2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠡᠷᠢᠭ ᠡᠯᠰᠡᠬᠦ ᠲᠧᠯᠸᠢᠰ ᠳᠠᠢᠴᠢᠯᠠᠯᠲᠠ᠎ᠶᠢᠨ ᠶᠠᠷᠢᠶ᠎ᠠ
2026-06-23 09:34:25
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠲᠡᠳ᠋ ᠱᠦᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠤᠷᠳᠤᠨ᠎ᠤ ᠲᠡᠷᠢᠭᠦᠯᠡᠭᠴᠢ   ᠪᠤᠤ ᠭᠠᠩ


ᠬᠠᠢᠷᠠᠲᠤ ᠵᠠᠯᠠᠭᠤ ᠨᠠᠢᠵᠠ ᠨᠠᠷ ᠡ᠄

ᠲᠥᠷᠥ᠎ᠶᠢᠨ ᠶᠠᠪᠤᠳᠠᠯ᠎ᠤᠨ ᠬᠣᠷᠢᠶ᠎ᠠ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠡ ᠵᠢᠨ ᠴᠡᠷᠢᠭ ᠡᠯᠰᠡᠬᠦ ᠵᠠᠷᠯᠢᠭ᠋᠎ᠢ ᠦᠨᠳᠦᠰᠦᠯᠡᠵᠤ᠂ ᠡᠨᠡ ᠵᠢᠯ᠎ᠤᠨ ᠪᠥᠬᠥ ᠣᠷᠣᠨ᠎ᠤ ᠴᠡᠷᠢᠭ ᠡᠯᠰᠡᠬᠦ ᠠᠵᠢᠯ ᠶᠠᠭ ᠪᠥᠬᠥ ᠲᠠᠯ᠎ᠠ᠎ᠪᠠᠷ ᠶᠠᠪᠤᠭᠳᠠᠵᠤ ᠪᠠᠢᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠣᠯᠣᠨ ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ ᠡᠴᠡ᠂ ᠪᠦᠬᠦ ᠣᠷᠣᠨ᠎ᠤ ᠴᠡᠷᠢᠭ ᠡᠯᠰᠡᠬᠦ ᠨᠠᠰᠤᠨ᠎ᠳᠦ ᠲᠤᠬᠢᠷᠠᠬᠤ ᠥᠷᠭᠡᠨ ᠤᠯᠠᠨ ᠵᠠᠯᠠᠭᠤᠴᠤᠳ᠎ᠤᠨ ᠡᠬᠡ ᠤᠯᠤᠰ᠎ᠤᠨ ᠤᠷᠢᠶᠠᠯᠠᠭ᠎ᠠ᠎ᠶᠢ ᠴᠤᠤᠷᠢᠶᠠᠲᠤᠨ ᠳᠠᠭᠠᠵᠤ᠂ ᠴᠡᠷᠢᠭ᠎ᠲᠦ ᠤᠷᠤᠬᠤ ᠪᠡᠷ ᠢᠳᠡᠪᠬᠢᠲᠡᠢ᠎ᠪᠡᠷ ᠨᠡᠷ᠎ᠡ ᠮᠡᠳᠡᠭᠦᠯᠦᠨ᠂ ᠢᠷᠠᠭᠤ ᠠᠯᠳᠠᠷᠲᠠᠢ ᠠᠷᠠᠳ᠎ᠤᠨ ᠬᠡᠦᠬᠡᠳ ᠳᠡᠭᠦᠦ ᠨᠠᠷ ᠴᠡᠷᠢᠭ ᠪᠣᠯᠬᠤ᠎ᠪᠠᠷ ᠴᠢᠷᠮᠠᠢᠬᠤ ᠵᠢ ᠲᠠᠢᠴᠢᠯᠠᠵᠤ ᠪᠠᠢᠨ᠎ᠠ᠃

ᠶᠡᠷᠦᠩᠬᠡᠢ ᠱᠦᠵᠢ ᠰᠢ᠎ᠶᠢᠨ ᠫᠢᠩ᠂ ᠤᠯᠤᠰ᠎ᠢ ᠬᠦᠴᠦᠷᠬᠡᠭᠵᠢᠭᠦᠯᠬᠦ᠎ᠳᠦ ᠡᠷᠬᠡᠪᠰᠢ ᠴᠡᠷᠢᠭ᠎ᠢ ᠬᠦᠴᠦᠷᠬᠡᠭᠵᠢᠭᠦᠯᠬᠦ ᠬᠡᠷᠡᠭᠲᠡᠢ᠂ ᠴᠡᠷᠢᠭ ᠬᠦᠴᠦᠷᠬᠡᠭᠵᠢᠪᠡᠯ ᠤᠯᠤᠰ᠎ᠰᠠᠶᠢ ᠠᠮᠤᠷ ᠲᠤᠭᠲᠠᠭᠤᠨ ᠪᠠᠢᠵᠤ ᠴᠢᠳᠠᠨ᠎ᠠ; ᠴᠡᠷᠢᠭ᠎ᠢ ᠬᠦᠴᠦᠷᠬᠡᠭᠵᠢᠭᠦᠯᠬᠦ ᠦᠢᠯᠡᠰ᠎ᠢ ᠠᠬᠢᠭᠤᠯᠬᠤ᠎ᠳᠤ ᠬᠦᠰᠡᠯ ᠵᠣᠷᠢᠭ ᠡᠪᠦᠷᠯᠡᠭᠰᠡᠨ ᠦᠶ᠎ᠡ ᠦᠶ᠎ᠡ ᠵᠢᠨ ᠵᠠᠯᠠᠭᠤᠴᠤᠳ᠎ᠤᠨ ᠪᠤᠤᠬᠢᠶ᠎ᠠ ᠵᠠᠯᠭᠠᠨ ᠦᠷᠭᠦᠯᠵᠢᠯᠡᠨ ᠲᠡᠮᠡᠴᠡᠬᠦ ᠵᠢ ᠱᠠᠭᠠᠷᠳᠠᠵᠤ ᠪᠠᠢᠨ᠎ᠠ᠃ ᠣᠳᠣᠬᠠᠨ᠎ᠳᠤ᠂ ᠳᠡᠯᠡᠬᠡᠢ᠎ᠶᠢᠨ ᠵᠠᠭᠤᠨ ᠵᠢᠯ᠎ᠳᠦ ᠲᠤᠬᠢᠶᠠᠯᠳᠤᠭ᠎ᠠ ᠦᠭᠡᠢ ᠶᠡᠬᠡ ᠬᠤᠪᠢᠰᠤᠯᠲᠠ ᠲᠦᠷᠭᠡᠳᠦᠨ ᠤᠯᠠᠷᠢᠵᠤ᠂ ᠪᠢᠳᠡ ᠲᠡᠦᠬᠡᠨ ᠳᠡᠭᠡᠷᠡᠬᠢ ᠠᠯᠢ ᠴᠤ᠌ ᠦᠶ᠎ᠡ᠎ᠡᠴᠡ ᠨᠡᠩ ᠢᠯᠡᠭᠦᠦ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠳᠤ ᠣᠶ᠋ᠢᠷᠠᠳᠴᠤ᠂ ᠲᠡᠦᠬᠡᠨ ᠳᠡᠭᠡᠷᠡᠬᠢ ᠠᠯᠢ ᠴᠤ᠌ ᠦᠶ᠎ᠡ᠎ᠡᠴᠡ ᠨᠡᠩ ᠢᠯᠡᠭᠦᠦ ᠨᠢᠭᠡᠨ ᠰᠠᠯᠠᠭ᠎ᠠ ᠬᠦᠴᠦᠷᠬᠡᠭ ᠶᠡᠬᠡ ᠠᠷᠠᠳ᠎ᠤᠨ ᠴᠡᠷᠢᠭ ᠠᠩᠭᠢ᠎ᠶᠢ ᠪᠠᠶ᠋ᠢᠭᠤᠯᠬᠤ᠎ᠶᠢ ᠱᠠᠭᠠᠷᠳᠠᠵᠤ ᠪᠠᠢᠨ᠎ᠠ ᠭᠡᠵᠤ ᠭᠦᠨᠵᠡᠭᠡᠢ ᠵᠢᠭᠠᠵᠤ ᠭᠠᠷᠭᠠᠪᠠ᠃ ᠥᠪᠥᠷ ᠮᠣᠩᠭᠣᠯ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠪᠣᠯᠤᠭᠰᠠᠨ᠎ᠤ ᠬᠤᠪᠢ᠎ᠳᠤ᠂ ᠡᠬᠡ ᠤᠯᠤᠰ᠎ᠤᠨ ᠤᠮᠠᠷᠠᠲᠤ ᠬᠢᠯᠢ᠎ᠶᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠪᠣᠯᠤᠭᠰᠠᠨ᠎ᠤ ᠬᠤᠪᠢ᠎ᠳᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠢᠮᠠᠭᠲᠠ ᠨᠠᠮ᠎ᠢᠶᠠᠨ ᠬᠠᠢᠷᠠᠯᠠᠵᠤ ᠡᠬᠡ ᠤᠯᠤᠰ᠎ᠤᠨ ᠵᠢᠡᠨ ᠲᠥᠯᠥᠭᠡ ᠵᠢᠳᠬᠦᠵᠦ᠂ ᠬᠢᠯᠢ ᠬᠢᠵᠠᠭᠠᠷ᠎ᠢᠶᠠᠨ ᠰᠠᠬᠢᠵᠤ ᠪᠡᠬᠢᠵᠢᠭᠦᠯᠵᠤ ᠪᠠᠢᠨ᠎ᠠ᠃ ᠬᠦᠰᠡᠯ ᠵᠣᠷᠢᠭ᠎ᠢ ᠡᠪᠦᠷᠯᠡᠭᠰᠡᠨ᠎ᠥᠷᠭᠡᠨ ᠤᠯᠠᠨ ᠵᠠᠯᠠᠭᠤᠴᠤᠳ ᠬᠤᠪᠢᠰᠬᠠᠯ᠎ᠤᠨ ᠤᠳᠤᠮᠰᠢᠯ᠎ᠢ ᠤᠯᠠᠮᠵᠢᠯᠠᠵᠤ᠂ ᠴᠡᠷᠢᠭ᠎ᠢ ᠬᠦᠴᠦᠷᠬᠡᠭᠵᠢᠭᠦᠯᠬᠦ ᠦᠢᠯᠡᠰ᠎ᠲᠦ ᠣᠷᠣᠯᠴᠠᠵᠤ᠂ 《ᠴᠡᠷᠢᠭ᠎ᠢ ᠬᠦᠴᠦᠷᠬᠡᠭᠵᠢᠭᠦᠯᠬᠦ᠎ᠳᠦ ᠪᠢ ᠪᠤᠢ᠂ ᠨᠠᠮ ᠰᠠᠨᠠᠭ᠎ᠠ ᠠᠮᠤᠷ ᠪᠠᠢᠭᠠᠷᠠᠢ》 ᠭᠡᠬᠦ ᠵᠠᠯᠠᠭᠤ ᠨᠠᠰᠤᠨ᠎ᠤ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠬᠦ᠎ᠶᠢ ᠬᠦᠰᠡᠵᠦ ᠪᠠᠢᠨ᠎ᠠ᠃ ᠥᠷᠭᠡᠨ ᠤᠯᠠᠨ ᠭᠡᠷ᠎ᠦᠨ ᠠᠬᠠᠮᠠᠳ 《ᠨᠢᠭᠡ ᠬᠥᠮᠥᠨ ᠴᠡᠷᠢᠭ᠎ᠲᠦ ᠣᠷᠣᠪᠠᠯ᠂ ᠪᠦᠬᠦ ᠭᠡᠷ᠎ᠢᠶᠡᠷ᠎ᠢᠶᠡᠨ ᠥᠩᠭᠡ ᠭᠡᠷᠡᠯ᠎ᠲᠠᠢ》 ᠪᠠᠢᠬᠤ ᠰᠢᠯᠢᠳᠡᠭ ᠤᠯᠠᠮᠵᠢᠯᠠᠯ᠎ᠢ ᠪᠠᠳᠠᠷᠠᠭᠤᠯᠵᠤ᠂ ᠦᠷ᠎ᠡ ᠬᠡᠦᠬᠡᠳ᠎ᠦᠨ᠎ᠢᠶᠡᠨ ᠴᠡᠷᠢᠭ᠎ᠲᠦ ᠣᠷᠣᠵᠤ᠂ ᠴᠡᠷᠢᠭ᠎ᠦᠨ ᠬᠤᠸᠠᠷᠠᠨ᠎ᠳᠡᠬᠢ ᠳᠠᠪᠳᠠᠨ ᠪᠤᠯᠪᠠᠰᠤᠷᠠᠭᠤᠯᠤᠯᠳᠠ ᠵᠢ ᠬᠦᠯᠢᠶᠡᠨ᠂ ᠡᠷᠡᠮᠡᠬᠡᠢᠯᠡᠨ ᠴᠢᠷᠮᠠᠢᠵᠤ ᠴᠢᠳᠠᠪᠤᠷᠢᠲᠠᠨ ᠪᠣᠯᠬᠤ᠎ᠶᠢ ᠨᠢ ᠳᠡᠮᠵᠢᠬᠦ ᠵᠢ ᠬᠦᠰᠡᠵᠦ ᠪᠠᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠳᠡᠭᠡᠳᠦ ᠬᠡᠮᠵᠢᠶᠡᠨ᠎ᠦ ᠤᠯᠤᠰ ᠲᠦᠷᠦ᠎ᠶᠢᠨ ᠬᠠᠷᠢᠭᠤᠴᠠᠯᠭᠠᠲᠤ ᠰᠡᠳᠬᠢᠯᠭᠡ᠎ᠪᠡᠷ ᠴᠡᠷᠢᠭ ᠡᠯᠰᠡᠬᠦ ᠠᠵᠢᠯ᠎ᠢ ᠰᠠᠢᠲᠤᠷ ᠬᠢᠵᠦ᠂ ᠤᠬᠠᠭᠤᠯᠵᠤ ᠬᠥᠲᠥᠯᠥᠨ ᠵᠢᠯᠤᠭᠣᠳᠬᠤ᠎ᠪᠠᠨ ᠴᠢᠩᠭᠠᠳᠬᠠᠵᠤ᠂ ᠴᠢᠩᠭ᠎ᠠ ᠬᠢᠨᠠᠨ ᠪᠠᠢᠴᠠᠭᠠᠵᠤ ᠬᠠᠮᠢᠶᠠᠷᠤᠨ ᠡᠵᠡᠮᠳᠡᠵᠤ᠂ ᠡᠯ᠎ᠡ ᠵᠦᠢᠯ᠎ᠦᠨ ᠲᠦᠷᠦ᠎ᠶᠢᠨ ᠪᠣᠳᠣᠯᠭ᠎ᠠ᠎ᠶᠢ ᠪᠦᠬᠦ ᠲᠠᠯ᠎ᠠ᠎ᠪᠠᠷ ᠰᠠᠢᠲᠤᠷ ᠨᠠᠢᠳᠠᠪᠤᠷᠢᠵᠢᠭᠤᠯᠵᠤ᠂ ᠴᠡᠷᠢᠭ ᠪᠠ ᠴᠡᠷᠢᠭ᠎ᠦᠨ ᠭᠡᠷ ᠪᠦᠯᠢ᠎ᠶᠢᠨ ᠡᠷᠬᠡ ᠠᠰᠢᠭ᠋᠎ᠢ ᠰᠠᠢᠲᠤᠷ ᠪᠠᠲᠤᠯᠠᠵᠤ᠂ ᠴᠡᠷᠢᠭ᠎ᠲᠦ ᠣᠷᠣᠭᠰᠠᠨ ᠵᠠᠯᠠᠭᠤᠴᠤᠳ᠎ᠢ ᠰᠠᠨᠠᠭ᠎ᠠ ᠠᠮᠤᠷ ᠴᠡᠷᠢᠭ᠎ᠤᠨ ᠠᠯᠪᠠ ᠬᠠᠭᠠᠯᠭᠠᠬᠤ᠎ᠶᠢ ᠬᠦᠰᠡᠵᠦ ᠪᠠᠢᠨ᠎ᠠ᠃

ᠵᠠᠯᠠᠭᠤ ᠨᠠᠢᠵᠠ ᠨᠠᠷ ᠡ᠂ ᠠᠭᠤᠤ ᠶᠡᠬᠡ ᠡᠬᠡ ᠤᠯᠤᠰ ᠬᠦᠰᠡᠨ ᠬᠦᠯᠢᠶᠡᠵᠦ ᠪᠠᠢᠨ᠎ᠠ᠂ ᠪᠠᠭᠠᠲᠤᠷᠯᠢᠭ᠋ ᠴᠡᠷᠢᠭ ᠠᠩᠭᠢ ᠤᠷᠢᠶᠠᠯᠠᠨ ᠳᠠᠭᠤᠳᠠᠵᠤ ᠪᠠᠢᠨ᠎ᠠ᠃ ᠤᠯᠠᠨ᠎ᠢᠶᠠᠷ᠎ᠢᠶᠠᠨ ᠴᠡᠷᠢᠭ ᠲᠦ᠍ ᠤᠷᠤᠵᠤ ᠡᠬᠡ ᠤᠯᠤᠰ᠎ᠤᠨ᠎ᠢᠶᠠᠨ ᠲᠥᠯᠥᠭᠡ ᠵᠢᠳᠬᠦᠬᠦ ᠬᠦᠰᠡᠯ ᠵᠣᠷᠢᠭ᠋᠎ᠢᠶᠠᠨ ᠪᠠᠲᠤᠳᠬᠠᠵᠤ᠂ ᠨᠠᠮ ᠪᠠ ᠠᠷᠠᠳ ᠲᠦᠮᠡᠨ᠎ᠦ ᠬᠠᠮᠤᠭ᠎ᠤᠨ ᠬᠡᠷᠡᠭᠴᠡᠭᠡ᠎ᠲᠠᠢ ᠭᠠᠵᠠᠷ᠎ᠲᠤ ᠣᠴᠢᠵᠤ᠂ ᠴᠡᠷᠢᠭ᠎ᠢ ᠬᠦᠴᠦᠷᠬᠡᠭᠵᠢᠭᠦᠯᠬᠦ ᠦᠢᠯᠡᠰ᠎ᠦᠨ ᠳᠤᠮᠳᠠ ᠢᠷᠠᠭᠤ ᠠᠯᠳᠠᠷ᠎ᠢᠶᠠᠨ ᠪᠠᠳᠠᠷᠠᠭᠤᠯᠵᠤ᠂ ᠭᠠᠪᠢᠶ᠎ᠠ ᠪᠠᠢᠭᠤᠯᠵᠤ ᠦᠢᠯᠡᠰ ᠪᠦᠲᠦᠭᠡᠬᠦ᠎ᠶᠢ ᠬᠦᠰᠡᠵᠦ ᠪᠠᠢᠨ᠎ᠠ!

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号