ᠥᠪᠥᠷ ᠮᠣᠩᠭᠣᠯ ᠤ᠋ᠨ ᠨᠡᠭᠡᠭᠡᠯᠲᠡ ᠵᠢᠨ ᠶᠡᠬᠡ ᠰᠤᠷᠭᠠᠭᠤᠯᠢ᠎ᠶᠢᠨ ᠨᠠᠰᠤᠲᠠᠢᠴᠤᠳ(ᠨᠡᠢᠭᠡᠮ ᠲᠣᠭᠣᠷᠢᠭ᠋) ᠤ᠋ᠨ ᠰᠤᠷᠭᠠᠨ ᠬᠥᠮᠦᠵᠢᠯ᠎ᠦᠨ ᠰᠠᠭᠤᠷᠢᠨ ᠤᠢᠷ᠎ᠠ᠎ᠳᠤ ᠫᠠᠢᠰᠠ ᠰᠡᠬᠦᠨ ᠵᠢᠩᠬᠢᠨᠢ ᠪᠡᠷ ᠠᠰᠢᠬᠯᠠᠯᠲᠠ᠎ᠳᠤ ᠤᠷᠤᠪᠡ᠃ ᠡᠨᠡ ᠨᠢ ᠥᠪᠥᠷ ᠮᠣᠩᠭᠣᠯ ᠤ᠋ᠨ ᠨᠡᠭᠡᠭᠡᠯᠲᠡ ᠵᠢᠨ ᠶᠡᠬᠡ ᠰᠤᠷᠭᠠᠭᠤᠯᠢ᠎ᠵᠢᠨ ᠨᠠᠰᠤᠲᠠᠢᠴᠤᠳ᠎ᠤᠨ ᠰᠤᠷᠭᠠᠨ ᠬᠦᠮᠦᠵᠢᠯ ᠪᠠ ᠨᠡᠢᠭᠡᠮ ᠲᠤᠭᠤᠷᠢᠭ᠎ᠤᠨ ᠰᠤᠷᠭᠠᠨ ᠬᠦᠮᠦᠵᠢᠯ᠎ᠤᠨ ᠬᠦᠬᠵᠢᠯᠲᠡᠵᠢᠨ ᠴᠢᠬᠤᠯᠠ ᠪᠡᠯᠭᠡ ᠳᠡᠮᠳᠡᠭ ᠪᠤᠯᠵᠦ᠂ ᠰᠤᠷᠭᠠᠭᠤᠯᠢ᠎ᠶᠢᠨ ᠪᠤᠭᠤᠷᠤᠯᠴᠤᠳ ᠤᠨ ᠰᠤᠷᠭᠠᠨ ᠬᠥᠮᠦᠵᠢᠯ ᠦᠨ ᠬᠥᠭᠵᠢᠯᠲᠡ᠎ᠶᠢᠨ ᠰᠢᠨ᠎ᠡ ᠬᠠᠭᠤᠳᠠᠰᠤ᠎ᠶᠢ ᠰᠡᠬᠦᠭᠰᠡᠨ ᠪᠠᠢᠨ᠎ᠠ᠃
ᠤᠢᠯᠠᠭᠠᠬᠰᠠᠨ ᠵᠢᠡᠷ᠂ ᠲᠤᠰ ᠰᠠᠭᠤᠷᠢᠨ ᠤ 2026 ᠣᠨ ᠤ ᠬᠠᠪᠤᠷ᠎ᠤᠨ ᠤᠯᠠᠷᠢᠯ᠎ᠤᠨ ᠰᠤᠷᠤᠯᠭ᠎ᠠ᠎ᠶᠢᠨ ᠬᠤᠭᠤᠴᠠᠭᠠᠨ᠎ᠤ ᠲᠤᠷᠰᠢᠨ ᠠᠵᠢᠯᠯᠠᠬᠤ ᠠᠵᠢᠯ ᠡᠮᠬᠢ ᠵᠢᠷᠤᠮ᠎ᠲᠠᠢ ᠲᠣᠭᠲᠠᠭᠤᠨ᠎ᠢᠶᠠᠷ ᠠᠬᠢᠵᠤ᠂ ᠨᠠᠰᠤᠲᠠᠢᠴᠤᠳ᠎ᠤᠨ ᠰᠤᠷᠤᠯᠴᠠᠬᠤ ᠬᠡᠷᠡᠭᠴᠡᠭᠡ ᠱᠠᠭᠠᠷᠳᠠᠯᠭ᠎ᠠ᠎ᠳᠦ ᠤᠨᠤᠴᠠᠲᠠᠢ ᠵᠤᠬᠢᠴᠠᠵᠦ᠂ ᠰᠣᠶᠣᠯ ᠤᠷᠠᠯᠢᠭ᠋᠂ ᠲᠣᠭᠠᠴᠢᠯᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠡᠷᠡᠭᠦᠯᠵᠢᠯ ᠰᠤᠪᠢᠯᠠᠯᠲᠠ ᠪᠡᠶ᠎ᠡ ᠴᠢᠭᠢᠷᠠᠭᠵᠢᠭᠤᠯᠬᠤ᠂ ᠠᠮᠢᠳᠤᠷᠠᠯ ᠤᠨ ᠤᠷ᠎ᠠ ᠴᠢᠳᠠᠪᠤᠷᠢ ᠵᠡᠷᠭᠡ ᠳᠥᠷᠪᠡᠨ ᠶᠡᠬᠡ ᠣᠨᠴᠠᠯᠢᠭ᠍ᠲᠤ ᠬᠢᠴᠢᠶᠡᠯ ᠦᠨ ᠰᠢᠰᠲᠧᠮ ᠨᠢ ᠨᠠᠰᠤᠲᠠᠢᠴᠤᠳ᠎ᠤᠨ ᠰᠣᠶᠣᠯ ᠮᠡᠳᠡᠯᠭᠡ ᠪᠠᠷ ᠪᠡᠶ᠎ᠡ᠎ᠪᠡᠨ ᠵᠠᠰᠠᠬᠤ᠂ ᠪᠡᠶ᠎ᠡ ᠮᠠᠬᠠᠪᠤᠳ᠎ᠢᠶᠠᠨ ᠴᠢᠭᠢᠷᠠᠭᠵᠢᠭᠤᠯᠬᠤ᠂ ᠤᠷ᠎ᠠ ᠴᠢᠳᠠᠪᠤᠷᠢ᠎ᠪᠠᠨ ᠳᠡᠭᠡᠭᠰᠢᠯᠡᠭᠦᠯᠬᠦ᠂ ᠨᠡᠢᠭᠡᠮ᠎ᠦᠨ ᠬᠠᠷᠢᠯᠴᠠᠭ᠎ᠠ ᠵᠢᠨ ᠣᠯᠠᠨ ᠡᠰᠢᠵᠢᠭᠰᠡᠨ ᠰᠤᠷᠤᠯᠴᠠᠯᠭ᠎ᠠ ᠶᠢᠨ ᠬᠦᠰᠡᠯ ᠱᠠᠭᠠᠷᠳᠠᠯᠭ᠎ᠠ᠎ᠶᠢ ᠪᠥᠬᠥ ᠲᠠᠯ᠎ᠠ ᠪᠠᠷ ᠬᠠᠩᠭᠠᠪᠠ᠃ ᠣᠷᠳᠣ᠌ ᠬᠤᠭᠤᠴᠠᠭᠠᠨ ᠤ ᠴᠢᠷᠮᠠᠢᠯᠭ᠎ᠠ ᠪᠠᠷ ᠳᠡᠮᠵᠢᠨ᠂ ᠲᠤᠰ ᠰᠤᠷᠭᠠᠭᠤᠯᠢ ᠨᠢ ᠨᠢᠭᠡᠨᠲᠡ ᠪᠥᠬᠥ ᠣᠷᠣᠨ᠎ᠤ ᠬᠣᠲᠠ ᠬᠥᠳᠡᠭᠡ᠎ᠶᠢ ᠬᠠᠮᠤᠷᠤᠭᠰᠠᠨ᠂ ᠡᠬᠢ ᠪᠠᠶᠠᠯᠢᠭ᠋ ᠵᠢᠡᠷ ᠬᠠᠷᠢᠯᠴᠠᠨ ᠬᠣᠯᠪᠣᠭᠠᠯᠠᠵᠤ ᠨᠡᠪᠲᠡᠷᠡᠯᠴᠡᠭᠰᠡᠨ᠂ ᠢᠯᠡ ᠲᠣᠳᠣ ᠰᠤᠷᠭᠠᠭᠤᠯᠢ ᠡᠷᠭᠢᠯᠡᠬᠦ ᠣᠨᠴᠠᠯᠢᠭ ᠪᠦᠬᠦᠢ ᠨᠠᠰᠤᠲᠠᠢᠴᠤᠳ ᠤᠨ ᠰᠤᠷᠭᠠᠨ ᠬᠥᠮᠦᠵᠢᠯ ᠦᠨ ᠦᠢᠯᠡᠴᠢᠯᠡᠭᠡᠨ ᠦ ᠰᠢᠰᠲᠧᠮ ᠢ ᠪᠦᠷᠢᠯᠳᠦᠬᠦᠯᠵᠦ᠂ ᠥᠪᠡᠷᠲᠡᠭᠡᠨ ᠵᠠᠰᠠᠬᠤ ᠣᠷᠣᠨ᠎ᠤ ᠪᠥᠬᠥ ᠠᠷᠠᠳ᠎ᠤᠨ ᠨᠠᠰᠤᠨ ᠲᠤᠷᠰᠢᠲᠠ᠎ᠵᠢᠨ ᠰᠤᠷᠤᠯᠴᠠᠬᠤ ᠰᠢᠰᠲᠧᠮ ᠤᠨ ᠪᠠᠢᠭᠤᠯᠤᠯᠲᠠ᠂ ᠰᠤᠷᠤᠯᠴᠠᠬᠤ ᠬᠡᠯᠪᠡᠷᠢ᠎ᠶᠢᠨ ᠨᠡᠢᠭᠡᠮ᠎ᠤᠨ ᠪᠦᠲᠦᠭᠡᠨ ᠪᠠᠶ᠋ᠢᠭᠤᠯᠤᠯᠲᠠ᠎ᠶᠢᠨ ᠭᠣᠣᠯᠯᠠᠬᠤ ᠲᠤᠯᠭᠠᠭᠤᠷᠢᠯᠠᠬᠤ ᠬᠦᠴᠦᠨ ᠪᠣᠯᠤᠭᠰᠠᠨ ᠪᠠᠢᠨ᠎ᠠ᠃
ᠬᠣᠢᠰᠢᠳᠠ᠂ ᠥᠪᠥᠷ ᠮᠣᠩᠭᠣᠯ᠎ᠤᠨ ᠨᠡᠭᠡᠭᠡᠯᠲᠡ ᠵᠢᠨ ᠶᠡᠬᠡ ᠰᠤᠷᠭᠠᠭᠤᠯᠢ ᠨᠢ ᠰᠢᠨ᠎ᠡ ᠪᠡᠷ ᠪᠠᠢᠭᠤᠯᠤᠭᠳᠠᠭᠰᠠᠨ ᠨᠠᠰᠤᠲᠠᠢᠴᠤᠳ(ᠨᠡᠢᠭᠡᠮ ᠲᠣᠭᠣᠷᠢᠭ᠋) ᠤ᠋ᠨ ᠰᠤᠷᠭᠠᠨ ᠬᠥᠮᠦᠵᠢᠯ᠎ᠦᠨ ᠰᠠᠭᠤᠷᠢᠨ᠎ᠳᠤ ᠲᠦᠰᠢᠭᠯᠡᠨ᠂ ᠥᠪᠥᠷ ᠮᠣᠩᠭᠣᠯ᠎ᠤᠨ ᠣᠷᠣᠨ ᠪᠦᠰᠡ᠎ᠶᠢᠨ ᠰᠣᠶᠣᠯ᠎ᠤᠨ ᠣᠨᠴᠠᠯᠢᠭ᠋᠎ᠲᠠᠢ ᠭᠦᠨᠵᠡᠭᠡᠢ ᠤᠶᠠᠯᠳᠤᠭᠤᠯᠵᠤ᠂ ᠬᠢᠴᠢᠶᠡᠯ ᠦᠨ ᠠᠭᠤᠯᠭ᠎ᠠ᠎ᠵᠢᠨ ᠲᠤᠬᠢᠷᠠᠭᠤᠯᠤᠯᠲᠠ ᠪᠠᠨ ᠦᠷᠭᠦᠯᠵᠢᠯᠡᠨ ᠰᠢᠯᠢᠳᠡᠭᠵᠢᠭᠦᠯᠦᠨ᠂ ᠵᠢᠭᠠᠨ ᠰᠤᠷᠭᠠᠯᠲᠠ᠎ᠶᠢᠨ ᠦᠢᠯᠡᠴᠢᠯᠡᠭᠡᠨ᠎ᠦ ᠬᠠᠩᠭᠠᠯᠭ᠎ᠠ᠎ᠶᠢ ᠪᠠᠶᠠᠯᠢᠭ᠍ᠵᠢᠭᠤᠯᠵᠤ᠂ ᠵᠢᠭᠠᠨ ᠰᠤᠷᠭᠠᠯᠲᠠ ᠶᠢᠨ ᠵᠠᠭᠪᠤᠷ ᠤᠨ ᠰᠢᠨ᠎ᠡ ᠵᠢ ᠡᠭᠦᠳᠴᠦ᠂ ᠶᠡᠷᠦᠩᠬᠡᠢᠯᠡᠭᠰᠡᠨ ᠦᠢᠯᠡᠴᠢᠯᠡᠭᠡᠨ᠎ᠦ ᠶᠠᠰᠤ ᠴᠢᠨᠠᠷ ᠵᠢᠡᠨ ᠳᠡᠰ ᠳᠡᠪᠰᠢᠭᠦᠯᠬᠦ ᠪᠤᠯᠤᠨ᠎ᠠ᠃