6 ᠰᠠᠷ᠎ᠠ᠎ᠶᠢᠨ 21 ᠤ᠋ ᠡᠳᠦᠷ᠂ ᠤᠯᠠᠭᠠᠨᠬᠠᠳᠠ ᠬᠤᠳᠠ᠎ᠶᠢᠨ ᠨᠢᠩᠴᠧᠩ ᠰᠢᠶᠠᠨ᠎ᠳᠤ ᠬᠦᠷᠬᠦ᠎ᠳᠦ᠂ ᠠᠭᠤᠯᠠ ᠨᠢᠷᠤᠭᠤᠳ ᠬᠥᠬᠡᠷᠡᠨ ᠤᠰᠤ ᠮᠦᠷᠡᠨ ᠲᠤᠯᠬᠢᠶᠠᠯᠠᠵᠤ᠂ ᠬᠤᠪᠢᠰᠬᠠᠯᠳᠤ ᠰᠤᠳᠤᠯᠤᠨ ᠰᠤᠷᠤᠯᠴᠠᠯᠭ᠎ᠠ ᠵᠢᠨ ᠲᠤᠭ ᠰᠠᠯᠬᠢᠨ᠎ᠤ ᠠᠶ᠎ᠠ᠎ᠪᠠᠷ ᠨᠠᠮᠢᠷᠠᠵᠤ᠂ ᠦᠵᠡᠮᠵᠢ᠎ᠶᠢᠨ ᠣᠷᠣᠨ᠎ᠳᠤ ᠵᠢᠭᠤᠯᠴᠢᠯᠠᠭᠰᠠᠳ ᠴᠤᠪᠤᠷᠠᠨ᠂ ᠭᠠᠵᠠᠷ ᠪᠣᠯᠭᠠᠨ᠎ᠳᠤ ᠠᠮᠢᠵᠢᠷᠠᠯ᠎ᠤᠨ ᠬᠦᠴᠦᠨ᠎ᠢᠶᠡᠷ ᠪᠢᠯᠬᠠᠵᠤ᠂ ᠥᠷᠨᠢᠭᠦᠨ ᠪᠠᠳᠠᠷᠠᠩᠭᠤᠢ ᠬᠥᠭᠵᠢᠯᠲᠡ᠎ᠶᠢᠨ ᠰᠢᠨ᠎ᠡ ᠦᠵᠡᠮᠵᠢ ᠵᠢᠷᠤᠭ ᠬᠠᠷᠠᠭᠳᠠᠨ᠎ᠠ᠃
ᠬᠤᠪᠢᠰᠬᠠᠯ᠎ᠤᠨ ᠰᠢᠮᠡᠯᠢᠭ ᠬᠥᠷᠥᠰᠥ᠎ᠶᠢ ᠭᠦᠨ ᠬᠠᠭᠠᠯᠪᠤᠷᠢᠯᠠᠵᠤ᠂ ᠨᠢᠩᠴᠧᠩ ᠰᠢᠶᠠᠨ ᠬᠤᠪᠢᠰᠬᠠᠯ᠎ᠤᠨ ᠦᠷᠡᠭᠳᠡᠭᠰᠡᠨ ᠪᠠᠭᠠᠲᠤᠷᠴᠤᠳ᠎ᠤᠨ ᠦᠯᠢᠭᠡᠷ᠎ᠢ ᠦᠵᠡᠭᠦᠯᠭᠡ᠎ᠶᠢᠨ ᠣᠷᠳᠣᠨ᠎ᠡᠴᠡ ᠭᠠᠷᠭᠠᠨ᠂ ᠬᠤᠪᠢᠰᠬᠠᠯᠳᠤ ᠭᠠᠵᠠᠷ ᠵᠦᠢ ᠵᠢᠨ ᠢᠯᠡᠷᠭᠡᠢᠯᠡᠯ᠎ᠲᠦ ᠲᠡᠮᠳᠡᠭ᠎ᠢᠶᠡᠷ ᠪᠦᠬᠦ ᠣᠷᠣᠨ ᠪᠦᠰᠡ᠎ᠶᠢᠨ ᠤᠯᠤᠰ᠎ᠢᠶᠠᠨ ᠬᠠᠢᠷᠠᠯᠠᠬᠤ ᠦᠵᠡᠯ᠎ᠦᠨ ᠬᠥᠮᠦᠵᠢᠯ᠎ᠦᠨ ᠰᠤᠳᠠᠰᠤ᠎ᠶᠢ ᠬᠣᠯᠪᠣᠪᠠ; ᠠᠮᠢ ᠠᠬᠤᠢ᠎ᠶᠢᠨ ᠰᠠᠭᠤᠷᠢ᠎ᠶᠢ ᠪᠡᠬᠢᠵᠢᠭᠦᠯᠵᠦ᠂ ᠨᠢᠩᠴᠧᠩ ᠰᠢᠶᠠᠨ ᠬᠡᠳᠦᠨ ᠠᠷᠪᠠᠨ ᠵᠢᠯ ᠲᠠᠰᠤᠷᠠᠯᠳᠠ ᠦᠭᠡᠢ᠎ᠪᠡᠷ ᠬᠥᠬᠡᠮᠳᠦᠭ ᠠᠭᠤᠯᠠ ᠨᠤᠮᠢᠨ ᠤᠰᠤ᠎ᠪᠠᠨ ᠰᠠᠬᠢᠨ ᠬᠠᠮᠠᠭᠠᠯᠠᠵᠤ᠂ ᠣᠷᠣᠰᠢᠨ ᠰᠠᠭᠤᠷᠢᠰᠢᠬᠤ᠎ᠳᠤ ᠲᠣᠬᠢᠷᠠᠮᠵᠢᠲᠠᠢ ᠪᠣᠬᠢᠷᠲᠤᠯ ᠦᠭᠡᠢ ᠨᠡᠷ᠎ᠡ᠎ᠶᠢᠨ ᠬᠠᠭᠤᠳᠠᠰᠤ᠎ᠶᠢ ᠪᠤᠢ ᠪᠤᠯᠭᠠᠪᠠ; ᠰᠣᠶᠣᠯ ᠵᠢᠭᠤᠯᠴᠢᠯᠠᠯ ᠪᠡᠶ᠎ᠡ᠎ᠶᠢᠨ ᠲᠠᠮᠢᠷ ᠲᠠᠷᠢᠶᠠᠯᠠᠩ ᠬᠤᠳᠠᠯᠳᠤᠭ᠎ᠠ ᠲᠠᠪᠤᠨ ᠦᠢᠯᠡᠰ᠎ᠢ ᠠᠭᠤᠰᠤᠯᠴᠠᠭᠤᠯᠵᠤ᠂ 2025 ᠣᠨ᠎ᠳᠤ ᠨᠢᠩᠴᠧᠩ ᠰᠢᠶᠠᠨ᠎ᠤ ᠬᠦᠯᠢᠶᠡᠨ ᠠᠪᠤᠭᠰᠠᠨ ᠵᠢᠭᠤᠯᠴᠢᠯᠠᠭᠴᠢ 350 ᠲᠦᠮᠡᠨ ᠬᠥᠮᠥᠨ ᠤᠳᠠᠭ᠎ᠠ᠎ᠶᠢ ᠳᠠᠪᠠᠵᠤ᠂ ᠰᠣᠶᠣᠯ ᠵᠢᠭᠤᠯᠴᠢᠯᠠᠯ᠎ᠤᠨ ᠠᠵᠤ ᠦᠢᠯᠡᠰ ᠬᠥᠭᠵᠢᠯᠲᠡ᠎ᠶᠢᠨ ᠬᠥᠳᠡᠯᠭᠡᠬᠦ ᠡᠨᠧᠷᠭᠢ᠎ᠶᠢ ᠦᠷᠭᠦᠯᠵᠢᠯᠡᠨ ᠪᠠᠳᠠᠷᠠᠭᠤᠯᠪᠠ᠃
ᠠᠯᠢ ᠤᠯᠠᠨ ᠡᠯᠪᠡᠭ ᠪᠠᠶᠠᠯᠢᠭ᠋ ᠦᠷ᠎ᠡ ᠪᠦᠲᠦᠭᠡᠯ᠎ᠢ ᠣᠯᠵᠤ ᠴᠢᠳᠠᠭᠰᠠᠨ ᠨᠢ ᠨᠢᠩᠴᠧᠩ᠎ᠦᠨ ᠬᠥᠪᠡᠭᠦᠳ ᠥᠬᠢᠳ᠎ᠦᠨ ᠬᠤᠪᠢᠰᠬᠠᠯ᠎ᠤᠨ ᠤᠭ ᠰᠠᠨᠠᠭ᠎ᠠ᠎ᠵᠢ ᠤᠯᠠᠮᠵᠢᠯᠠᠵᠤ᠂ ᠥᠪᠡᠷᠮᠢᠴᠡ ᠡᠬᠢ ᠪᠠᠶᠠᠯᠢᠭ᠋᠎ᠤᠨ ᠳᠠᠪᠠᠭᠤᠯᠢᠭ᠋᠎ᠲᠠᠭᠠᠨ ᠰᠠᠭᠤᠷᠢᠯᠠᠨ᠂ ᠴᠢᠨᠠᠷ ᠰᠠᠢᠲᠠᠢ ᠬᠥᠭᠵᠢᠯᠲᠡ᠎ᠶᠢᠨ ᠴᠠᠭ ᠦᠶ᠎ᠡ᠎ᠶᠢᠨ ᠬᠦᠴᠦᠷᠬᠡᠭ ᠳᠠᠭᠤᠨ᠎ᠢ ᠬᠠᠩᠭᠢᠨᠠᠭᠤᠯᠤᠭᠰᠠᠨ᠎ᠡᠴᠡ ᠢᠷᠡᠭᠰᠡᠨ ᠶᠤᠮ᠃
ᠬᠤᠪᠢᠰᠬᠠᠯᠳᠤ ᠤᠳᠤᠮᠰᠢᠯ᠎ᠢ ᠵᠠᠯᠭᠠᠮᠵᠢᠯᠠᠵᠤ ᠴᠠᠭ ᠦᠶ᠎ᠡ᠎ᠶᠢᠨ ᠰᠢᠨ᠎ᠡ ᠬᠥᠮᠥᠨ᠎ᠢ ᠬᠥᠮᠥᠵᠢᠭᠦᠯᠦᠨ᠎ᠡ
ᠨᠢᠩᠴᠧᠩ ᠰᠢᠶᠠᠨ ᠪᠣᠯ ᠤᠯᠤᠰ᠎ᠤᠨ ᠠᠩᠬᠠᠳᠤᠭᠠᠷ ᠪᠦᠯᠦᠭ ᠭᠣᠣᠯᠳᠠᠯᠭ᠎ᠠ᠎ᠲᠠᠢ ᠬᠤᠪᠢᠰᠬᠠᠯ᠎ᠤᠨ ᠡᠷᠲᠡ ᠴᠢᠯᠦᠭᠡᠯᠡᠭᠳᠡᠭᠰᠡᠨ ᠣᠷᠣᠨ᠎ᠤ ᠰᠢᠶᠠᠨ ᠪᠣᠯᠣᠨ᠎ᠠ᠃ ᠶᠠᠫᠤᠨ᠎ᠢ ᠡᠰᠡᠷᠭᠦᠴᠡᠬᠦ ᠳᠠᠢ᠍ᠢᠨ᠎ᠦ ᠦᠶ᠎ᠡ᠎ᠳᠦ᠂ ᠡᠨᠳᠡᠬᠢ ᠪᠣᠯ ᠴᠧᠩᠳ᠋ᠸ ᠫᠢᠩᠴᠢᠤᠸᠠᠨ ᠨᠢᠩᠴᠸᠩ᠎ᠦᠨ ᠶᠠᠫᠤᠨ᠎ᠢ ᠡᠰᠡᠷᠭᠦᠴᠡᠬᠦ ᠰᠠᠭᠤᠷᠢᠨᠭᠠᠵᠠᠷ ᠤᠨ ᠭᠤᠤᠯ ᠣᠷᠣᠨ ᠪᠠ ᠴᠤᠷ᠎ᠤᠨ ᠭᠠᠭᠴᠠ 《ᠪᠦᠷᠢᠨ ᠬᠤᠪᠢᠰᠬᠠᠯᠳᠤ ᠰᠢᠶᠠᠨ》 ᠪᠠᠢᠵᠤ᠂ ᠱᠠᠨ ᠰᠢ — ᠴᠠᠬᠠᠷ — ᠾᠧᠪᠧᠢ᠎ᠶᠢᠨ ᠶᠠᠫᠤᠨ᠎ᠢ ᠡᠰᠡᠷᠭᠦᠴᠡᠬᠦ ᠰᠠᠭᠤᠷᠢᠨ᠎ᠭᠠᠵᠠᠷ᠎ᠤᠨ 《ᠬᠠᠭᠤᠷᠮᠠᠭ ᠮᠠᠨᠵᠤ ᠤᠯᠤᠰ》 ᠤ᠋ᠨ ᠪᠠᠷᠠᠭᠤᠨ ᠡᠮᠦᠨᠡᠲᠦ ᠬᠢᠯᠢ᠎ᠳᠦ ᠭᠦᠨᠵᠡᠭᠡᠢᠷᠡᠨ ᠣᠷᠣᠬᠤ ᠬᠠᠮᠤᠭ᠎ᠤᠨ ᠡᠮᠦᠨ᠎ᠡ ᠹᠷᠣᠨᠲ ᠪᠠᠢᠪᠠ᠃
1933 ᠣᠨ᠎ᠡᠴᠡ ᠡᠬᠢᠯᠡᠨ᠂ ᠨᠢᠩᠴᠧᠩ᠎ᠦᠨ ᠠᠷᠠᠳ ᠲᠦᠮᠡᠨ ᠶᠠᠫᠤᠨ᠎ᠤ ᠲᠦᠷᠢᠮᠡᠬᠡᠢᠯᠡᠭᠴᠢᠳ᠎ᠲᠠᠢ ᠦᠬᠦᠨ ᠲᠡᠮᠡᠴᠡᠵᠦ᠂ ᠡᠮᠦᠨᠡᠬᠢ ᠨᠢ ᠤᠨᠠᠪᠠᠯ ᠬᠣᠢᠨᠠᠬᠢ ᠨᠢ ᠵᠠᠯᠭᠠᠮᠵᠢᠯᠠᠵᠤ᠂ ᠡᠷᠡᠯᠬᠡᠭᠯᠡᠨ ᠲᠡᠮᠡᠴᠡᠵᠦ᠂ ᠦᠨᠳᠦᠰᠦᠲᠡᠨ᠎ᠦ ᠴᠢᠯᠦᠭᠡᠯᠡᠯᠲᠡ᠎ᠶᠢᠨ ᠦᠢᠯᠡᠰ᠎ᠲᠦ ᠬᠠᠯᠠᠭᠤᠨ ᠴᠢᠰᠤ᠎ᠪᠠᠨ ᠤᠷᠤᠰᠬᠠᠵᠤ ᠥᠨᠢᠳᠡ ᠪᠠᠯᠠᠷᠠᠰᠢ ᠦᠭᠡᠢ ᠢᠮ ᠲᠡᠮᠳᠡᠭ ᠦᠯᠡᠳᠡᠭᠡᠪᠡ᠃ ᠡᠳᠡᠬᠡᠷ ᠶᠠᠪᠤᠳᠠᠯ ᠨᠢ ᠶᠡᠷᠦ᠎ᠡᠴᠡ ᠤᠨ ᠴᠠᠭ᠎ᠤᠨ ᠤᠷᠤᠰᠬᠠᠯᠳᠦ ᠪᠠᠯᠠᠷᠠᠭ᠎ᠠ ᠦᠭᠡᠢ᠂ ᠬᠤᠪᠢᠰᠬᠠᠯ᠎ᠤᠨ ᠦᠯᠢᠬᠡᠷ ᠨᠢ ᠲᠠᠢᠯᠪᠤᠷᠢᠯᠠᠭ᠍ᠴᠢ᠎ᠶᠢᠨ ᠲᠤᠭᠠᠴᠢᠯᠲᠠ᠂ ᠰᠤᠳᠤᠯᠤᠨ ᠰᠤᠷᠤᠯᠴᠠᠬᠤ ᠬᠢᠴᠢᠶᠡᠯ᠎ᠦᠨ ᠲᠠᠩᠬᠢᠮ᠂ ᠲᠣᠰᠬᠣᠨ᠎ᠤ ᠠᠷᠠᠳ᠎ᠤᠨ ᠶᠠᠷᠢᠶᠠᠨ᠎ᠳᠤ ᠦᠷᠭᠦᠯᠵᠢᠯᠡᠨ ᠤᠯᠠᠮᠵᠢᠯᠠᠭᠳᠠᠵᠤ᠂ ᠡᠨᠳᠡᠬᠢ ᠬᠥᠭᠵᠢᠯᠲᠡ᠎ᠶᠢᠨ ᠤᠶᠤᠨ ᠰᠠᠨᠠᠭᠠᠨ᠎ᠤ ᠢᠳᠡ ᠬᠦᠴᠦᠨ ᠪᠣᠯᠤᠭᠰᠠᠨ ᠪᠠᠢᠨ᠎ᠠ᠃
ᠵᠤᠨ᠎ᠤ ᠡᠳᠦᠷ᠂ ᠰᠤᠷᠪᠤᠯᠵᠢᠯᠠᠭ᠍ᠴᠢ ᠰᠢᠶᠣᠣ ᠴᠧᠩᠽᠢ ᠪᠠᠯᠭᠠᠰᠤᠨ᠎ᠤ ᠭᠤᠤ ᠴᠢᠶᠣᠤ ᠲᠣᠰᠬᠣᠨ᠎ᠳᠤ ᠬᠦᠷᠬᠦ᠎ᠳᠦ᠂ ᠭᠤᠤ ᠴᠢᠶᠣᠤ᠎ᠶᠢᠨ ᠲᠤᠯᠤᠭᠠᠨ ᠦᠷᠡᠭᠳᠡᠭᠰᠡᠨ ᠪᠠᠭᠠᠲᠤᠷ᠎ᠤᠨ ᠪᠤᠩᠬᠤᠨ᠎ᠤ ᠬᠦᠷᠢᠶᠡᠯᠡᠩ ᠬᠥᠬᠡᠮᠳᠦᠭ ᠠᠭᠤᠯᠠ᠎ᠶᠢᠨ ᠬᠣᠭᠣᠷᠣᠨᠳᠤ ᠨᠠᠮ ᠰᠦᠨᠳᠡᠷᠯᠡᠵᠦ᠂ ᠬᠤ᠌ ᠯᠦ᠍ ᠢᠦᠢ᠎ᠶᠢᠨ ᠠᠮᠢ ᠠᠬᠤᠢ᠎ᠶᠢᠨ ᠬᠠᠪᠴᠢᠯ᠎ᠲᠠᠢ ᠬᠠᠮᠲᠤ ᠪᠠᠢᠳᠠᠭ᠃ ᠪᠤᠩᠬᠤᠨ᠎ᠤ ᠬᠦᠷᠢᠶᠡᠯᠡᠩ᠎ᠳᠦ ᠦᠷᠡᠭᠳᠡᠭᠰᠡᠨ ᠪᠠᠭᠠᠲᠤᠷᠴᠤᠳ᠎ᠤᠨ ᠱᠤᠭᠤᠮᠠᠯ ᠰᠡᠬᠦᠢᠨ ᠰᠦᠨᠳᠡᠷᠯᠡᠵᠦ᠂ ᠠᠭᠤᠳᠠᠮ ᠲᠠᠯᠠᠪᠠᠢ ᠴᠡᠪᠡᠷ ᠴᠡᠮᠴᠡᠭᠡᠷ᠂ ᠲᠡᠷᠭᠡᠨ ᠵᠣᠭᠰᠣᠭᠠᠯ᠂ ᠠᠮᠠᠷᠠᠬᠤ ᠤᠷᠳᠤ ᠭᠤᠳᠤᠮᠵᠢ ᠵᠡᠷᠭᠡ ᠲᠥᠬᠦᠭᠡᠷᠦᠮᠵᠢ ᠪᠦᠷᠢᠨ ᠪᠠᠢᠯ᠎ᠠ᠃ ᠪᠤᠩᠬᠤᠨ᠎ᠤ ᠬᠦᠷᠢᠶᠡᠯᠡᠩ ᠨᠢ ᠬᠤᠪᠢᠰᠬᠠᠯ᠎ᠤᠨ ᠬᠣᠪᠣᠷ ᠨᠠᠨᠳᠢᠨ ᠲᠡᠦᠬᠡᠨ ᠮᠠᠲᠧᠷᠢᠶᠠᠯ᠂ ᠪᠣᠳᠠᠲᠤ ᠦᠵᠡᠮᠵᠢ᠎ᠶᠢᠨ ᠭᠦᠳᠦᠭᠦᠷ ᠱᠤᠭᠤᠮᠠᠯ᠂ ᠪᠠᠢᠯᠳᠤᠭᠠᠨ᠎ᠤ ᠪᠠᠭᠤᠷᠢ᠎ᠳᠤ ᠲᠦᠰᠢᠭᠯᠡᠨ᠂ ᠲᠤᠯᠤᠭᠠᠨ ᠬᠤᠪᠢᠰᠬᠠᠯᠲᠤ ᠴᠢᠬᠡᠴᠢ ᠵᠢᠷᠤᠮᠲᠠᠨᠤ ᠶᠠᠫᠤᠨ ᠴᠡᠷᠢᠭ ᠬᠠᠭᠤᠷᠮᠠᠭ ᠴᠡᠷᠢᠭ᠎ᠢ ᠡᠰᠡᠷᠭᠦᠴᠡᠵᠦ᠂ ᠨᠤᠲᠤᠭ ᠤᠰᠤ᠎ᠪᠠᠨ ᠬᠠᠮᠠᠭᠠᠯᠠᠭᠰᠠᠨ ᠤᠶᠠᠷᠠᠭᠤᠨ ᠵᠢᠪᠬᠤᠯᠠᠩᠲᠤ ᠲᠡᠦᠬᠡᠨ ᠶᠠᠪᠤᠴᠠ᠎ᠶᠢ ᠠᠮᠢᠳᠤᠯᠢᠭ᠋᠎ᠢᠶᠠᠷ ᠢᠯᠡᠷᠡᠬᠦᠯᠵᠦ ᠪᠠᠢᠨ᠎ᠠ᠃
《ᠡᠨᠡ ᠪᠣᠯ ᠭᠤᠤ ᠴᠢᠶᠣᠤ ᠲᠤᠯᠤᠭᠠᠨ ᠲᠠᠢ᠍ᠢᠴᠢᠨ ᠬᠠᠨᠢᠲᠠᠢ ᠪᠠᠨ ᠴᠢᠰᠤ ᠪᠡᠨ ᠤᠷᠤᠰᠬᠠᠨ ᠪᠡᠶ᠎ᠡ ᠦᠷᠡᠭᠳᠡᠭᠰᠡᠨ ᠨᠤᠲᠤᠭ ᠪᠣᠯᠣᠨ᠎ᠠ᠂ ᠪᠠᠭᠠᠲᠤᠷ ᠭᠤᠤ ᠴᠢᠶᠣᠤ᠎ᠶᠢ ᠥᠨᠢᠳᠡ ᠳᠤᠷᠠᠰᠤᠨ ᠰᠠᠨᠠᠭᠠᠯᠵᠠᠬᠤ᠎ᠶᠢᠨ ᠲᠥᠯᠥᠭᠡ᠂ ᠲᠣᠰᠬᠣᠨ᠎ᠤ ᠨᠡᠷ᠎ᠡ᠎ᠶᠢ ᠭᠤᠤ ᠴᠢᠶᠣᠤ ᠲᠣᠰᠬᠣᠨ ᠭᠡᠵᠦ ᠬᠠᠯᠠᠵᠤ᠂ ᠪᠤᠩᠬᠤᠨ᠎ᠤ ᠬᠦᠷᠢᠶᠡᠯᠡᠩ᠎ᠢ ᠪᠠᠰᠠ ᠡᠭᠦᠨ᠎ᠢᠶᠡᠷ ᠨᠡᠷᠡᠢᠳᠪᠡ᠃ ᠪᠢᠳᠡ ᠴᠣᠨᠵᠢ ᠤᠬᠠᠭᠤᠯᠤᠨ ᠲᠠᠢᠯᠪᠤᠷᠢᠯᠠᠬᠤ ᠪᠦᠯᠬᠦᠮ ᠪᠣᠯᠣᠨ ᠬᠤᠪᠢᠰᠬᠠᠯ᠎ᠤᠨ ᠰᠠᠢᠨ ᠳᠤᠷ᠎ᠠ᠎ᠶᠢᠨ ᠦᠢᠯᠡᠴᠢᠯᠡᠭᠡᠨ᠎ᠦ ᠠᠩᠭᠢ᠎ᠶᠢ ᠪᠠᠢᠭᠤᠯᠵᠤ᠂ ᠪᠠᠢᠩᠭᠤᠵᠢᠭᠰᠠᠨ ᠨᠡᠶ᠋ᠢᠲᠡ᠎ᠶᠢᠨ ᠠᠰᠠᠷᠠᠮᠵᠢ᠎ᠶᠢᠨ ᠲᠠᠢᠯᠤᠮᠵᠢ ᠬᠢᠵᠦ ᠪᠠᠢᠨ᠎ᠠ᠃ 2022 ᠣᠨ᠎ᠡᠴᠡ ᠨᠠᠭᠠᠰᠢ᠂ ᠪᠤᠩᠬᠤᠨ᠎ᠤ ᠬᠦᠷᠢᠶᠡᠯᠡᠩ᠎ᠳᠦ ᠬᠤᠪᠢᠰᠬᠠᠯ᠎ᠤᠨ ᠬᠥᠮᠦᠵᠢᠯ᠎ᠦᠨ ᠰᠤᠳᠤᠯᠭᠠᠨ᠂ ᠬᠤᠪᠢᠰᠬᠠᠯ᠎ᠤᠨ ᠬᠥᠮᠦᠵᠢᠯ᠎ᠦᠨ ᠲᠣᠭᠣᠷᠢᠨ ᠦᠵᠡᠬᠦ ᠤᠯᠠᠨ ᠲᠦᠮᠡᠨ᠎ᠢ ᠨᠡᠢ᠍ᠢᠳᠡ 20 ᠲᠦᠮᠡ ᠭᠠᠷᠤᠢ ᠬᠦᠯᠢᠶᠡᠨ ᠠᠪᠴᠤ᠂ ᠲᠤᠢᠯ᠎ᠤᠨ ᠶᠡᠬᠡ ᠨᠥᠯᠥᠭᠡᠯᠡᠬᠦ ᠬᠦᠴᠦᠨ᠎ᠲᠠᠢ ᠬᠤᠪᠢᠰᠬᠠᠯ᠎ᠤᠨ ᠬᠥᠮᠦᠵᠢᠯ᠎ᠦᠨ ᠵᠠᠪᠠᠯ ᠵᠢᠭᠤᠯᠴᠢᠯᠠᠬᠤ ᠭᠠᠵᠠᠷ ᠪᠣᠯᠵᠠᠢ》 ᠭᠡᠵᠦ ᠰᠢᠶᠣᠣ ᠴᠧᠩᠽᠢ ᠪᠠᠯᠭᠠᠰᠤᠨ᠎ᠤ ᠳᠠᠷᠤᠭ᠎ᠠ ᠵᠠᠩ ᠬᠣᠩ ᠯᠢᠨ ᠬᠡᠯᠡᠪᠡ᠃
ᠬᠥᠬᠡᠮᠳᠦᠭ ᠠᠭᠤᠯᠠ ᠨᠤᠮᠢᠨ ᠤᠰᠤ᠎ᠪᠠᠨ ᠰᠠᠬᠢᠨ ᠬᠠᠮᠠᠭᠠᠯᠠᠵᠤ ᠠᠮᠢ ᠠᠬᠤᠢ᠎ᠶᠢᠨ ᠰᠠᠭᠤᠷᠢ᠎ᠶᠢ ᠪᠡᠬᠢᠵᠢᠭᠦᠯᠦᠨ᠎ᠡ
ᠵᠣᠨ᠎ᠤ ᠰᠠᠯᠬᠢᠨ ᠰᠡᠪᠡᠯᠵᠡᠨ ᠦᠯᠢᠶᠡᠵᠦ᠂ ᠽᠢ ᠮᠧᠩ ᠨᠠᠭᠤᠷ᠎ᠤᠨ ᠦᠵᠡᠮᠵᠢ᠎ᠶᠢᠨ ᠣᠷᠣᠨ᠎ᠤ ᠠᠭᠤᠯᠠ ᠤᠰᠤ᠂ ᠤᠢ ᠮᠣᠳᠣ᠌᠂ ᠨᠢᠰᠬᠦ ᠰᠢᠪᠠᠭᠤᠳ ᠥᠩᠭᠡ ᠢᠯᠭᠠᠷᠠᠨ ᠰᠣᠯᠣᠩᠭᠠᠷᠠᠵᠤ᠂ ᠨᠢᠭᠡᠨ ᠠᠮᠢᠳᠤᠯᠢᠭ᠋ ᠰᠠᠢᠬᠠᠨ ᠦᠩᠭᠡ ᠦᠵᠡᠮᠵᠢ᠎ᠶᠢ ᠪᠦᠷᠢᠯᠳᠦᠭᠦᠯᠪᠡ᠃
《ᠲᠠᠪᠢ ᠭᠠᠷᠤᠢ ᠵᠢᠯ᠎ᠦᠨ ᠡᠮᠦᠨ᠎ᠡ ᠨᠢᠩᠴᠧᠩ ᠰᠢᠶᠠᠨ ᠠᠮᠢ ᠠᠬᠤᠢ ᠣᠷᠴᠢᠨ ᠲᠣᠭᠣᠷᠢᠨ ᠵᠢᠡᠨ ᠰᠠᠢᠵᠢᠷᠠᠭᠤᠯᠬᠤ᠎ᠶᠢᠨ ᠲᠥᠯᠥᠭᠡ ᠽᠢ ᠮᠧᠩ ᠨᠠᠭᠤᠷ᠎ᠢ ᠪᠠᠢᠭᠤᠯᠵᠠᠢ᠃ ᠤᠳᠤ ᠨᠠᠭᠤᠷ᠎ᠤᠨ ᠤᠰᠤ ᠲᠤᠩᠭᠠᠯᠠᠭ᠂ ᠬᠠᠪᠤᠷ ᠲᠠᠭᠠᠨ ᠪᠠᠰᠠ ᠲᠠᠰ᠂ ᠬᠠᠷ᠎ᠠ ᠥᠷᠪᠢ ᠡᠨᠳᠡ ᠠᠮᠠᠷᠠᠬᠤ ᠵᠢ ᠣᠯᠵᠤ ᠦᠵᠡᠨ᠎ᠡ᠂ ᠠᠮᠢ ᠠᠬᠤᠢ ᠣᠷᠴᠢᠨ ᠲᠣᠭᠣᠷᠢᠨ ᠴᠤ᠌ ᠤᠯᠠᠮ ᠭᠤᠶᠤᠵᠢᠵᠠᠢ》 ᠭᠡᠵᠦ ᠾᠧᠢ ᠯᠢ ᠾᠧ ᠪᠠᠯᠭᠠᠰᠤᠨ᠎ᠤ ᠳᠠ ᠬ᠍ᠤ᠌ ᠱᠢ ᠲᠣᠰᠬᠣᠨ᠎ᠤ ᠠᠷᠠᠳ ᠮᠠᠨ ᠵᠢᠨ ᠮᠢᠨ ᠬᠡᠯᠡᠪᠡ᠃
ᠣᠳᠣᠬᠠᠨ ᠳ᠋ᠤ ᠽᠢ ᠮᠧᠩ ᠨᠠᠭᠤᠷ᠎ᠤᠨ ᠦᠵᠡᠮᠵᠢ᠎ᠶᠢᠨ ᠣᠷᠣᠨ ᠳ᠋ᠤ ᠨᠢᠭᠡᠨᠲᠡ 《ᠵᠢᠭᠤᠯᠴᠢᠯᠠᠯ + ᠲᠠᠮᠢᠷ ᠤ᠋ᠨ ᠬᠥᠳᠡᠯᠭᠡᠭᠡᠨ》 ᠤ᠋ ᠬᠥᠭᠵᠢᠯᠲᠡ᠎ᠶᠢᠨ ᠵᠠᠭᠪᠤᠷ ᠪᠦᠷᠢᠯᠳᠦᠵᠦ᠂ ᠤᠯᠤᠰ᠎ᠤᠨ ᠣᠰᠣᠨ ᠳᠡᠭᠡᠷᠡᠬᠢ ᠬᠥᠳᠡᠯᠭᠡᠭᠡᠨ᠎ᠦ ᠪᠣᠯᠪᠠᠰᠤᠷᠠᠯ᠎ᠤᠨ ᠰᠠᠭᠤᠷᠢᠨ ᠪᠣᠯᠵᠤ᠂ 2025 ᠣᠨ᠎ᠤ ᠣᠯᠠᠨ ᠤᠯᠤᠰ᠎ᠤᠨ ᠰᠤᠮᠤᠨ ᠵᠡᠪᠢ ᠵᠢᠨ ᠬᠣᠯᠪᠣᠭ᠎ᠠ ᠵᠢᠨ ᠯᠤᠤᠲᠤ ᠵᠠᠪᠢ᠎ᠶᠢᠨ ᠳᠡᠯᠡᠬᠡᠢ᠎ᠶᠢᠨ ᠬᠤᠨᠳᠠᠭᠠᠲᠤ ᠵᠡᠷᠭᠡ ᠣᠯᠠᠨ ᠤᠯᠤᠰ᠎ᠤᠨ ᠴᠢᠨᠠᠷᠲᠠᠢ ᠤᠷᠤᠯᠳᠤᠭᠠᠨ ᠡᠨᠳᠡ ᠶᠠᠪᠤᠭᠳᠠᠪᠠ᠃
《2025 ᠣᠨ᠎ᠳᠤ ᠤᠯᠠᠭᠠᠨᠬᠠᠳᠠ ᠬᠣᠲᠠ ᠽᠢ ᠮᠧᠩ ᠨᠠᠭᠤᠷ᠎ᠲᠤ 120 ᠭᠠᠷᠤᠢ ᠲᠦᠮᠡᠨ ᠴᠢᠨᠠᠷ ᠰᠠᠢᠲᠠᠢ ᠵᠢᠷᠠᠭᠠᠬᠠᠢ ᠲᠠᠯᠪᠢᠵᠤ ᠤᠰᠤᠨ᠎ᠤ ᠴᠢᠨᠠᠷ᠎ᠢ ᠰᠠᠢᠵᠢᠷᠠᠭᠤᠯᠪᠠ᠃ ᠪᠢᠳᠡ ᠦᠵᠡᠮᠵᠢ᠎ᠶᠢᠨ ᠣᠷᠣᠨ᠎ᠤ ᠤᠰᠤᠨ ᠰᠤᠷᠪᠤᠯᠵᠢ᠎ᠶᠢ ᠬᠠᠮᠠᠭᠠᠯᠠᠬᠤ ᠲᠤᠰᠬᠠᠢ ᠬᠠᠮᠢᠶᠠᠷᠤᠯᠲᠠ᠎ᠶᠢᠨ ᠪᠦᠲᠦᠴᠡ᠎ᠶᠢ ᠪᠠᠶ᠋ᠢᠭᠤᠯᠬᠤ᠂ ᠡᠳᠦᠷ ᠲᠤᠲᠤᠮ᠎ᠤᠨ ᠲᠣᠭᠣᠷᠢᠨ ᠪᠠᠢᠴᠠᠭᠠᠬᠤ ᠪᠠ ᠪᠢᠲᠡᠭᠦᠮᠵᠢᠯᠡᠭᠰᠡᠨ ᠴᠡᠭᠴᠡᠯᠡᠨ ᠰᠠᠢᠵᠢᠷᠠᠭᠤᠯᠬᠤ ᠲᠣᠭᠲᠠᠴᠠ᠎ᠶᠢ ᠪᠠᠶ᠋ᠢᠭᠤᠯᠬᠤ᠂ ᠤᠰᠤᠨ ᠰᠤᠷᠪᠤᠯᠵᠢ᠎ᠶᠢᠨ ᠪᠣᠬᠢᠷᠲᠤᠯ᠎ᠤᠨ ᠭᠡᠨᠡᠳᠲᠡ᠎ᠶᠢᠨ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠬᠡᠯ ᠲᠥᠰᠥᠯ᠎ᠢ ᠲᠣᠭᠲᠠᠭᠠᠬᠤ ᠵᠡᠷᠭᠡ ᠠᠷᠭ᠎ᠠ ᠬᠡᠮᠵᠢᠶ᠎ᠡ ᠠᠪᠴᠤ᠂ ᠪᠥᠬᠥ ᠬᠡᠯᠬᠢᠶ᠎ᠡ ᠦᠵᠡᠮᠵᠢ᠎ᠶᠢᠨ ᠣᠷᠣᠨ᠎ᠤ ᠤᠰᠤᠨ ᠰᠤᠷᠪᠤᠯᠵᠢ᠎ᠶᠢ ᠬᠠᠮᠠᠭᠠᠯᠠᠬᠤ ᠠᠵᠢᠯ᠎ᠤᠨ ᠰᠢᠰᠲᠧᠮ ᠢ᠋ ᠪᠦᠷᠢᠯᠳᠦᠭᠦᠯᠪᠡ᠃ ᠣᠳᠣᠬᠠᠨ᠎ᠳᠤ ᠵᠢᠯ᠎ᠳᠦ 30 ᠭᠠᠷᠤᠢ ᠲᠦᠮᠡᠨ ᠵᠢᠭᠤᠯᠴᠢᠯᠠᠭᠴᠢ᠎ᠶᠢ ᠬᠦᠯᠢᠶᠡᠨ ᠠᠪᠴᠤ ᠪᠠᠢᠨ᠎ᠠ》ᠭᠡᠵᠦ ᠤᠯᠠᠭᠠᠨᠬᠠᠳᠠ ᠬᠣᠲᠠ᠎ᠶᠢᠨ ᠨᠢᠩᠴᠧᠩ᠎ᠦᠨ ᠲᠢᠶᠠᠨ ᠢᠦᠢ ᠵᠢᠭᠤᠯᠴᠢᠯᠠᠯ᠎ᠤᠨ ᠨᠡᠭᠡᠭᠡᠨ ᠬᠥᠭᠵᠢᠭᠦᠯᠬᠦ ᠬᠢᠵᠠᠭᠠᠷᠲᠤ ᠺᠣᠮᠫᠠᠨᠢ᠎ᠶᠢᠨ ᠳᠠᠭᠠᠭᠠᠮᠠᠯ ᠵᠣᠣ ᠵᠢᠶᠧ ᠬᠡᠯᠡᠪᠡ᠃
ᠨᠢᠩᠴᠧᠩ ᠰᠢᠶᠠᠨ᠎ᠤ ᠾᠧᠢ ᠯᠢ ᠾᠧ ᠪᠠᠯᠭᠠᠰᠤ ᠨᠢ ᠠᠮᠢ ᠠᠬᠤᠢ ᠭᠣᠢᠳᠠ ᠰᠠᠢᠬᠠᠨ᠎ᠢᠶᠠᠷ᠎ᠢᠶᠠᠨ ᠠᠯᠳᠠᠷᠰᠢᠵᠤ᠂ ᠬᠠᠷᠢᠶᠠᠨ ᠳ᠋ᠤᠨᠢ 27638 ᠾᠧᠺᠲ᠋ᠠᠷ ᠲᠠᠯᠠᠪᠠᠢ᠎ᠲᠠᠢ ᠾᠧᠢ ᠯᠢ ᠾᠧ ᠭᠣᠣᠯ᠎ᠤᠨ ᠤᠯᠤᠰ᠎ᠤᠨ ᠳᠡᠰ᠎ᠤᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ ᠪᠠᠢᠳᠠᠭ᠃ ᠽᠢ ᠮᠧᠩ ᠨᠠᠭᠤᠷ᠎ᠤᠨ ᠦᠵᠡᠮᠵᠢ᠎ᠶᠢᠨ ᠣᠷᠣᠨ᠎ᠤ ᠳᠡᠭᠡᠷ᠎ᠠ ᠤᠷᠤᠰᠬᠠᠯ᠎ᠤᠨ ᠤᠰᠤᠨ ᠰᠤᠷᠪᠤᠯᠵᠢ᠎ᠶᠢᠨ ᠬᠠᠳᠠᠭᠠᠯᠠᠬᠤ ᠭᠠᠵᠠᠷ ᠪᠠ ᠠᠮᠢ ᠠᠬᠤᠢ᠎ᠶᠢᠨ ᠬᠠᠯᠬᠠᠪᠴᠢ ᠪᠣᠯᠤᠭᠰᠠᠨ᠎ᠤ ᠬᠤᠪᠢ᠎ᠳᠤ᠂ ᠬᠠᠷ᠎ᠠ ᠭᠣᠣᠯ᠎ᠤᠨ ᠤᠯᠤᠰ᠎ᠤᠨ ᠲᠠᠰ᠎ᠤᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠳᠠᠬᠢ ᠣᠶ ᠮᠤᠳᠤ ᠬᠥᠬᠡᠷᠡᠨ ᠨᠣᠭᠣᠭᠠᠷᠠᠵᠤ᠂ ᠤᠰᠤᠨ ᠤᠷᠤᠰᠬᠠᠯ ᠭᠤᠷᠴᠢᠬᠢᠨᠠᠨᠠ᠃
《ᠣᠢᠷ᠎ᠠ᠎ᠶᠢᠨ ᠵᠢᠯ᠎ᠳᠦ ᠪᠢᠳᠡ ᠣᠶᠤᠨᠲᠦ ᠠᠮᠢ ᠠᠬᠤᠢ᠎ᠶᠢᠨ ᠬᠠᠮᠢᠶᠠᠷᠤᠯᠲᠠ ᠬᠠᠮᠠᠭᠠᠯᠠᠯᠲᠠ᠎ᠶᠢᠨ ᠰᠢᠰᠲᠧᠮ᠎ᠢ ᠪᠠᠶ᠋ᠢᠭᠤᠯᠬᠤ᠂ ᠠᠭᠤᠯᠠ᠎ᠶᠢ ᠪᠢᠲᠡᠭᠦᠮᠵᠢᠯᠡᠨ ᠪᠡᠯᠴᠢᠭᠡᠷᠯᠡᠭᠦᠯᠬᠦ᠎ᠶᠢ ᠴᠠᠭᠠᠵᠠᠯᠠᠬᠤ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠭᠤᠯᠤᠨ ᠣᠶ ᠰᠢᠭᠤᠢ᠎ᠶᠢᠨ ᠡᠬᠢ ᠪᠠᠶᠠᠯᠢᠭ᠋᠎ᠤᠨ ᠬᠠᠮᠠᠭᠠᠯᠠᠯᠲᠠ ᠬᠠᠮᠢᠶᠠᠷᠤᠯᠲᠠ᠎ᠶᠢ ᠲᠠᠰᠤᠷᠠᠯᠲᠠ ᠦᠭᠡᠢ ᠴᠢᠩᠭᠠᠳᠬᠠᠵᠤ᠂ ᠤᠰᠤᠨ᠎ᠤ ᠴᠢᠨᠠᠷ᠂ ᠠᠭᠠᠷ᠂ ᠬᠥᠷᠥᠰᠥ ᠰᠢᠷᠣᠢ᠎ᠶᠢ ᠪᠥᠬᠥ ᠲᠠᠯ᠎ᠠ᠎ᠪᠠᠷ ᠬᠢᠨᠠᠨ ᠬᠡᠮᠵᠢᠬᠦ ᠠᠵᠢᠯ᠎ᠢ ᠪᠠᠢᠩᠭᠤ ᠥᠷᠨᠢᠭᠦᠯᠵᠦ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠲᠣᠭᠲᠠᠭᠤᠨ᠎ᠢᠶᠠᠷ ᠳᠡᠭᠡᠭᠰᠢᠯᠡᠭᠦᠯᠪᠡ》 ᠬᠡᠵᠤ ᠤᠯᠠᠭᠠᠨᠬᠠᠳᠠ ᠬᠣᠲᠠ᠎ᠶᠢᠨ ᠾᠧᠢ ᠯᠢ ᠾᠧ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠤ ᠬᠠᠮᠢᠶᠠᠷᠤᠯᠲᠠ᠎ᠶᠢᠨ ᠲᠣᠪᠴᠢᠶᠠᠨ᠎ᠤ ᠳᠠᠷᠤᠭ᠎ᠠ ᠵᠧᠦ ᠵᠧ ᠳ᠋ᠦᠩ ᠬᠡᠯᠡᠪᠡ᠃ ᠲᠡᠷᠡ᠂ 《ᠪᠢᠴᠢᠯ ᠳᠣᠯᠭᠢᠶᠠᠨ᠎ᠤ ᠣᠶᠤᠨᠴᠢ ᠭᠠᠯ ᠰᠡᠷᠭᠡᠢᠯᠡᠬᠦ ᠥᠨᠳᠥᠷ ᠣᠭᠲᠠᠷᠭᠤᠢ᠎ᠶᠢᠨ ᠡᠭᠦᠯᠡᠨ ᠲᠠᠪᠴᠠᠩ ᠨᠢ 24 ᠴᠠᠭ᠎ᠢᠶᠠᠷ ᠴᠠᠭᠳᠠᠨ ᠠᠶᠠᠯᠠᠵᠤ ᠬᠢᠨᠠᠨ ᠬᠡᠮᠵᠢᠬᠦ ᠪᠠ ᠲᠦᠢᠮᠡᠷ᠎ᠦᠨ ᠪᠠᠢᠳᠠᠯ᠎ᠢ ᠲᠦᠷᠭᠡᠨ ᠰᠡᠷᠡᠵᠦ ᠮᠡᠳᠡᠬᠦ᠎ᠶᠢ ᠪᠡᠶᠡᠯᠡᠭᠦᠯᠵᠦ᠂ ᠣᠷᠣᠨ ᠪᠦᠰᠡ᠎ᠶᠢᠨ ᠳᠣᠲᠣᠷ᠎ᠠ ᠠᠮᠢᠳᠤᠷᠠᠵᠤ ᠪᠠᠢᠭ᠎ᠠ ᠬᠡᠭᠡᠷ᠎ᠡ᠎ᠶᠢᠨ ᠠᠮᠢᠲᠠᠨ 606 ᠵᠦᠢᠯ᠂ ᠬᠡᠭᠡᠷ᠎ᠡ᠎ᠶᠢᠨ ᠤᠷᠭᠤᠮᠠᠯ 1034 ᠵᠦᠢᠯ ᠪᠤᠯᠵᠠᠢ》ᠭᠡᠵᠦ ᠲᠠᠨᠢᠯᠴᠠᠭᠤᠯᠪᠠ᠃
ᠠᠭᠤᠰᠤᠯᠴᠠᠨ ᠬᠥᠭᠵᠢᠬᠦ᠎ᠶᠢ ᠠᠬᠢᠭᠤᠯᠵᠤ ᠰᠣᠶᠣᠯ ᠵᠢᠭᠤᠯᠴᠢᠯᠠᠯ᠎ᠢᠶᠠᠷ ᠲᠠᠷᠢᠶᠠᠴᠢᠳ᠎ᠢ ᠲᠤᠰᠠᠯᠠᠨ ᠣᠷᠣᠯᠭ᠎ᠠ᠎ᠶᠢ ᠨᠢ ᠨᠡᠮᠡᠭᠳᠡᠭᠦᠯᠦᠨ᠎ᠠ
ᠨᠢᠩᠴᠸᠩ ᠰᠢᠶᠠᠨ ᠳᠠᠪᠠᠭᠤᠯᠢᠭ ᠠᠮᠢ ᠠᠬᠤᠢ᠎ᠶᠢᠨ ᠡᠬᠢ ᠪᠠᠶᠠᠯᠢᠭ᠋ ᠪᠣᠯᠣᠨ ᠭᠦᠨ ᠵᠤᠵᠠᠭᠠᠨ ᠰᠣᠶᠣᠯ ᠢᠷᠭᠡᠨᠰᠢᠯ᠎ᠦᠨ ᠰᠠᠭᠤᠷᠢ᠎ᠳᠠᠭᠠᠨ ᠰᠠᠭᠤᠷᠢᠯᠠᠵᠤ᠂ ᠤᠯᠠᠨ ᠡᠰᠢᠵᠢᠭᠰᠡᠨ ᠡᠵᠡᠩᠨᠡᠯᠲᠡ᠎ᠶᠢᠨ ᠬᠡᠯᠪᠡᠷᠢ᠎ᠶᠢ ᠪᠠᠶᠠᠯᠢᠭ᠍ᠵᠢᠭᠤᠯᠵᠤ᠂ ᠰᠣᠶᠣᠯ ᠵᠢᠭᠤᠯᠴᠢᠯᠠᠯ᠎ᠤᠨ ᠠᠵᠤ ᠦᠢᠯᠡᠰ᠎ᠢ ᠠᠮᠢᠵᠢᠷᠠᠯ᠎ᠤᠨ ᠬᠦᠴᠦᠨ᠎ᠲᠠᠢ ᠪᠣᠯᠭᠠᠵᠤ᠂ ᠬᠥᠭᠵᠢᠶᠡᠨ᠎ᠲᠠᠢ ᠪᠣᠯᠭᠠᠵᠤ᠂ ᠤᠯᠠᠨ ᠲᠦᠮᠡᠨ᠎ᠦ ᠣᠷᠣᠯᠭ᠎ᠠ᠎ᠪᠠᠨ ᠨᠡᠮᠡᠭᠳᠡᠭᠦᠯᠵᠦ ᠪᠠᠶᠠᠵᠢᠬᠤ ᠵᠠᠮ᠎ᠢ ᠥᠷᠭᠡᠳᠬᠡᠪᠡ᠃
ᠾᠧᠢ ᠯᠢ ᠾᠧ ᠣᠢ ᠰᠢᠭᠤᠢ᠎ᠶᠢᠨ ᠬᠠᠯᠠᠭᠤᠨ ᠷᠠᠰᠢᠶᠠᠨ᠎ᠤ ᠠᠮᠠᠷᠠᠯᠲᠠ᠎ᠶᠢᠨ ᠲᠥᠪ᠎ᠦᠨ ᠬᠢᠨ ᠵᠢᠭᠤᠯᠴᠢᠯᠠᠯ᠎ᠤᠨ ᠵᠣᠴᠢᠯᠠᠭ᠎ᠠ᠂ ᠢᠳᠡᠭᠡᠨ ᠤᠮᠳᠠᠭᠠᠨ ᠬᠣᠨᠣᠭ ᠪᠠᠭᠤᠳᠠᠯ᠂ ᠰᠡᠯᠡᠭᠦᠴᠡᠨ ᠠᠮᠠᠷᠠᠬᠤ ᠵᠡᠷᠭᠡ ᠴᠢᠳᠠᠮᠵᠢ᠎ᠶᠢ ᠨᠢᠭᠡ ᠴᠣᠭᠴᠠᠵᠢᠭᠤᠯᠪᠠ᠃ ᠣᠢᠷ᠎ᠠ᠎ᠶᠢᠨ ᠵᠢᠯ᠎ᠦᠳ᠎ᠲᠦ᠂ ᠨᠢᠩᠴᠧᠩ ᠰᠢᠶᠠᠨ ᠾᠧᠢ ᠯᠢ ᠾᠧ ᠣᠶ ᠰᠢᠭᠤᠢ᠎ᠶᠢᠨ ᠬᠠᠯᠠᠭᠤᠨ ᠷᠠᠰᠢᠶᠠᠨ᠎ᠤ ᠠᠮᠠᠷᠠᠯᠲᠠ᠎ᠶᠢᠨ ᠲᠥᠪ ᠲᠤ᠌ 3000 ᠲᠡᠭᠰᠢ ᠳᠥᠷᠪᠡᠯᠵᠢᠨ ᠮᠧᠲᠷ᠎ᠦᠨ 《 ᠡᠮᠨᠡᠯᠭᠡ᠎ᠶᠢᠨ ᠬᠣᠷᠢᠶ᠎ᠠ + ᠬᠣᠨᠣᠭ ᠪᠠᠭᠤᠳᠠᠯ + ᠡᠷᠡᠭᠦᠯᠵᠢᠯ ᠰᠤᠪᠢᠯᠠᠯᠲᠠ》 ᠵᠢᠨ ᠡᠮᠴᠢᠯᠡᠭᠡ ᠰᠤᠪᠢᠯᠠᠯᠲᠠ᠎ᠶᠢᠨ ᠶᠡᠷᠦᠩᠬᠡᠢᠯᠡᠭᠰᠡᠨ ᠴᠣᠭᠴᠠ᠎ᠶᠢ ᠪᠠᠢᠭᠤᠯᠵᠤ᠂ ᠡᠮᠲᠦ ᠴᠠᠪ᠂ ᠡᠮᠲᠦ ᠤᠬᠢᠶᠠᠯᠭ᠎ᠠ᠂ ᠡᠯᠡᠰᠦᠨ ᠵᠠᠰᠠᠯᠭ᠎ᠠ ᠵᠡᠷᠭᠡ᠎ᠶᠢ ᠲᠤᠬᠢᠷᠠᠭᠤᠯᠵᠤ᠂ ᠲᠣᠰ ᠲᠥᠪ᠎ᠲᠦ ᠲᠦᠰᠢᠭᠯᠡᠨ ᠳᠤᠮᠳᠠᠳᠤ ᠪᠠᠭ᠎ᠠ ᠰᠤᠷᠭᠠᠭᠤᠯᠢ᠎ᠶᠢᠨ ᠬᠥᠳᠡᠯᠮᠦᠷᠢ᠎ᠶᠢᠨ ᠬᠥᠮᠦᠵᠢᠯ᠎ᠦᠨ ᠦᠢᠯᠡᠳᠦᠯᠭᠡ᠎ᠶᠢᠨ ᠰᠠᠭᠤᠷᠢᠨ᠎ᠢ ᠪᠠᠢᠭᠤᠯᠵᠤ᠂ ᠡᠯ᠎ᠡ ᠵᠦᠢᠯ᠎ᠤᠨ ᠦᠢᠯᠡᠳᠦᠯᠭᠡ᠎ᠵᠢᠨ ᠰᠤᠳᠤᠯᠤᠨ ᠰᠤᠷᠤᠯᠴᠠᠬᠤ ᠬᠢᠴᠢᠶᠡᠯ᠎ᠢ ᠵᠣᠬᠢᠶᠠᠨ ᠪᠠᠢᠭᠤᠯᠵᠤ᠂ ᠭᠦᠨ ᠰᠠᠭᠤᠭᠳᠠᠯᠳᠤ ᠮᠠᠶᠢᠭ᠋᠎ᠤᠨ᠂ ᠪᠡᠶᠡᠴᠢᠯᠡᠨ ᠣᠢᠯᠠᠭᠠᠬᠤ ᠮᠠᠶᠢᠭ᠋᠎ᠤᠨ᠂ ᠬᠤᠷᠰᠢᠯ ᠮᠠᠶᠢᠭ᠋᠎ᠤᠨ ᠬᠡᠷᠡᠭᠯᠡᠭᠡᠨ᠎ᠦ ᠪᠠᠢᠳᠠᠯ᠎ᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃
《ᠣᠢᠷ᠎ᠠ᠎ᠶᠢᠨ ᠵᠢᠯ᠎ᠡᠴᠡ ᠨᠢᠩᠴᠧᠩ ᠰᠢᠶᠠᠨ ᠰᠣᠶᠣᠯ ᠵᠢᠭᠤᠯᠴᠢᠯᠠᠯ ᠪᠡᠶ᠎ᠡ᠎ᠶᠢᠨ ᠲᠠᠮᠢᠷ ᠬᠥᠳᠡᠭᠡ ᠠᠵᠤ ᠠᠬᠤᠢ ᠬᠤᠳᠠᠯᠳᠤᠭᠠᠨ᠎ᠤ ᠠᠭᠤᠰᠤᠯᠴᠠᠯ ᠬᠥᠭᠵᠢᠯᠲᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠵᠢᠭᠤᠯᠴᠢᠯᠠᠯ + ᠠᠷᠠᠳ᠎ᠤᠨ ᠤᠯᠠᠮᠵᠢᠯᠠᠯᠲᠦ ᠪᠠᠭᠤᠴᠠ᠂ ᠵᠢᠭᠤᠯᠴᠢᠯᠠᠯ + ᠡᠷᠡᠭᠦᠯᠵᠢᠯ ᠰᠤᠪᠢᠯᠠᠯᠲᠠ᠂ ᠵᠢᠭᠤᠯᠴᠢᠯᠠᠯ + ᠰᠤᠳᠤᠯᠤᠨ ᠰᠤᠷᠤᠯᠴᠠᠬᠤ᠂ ᠵᠢᠭᠤᠯᠴᠢᠯᠠᠯ + ᠪᠠᠶᠠᠷ ᠳᠤᠷᠠᠰᠬᠠᠯ ᠵᠡᠷᠭᠡ ᠤᠯᠠᠨ ᠵᠦᠢᠯ᠎ᠦᠨ ᠡᠵᠡᠩᠨᠡᠯᠲᠡ᠎ᠶᠢᠨ ᠬᠡᠯᠪᠡᠷᠢ ᠪᠣᠯᠣᠨ ᠦᠢᠯᠡᠳᠬᠦᠨ᠎ᠢ ᠶᠡᠬᠡᠪᠡᠷ ᠳᠡᠯᠭᠡᠷᠡᠭᠦᠯᠵᠦ᠂ ᠤᠷᠤᠨ ᠨᠤᠳᠤᠭ᠎ᠤᠨ ᠲᠦᠷᠦᠯ ᠲᠡᠮᠳᠡᠭ᠎ᠢ ᠤᠯᠠᠮ ᠠᠯᠳᠠᠷᠰᠢᠭᠤᠯᠵᠤ᠂ ᠵᠢᠭᠤᠯᠴᠢᠯᠠᠯ᠎ᠤᠨ ᠠᠵᠤ ᠦᠢᠯᠡᠰ ᠥᠷᠨᠢᠭᠦᠨ ᠬᠥᠭᠵᠢᠩᠭᠦᠢ ᠪᠠᠢᠳᠠᠯ ᠢᠯᠡᠷᠡᠵᠦ᠂ ᠲᠤᠰ ᠭᠠᠵᠠᠷ᠎ᠤᠨ ᠮᠦᠬᠦ᠂ ᠰᠢᠳ ᠵᠡᠷᠭᠡ ᠲᠠᠷᠢᠶᠠᠯᠠᠩ᠎ᠤᠨ ᠣᠨᠴᠠ ᠪᠦᠲᠦᠭᠡᠭᠳᠡᠬᠦᠨ᠎ᠦ ᠪᠣᠷᠤᠯᠠᠭᠤᠯᠭ᠎ᠠ ᠦᠷᠭᠦᠯᠵᠢᠯᠡᠨ ᠥᠷᠭᠡᠳᠴᠤ᠂ ᠲᠠᠷᠢᠶᠠᠴᠢᠨ ᠠᠢᠯ᠎ᠤᠨ ᠵᠢᠭᠤᠯᠴᠢᠯᠠᠯ᠂ ᠵᠢᠭᠠᠰᠤᠴᠢᠨᠠᠢᠯᠤᠨ ᠵᠢᠭᠤᠯᠴᠢᠯᠠᠯ᠂ ᠣᠨᠴᠠᠯᠢᠭ᠍ᠲᠤ ᠠᠷᠠᠳ᠎ᠤᠨ ᠤᠯᠠᠮᠵᠢᠯᠠᠯᠲᠤ ᠪᠠᠭᠤᠴᠠ᠎ᠶᠢᠨ ᠠᠵᠤ ᠦᠢᠯᠡᠰ ᠥᠷᠨᠢᠨ ᠬᠥᠭᠵᠢᠵᠦ᠂ 5 ᠲᠦᠮᠡ ᠭᠠᠷᠤᠢ ᠤᠯᠠᠨ ᠲᠦᠮᠡᠨ᠎ᠢ ᠲᠠᠢ᠍ᠢᠴᠢᠯᠠᠨ ᠣᠷᠣᠯᠭ᠎ᠠ᠎ᠶᠢ ᠨᠢ ᠰᠢᠭᠤᠳ ᠪᠤᠶᠤ ᠲᠠᠮ᠎ᠢᠶᠠᠷ ᠨᠡᠮᠡᠭᠳᠡᠭᠦᠯᠵᠦ ᠠᠰᠢᠭ᠋ ᠬᠦᠷᠲᠡᠭᠡᠪᠡ》 ᠭᠡᠵᠦ ᠨᠢᠩᠴᠧᠩ ᠰᠢᠶᠠᠨ᠎ᠤ ᠰᠣᠶᠣᠯ ᠵᠢᠭᠤᠯᠴᠢᠯᠠᠯ ᠪᠡᠶ᠎ᠡ᠎ᠶᠢᠨ ᠲᠠᠮᠢᠷ᠎ᠤᠨ ᠲᠣᠪᠴᠢᠶᠠᠨ᠎ᠤ ᠳᠡᠳ᠋ ᠳᠠᠷᠤᠭ᠎ᠠ ᠶᠠᠩ ᠱᠧᠦ ᠳ᠋ᠦᠩ ᠲᠠᠨᠢᠯᠴᠠᠭᠤᠯᠪᠠ᠃
[ᠰᠤᠷᠪᠤᠯᠵᠢᠯᠠᠭ᠍ᠴᠢ᠎ᠶᠢᠨ ᠡᠪᠦᠷ ᠲᠡᠮᠳᠡᠭᠯᠡᠯ]
ᠨᠢᠩᠴᠧᠩ ᠰᠢᠶᠠᠨ᠎ᠤ ᠠᠭᠤᠯᠠ ᠤᠰᠤ᠎ᠪᠠᠷ ᠠᠶᠠᠯᠠᠨ ᠰᠤᠷᠪᠤᠯᠵᠢᠯᠠᠬᠤ ᠳ᠋ᠠᠭᠠᠨ ᠡᠨᠳᠡ ᠬᠤᠶᠠᠷ ᠳᠤᠷᠠᠳᠬᠠᠯ ᠬᠠᠳᠠᠭᠠᠯᠠᠭᠳᠠᠵᠤ ᠪᠠᠢᠬᠤ ᠵᠢ ᠤᠢᠯᠠᠭᠠᠪᠠ᠄ ᠨᠢᠭᠡ ᠨᠢ ᠬᠤᠪᠢᠰᠬᠠᠯ᠎ᠤᠨ ᠭᠠᠯ ᠳᠦᠷᠡᠯᠵᠡᠭᠰᠡᠨ ᠣᠨ ᠵᠢᠯ᠎ᠳᠦ ᠠᠬᠠᠮᠠᠳ ᠦᠶ᠎ᠡ᠎ᠶᠢᠨ ᠬᠢᠨ᠎ᠦ ᠠᠮᠢ ᠨᠠᠰᠤ᠎ᠪᠠᠷ᠎ᠢᠶᠠᠨ ᠲᠡᠮᠡᠴᠡᠭᠰᠡᠨ ᠬᠤᠪᠢᠰᠬᠠᠯ᠎ᠤᠨ ᠦᠯᠢᠭᠡᠷ᠂ ᠨᠦᠭᠦᠭᠡ ᠨᠢ ᠺᠠᠳ᠋ᠷ ᠤᠯᠠᠨ ᠲᠦᠮᠡᠨ ᠪᠤᠤᠬᠢᠶ᠎ᠠ ᠳᠠᠮᠵᠢᠭᠤᠯᠤᠨ ᠨᠣᠮᠢᠨ ᠨᠣᠭᠣᠭ᠎ᠠ᠎ᠨᠢ ᠬᠠᠮᠠᠭᠠᠯᠠᠵᠤ ᠵᠢᠷᠤᠭᠯᠠᠭᠰᠠᠨ ᠠᠵᠤ ᠦᠢᠯᠡᠰ᠎ᠢᠶᠡᠷ ᠠᠷᠠᠳ᠎ᠢ ᠪᠠᠶᠠᠵᠢᠭᠤᠯᠤᠭᠰᠠᠨ ᠵᠢᠷᠤᠭ ᠪᠤᠯᠤᠨ᠎ᠠ᠃ ᠡᠨᠳᠡᠬᠢ ᠬᠥᠭᠵᠢᠯᠲᠡ ᠨᠢ ᠢᠮᠠᠭᠲᠠ ᠬᠤᠪᠢᠰᠬᠠᠯ᠎ᠤᠨ ᠵᠣᠷᠢᠭ᠋ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠠᠮᠢ ᠠᠬᠤᠢ᠎ᠶᠢᠨ ᠬᠠᠮᠠᠭᠠᠯᠠᠯᠲᠠ᠎ᠪᠠᠷ ᠰᠠᠭᠤᠷᠢ ᠪᠣᠯᠭᠠᠵᠤ᠂ ᠰᠣᠶᠣᠯ ᠵᠢᠭᠤᠯᠴᠢᠯᠠᠯ ᠪᠡᠶ᠎ᠡ᠎ᠵᠢᠨ ᠲᠠᠮᠢᠷ ᠬᠥᠳᠡᠭᠡ ᠠᠵᠤ ᠠᠬᠤᠢ ᠬᠤᠳᠠᠯᠳᠤᠭᠠᠨ᠎ᠤ ᠠᠭᠤᠰᠤᠯᠴᠠᠨ ᠬᠥᠭᠵᠢᠬᠦ᠎ᠪᠡᠷ ᠠᠷᠭ᠎ᠠ ᠵᠠᠮ ᠪᠣᠯᠭᠠᠪᠠ᠃ ᠥᠩᠭᠡᠷᠡᠭᠰᠡᠨ᠎ᠦ ᠶᠠᠫᠤᠨ᠎ᠢ ᠡᠰᠡᠷᠭᠦᠴᠡᠬᠦ ᠡᠮᠦᠨ᠎ᠡ ᠹᠷᠣᠨᠲ ᠨᠢ ᠡᠳᠦᠭᠡ ᠬᠤᠪᠢᠰᠬᠠᠯ᠎ᠤᠨ ᠰᠤᠳᠤᠯᠤᠨ ᠰᠤᠷᠤᠯᠴᠠᠬᠤ ᠥᠨᠳᠥᠷᠯᠢᠭ᠂ ᠠᠮᠢ ᠠᠬᠤᠢ᠎ᠶᠢᠨ ᠡᠷᠡᠭᠦᠯ ᠮᠡᠨᠳᠦ᠎ᠶᠢᠨ ᠰᠤᠪᠢᠯᠠᠯᠲᠠ᠎ᠶᠢᠨ ᠦᠵᠡᠮᠵᠢᠲᠦ ᠭᠠᠵᠠᠷ᠂ ᠠᠷᠠᠳ ᠤᠯᠠᠨ᠎ᠤ ᠣᠷᠣᠯᠭ᠎ᠠ᠎ᠶᠢ ᠨᠡᠮᠡᠭᠳᠡᠭᠦᠯᠬᠦ ᠬᠠᠯᠠᠭᠤᠨ ᠬᠥᠷᠥᠰᠥ ᠪᠣᠯᠵᠠᠢ᠃ ᠨᠢᠩᠴᠧᠩ᠎ᠦᠨ ᠠᠷᠠᠳ ᠲᠦᠮᠡᠨ ᠬᠠᠮᠤᠭ᠎ᠤᠨ ᠪᠣᠷᠣᠭᠵᠢᠭᠤᠨ ᠦᠢᠯᠡᠳᠦᠯᠭᠡ᠎ᠪᠡᠷ᠎ᠢᠶᠡᠨ ᠬᠤᠪᠢᠰᠬᠠᠯ᠎ᠤᠨ ᠦᠨᠳᠦᠰᠦ ᠰᠤᠷᠪᠤᠯᠵᠢ᠎ᠶᠢ ᠰᠠᠢᠲᠤᠷ ᠰᠠᠬᠢᠵᠤ᠂ ᠨᠤᠮᠢᠨ ᠤᠰᠤ ᠬᠦᠬᠡᠮᠳᠦᠭ ᠠᠭᠤᠯᠠ᠎ᠪᠠᠨ ᠰᠠᠢᠲᠤᠷ ᠬᠠᠮᠠᠭᠠᠯᠠᠪᠠᠯ ᠯᠠᠪᠲᠠᠢ ᠬᠥᠭᠵᠢᠨ ᠮᠠᠨᠳᠤᠬᠤ ᠵᠠᠮ᠎ᠢᠶᠠᠷ ᠵᠠᠮᠨᠠᠵᠤ ᠴᠢᠳᠠᠨ᠎ᠠ ᠬᠡᠳᠡᠭ᠎ᠢ ᠭᠡᠷᠡᠴᠢᠯᠡᠪᠡ᠃