭ᠎ᠠ ᠶ᠋ᠢᠨ ᠪᠠᠢᠳᠠᠯ ᠢ᠋ ᠤᠢᠯᠠᠭᠠᠬᠤ》 ᠡᠷᠴᠢᠮ ᠢ᠋ᠶ᠋ᠡᠨ ᠴᠢᠩᠭᠠᠷᠠᠭᠤᠯᠬᠤ ᠵᠢ ᠱᠠᠯᠠᠪᠳᠠᠭᠤᠯᠵᠤ᠂ ᠠᠰᠠᠭᠤᠳᠠᠯ ᠢ᠋ ᠣᠯᠠᠨ ᠲᠤᠰᠬᠠᠭᠰᠠᠨ ᠰᠠᠭᠤᠭᠠᠯᠢ ᠠᠷᠠᠳ ᠤ᠋ᠨ ᠲᠣᠭᠣᠷᠢᠭ ᠲᠦ᠍ ᠴᠢᠭᠯᠡᠭᠦᠯᠦᠨ ᠭᠡᠷ ᠲᠤᠨᠢ ᠬᠦᠷᠴᠦ᠍ ᠵᠢᠭᠰᠠᠭᠠᠨ ᠪᠠᠶ᠋ᠢᠴᠠᠭᠠᠬᠤ᠂ ᠭᠡᠷ ᠲᠤᠨᠢ ᠬᠦᠷᠴᠦ᠍ ᠪᠠᠶ᠋ᠢᠴᠠᠭᠠᠨ ᠰᠡᠯᠪᠢᠬᠦ᠌᠂ ᠭᠡᠷ ᠲᠤᠨᠢ ᠬᠦᠷᠴᠦ᠍ ᠦᠢᠯᠡᠴᠢᠯᠡᠬᠦ ᠪᠠᠶ᠋ᠢᠩᠭᠤᠵᠢᠭᠰᠠᠨ ᠲᠣᠭᠲᠠᠴᠠ ᠵᠢ ᠪᠠᠶ᠋ᠢᠭᠤᠯᠤᠨ᠂ ᠰᠦᠯᠵᠢᠶᠡᠨ ᠳᠡᠭᠡᠷ᠎ᠡ ᠪᠠ ᠲᠤᠬᠠᠢ ᠶ᠋ᠢᠨ ᠲᠠᠯᠠᠪᠤᠷ ᠵᠡᠷᠭᠡ ᠠᠷᠭ᠎ᠠ ᠬᠡᠯᠪᠡᠷᠢ ᠪᠡᠷ ᠳᠠᠮᠵᠢᠭᠤᠯᠤᠨ᠂ ᠦᠢᠯᠡᠴᠢᠯᠡᠭᠡᠨ ᠤ᠋ ᠠᠷᠭ᠎ᠠ ᠭᠡᠯᠪᠠᠷᠢ ᠪᠠᠨ ᠰᠠᠢᠵᠢᠷᠠᠭᠤᠯᠵᠤ᠂ ᠣᠯᠠᠨ ᠲᠦᠮᠡᠨ ᠤ᠋ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ ᠢ᠋ ᠢᠳᠡᠪᠬᠢᠲᠡᠶ ᠰᠢᠢᠳᠪᠦᠷᠢᠯᠡᠬᠦ ᠬᠡᠷᠡᠭᠲᠡᠢ᠃ ᠵᠤᠨ ᠨᠠᠮᠤᠷ ᠤ᠋ᠨ ᠤᠯᠠᠷᠢᠯ ᠤ᠋ᠨ ᠠᠷᠠᠴᠢᠯᠠᠨ ᠬᠠᠮᠠᠭᠠᠯᠠᠬᠤ ᠬᠤᠭᠤᠴᠠᠭᠠᠨ ᠳ᠋ᠤ᠂ ᠲᠥᠬᠥᠭᠡᠷᠦᠮᠵᠢ ᠵᠢ ᠪᠠᠶ᠋ᠢᠴᠠᠭᠠᠨ ᠵᠠᠰᠠᠬᠤ᠂ ᠬᠣᠭᠣᠯᠠᠶ ᠲᠤᠤᠷ ᠢ᠋ ᠥᠭᠡᠷᠡᠴᠢᠯᠡᠨ ᠰᠢᠨᠡᠳᠭᠡᠬᠦ᠂ ᠬᠡᠷ ᠤ᠋ᠨ ᠳᠤᠯᠠᠭᠠᠨ ᠢ᠋ ᠬᠢᠨᠠᠨ ᠬᠡᠮᠵᠢᠬᠦ᠌ ᠲᠥᠬᠥᠭᠡᠷᠦᠮᠵᠢ ᠵᠢ ᠪᠠᠢᠴᠠᠭᠠᠨ ᠰᠢᠯᠭᠠᠬᠤ ᠵᠡᠷᠭᠡ ᠡᠯ᠎ᠡ ᠵᠦᠢᠯ ᠤ᠋ᠨ ᠠᠵᠢᠯ ᠢ᠋ ᠯᠠᠪᠳᠠᠭᠤᠨ ᠪᠠᠲᠤᠲᠠᠶ ᠰᠠᠶ᠋ᠢᠲᠤᠷ ᠬᠢᠵᠦ᠍᠂ ᠲᠠᠷᠠᠭᠠᠴᠢ ᠶ᠋ᠢᠨ ᠳᠤᠯᠠᠭᠠᠯᠠᠭ᠎ᠠ ᠬᠠᠩᠭᠠᠬᠤ ᠠᠵᠢᠯ ᠤ᠋ᠨ ᠰᠠᠭᠤᠷᠢᠵᠢ ᠪᠡᠬᠢᠵᠢᠬᠦᠯᠬᠦ ᠬᠡᠷᠡᠭᠲᠡᠢ᠃ ᠡᠭᠦᠨ ᠤ᠋ ᠬᠠᠮᠲᠤ᠂ ᠬᠠᠷᠢᠶ᠎ᠠ ᠣᠷᠣᠨ ᠤ᠋ ᠪᠡᠨ ᠳᠤᠯᠠᠭᠠᠯᠠᠭ᠎ᠠ ᠬᠠᠩᠭᠠᠬᠤ ᠢᠨᠵᠧᠨᠧᠷᠢᠩ ᠤ᠋ᠨ ᠪᠠᠷᠢᠯᠭ᠎ᠠ ᠪᠠᠷᠢᠬᠤ᠂ ᠠᠵᠢᠯᠯᠠᠭᠠᠨ ᠬᠢᠬᠦ᠌ ᠪᠠ ᠪᠠᠴᠢᠮ ᠪᠠᠶ᠋ᠢᠳᠠᠯ ᠢ᠋ ᠠᠷᠭᠠᠴᠠᠭᠠᠬᠤ ᠪᠠᠲᠤᠯᠠᠭ᠎ᠠ ᠶ᠋ᠢᠨ ᠠᠵᠢᠯ ᠳ᠋ᠤ ᠪᠠᠶ᠋ᠢᠴᠠᠭᠠᠯᠲᠠ ᠵᠢᠯᠤᠭᠤᠳᠤᠯᠭ᠎ᠠ ᠥᠷᠨᠢᠭᠦᠯᠦᠨ᠂ ᠠᠵᠤ ᠠᠬᠤᠶ᠋ᠢᠯᠠᠯ ᠢ᠋ ᠱᠠᠯᠠᠪᠳᠠᠭᠤᠯᠵᠤ ᠠᠶᠤᠯᠭᠦᠢ ᠦᠢᠯᠡᠳᠪᠦᠷᠢᠯᠡᠯ ᠤ᠋ᠨ ᠬᠠᠷᠢᠭᠤᠴᠠᠯᠭ᠎ᠠ ᠶ᠋ᠢᠨ ᠲᠥᠷᠢᠮ ᠲᠣᠭᠲᠠᠭᠠᠯ ᠲᠣᠭᠲᠠᠭᠠᠯᠭᠠᠵᠤ᠂ ᠪᠠᠴᠢᠮ ᠪᠠᠶ᠋ᠢᠳᠠᠯ ᠢ᠋ ᠠᠷᠭᠠᠴᠠᠭᠠᠬᠤ ᠪᠡᠯᠡᠳᠬᠡᠯ ᠲᠥᠰᠦᠯ ᠢ᠋ ᠲᠡᠭᠦᠯᠳᠡᠷᠵᠢᠭᠦᠯᠬᠦ᠌ ᠶ᠋ᠢᠨ ᠬᠠᠮᠲᠤ᠌ ᠲᠠᠨᠭᠰᠠᠯᠠᠨ ᠬᠠᠮᠢᠶᠠᠷᠬᠤ ᠵᠢ ᠬᠡᠷᠡᠭᠵᠢᠭᠦᠯᠵᠦ᠍᠂ ᠠᠶᠤᠯᠭᠦᠢ ᠦᠢᠯᠡᠳᠪᠦᠷᠢᠯᠡᠯ ᠤ᠋ᠨ ᠡᠨᠳᠡᠯ ᠭᠠᠷᠬᠤ ᠵᠢ ᠡᠷᠡᠰ ᠬᠤᠷᠢᠬᠯᠠᠬᠤ ᠬᠡᠷᠡᠭᠲᠡᠢ ᠭᠡᠵᠦ ᠱᠠᠭᠠᠷᠳᠠᠪᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号