ᠨᠤᠲᠤᠭ ᠤ᠋ᠨ ᠡᠭᠦᠯᠳᠡᠷ ᠤ᠋ᠨ ᠡᠪᠡᠰᠦ ᠮᠣᠳᠣ ᠨᠢ ᠠᠮᠢ ᠠᠬᠤᠢ ᠵᠢᠨ ᠦᠷᠳᠡᠭ ᠲᠠᠢ ᠮᠦᠷᠳᠡᠭᠡᠨ ᠠᠵᠤ ᠠᠬᠤᠢ ᠵᠢᠨ ᠦᠷᠳᠡᠭ ᠲᠠᠢ
ᠨᠤᠲᠤᠭ ᠤ᠋ᠨ ᠡᠭᠦᠯᠳᠡᠷ ᠤ᠋ᠨ ᠡᠪᠡᠰᠦ ᠮᠣᠳᠣ ᠪᠣᠯ ᠥᠪᠥᠷ ᠮᠣᠩᠭᠣᠯ ᠤ᠋ᠨ ᠠᠮᠢ ᠠᠬᠤᠢ ᠵᠢᠨ ᠰᠢᠰᠲ᠋ᠧᠮ ᠳ᠋ᠤ ᠴᠢᠬᠤᠯᠠ ᠦᠢᠯᠡᠳᠦᠯ ᠦᠵᠡᠬᠦᠯᠵᠤ ᠪᠠᠢᠬᠤ ᠪᠠᠷ ᠪᠠᠷᠠᠬᠤ ᠦᠭᠡᠢ ᠮᠠᠨᠤ ᠤᠯᠤᠰᠤᠨ ᠤᠮᠠᠷᠠᠲᠤ ᠵᠢᠨ ᠠᠮᠢ ᠠᠬᠤᠢ ᠵᠢᠨ ᠠᠮᠤᠷ ᠲᠦᠪᠰᠢᠨ ᠤ᠋ ᠬᠠᠯᠬᠠᠪᠴᠢ ᠵᠢ ᠪᠡᠬᠢᠵᠢᠭᠦᠯᠬᠦ ᠵᠢᠨ ᠭᠣᠣᠯ ᠬᠦᠴᠦᠨ ᠪᠣᠯᠵᠤ ᠪᠠᠢᠭ᠎ᠠ ᠶᠤᠮ᠃ ᠣᠳᠣᠬᠠᠨᠳ᠋ᠤ᠌ ᠦᠪᠦᠷ ᠮᠤᠩᠭᠤᠯ ᠤᠷᠤᠨ ᠨᠤᠳᠤᠭ ᠤ᠋ᠨ ᠵᠢᠡᠨ ᠤᠨᠴᠠᠯᠢᠭ ᠲᠦ᠍ ᠳᠤᠬᠢᠷᠠᠭᠰᠠᠨ ᠨᠤᠳᠤᠭ ᠤ᠋ᠨ ᠡᠭᠦᠯᠳᠡᠷ ᠤ᠋ᠨ ᠡᠪᠡᠰᠤ ᠮᠤᠳᠤᠨ ᠤ᠋ ᠤᠢᠵᠢᠭᠤᠯᠤᠯᠳᠠ ᠨᠤᠭᠤᠭᠠᠷᠠᠭᠤᠯᠤᠯᠳᠠ ᠵᠢ ᠴᠢᠬᠤᠯᠠᠴᠢᠯᠠᠵᠤ᠂ ᠨᠤᠲᠤᠭ ᠤ᠋ᠨ ᠡᠭᠦᠯᠳᠡᠷ ᠤ᠋ᠨ ᠡᠪᠡᠰᠦ ᠮᠣᠳᠣ ᠵᠢ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠬᠢᠭᠡᠳ ᠨᠤᠲᠤᠭ ᠪᠡᠯᠴᠢᠭᠡᠷ ᠤ᠋ᠨ ᠵᠠᠰᠠᠯᠲᠠ ᠵᠢᠨ ᠭᠣᠣᠯ ᠬᠦᠴᠦᠨ ᠪᠣᠯᠭᠠᠵᠤ ᠪᠤᠢ ᠃
ᠭᠠᠩ ᠬᠠᠭᠰᠠᠷᠠᠭᠠᠨ ᠵᠢᠴᠢ ᠰᠡᠯᠬᠢ ᠡᠯᠡᠰᠤᠨ ᠳ᠋ᠤ ᠳᠠᠭᠠᠭᠠᠴᠠ ᠳᠠᠢ ᠨᠤᠳᠤᠭ ᠤ᠋ᠨ ᠡᠭᠦᠯᠳᠡᠷ ᠤ᠋ᠨ ᠡᠪᠡᠰᠤ ᠮᠤᠳᠤ ᠨᠢ ᠠᠮᠢ ᠠᠬᠤᠢ ᠵᠢᠨ ᠰᠢᠰᠲᠧᠮ ᠤ᠋ᠨ ᠵᠠᠰᠠᠯᠳᠠ ᠳ᠋ᠤ ᠶᠡᠭᠡ ᠪᠡᠷ ᠴᠢᠬᠤᠯᠠᠴᠢᠯᠠᠭᠳᠠᠵᠤ ᠪᠠᠢᠭ᠎ᠠ ᠨᠢ ᠦᠨᠡᠨᠳᠠᠢ᠃ ᠥᠪᠥᠷ ᠮᠣᠩᠭᠣᠯ ᠪᠦᠬᠦ ᠤᠯᠤᠰ ᠤ᠋ᠨ ᠬᠢᠶᠠᠭ ᠡᠪᠡᠰᠦᠨ ᠤ᠋ ᠰᠠᠢᠨ ᠡᠭᠦᠯᠳᠡᠷ ᠢ᠋ ᠦᠷᠡᠵᠢᠭᠦᠯᠦᠨ ᠪᠣᠢᠵᠢᠭᠤᠯᠬᠤ ᠨᠢᠭᠡᠳᠦᠭᠡᠷ ᠶᠡᠬᠡ ᠮᠣᠵᠢ ᠤᠷᠤᠨ ᠪᠣᠯᠤᠭᠰᠠᠨ ᠤ᠋ ᠬᠤᠪᠢ ᠳ᠋ᠤ᠂ ᠲᠦᠷᠦᠭᠦᠭᠡᠨ ᠪᠦᠬᠦ ᠤᠯᠤᠰ ᠤ᠋ᠨ ᠴᠢᠨᠠᠷᠳᠠᠢ ᠬᠢᠶᠠᠭ ᠡᠪᠡᠰᠤᠨ ᠤ᠋ ᠠᠵᠤ ᠦᠢᠯᠡᠰ ᠤ᠋ᠨ ᠰᠤᠳᠤᠯᠤᠨ ᠶᠠᠷᠢᠯᠴᠠᠬᠤ ᠬᠤᠷᠠᠯ ᠨᠢ ᠦᠪᠦᠷ ᠮᠤᠩᠭᠤᠯ ᠤ᠋ᠨ ᠲᠦᠩᠯᠢᠶᠤᠤ ᠬᠤᠳᠠ ᠳ᠋ᠤ ᠶᠠᠪᠤᠭᠳᠠᠵᠠᠢ᠃ ᠬᠢᠶᠠᠭ ᠡᠪᠡᠰᠦ ᠨᠢ ᠨᠤᠳᠤᠭ ᠤ᠋ᠨ ᠡᠭᠦᠯᠳᠡᠷ ᠤ᠋ᠨ ᠳᠠᠪᠠᠭᠤᠯᠢᠭᠳᠤ ᠡᠪᠡᠰᠦᠨ ᠤ᠋ ᠲᠥᠷᠥᠯ᠂ ᠭᠠᠩᠳ᠋ᠤ᠌ ᠲᠡᠰᠪᠦᠷᠢᠲᠡᠢ᠂ ᠡᠯᠡᠰᠦ ᠵᠢ ᠲᠣᠭᠲᠠᠪᠤᠷᠢᠵᠢᠭᠤᠯᠤᠨ ᠬᠥᠷᠥᠰᠥ ᠵᠢ ᠬᠠᠮᠠᠭᠠᠯᠠᠬᠤ ᠴᠢᠳᠠᠮᠵᠢ ᠪᠡᠷ ᠰᠠᠢᠨ ᠪᠠᠢᠳᠠᠭ᠃ ᠦᠪᠦᠷ ᠮᠤᠩᠭᠤᠯ ᠬᠢᠶᠠᠭ ᠡᠪᠡᠰᠦᠨ ᠤ᠋ ᠰᠠᠢᠨ ᠡᠭᠦᠯᠳᠡᠷ ᠲᠦ᠍ ᠲᠦᠰᠢᠭᠯᠡᠨ ᠶᠡᠬᠡ ᠬᠡᠪᠴᠢᠶ᠎ᠡ ᠪᠡᠷ ᠳᠠᠴᠢᠷᠳᠠᠭᠰᠠᠨ ᠨᠤᠳᠤᠭ ᠪᠡᠯᠴᠢᠭᠡᠷ ᠢ᠋ ᠳᠠᠬᠢᠨᠲᠠ ᠨᠤᠭᠤᠭᠠᠷᠠᠭᠤᠯᠵᠤ᠂ ᠤᠳᠤᠬᠠᠨ ᠳ᠋ᠤ ᠪᠦᠬᠦ ᠤᠯᠤᠰ ᠲᠦ᠍ ᠬᠢᠶᠠᠭ ᠡᠪᠡᠰᠤᠨ ᠤ᠋ ᠰᠠᠢᠨ ᠡᠭᠦᠯᠳᠡᠷ ᠵᠢᠡᠷ ᠨᠤᠳᠤᠭ ᠪᠡᠯᠴᠢᠭᠡᠷ ᠢ᠋ ᠰᠠᠢᠵᠢᠷᠠᠭᠤᠯᠤᠭᠰᠠᠨ ᠳᠠᠯᠠᠪᠠᠢ 200 ᠲᠦᠮᠡᠨ ᠮᠦ᠍ ᠳ᠋ᠤ ᠬᠦᠷᠴᠦ ᠪᠣᠢ᠃ ᠪᠠᠰᠠ ᠡᠯᠡᠰᠦᠨ ᠪᠤᠷᠭᠠᠰᠤ᠂ ᠰᠢᠷ᠎ᠠ ᠪᠤᠷᠭᠠᠰᠤ᠂ ᠦᠭᠡᠷ ᠬᠠᠷᠭᠠᠨ᠎ᠠ᠂ ᠵᠠᠭ ᠵᠡᠷᠭᠡ ᠨᠤᠲᠤᠭ ᠤ᠋ᠨ ᠡᠭᠦᠯᠳᠡᠷ ᠤ᠋ᠨ ᠮᠤᠳᠤ ᠵᠢ ᠡᠯ᠎ᠡ ᠡᠯᠡᠰᠦᠷᠬᠡᠭ ᠭᠠᠵᠠᠷ ᠤ᠋ᠨ ᠵᠠᠰᠠᠯᠲᠠ ᠳ᠋ᠦ᠍ ᠥᠷᠭᠡᠨ ᠵᠢᠡᠷ ᠬᠡᠷᠡᠭᠯᠡᠵᠦ᠂ ᠬᠣᠷᠴᠢᠨ᠂ ᠠᠯᠠᠱᠠ ᠵᠡᠷᠭᠡ ᠭᠠᠵᠠᠷ ᠲᠦ᠍ ᠵᠠᠰᠠᠯᠲᠠ ᠵᠢᠨ ᠬᠡᠪ ᠵᠠᠭᠪᠤᠷ ᠤ᠋ᠨ ᠰᠢᠨ᠎ᠡ ᠵᠢ ᠡᠭᠦᠳᠴᠦ᠂ ᠤᠷᠭᠤᠮᠠᠯ ᠤ᠋ᠨ ᠬᠤᠴᠢᠯᠭ᠎ᠠ ᠵᠢᠨ ᠡᠳᠡᠭᠡᠷᠡᠯᠲᠡ ᠶᠡᠬᠡ ᠬᠡᠮᠵᠢᠶ᠎ᠡ ᠪᠡᠷ ᠨᠡᠮᠡᠭᠳᠡᠨ᠂ ᠨᠡᠭᠦᠳᠡᠯ ᠡᠯᠡᠰᠦ ᠵᠢ ᠳᠤᠭᠳᠠᠪᠤᠷᠢᠵᠢᠭᠤᠯᠤᠨ᠂ ᠣᠷᠣᠨ ᠪᠦᠰᠡ ᠵᠢᠨ ᠠᠮᠢ ᠠᠬᠤᠢ ᠵᠢ ᠦᠷᠭᠦᠯᠵᠢᠯᠡᠨ ᠰᠠᠢᠵᠢᠷᠠᠭᠤᠯᠪᠠ᠃
ᠨᠤᠲᠤᠭ ᠤ᠋ᠨ ᠡᠭᠦᠯᠳᠡᠷ ᠤ᠋ᠨ ᠡᠪᠡᠰᠦ ᠮᠣᠳᠣ ᠨᠢ ᠠᠮᠢ ᠠᠬᠤᠢ ᠵᠢᠨ ᠦᠷᠳᠡᠭ ᠲᠠᠢ ᠮᠦᠷᠳᠡᠭᠡᠨ ᠠᠵᠤ ᠠᠬᠤᠢᠵᠢᠨ ᠦᠷᠳᠡᠭ ᠲᠠᠢ᠃ ᠲᠤᠬᠠᠢ ᠵᠢᠨ ᠭᠠᠵᠠᠷ ᠤ᠋ᠨ ᠬᠢᠨ ᠡᠯᠡᠰᠦᠨ ᠪᠤᠷᠭᠠᠰᠤ ᠵᠡᠷᠭᠡ ᠤᠷᠭᠤᠮᠠᠯ ᠤ᠋ᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠢ᠋ ᠬᠥᠭᠵᠢᠭᠦᠯᠵᠦ᠂ ᠮᠤᠳᠤ ᠤᠭᠳᠤᠯᠬᠤ ᠨᠥᠬᠥᠪᠥᠷᠢ ᠤᠯᠭᠤᠬᠤ᠂ ᠠᠵᠢᠯ ᠣᠯᠭᠣᠯᠳᠠ ᠪᠠᠷ ᠲᠡᠳᠬᠦᠮᠵᠢ ᠵᠢ ᠣᠷᠣᠯᠠᠭᠤᠯᠬᠤ ᠵᠢᠴᠢ ᠮᠠᠯᠴᠢᠳ ᠣᠢᠷ᠎ᠠ ᠬᠠᠪᠢᠳ᠋ᠠᠭᠠᠨ ᠬᠦᠯᠦᠰᠤᠨ ᠠᠵᠢᠯ ᠬᠢᠵᠤ ᠣᠷᠣᠯᠭ᠎ᠠ ᠪᠠᠨ ᠨᠡᠮᠡᠭᠳᠡᠭᠦᠯᠬᠦ ᠵᠢ ᠳᠠᠢᠴᠢᠯᠠᠨ᠂ ᠡᠯᠡᠰᠦ ᠵᠢ ᠵᠠᠰᠠᠬᠤ ᠵᠢᠨ ᠬᠠᠮᠳᠤ ᠠᠷᠠᠳ ᠤᠯᠠᠨ ᠤ᠋ ᠪᠠᠶᠠᠵᠢᠨ ᠴᠢᠨᠡᠭᠡᠯᠢᠭᠵᠢᠭᠦ ᠳᠤ ᠠᠬᠢᠭᠤᠯᠬᠤ ᠦᠢᠯᠡᠳᠤᠯ ᠦᠵᠡᠬᠦᠯᠵᠤ ᠪᠠᠢᠯ᠎ᠠ᠃
ᠠᠮᠢ ᠠᠬᠤᠢ ᠰᠠᠢᠵᠢᠷᠠᠪᠠᠯ ᠠᠵᠤ ᠦᠢᠯᠡᠰ ᠦᠷᠨᠢᠡᠭᠬᠦᠢ᠂ ᠠᠷᠠᠳᠤᠨ ᠠᠮᠢᠳᠤᠷᠠᠯ ᠴᠢᠨᠡᠭᠡᠯᠢᠭ ᠪᠤᠯᠳᠠᠭ᠃ ᠥᠪᠥᠷ ᠮᠣᠩᠭᠣᠯ ᠰᠢᠨᠵᠢᠯᠡᠬᠡ ᠮᠡᠷᠭᠡᠵᠢᠯ ᠤ᠋ᠨ ᠬᠦᠳᠡᠯᠭᠡᠭᠦᠷ ᠬᠦᠴᠦᠨ ᠵᠢᠡᠷ ᠨᠤᠲᠤᠭ ᠤ᠋ᠨ ᠡᠭᠦᠯᠳᠡᠷ ᠤ᠋ᠨ ᠡᠪᠡᠰᠦ ᠮᠣᠳᠣᠨ ᠤ᠋ ᠡᠬᠢ ᠪᠠᠶᠠᠯᠢᠭ ᠢ᠋ ᠬᠦᠨᠴᠡ ᠠᠭᠤᠳᠠᠯᠵᠤ᠂ ᠨᠤᠳᠤᠭ ᠤ᠋ᠨ ᠡᠭᠦᠯᠳᠡᠷ ᠤ᠋ᠨ ᠡᠪᠡᠰᠤ ᠮᠤᠳᠤᠨ ᠤ᠋ ᠬᠦᠭᠵᠢᠭᠦᠯᠦᠯᠳᠡ ᠪᠡᠷ ᠠᠮᠢ ᠠᠬᠤᠢ᠂ ᠠᠵᠤ ᠦᠢᠯᠡᠰ᠂ ᠠᠷᠠᠳ ᠤ᠋ᠨ ᠠᠮᠢᠳᠤᠷᠠᠯ ᠢ᠋ ᠠᠭᠤᠰᠤᠯᠴᠠᠭᠤᠯᠤᠨ ᠠᠬᠢᠭᠤᠯᠵᠤ᠂ ᠤᠮᠠᠷᠠᠳᠤ ᠵᠢᠨ ᠨᠤᠮᠢᠨ ᠨᠤᠭᠤᠭᠠᠨ ᠤᠷᠳᠤ ᠴᠠᠭᠠᠨ ᠬᠡᠷᠡᠮ ᠢ᠋ ᠪᠠᠳᠤ ᠴᠤᠭᠴᠠᠯᠠᠨ᠂ ᠠᠮᠢ ᠠᠬᠤᠢ ᠵᠢᠨ ᠬᠠᠮᠠᠭᠠᠯᠠᠯᠲᠠ ᠬᠢᠭᠡᠳ ᠴᠢᠨᠠᠷ ᠰᠠᠢᠲᠠᠢ ᠬᠥᠭᠵᠢᠯᠲᠡ ᠵᠢᠨ ᠰᠢᠨ᠎ᠡ ᠬᠠᠭᠤᠳᠠᠰᠤ ᠵᠢ ᠦᠷᠭᠦᠯᠵᠢᠯᠡᠨ ᠪᠢᠴᠢᠭᠯᠡᠵᠤ ᠪᠤᠢ᠃