2026 ᠣᠨ ᠤ᠋ ᠪᠦᠬᠦ ᠣᠷᠣᠨ ᠤ᠋ ᠤᠯᠠᠭᠠᠨᠮᠥ᠋ᠴᠢᠷ ᠤ᠋ᠨ ᠰᠠᠷ᠎ᠠ ᠶ᠋ᠢᠨ ᠠᠵᠢᠯᠯᠠᠭ᠎ᠠ ᠡᠬᠢᠯᠡᠵᠠᠢ
2026-06-22 16:50:56
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

 ᠦᠪᠡᠷᠳᠡᠬᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠩᠬᠢᠮ ᠡᠴᠡ ᠤᠢᠯᠠᠭᠠᠭᠰᠠᠨ ᠵᠢᠡᠷ᠂ 2026 ᠣᠨ ᠤ᠋ ᠪᠦᠬᠦ ᠣᠷᠣᠨ ᠤ᠋ ᠤᠯᠠᠭᠠᠨᠮᠥ᠋ᠴᠢᠷ ᠤ᠋ᠨ ᠰᠠᠷ᠎ᠠ ᠶ᠋ᠢᠨ ᠰᠢᠷᠢᠰ ᠠᠵᠢᠯᠯᠠᠭ᠎ᠠ 6 ᠰᠠᠷ᠎ᠠ ᠶ᠋ᠢᠨ 17 ᠤ᠋ ᠡᠳᠦᠷ ᠪᠦᠬᠦ ᠲᠠᠯ᠎ᠠ ᠪᠡᠷ ᠡᠬᠢᠯᠡᠪᠡ᠃ ᠲᠤᠰ ᠤᠳᠠᠭ᠎ᠠ ᠵᠢᠨ ᠠᠵᠢᠯᠯᠠᠭ᠎ᠠ ᠨᠢ︽ᠥᠭᠡᠷᠡᠴᠢᠯᠡᠯᠲᠡ ᠵᠢ ᠭᠦᠨᠵᠡᠭᠡᠢᠷᠡᠭᠦᠯᠤᠨ ᠠᠮᠢᠵᠢᠷᠠᠯ ᠤ᠋ᠨ ᠬᠦᠴᠦᠨ ᠢ᠋ ᠬᠥᠭᠵᠢᠭᠡᠵᠦ ᠦᠢᠯᠡᠴᠢᠯᠡᠬᠡ ᠵᠢ ᠳᠡᠰ ᠳᠡᠪᠰᠢᠬᠦᠯᠦᠨ ᠦᠨᠳᠦᠰᠦᠨ ᠱᠠᠳᠤᠨ ᠳ᠋ᠦ ᠪᠦᠷᠬᠦᠬᠦᠯᠬᠦ︾ᠪᠠᠷ ᠭᠣᠣᠯ ᠰᠡᠳᠦᠪ ᠪᠣᠯᠭᠠᠵᠤ᠂ ᠪᠦᠬᠦ ᠣᠷᠣᠨ ᠤ᠋ ᠡᠯ᠎ᠡ ᠭᠠᠵᠠᠷ ᠤ᠋ᠨ ᠤᠯᠠᠭᠠᠨᠮᠥ᠋ᠴᠢᠷ ᠤ᠋ᠨ ᠬᠢᠨ ᠦᠨᠳᠦᠰᠦᠨ ᠱᠠᠳᠤᠨ ᠳ᠋ᠦ ᠭᠦᠨᠵᠡᠭᠡᠢᠷᠡᠨ᠂ ᠡᠷᠡᠰ ᠰᠢᠭᠤᠷᠬᠠᠢ ᠪᠠᠷ ᠰᠢᠨ᠎ᠡ ᠵᠢ ᠡᠭᠦᠳᠴᠦ᠂ ᠦᠨᠳᠦᠰᠦᠲᠡᠨ ᠨᠤᠬᠦᠳ ᠤ᠋ᠨ ᠣᠯᠠᠨ ᠲᠦᠮᠡᠨ ᠳ᠋ᠤ ᠦᠢᠯᠡᠴᠢᠯᠡᠬᠦ ᠡᠭᠦᠷᠭᠡ ᠬᠠᠷᠢᠭᠤᠴᠠᠯᠭ᠎ᠠ ᠪᠠᠨ ᠢᠳᠡᠪᠬᠢᠳᠠᠢ ᠬᠦᠢᠴᠡᠳᠬᠡᠵᠤ ᠪᠠᠢᠨ᠎ᠠ᠃

6 ᠰᠠᠷ᠎ᠠ ᠶ᠋ᠢᠨ 17 ᠤ᠋ ᠡᠳᠦᠷ᠂ ᠪᠦᠬᠦ ᠣᠷᠣᠨ ᠤ᠋ 12 ᠠᠢᠮᠠᠭ ᠬᠣᠲᠠ ᠶ᠋ᠢᠨ ᠡᠯ᠎ᠡ ᠬᠣᠰᠢᠭᠤ ᠰᠢᠶᠠᠨ ᠤ᠋ ᠤᠯᠠᠭᠠᠨᠮᠥ᠋ᠴᠢᠷ ᠵᠡᠷᠭᠡ ᠪᠡᠷ ᠬᠥᠳᠡᠯᠪᠡ᠃ ᠲᠡᠳᠡ ᠬᠥᠩᠭᠡᠨ ᠬᠥᠰᠬᠡ ᠲᠠᠢ ᠬᠦᠳᠡᠯᠵᠦ᠂ ᠣᠯᠠᠨ ᠲᠦᠮᠡᠨ ᠤ᠋ ᠠᠳᠠᠯᠢ ᠪᠤᠰᠤ ᠵᠢᠨ ᠬᠡᠷᠡᠭᠴᠡᠭᠡ ᠱᠠᠭᠠᠷᠳᠠᠯᠭ᠎ᠠ ᠳ᠋ᠦ ᠰᠠᠭᠤᠷᠢᠯᠠᠨ ᠤᠳᠬ᠎ᠠ ᠤᠷᠠᠯᠢᠭ ᠤ᠋ᠨ ᠰᠤᠳᠤᠨ ᠪᠦᠳᠦᠭᠡᠯ ᠢ᠋ ᠣᠯᠠᠨ ᠲᠦᠮᠡᠨ ᠤ᠋ ᠠᠮᠢᠳᠤᠷᠠᠯ ᠳ᠋ᠦ ᠣᠷᠣᠭᠤᠯᠵᠤ᠂ ᠦᠨᠳᠦᠰᠦᠨ ᠱᠠᠲᠤᠨ ᠳ᠋ᠦ ᠦᠢᠯᠡᠴᠢᠯᠡᠭᠡ ᠪᠦᠬᠦᠨ ᠢ᠋ ᠪᠦᠷᠬᠦᠬᠦᠯᠬᠦ ᠪᠣᠯᠤᠨ᠎ᠠ᠃ ᠡᠯ᠎ᠡ ᠭᠠᠵᠠᠷ ᠤ᠋ᠨ ᠤᠯᠠᠭᠠᠨᠮᠥ᠋ᠴᠢᠷ ᠤ᠋ᠨ ᠬᠢᠨ ᠪᠠᠰᠠ ᠰᠣᠶᠣᠯ ᠤ᠋ᠨ ᠥᠪ ᠤ᠋ᠨ ᠬᠠᠮᠠᠭᠠᠯᠠᠯᠲᠠ᠂ ᠰᠢᠨ᠎ᠡ ᠴᠠᠭ ᠦᠶ᠎ᠡ ᠶ᠋ᠢᠨ ᠪᠣᠯᠪᠠᠰᠤᠨ ᠤ᠋ ᠦᠢᠯᠡᠳᠦᠯᠭᠡ ᠵᠡᠷᠭᠡ ᠠᠵᠢᠯᠯᠠᠭ᠎ᠠ ᠳ᠋ᠤ ᠢᠳᠡᠪᠬᠢᠯᠠᠨ ᠤᠷᠤᠯᠴᠠᠵᠤ᠂ ᠨᠡᠢᠭᠡᠮ ᠲᠣᠭᠣᠷᠢᠭ᠂ ᠰᠤᠷᠭᠠᠭᠤᠯᠢ᠂ ᠦᠢᠯᠡᠳᠪᠦᠷᠢ ᠠᠭᠤᠷᠬᠠᠢ᠂ ᠠᠭᠤᠳᠠᠮ ᠲᠠᠯᠠᠪᠠᠢ ᠶ᠋ᠢᠨ ᠣᠯᠠᠨ ᠲᠦᠮᠡᠨ ᠳ᠋ᠤ ᠬᠠᠨᠳᠤᠭᠤᠯᠤᠨ ᠣᠯᠠᠨ ᠡᠰᠢᠵᠢᠭᠰᠡᠨ ᠤᠷᠠᠨ ᠰᠠᠢᠬᠠᠨ ᠤ᠋ ᠲᠤᠭᠯᠠᠯᠳᠠ ᠦᠵᠡᠬᠦᠯᠬᠡ ᠥᠷᠨᠢᠭᠦᠯᠵᠦ ᠡᠬᠢᠯᠡᠪᠡ᠃ 

ᠤᠢᠯᠠᠭᠠᠭᠰᠠᠨ ᠵᠢᠡᠷ᠂ ᠡᠨᠡ ᠵᠢᠯ ᠤ᠋ᠨ ᠪᠦᠬᠦ ᠤᠷᠤᠨ ᠤ᠋ ᠤᠯᠠᠭᠠᠨᠮᠦ᠋ᠴᠢᠷ ᠤ᠋ᠨ ᠰᠠᠷ᠎ᠠ᠎ᠶᠢᠨ ᠠᠵᠢᠯᠯᠠᠭ᠎ᠠ ᠳ᠋ᠤ︽ᠰᠤᠷᠤᠯᠴᠠᠬᠤ᠂ ᠵᠤᠬᠢᠶᠠᠬᠤ᠂ ᠲᠣᠭᠯᠠᠬᠤ︾ᠠᠵᠢᠯ ᠤ᠋ᠨ ᠲᠣᠭᠲᠠᠴᠠ ᠵᠢ ᠤᠯᠠᠮ ᠬᠦᠨᠵᠡᠬᠡᠢᠷᠡᠬᠦᠯᠵᠤ᠂ ᠮᠠᠲ᠋ᠧᠷᠢᠶᠠᠯ ᠴᠤᠭᠯᠠᠭᠤᠯᠵᠤ ᠵᠣᠬᠢᠶᠠᠨ ᠪᠦᠲᠦᠭᠡᠬᠦ᠂ ᠦᠢᠯᠡᠴᠢᠯᠡᠬᠦ᠂ ᠬᠡᠪ ᠪᠤᠯᠪᠠᠰᠤᠷᠠᠯ ᠢ᠋ ᠳᠡᠭᠡᠭᠰᠢᠯᠡᠭᠦᠯᠬᠦ᠂ ᠠᠵᠢᠯ ᠤ᠋ᠨ ᠴᠢᠨᠰᠠᠭ᠎ᠠ ᠵᠢ ᠰᠠᠢᠵᠢᠷᠠᠭᠤᠯᠬᠤ᠂ ᠢᠳᠡᠪᠬᠢᠵᠢᠯ ᠢ᠋ ᠳᠠᠢᠴᠢᠯᠠᠬᠤ ᠪᠡᠷ ᠳᠠᠮᠵᠢᠨ ᠦᠨᠳᠦᠰᠦᠨ ᠱᠠᠲᠤᠨ ᠤ᠋ ᠵᠣᠬᠢᠶᠠᠨ ᠪᠦᠲᠦᠭᠡᠯᠭᠡ᠎ᠶᠢᠨ ᠠᠭᠤᠯᠭ᠎ᠠ ᠰᠡᠳᠦᠪ ᠢᠵᠢᠯᠢᠳᠬᠦ᠂ ᠬᠠᠩᠭᠠᠯᠭ᠎ᠠ ᠬᠦᠷᠦᠯᠴᠡᠬᠦ ᠦᠭᠡᠢ ᠪᠠᠢᠬᠤ ᠵᠡᠷᠭᠡ ᠬᠦᠴᠢᠷ ᠠᠰᠠᠭᠤᠳᠠᠯ ᠢ᠋ ᠰᠢᠢᠳᠪᠦᠷᠢᠯᠡᠨ᠎ᠠ; ᠡᠯ᠎ᠠ ᠤᠯᠠᠭᠠᠨᠮᠥ᠋ᠴᠢᠷ ᠤ᠋ᠨ ᠬᠢᠨ ᠭᠤᠤᠯᠯᠠᠬᠤ ᠬᠦᠴᠦᠨ ᠵᠢᠡᠨ ᠰᠣᠩᠭᠣᠨ ᠲᠣᠮᠢᠯᠠᠵᠦ᠂ ᠦᠨᠳᠦᠰᠦᠨ ᠱᠠᠲᠤᠨ ᠤ᠋ ᠨᠡᠭᠦᠳᠡᠯ ᠲᠣᠭᠯᠠᠯᠲᠠ ᠳ᠋ᠦ ᠲᠣᠬᠢᠷᠠᠬᠤ ᠨᠢᠭᠡ ᠪᠦᠯᠦᠭ ᠳᠤᠮᠳᠠ ᠪᠠᠭ᠎ᠠ ᠬᠡᠯᠪᠡᠷᠢ ᠶ᠋ᠢᠨ ᠤᠤᠭᠠᠯ ᠪᠦᠲᠦᠭᠡᠯ ᠤ᠋ᠳ ᠢ᠋ ᠲᠥᠪᠯᠡᠷᠡᠭᠦᠯᠦᠨ ᠲᠤᠭᠯᠠᠵᠦ᠂ ᠪᠦᠲᠦᠭᠡᠯ ᠨᠢ ᠣᠯᠠᠨ ᠲᠦᠮᠡᠨ ᠡᠴᠡ ᠬᠥᠨᠳᠡᠢᠷᠡᠭᠰᠡᠨ᠂ ᠠᠭᠤᠯᠭ᠎ᠠ ᠰᠡᠳᠦᠪ ᠨᠢ ᠢᠵᠢᠯᠢᠳᠦᠭᠰᠡᠨ ᠬᠦᠴᠢᠷ ᠰᠡᠳᠦᠪ ᠢ᠋ ᠰᠢᠢᠳᠪᠦᠷᠢᠯᠡᠨ᠎ᠡ᠃ ᠡᠯ᠎ᠡ ᠭᠠᠵᠠᠷ ᠤ᠋ᠨ ᠨᠥᠬᠥᠴᠡᠯ ᠪᠦᠷᠢᠯᠳᠦᠭᠦᠯᠦᠭᠰᠡᠨ ᠤᠯᠠᠭᠠᠨᠮᠥ᠋ᠴᠢᠷ ᠨᠢ ᠪᠠᠰᠠ ᠰᠣᠶᠣᠯ ᠵᠢᠭᠤᠯᠴᠢᠯᠠᠯ᠂ ᠤᠷᠠᠨ ᠰᠠᠢᠬᠠᠨ ᠤ᠋ ᠲᠣᠭᠯᠠᠯᠲᠠ ᠶ᠋ᠢᠨ ᠡᠬᠢ ᠪᠠᠶᠠᠯᠢᠭ ᠢ᠋ ᠨᠡᠢᠳᠬᠡᠵᠦ᠂ ᠰᠥᠨᠢ ᠶ᠋ᠢᠨ ᠠᠵᠤ ᠠᠬᠤᠢ ᠵᠢ ᠬᠦᠭᠵᠢᠬᠡᠨ᠂ ᠤᠳᠬ᠎ᠠ ᠤᠷᠠᠯᠢᠭ ᠤ᠋ᠨ ᠠᠵᠢᠯ ᠦᠢᠯᠡᠰ ᠤ᠋ᠨ ᠨᠡᠢᠭᠡᠮ ᠤ᠋ᠨ ᠦᠷ᠎ᠡ ᠠᠰᠢᠭ ᠪᠠ ᠠᠵᠤ ᠠᠬᠤᠢ ᠶ᠋ᠢᠨ ᠦᠷ᠎ᠡ ᠠᠰᠢᠭ ᠢ᠋ ᠵᠡᠷᠭᠡ ᠪᠡᠷ ᠰᠠᠢᠵᠢᠷᠠᠭᠤᠯᠬᠤ ᠵᠢ ᠰᠦᠪᠡᠭᠴᠢᠯᠡᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号