《ᠬᠠᠰ ᠯᠤᠤ᠎ᠶ᠋ᠢᠨ ᠰᠡᠭᠡᠭᠡᠷᠡᠯ》 PV ᠵᠢ ᠠᠩᠬ᠎ᠠ ᠲᠠᠷᠬᠠᠭᠠᠬᠤ ᠶᠣᠰᠣᠯᠠᠯ ᠶᠠᠪᠤᠭ᠍ᠳᠠᠪᠠ
2026-06-22 11:49:42
ᠵᠣᠬᠢᠶᠠᠭ᠍ᠴᠢ᠄
ᠸᠠᠡᠭ ᠲᠠᠨ᠎ᠠ
ᠣᠩᠱᠢᠭ᠍ᠰᠠᠨ ᠣᠳᠠᠭ᠎ᠠ᠄
★★★☆☆

ᠤᠢᠷ᠎ᠠ ᠳ᠋ᠤ᠂ ᠤᠯᠤᠰ ᠤ᠋ᠨ ᠳᠤᠳᠤᠭᠠᠳᠤ ᠵᠢᠨ ᠠᠡᠭᠬᠠᠳᠠᠭᠴᠢ ᠬᠤᠡᠭᠱᠠᠨ ᠰᠤᠶᠤᠯ ᠵᠢᠡᠷ ᠭᠤᠤᠯ ᠪᠤᠯᠭᠠᠭᠰᠠᠨ ᠬᠡᠦᠬᠡᠯᠳᠡᠢ ᠵᠦᠴᠦᠬᠡ — 《ᠬᠠᠰ ᠯᠤᠤ᠎ᠶ᠋ᠢᠨ ᠰᠡᠭᠡᠭᠡᠷᠡᠯ》 PV ᠵᠢ ᠠᠩᠬ᠎ᠠ ᠲᠠᠷᠬᠠᠭᠠᠬᠤ ᠶᠣᠰᠣᠯᠠᠯ ᠬᠤᠩᠱᠠᠨ ᠰᠣᠶᠣᠯ᠎ᠤᠨ ᠮᠦᠽᠧᠶ᠎ᠳᠤ ᠶᠠᠪᠤᠭ᠍ᠳᠠᠪᠠ᠃

ᠤᠢᠯᠠᠭᠠᠭᠰᠠᠨ ᠵᠢᠡᠷ᠂ ᠲᠤᠰ ᠬᠡᠦᠬᠡᠯᠳᠡᠢ ᠵᠦᠴᠦᠭᠡ ᠨᠢ ᠬᠠᠭᠤᠴᠢ ᠰᠤᠳᠤᠯᠤᠯ᠎ᠤᠨ ᠲᠡᠦᠬᠡ᠎ᠶ᠋ᠢᠨ ᠪᠣᠳᠠᠲᠤ ᠶᠠᠪᠤᠳᠠᠯ᠎ᠢᠶᠠᠷ ᠰᠠᠭᠤᠷᠢ ᠪᠣᠯᠭᠠᠵᠤ᠂ ᠭᠠᠢᠬᠠᠮᠱᠢᠭ᠍ᠳᠤ ᠦᠯᠢᠭᠡᠷ ᠤᠴᠠᠷᠠᠯ᠎ᠢᠶᠠᠷ ᠡᠷᠳᠡᠨ᠎ᠤ ᠡᠪᠦᠭᠡ ᠲᠡᠭᠡᠳᠦᠰ᠎ᠤᠨ ᠠᠮᠢᠳᠤᠷᠠᠯ᠎ᠤᠨ ᠢᠳᠡᠭᠡᠯ ᠪᠢᠱᠢᠷᠡᠯ ᠬᠢᠭᠡᠳ ᠤᠶᠤᠨ ᠤᠬᠠᠭᠠᠨ᠎ᠢ ᠲᠡᠬᠢᠨ ᠢᠯᠡᠷᠡᠬᠦᠯᠵᠦ᠍᠂ ᠺᠠᠷᠲ᠋ᠣᠨ ᠪᠠ ᠱᠤᠭ ᠵᠢᠷᠤᠭ᠎ᠤᠨ ᠤᠷᠠᠯᠢᠭ᠎ᠢᠶᠠᠷ ᠳᠠᠮᠵᠢᠭᠤᠯᠤᠨ ᠳᠤᠮᠳᠠᠳᠤ᠎ᠶ᠋ᠢᠨ ᠪᠣᠯᠪᠠᠰᠤᠨ᠎ᠤ ᠡᠬᠢ ᠰᠤᠷᠪᠤᠯᠵᠢ᠎ᠶ᠋ᠢ ᠭᠦᠨᠵᠡᠭᠡᠢ ᠲᠠᠨᠢᠭᠤᠯᠵᠤ᠂ ᠭᠦᠨ ᠵᠤᠵᠠᠭᠠᠨ ᠲᠡᠦᠬᠡ ᠰᠣᠶᠣᠯ᠎ᠢ ᠬᠦᠨᠭᠭᠡᠨ ᠬᠡᠯᠪᠡᠷᠢ᠎ᠪᠠᠷ ᠣᠯᠠᠨ ᠨᠡᠢᠲᠡ᠎ᠶ᠋ᠢᠨ ᠳᠤᠮᠳᠠ ᠣᠷᠣᠭᠤᠯᠵᠤ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠳᠤ ᠰᠣᠶᠣᠯ᠎ᠢ ᠪᠦᠲᠦᠭᠡᠯᠴᠢ᠎ᠪᠠᠷ ᠬᠥᠭ᠌ᠵᠢᠭᠦᠯᠬᠦ᠌᠎ᠶ᠋ᠢ ᠠᠬᠢᠭᠤᠯᠬᠤ ᠴᠤ᠋ ᠱᠢᠨ᠎ᠡ ᠦᠢᠯᠡᠳᠦᠯᠭᠡ ᠪᠤᠯᠪᠠ᠃ ᠬᠡᠦᠬᠡᠯᠳᠡᠢ ᠵᠦᠴᠦᠭᠡ ᠵᠢ ᠤᠯᠠᠭᠠᠨᠬᠠᠳᠠ ᠵᠢᠨ ᠰᠢᠨ ᠢ ᠮᠸᠢ ᠮᠸᠢ ᠺᠠᠷᠲ᠋ᠤᠨ ᠰᠤᠶᠤᠯ ᠤ᠋ᠨ ᠬᠢᠵᠠᠭᠠᠷᠳᠤ ᠺᠤᠮᠫᠠᠨᠢ ᠡᠴᠡ ᠦᠢᠯᠡᠳᠴᠦ᠂ ᠬᠤᠡᠭᠱᠠᠨ ᠰᠤᠶᠤᠯ ᠤ᠋ᠨ ᠪᠡᠯᠬᠡ ᠲᠡᠮᠳᠡᠭ 《ᠳᠤᠮᠳᠠᠳᠤ ᠵᠢᠨ ᠠᠡᠭᠬᠠᠳᠠᠭᠴᠢ ᠯᠤᠤ》᠂ 《ᠬᠠᠰ ᠯᠤᠤ》 ᠪᠠᠷ IP ᠵᠢᠨ ᠤᠭ ᠲᠦᠷᠢ ᠪᠤᠯᠭᠠᠭᠰᠠᠨ ᠬᠡᠦᠬᠡᠯᠳᠡᠢ ᠵᠦᠴᠦᠬᠡ ᠪᠠᠢᠵᠤ᠂ ᠨᠢᠭᠡᠳᠦᠭᠡᠷ ᠲᠦᠷᠦᠯ᠎ᠳᠤ ᠨᠡᠢᠲᠡ 16 ᠪᠦᠯᠦᠭ᠂ ᠪᠦᠯᠦᠭ ᠪᠦᠷᠢ᠎ᠨᠢ 13 ᠮᠢᠨᠦ᠋ᠲ ᠪᠠᠢᠵᠤ᠂ ᠵᠢᠱ᠌ᠢᠯᠲᠡ᠎ᠪᠠᠷ 2026 ᠣᠨ᠎ᠤ ᠰᠡᠭᠦᠯᠴᠢ᠎ᠪᠠᠷ ᠦᠢᠯᠡᠳᠦᠨ ᠲᠠᠭᠤᠰᠭᠠᠵᠦ᠍᠂ 2027 ᠤᠨ᠎ᠡᠴᠨ ᠡᠬᠢᠯᠡᠵᠦ᠍ ᠨᠡᠪᠳᠡᠷᠡᠬᠦᠯᠦᠨ᠎ᠠ᠃

ᠬᠠᠮᠢᠶ᠎ᠠ ᠪᠦᠬᠦᠢ ᠬᠠᠷᠢᠭᠤᠴᠠᠯᠭᠠᠳᠠᠨ᠎ᠤ ᠲᠠᠨᠢᠯᠴᠠᠭᠤᠯᠤᠭ᠍ᠰᠠᠨ᠎ᠢᠶᠠᠷ᠂ ᠲᠤᠰ ᠬᠡᠦᠬᠡᠯᠳᠡᠢ ᠵᠦᠴᠦᠭᠡ᠎ᠨᠢ ᠭᠤᠣᠯᠳᠠᠭᠤ ᠬᠤᠡᠭᠱᠠᠨ ᠰᠤᠶᠤᠯ᠎ᠢᠶᠠᠷ ᠪᠣᠷᠣ ᠮᠠᠲ᠋ᠧᠷᠢᠶᠠᠯ ᠪᠣᠯᠭᠠᠵᠤ᠂ ᠪᠠᠯᠠᠷ ᠡᠷᠲᠡᠨ᠎ᠤ ᠬᠠᠭᠤᠴᠢ ᠰᠤᠳᠤᠯᠤᠯ᠎ᠤᠨ ᠰᠤᠶᠤᠯ ᠪᠣᠯᠪᠠᠰᠤᠨ᠎ᠢ ᠺᠠᠷᠲ᠋ᠣᠨ᠎ᠤ ᠬᠡᠯᠪᠡᠷᠢ ᠪᠣᠯᠭᠠᠨ᠂ ᠬᠠᠭᠤᠴᠢ ᠰᠤᠳᠤᠯᠤᠯ᠎ᠢ ᠣᠯᠠᠨ ᠲᠦᠮᠡᠨᠴᠢᠯᠡᠬᠦ᠌ ᠲᠡᠢᠰᠢ ᠬᠤᠪᠢᠷᠠᠭᠤᠯᠵᠠᠢ᠃

ᠲᠤᠰ ᠬᠡᠦᠬᠡᠯᠲᠡᠢ ᠵᠦᠴᠦᠭᠡ ᠨᠢ ᠣᠯᠠᠨ᠎ᠤ ᠦᠵᠡᠵᠦ᠍ ᠰᠣᠨᠢᠷᠬᠠᠬᠤ ᠳᠤᠷᠠᠲᠠᠶ ᠺᠠᠷᠲ᠋ᠣᠨ ᠵᠢᠷᠤᠭ᠎ᠤᠨ ᠬᠡᠯᠪᠡᠷᠢ᠎ᠪᠠᠷ ᠮᠢᠩᠭᠠᠨ ᠵᠢᠯ᠎ᠤᠨ ᠲᠡᠦᠬᠡ᠎ᠶ᠋ᠢᠨ ᠦᠯᠢᠭᠡᠷ᠎ᠢ ᠨᠡᠩ ᠣᠯᠠᠨ ᠦᠵᠡᠭ᠌ᠴᠢᠳ ᠪᠣᠯᠤᠨ ᠵᠠᠯᠠᠭᠤᠴᠤᠳ ᠪᠠᠭᠠᠴᠤᠳ᠎ᠲᠤ ᠦᠵᠡᠬᠦᠯᠦᠨ ᠲᠠᠨᠢᠭᠤᠯᠵᠦ᠍᠂ ᠤᠷᠤᠨ ᠨᠤᠲᠤᠭ᠎ᠤᠨ ᠰᠣᠶᠣᠯ᠎ᠢ ᠠᠱᠢᠭ᠍ᠯᠠᠨ ᠥᠪᠡᠷᠮᠢᠴᠡ ᠣᠨᠴᠠᠯᠢᠭ᠎ᠲᠠᠢ IP ᠶ᠋ᠢ ᠡᠭᠦᠳᠴᠦ᠍᠂ ᠤᠷᠤᠨ ᠨᠤᠲᠤᠭ᠎ᠤᠨ ᠰᠣᠶᠣᠯ᠎ᠤᠨ ᠨᠠᠷ᠎ᠠ ᠵᠢᠨ ᠬᠠᠭᠤᠳᠠᠰᠤ᠎ᠶ᠋ᠢ ᠡᠭᠦᠳᠴᠦ᠍᠂ ᠰᠣᠶᠣᠯ ᠵᠢᠭᠤᠯᠴᠢᠯᠠᠯ᠎ᠤᠨ ᠬᠥᠭ᠌ᠵᠢᠯᠲᠡ᠎ᠳᠤ ᠬᠦᠴᠦᠨ ᠨᠡᠮᠡᠷᠢᠯᠡᠬᠦ᠌ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号