ᠤᠷᠴᠢᠮᠬᠠᠨ ᠭᠠᠨᠰᠦ ᠮᠤᠵᠢ ᠶ᠋ᠢᠨ ᠲᠢᠶᠠᠨ ᠱᠦᠢ ᠬᠤᠳᠠ ᠳ᠋ᠦ ᠶᠠᠪᠤᠭᠳᠠᠭᠰᠠᠨ ᠠᠩᠬᠠᠳᠤᠭᠠᠷ ᠬᠤᠭᠤᠴᠠᠭᠠᠨ ᠤ᠋ ᠠᠮᠠᠨ ᠬᠤᠭᠤᠷ ᠤ᠋ᠨ ᠤᠷᠠᠯᠢᠭ ᠤ᠋ᠨ ᠦᠵᠡᠬᠦᠯᠬᠡ ᠶ᠋ᠢᠨ ᠲᠣᠭ᠍ᠯᠠᠯᠲᠠ ᠳ᠋ᠦ ᠬᠥᠬᠡᠬᠣᠲᠠ ᠶ᠋ᠢᠨ ᠰᠣᠶᠣᠯ ᠤ᠋ᠨ ᠣᠷᠳᠣᠨ ᠤ᠋ ᠠᠮᠠᠨ ᠬᠤᠭᠤᠷ ᠤ᠋ᠨ ᠬᠥᠭ᠌ᠵᠢᠮ ᠤ᠋ᠨ ᠪᠦᠯᠬᠦᠮ ᠤᠯᠠᠨ ᠡᠴᠡ ᠬᠡᠳᠦᠢᠳᠦᠭᠰᠡᠨ ᠤᠷ᠎ᠠ ᠴᠢᠳᠠᠪᠤᠷᠢ ᠪᠣᠯᠤᠨ ᠡᠪ ᠤᠬᠠᠭᠠᠨ ᠵᠢᠡᠨ ᠤᠯᠤᠯᠴᠠᠭᠰᠠᠨ ᠪᠦᠯᠬᠦᠮ ᠨᠡᠢᠲᠡ ᠶ᠋ᠢᠨ ᠬᠠᠮᠵᠢᠯᠴᠠᠭ᠎ᠠ ᠪᠠᠷ ᠵᠢᠡᠨ ᠱᠠᠨᠰᠢ᠂ ᠭᠠᠨᠰᠦ᠂ ᠵᠢᠶᠠᠩᠰᠦ ᠵᠡᠷᠭᠡ ᠤᠯᠠᠨ ᠮᠤᠵᠢ ᠣᠷᠣᠨ ᠤ᠋ ᠱᠢᠯᠢᠳᠡᠭ ᠪᠦᠯᠬᠦᠮ ᠨᠡᠢᠲᠡ ᠶ᠋ᠢᠨ ᠲᠤᠮᠳᠠ ᠡᠴᠡ ᠴᠣᠯᠭᠣᠷᠠᠨ᠂ ᠤᠯᠠᠭᠤᠯᠠ ᠬᠥᠭ᠌ᠵᠢᠮᠳᠡᠬᠦ᠌ ᠳᠤᠭᠤᠢᠯᠠᠩ ᠤ᠋ᠨ ᠠᠯᠳᠠᠨ ᠱᠠᠩᠨᠠᠯ ᠢ᠋ ᠲᠤᠰᠴᠠᠢ᠃
ᠤᠢᠯᠠᠭᠠᠭᠰᠠᠨ ᠵᠢᠡᠷ᠂ ᠲᠣᠰ ᠤᠳᠠᠭ᠎ᠠ ᠵᠢᠨ ᠦᠵᠡᠬᠦᠯᠬᠡ ᠶ᠋ᠢᠨ ᠲᠣᠭ᠍ᠯᠠᠯᠲᠠ ᠵᠢ ᠳᠤᠮᠳᠠᠳᠤ ᠤᠯᠤᠰ ᠤ᠋ᠨ ᠣᠯᠠᠨ ᠲᠦᠮᠡᠨᠴᠢ ᠳᠠᠭᠤᠤ ᠬᠥᠭ᠌ᠵᠢᠮ ᠤ᠋ᠨ ᠨᠡᠢᠭᠡᠮᠯᠢᠭ ᠤ᠋ᠨ ᠠᠮᠠᠨ ᠬᠤᠭᠤᠷ ᠤ᠋ᠨ ᠲᠤᠰᠭᠠᠶ ᠮᠡᠷᠭᠡᠵᠢᠯ ᠤ᠋ᠨ ᠵᠥᠪᠯᠡᠯ ᠡᠴᠡ ᠭᠤᠤᠯᠯᠠᠨ ᠡᠷᠭᠢᠯᠡᠵᠦ᠍᠂ ᠲᠢᠶᠠᠨ ᠱᠦᠢ ᠬᠤᠳᠠ ᠶ᠋ᠢᠨ ᠭᠦᠨ ᠵᠤᠵᠠᠭᠠᠨ ᠲᠡᠥᠬᠡ ᠰᠣᠶᠣᠯ ᠤ᠋ᠨ ᠠᠭᠤᠯᠤᠭ᠍ᠳᠠᠬᠤᠨ ᠳ᠋ᠦ ᠲᠦᠱᠢᠭ᠌ᠯᠡᠨ᠂ ᠪᠥᠬᠥ᠌ ᠤᠯᠤᠰ ᠤ᠋ᠨ ᠴᠢᠨᠠᠷᠲᠠᠶ ᠬᠥᠭ᠌ᠵᠢᠮ ᠤ᠋ᠨ ᠰᠣᠯᠢᠯᠴᠠᠭᠠᠨ ᠤ᠋ ᠲᠠᠪᠴᠠᠩ ᠢ᠋ ᠪᠠᠢᠭᠤᠯᠬᠤ ᠪᠠᠷ ᠵᠣᠷᠢᠯᠭ᠎ᠠ ᠪᠠᠨ ᠪᠣᠯᠭᠠᠵᠠᠶ᠃ ᠦᠵᠡᠭᠦᠯᠭᠡ ᠶ᠋ᠢᠨ ᠲᠤᠭᠯᠠᠯᠳᠠ ᠳ᠋ᠦ ᠬᠥᠬᠡᠬᠣᠲᠠ ᠶ᠋ᠢᠨ ᠰᠣᠶᠣᠯ ᠤ᠋ᠨ ᠣᠷᠳᠣᠨ ᠤ᠋ ᠠᠮᠠᠨ ᠬᠤᠭᠤᠷ ᠤ᠋ᠨ ᠬᠥᠭ᠌ᠵᠢᠮ ᠤ᠋ᠨ ᠪᠦᠯᠬᠦᠮ ᠤ᠋ᠨ ᠬᠢᠨ ᠴᠣᠭ ᠵᠢᠪᠬᠤᠭ᠎ᠠ ᠲᠡᠭᠦᠯᠳᠡᠷ᠂ ᠤᠷ᠎ᠠ ᠮᠡᠷᠭᠡᠵᠢᠯ ᠤᠨᠴᠠ ᠶ᠋ᠢᠨ ᠪᠤᠯᠪᠠᠰᠤᠷᠠᠩᠭᠤᠢ ᠪᠡᠷ《ᠲᠠᠭ᠍ᠲᠠᠭᠠ》᠂ 《ᠴᠠᠩᠬᠢᠨᠠᠭᠤᠷ ᠬᠣᠩᠬᠣ》᠂ 《ᠲᠣᠩᠱᠢᠭᠤᠯ》 ᠵᠡᠷᠭᠡ 3 ᠰᠣᠩᠭᠣᠳᠠᠭ ᠬᠦᠭᠵᠢᠮ ᠢ᠋ ᠤᠷᠠᠨ ᠭᠤᠢᠳᠠ ᠲᠣᠭ᠍ᠯᠠᠵᠤ᠂ ᠢᠷᠠᠭᠤ ᠰᠠᠢᠬᠠᠨ ᠬᠥᠭ ᠠᠶᠠᠰ ᠪᠠ ᠨᠠᠢᠷᠠᠯ ᠲᠠᠭᠤᠤ ᠵᠢᠨ ᠬᠡᠪ ᠨᠠᠮᠪᠠ ᠲᠠᠢ ᠲᠤᠭᠯᠠᠯᠳᠠ ᠪᠡᠷ ᠬᠥᠬᠡᠬᠣᠲᠠ ᠶ᠋ᠢᠨ ᠣᠯᠠᠨ ᠲᠦᠮᠡᠨᠴᠢ ᠤᠳᠭ᠎ᠠ ᠤᠷᠠᠯᠢᠭ ᠤ᠋ᠨ ᠪᠠᠬᠠᠳᠠᠳ ᠤ᠋ᠨ ᠴᠣᠭ ᠪᠠᠳᠠᠷᠠᠩᠭᠤᠶ ᠥᠭᠡᠳᠡᠯᠡᠨ ᠳᠠᠪᠱᠢᠬᠤ ᠵᠣᠷᠢᠭ ᠰᠠᠨᠠᠭᠠᠨ ᠤ᠋ ᠪᠠᠢᠳᠠᠯ ᠢ᠋ ᠢᠯᠡᠷᠡᠭᠦᠯᠪᠡ᠃
ᠬᠥᠬᠡᠬᠣᠲᠠ ᠶ᠋ᠢᠨ ᠰᠣᠶᠣᠯ ᠤ᠋ᠨ ᠣᠷᠳᠣᠨ ᠤ᠋ ᠠᠮᠠᠨ ᠬᠤᠭᠤᠷ ᠤ᠋ᠨ ᠬᠥᠭ᠌ᠵᠢᠮ ᠤ᠋ᠨ ᠪᠦᠯᠬᠦᠮ 2025 ᠤᠨ ᠳ᠋ᠦ ᠪᠦᠬᠦ ᠤᠯᠤᠰ ᠤ᠋ᠨ ᠤᠷᠠᠯᠢᠭ ᠤ᠋ᠨ ᠤᠷᠤᠯᠳᠤᠭᠠᠨ ᠤ᠋ ᠨᠠᠰᠤᠨ ᠳ᠋ᠦ ᠬᠦᠷᠦᠭᠰᠡᠳ ᠤ᠋ᠨ ᠬᠠᠮᠳᠤᠯᠢᠭ ᠤ᠋ᠨ ᠲᠤᠭᠤᠢᠯᠠᠩ ᠳ᠋ᠦ ᠠᠯᠳᠠᠨ ᠱᠠᠩᠨᠠᠯ᠂ ᠤᠯᠠᠭᠤᠯᠠ ᠬᠦᠭᠵᠢᠮᠳᠡᠬᠦ ᠲᠤᠭᠤᠢᠯᠠᠩ ᠳ᠋ᠦ ᠬᠤᠶᠠᠳᠤᠭᠠᠷ ᠳᠡᠰ ᠤ᠋ᠨ ᠱᠠᠩᠨᠠᠯ ᠲᠤᠰᠴᠤ᠂ ᠠᠮᠵᠢᠯᠳᠠ ᠲᠦᠬᠦᠷᠡᠩ ᠶᠠᠪᠤᠭ᠎ᠠ ᠤᠯᠠᠨ ᠲᠦᠮᠡᠨᠴᠢ ᠤᠷᠠᠯᠢᠭ ᠤ᠋ᠨ ᠪᠦᠯᠬᠦᠮ ᠪᠣᠯᠤᠨ᠎ᠠ᠃ ᠣᠢᠷ᠎ᠠ ᠶ᠋ᠢᠨ ᠵᠢᠯ ᠳ᠋ᠦ ᠬᠥᠬᠡᠬᠣᠲᠠ ᠶ᠋ᠢᠨ ᠰᠣᠶᠣᠯ ᠤ᠋ᠨ ᠣᠷᠳᠣᠨ ᠣᠯᠠᠨ ᠲᠦᠮᠡᠨᠴᠢ ᠤᠳᠭ᠎ᠠ ᠤᠷᠠᠯᠢᠭ ᠤ᠋ᠨ ᠦᠩᠳᠤ ᠬᠥᠷᠥᠰᠥ᠍ ᠱᠢᠷᠣᠶ ᠵᠢ ᠦᠷᠭᠦᠯᠵᠢᠯᠡᠨ ᠱᠢᠮᠡᠵᠢᠭᠦᠯᠵᠦ᠍᠂ ᠨᠡᠢᠲᠡ ᠶ᠋ᠢᠨ ᠠᠰᠠᠷᠠᠮᠵᠢ ᠶ᠋ᠢᠨ ᠬᠢᠴᠢᠶᠡᠯ ᠣᠷᠣᠬᠤ᠂ ᠪᠦᠯᠬᠦᠮ ᠨᠡᠢᠲᠡ ᠵᠢ ᠪᠣᠢᠵᠢᠭᠤᠯᠬᠤ ᠵᠡᠷᠭᠡ ᠠᠷᠭ᠎ᠠ ᠬᠡᠯᠪᠡᠷᠢ ᠪᠡᠷ ᠳᠠᠮᠵᠢᠨ ᠦᠨᠳᠦᠰᠦᠨ ᠱᠠᠲᠤᠨ ᠤ᠋ ᠤᠳᠭ᠎ᠠ ᠤᠷᠠᠯᠢᠭ ᠤ᠋ᠨ ᠡᠩᠨᠡᠭᠡᠨᠦ ᠰᠠᠭᠤᠷᠢ ᠵᠢ ᠪᠡᠬᠢᠵᠢᠭᠦᠯᠤᠨ᠂ ᠨᠡᠩ ᠰᠢᠯᠢᠳᠡᠭ ᠤᠷᠠᠯᠢᠭ ᠰᠤᠶᠤᠯ ᠤ᠋ᠨ ᠲᠤᠭᠯᠠᠯᠳᠠ ᠪᠡᠷ ᠠᠷᠠᠳ ᠤᠯᠠᠨ ᠤ᠋ ᠰᠤᠶᠤᠯ ᠤ᠋ᠨ ᠠᠮᠢᠳᠤᠷᠠᠯ ᠢ᠋ ᠪᠠᠶᠠᠯᠢᠭᠵᠢᠭᠤᠯᠵᠦ᠂ ᠤᠷᠠᠯᠢᠭ ᠰᠤᠶᠤᠯ ᠤ᠋ᠨ ᠰᠢᠮ᠎ᠠ ᠵᠢ ᠦᠨᠳᠦᠰᠦᠨ ᠱᠠᠳᠤᠨ ᠳ᠋ᠦ ᠬᠦᠷᠬᠡᠵᠤ ᠪᠠᠢᠨ᠎ᠠ᠃