— ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠲᠤᠬᠠᠶ ᠦᠬᠦᠯᠡᠬᠦ ᠨᠢ
ᠣᠨᠣᠯ ᠴᠢᠩᠭ᠎ᠠ ᠪᠣᠯ ᠰᠠᠶᠢ ᠴᠢᠭᠯᠡᠯ ᠲᠣᠳᠣᠷᠬᠠᠶ ᠪᠤᠯᠵᠦ᠂ ᠰᠡᠳᠬᠢᠯ ᠨᠢᠭᠡᠳᠴᠦ᠂ ᠢᠲᠡᠭᠡᠯ ᠲᠡᠭᠦᠯᠳᠡᠷ ᠪᠤᠯᠤᠨ᠎ᠠ᠃ ᠮᠠᠷᠺᠰ᠎ᠤᠨ ᠦᠵᠡᠯ᠎ᠦᠨ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠬᠠᠮᠤᠭ᠎ᠤᠨ ᠰᠢᠨ᠎ᠡ ᠦᠷ᠎ᠡ ᠪᠦᠲᠦᠭᠡᠯ᠎ᠢᠶᠡᠷ ᠪᠦᠬᠦ᠌ ᠨᠠᠮ᠎ᠢ ᠵᠡᠪᠰᠡᠭᠯᠡᠵᠦ᠍᠂ ᠦᠢᠯᠡᠳᠦᠯᠭᠡ᠎ᠶᠢ ᠵᠢᠯᠣᠭᠣᠳᠤᠨ᠂ ᠠᠵᠢᠯ᠎ᠢᠶᠠᠨ ᠠᠬᠢᠭᠤᠯᠬᠤ᠎ᠶᠢ ᠪᠠᠷᠢᠮᠲᠠᠯᠠᠬᠤ ᠪᠣᠯ ᠮᠠᠨ᠎ᠤ ᠨᠠᠮ᠎ᠤᠨ ᠲᠡᠦᠬᠡ᠎ᠶᠢ ᠡᠭᠦᠳᠦᠨ ᠪᠦᠲᠦᠭᠡᠵᠦ᠍᠂ ᠭᠡᠷᠡᠯ ᠰᠠᠴᠤᠷᠠᠩᠭᠤᠢ ᠦᠢᠯᠡᠰ᠎ᠢ ᠪᠦᠲᠦᠭᠡᠭᠰᠡᠨ ᠨᠢᠭᠡᠨ ᠴᠢᠬᠤᠯᠠ ᠲᠤᠷᠰᠢᠯᠭ᠎ᠠ ᠮᠥᠨ᠃
6 ᠰᠠᠷ᠎ᠠ ᠶᠢᠨ 15 ᠤ᠋ ᠡᠳᠦᠷ ᠬᠤᠷᠠᠯᠳᠤᠭᠰᠠᠨ ᠪᠦᠬᠦ᠌ ᠤᠯᠤᠰ ᠤᠨ ᠨᠠᠮ ᠤᠨ ᠪᠠᠶ᠋ᠢᠭᠤᠯᠤᠯᠲᠠ ᠶᠢᠨ ᠠᠵᠢᠯ ᠤᠨ ᠶᠠᠷᠢᠯᠴᠠᠬᠤ ᠬᠤᠷᠠᠯ ᠡᠴᠡ ᠰᠢ ᠵᠢᠨ ᠫᠢᠩ ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠲᠤᠬᠠᠢ ᠠᠵᠢᠯ᠎ᠤᠨ ᠪᠠᠶ᠋ᠢᠷᠢᠯᠠᠭᠤᠯᠤᠯᠲᠠ ᠬᠢᠵᠦ᠍᠂ ᠡᠨᠡ ᠬᠦ᠌ ᠴᠢᠬᠤᠯᠠ ᠦᠵᠡᠯ ᠰᠠᠨᠠᠭ᠎ᠠ ᠨᠢ 《ᠨᠠᠮ᠎ᠢ ᠬᠦᠴᠦᠷᠬᠡᠭᠵᠢᠭᠦᠯᠵᠦ᠍ ᠤᠯᠤᠰᠢ᠋ ᠬᠦᠴᠦᠷᠬᠡᠭᠵᠢᠭᠦᠯᠬᠦ᠌᠎ᠳᠦ ᠴᠢᠬᠤᠯᠠ ᠶᠡᠬᠡ ᠪᠣᠳᠠᠲᠤ᠌ ᠠᠴᠢ ᠬᠣᠯᠪᠣᠭᠳᠠᠯ ᠪᠠ ᠠᠯᠤᠰ ᠬᠡᠳᠤ᠎ᠶᠢᠨ ᠵᠢᠯᠣᠭᠣᠳᠬᠤ ᠠᠴᠢ ᠬᠣᠯᠪᠣᠭᠳᠠᠯ᠎ᠲᠠᠶ ᠶᠤᠮ》 ᠭᠡᠵᠦ᠍ ᠴᠢᠬᠤᠯᠠᠴᠢᠯᠠᠪᠠ᠃ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭᠠᠨ᠎ᠤ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ᠎ᠤ ᠬᠤᠪᠢ᠎ᠳᠤ᠂ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ ᠪᠣᠯ ᠰᠢᠨ᠎ᠡ ᠴᠠᠭ ᠦᠶ᠎ᠡ᠎ᠶᠢᠨ ᠨᠠᠮ᠎ᠢ ᠬᠦᠴᠦᠷᠬᠡᠭᠵᠢᠭᠦᠯᠵᠦ᠍ ᠤᠯᠤᠰ ᠢ᠋ ᠬᠦᠴᠦᠷᠬᠡᠭᠵᠢᠭᠦᠯᠬᠦ᠌ ᠲᠡᠦᠬᠡᠨ ᠠᠬᠢᠴᠠ ᠳᠤᠮᠳᠠ ᠪᠦᠷᠢᠯᠳᠦᠭᠰᠡᠨ ᠰᠢᠨᠵᠢᠯᠡᠬᠦ᠌ ᠤᠬᠠᠭᠠᠨᠴᠢ ᠤᠨᠤᠯ ᠪᠣᠯᠤᠨ᠎ᠠ᠂ ᠲᠡᠭᠦᠨ᠎ᠦ ᠦᠨᠡᠨ ᠶᠣᠰᠣᠨ᠎ᠤ ᠬᠦᠴᠦᠨ ᠴᠢᠳᠠᠯ ᠪᠣᠯᠤᠨ ᠦᠢᠯᠡᠳᠦᠯᠭᠡ᠎ᠶᠢᠨ ᠠᠤᠭ᠎ᠠ ᠬᠦᠴᠦᠨ ᠨᠢ ᠨᠢᠭᠡᠨᠲᠡ ᠭᠦᠢᠴᠡᠳ ᠰᠢᠯᠭᠠᠭᠳᠠᠵᠤ᠂ ᠰᠢᠨ᠎ᠡ ᠠᠶᠠᠨ᠎ᠳᠠᠭᠠᠨ ᠵᠠᠭᠤᠨ ᠵᠢᠯ᠎ᠦᠨ ᠲᠤᠮᠤ ᠨᠠᠮ᠎ᠤ᠋ᠨ ᠨᠠᠮ ᠢ᠋ ᠬᠠᠮᠢᠶᠠᠷᠴᠤ ᠨᠠᠮ᠎ᠢ ᠵᠠᠰᠠᠬᠤ᠂ ᠨᠠᠮ᠎ᠢ ᠮᠠᠨᠳᠤᠭᠤᠯᠵᠤ ᠨᠠᠮ᠎ᠢ ᠬᠦᠴᠦᠷᠬᠡᠭᠵᠢᠭᠦᠯᠬᠦ᠌ ᠰᠢᠨ᠎ᠡ ᠠᠬᠤᠢ ᠪᠠᠶ᠋ᠢᠳᠠᠯ᠎ᠢ ᠲᠠᠰᠤᠷᠠᠯᠳᠠ ᠦᠭᠡᠢ ᠨᠡᠭᠡᠭᠡᠬᠦ᠌᠎ᠳᠦ ᠦᠨᠳᠦᠰᠦᠨ ᠵᠢᠷᠤᠮᠯᠠᠯ ᠪᠣᠯᠤᠨ ᠠᠵᠢᠯᠯᠠᠭᠠᠨ᠎ᠤ ᠵᠦᠭᠯᠡᠭᠦᠷ ᠬᠠᠩᠭᠠᠪᠠ᠃
ᠳᠤᠮᠳᠠᠳᠤ ᠤᠯᠤᠰ᠎ᠤᠨ ᠶᠠᠪᠤᠳᠠᠯ᠎ᠢ ᠰᠠᠶ᠋ᠢᠲᠤᠷ ᠰᠢᠢᠳᠪᠤᠷᠢᠯᠡᠬᠦ ᠵᠢᠨ ᠵᠠᠩᠭᠢᠯᠠᠭ᠎ᠠ ᠨᠢ ᠨᠠᠮ᠎ᠳᠤ ᠪᠤᠢ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠨᠠᠮ᠎ᠤᠨ ᠳᠣᠲᠣᠭᠠᠳᠤ᠎ᠳᠤ ᠣᠷᠣᠰᠢᠵᠤ ᠪᠠᠶ᠋ᠢᠭ᠎ᠠ ᠲᠤᠪᠤᠢ᠌ᠮ᠎ᠠ ᠠᠰᠠᠭᠤᠳᠠᠯ ᠪᠣᠯᠤᠨ ᠬᠦᠨᠳᠦ ᠨᠣᠴᠢᠲᠠᠢ ᠬᠡᠮ ᠰᠣᠭᠣᠭᠲᠤ᠌ ᠰᠢᠭᠤᠳ ᠬᠠᠨᠳᠤᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠᠶ᠋ᠢᠯᠳᠤᠬᠤ ᠪᠤᠳᠤᠯᠭ᠎ᠠ᠎ᠶᠢᠨ ᠪᠠᠶ᠋ᠢᠷᠢᠯᠠᠭᠤᠯᠤᠯᠲᠠ ᠬᠢᠵᠦ᠍᠂ ᠬᠢᠳᠤᠭᠠᠨ ᠢᠷ᠎ᠢ ᠳᠣᠲᠣᠭᠰᠢ ᠬᠠᠨᠳᠤᠭᠤᠯᠵᠤ᠂ ᠬᠦᠨᠳᠦ ᠰᠢᠢᠳᠭᠡᠯ ᠵᠢᠡᠷ ᠰᠠᠮᠠᠭᠤᠷᠠᠯ᠎ᠢ ᠵᠠᠰᠠᠵᠤ᠂ ᠵᠠᠭᠤᠨ ᠵᠢᠯ᠎ᠦᠨ ᠲᠤᠮᠤ ᠨᠠᠮ᠎ᠤᠨ ᠥᠪᠡᠷ ᠪᠡᠶ᠎ᠠ ᠵᠢᠨ ᠬᠤᠪᠢᠰᠬᠠᠯ ᠬᠢᠬᠦ᠌ ᠰᠢᠨ᠎ᠡ ᠠᠬᠤᠢ ᠪᠠᠶ᠋ᠢᠳᠠᠯ᠎ᠢ ᠨᠡᠭᠡᠭᠡᠵᠦ᠍᠂ ᠮᠠᠨ᠎ᠤ ᠨᠠᠮ ᠬᠤᠪᠢᠰᠬᠠᠯᠲᠤ᠌ ᠴᠢᠨᠠᠷᠲᠠᠢ ᠳᠠᠪᠲᠠᠯᠲᠠ ᠳᠤᠮᠳᠠ ᠨᠡᠩ ᠪᠠᠲᠤ᠌ ᠴᠢᠩᠭ᠎ᠠ ᠬᠦᠴᠦᠨ᠎ᠲᠡᠶ ᠪᠤᠯᠵᠥ᠍᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠶ᠋ᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠦᠨᠳᠦᠰᠦᠨ ᠪᠠᠲᠤᠯᠠᠭ᠎ᠠ ᠬᠠᠩᠭᠠᠪᠠ᠃
ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠵᠠᠰᠠᠯᠲᠠ᠂ ᠳᠤᠮᠳᠠᠳᠤ ᠤᠯᠤᠰ᠎ᠤᠨ ᠵᠠᠰᠠᠯᠲᠠ᠎ᠳᠤ ᠰᠢᠨ᠎ᠡ ᠪᠠᠶ᠋ᠢᠳᠠᠯ ᠢᠯᠡᠷᠡᠵᠦ᠍᠂ ᠮᠠᠨ᠎ᠤ ᠨᠠᠮ ᠤᠯᠤᠰ᠎ᠤᠨ ᠳᠣᠲᠣᠭᠠᠳᠤ ᠭᠠᠳᠠᠭᠠᠳᠤ᠎ᠶᠢᠨ ᠡᠯ᠎ᠡ ᠵᠦᠢᠯ᠎ᠦᠨ ᠠᠶᠤᠯ ᠲᠦᠭᠰᠢᠭᠦᠷᠢ ᠪᠣᠯᠤᠨ ᠰᠢᠯᠭᠠᠯᠲᠠ᠎ᠶᠢ ᠠᠷᠭᠠᠴᠠᠭᠠᠬᠤ ᠲᠡᠦᠬᠡᠨ ᠶᠠᠪᠤᠴᠠ᠎ᠳᠤ ᠢᠮᠠᠭᠲᠠ ᠪᠦᠬᠦ᠌ ᠤᠯᠤᠰ᠎ᠤᠨ ᠠᠷᠠᠳ ᠲᠦᠮᠡᠨ᠎ᠦ ᠦᠮᠦᠭ ᠲᠦᠰᠢᠭ ᠪᠤᠯᠵᠤ᠂ ᠨᠠᠮ ᠪᠣᠯᠤᠨ ᠤᠯᠤᠰ᠎ᠤᠨ ᠠᠵᠢᠯ ᠦᠢᠯᠡᠰ ᠲᠡᠦᠬᠡᠲᠦ᠍ ᠴᠢᠨᠠᠷᠲᠠᠢ ᠠᠮᠵᠢᠯᠲᠠ ᠣᠯᠵᠤ᠂ ᠲᠡᠦᠬᠡᠲᠦ᠍ ᠴᠢᠨᠠᠷᠲᠠᠢ ᠬᠤᠪᠢᠰᠤᠯᠲᠠ ᠭᠠᠷᠴᠤ᠌ ᠴᠢᠳᠠᠭᠰᠠᠨ᠎ᠤ ᠬᠠᠮᠤᠭ᠎ᠤᠨ ᠦᠨᠳᠦᠰᠦᠨ ᠰᠢᠯᠲᠠᠭᠠᠨ ᠨᠢ ᠶᠡᠷᠦᠩᠬᠡᠢ ᠱᠦᠵᠢ ᠰᠢ ᠵᠢᠨ ᠫᠢᠩ ᠠᠶᠠᠯᠠᠯ ᠢ᠋ ᠵᠢᠯᠤᠭᠤᠳᠤᠨ ᠵᠠᠯᠠᠭᠤᠷ᠎ᠢ ᠠᠳᠬᠤᠬᠰᠡᠨ ᠳ᠋ᠤ ᠪᠠᠢᠵᠤ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠶᠢᠨ ᠰᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠠᠶ᠋ᠢᠨ᠎ᠠ᠃
ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ ᠨᠢ《ᠠᠷᠪᠠᠨ ᠲᠦᠷᠪᠡᠨ ᠪᠠᠷᠢᠮᠲᠠᠯᠠᠯ》 ᠵᠢᠡᠷ ᠨᠠᠮ᠎ᠢ ᠬᠠᠮᠢᠶᠠᠷᠴᠤ᠌ ᠨᠠᠮ᠎ᠢ ᠵᠠᠰᠠᠬᠤ᠂ ᠨᠠᠮ᠎ᠢ ᠮᠠᠨᠳᠤᠭᠤᠯᠵᠤ ᠨᠠᠮ᠎ᠢ ᠬᠦᠴᠦᠷᠬᠡᠭᠵᠢᠭᠦᠯᠬᠦ᠌ ᠪᠠ ᠬᠦᠴᠤᠷᠭᠡᠭ ᠤᠯᠤᠰ ᠰᠡᠷᠭᠦᠨ ᠮᠠᠨᠳᠤᠯᠲᠠ᠎ᠶᠢᠨ ᠳᠣᠲᠣᠭᠠᠳᠤ ᠬᠠᠷᠢᠴᠠᠭ᠎ᠠ᠎ᠶᠢ ᠭᠦᠨᠵᠡᠭᠡᠢ ᠡᠵᠡᠮᠳᠡᠵᠦ᠍᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠠᠬᠢᠭᠤᠯᠬᠤ᠂ ᠨᠠᠮ᠎ᠤᠨ ᠲᠡᠷᠢᠭᠦᠨ᠎ᠦ ᠴᠢᠨᠠᠷ ᠪᠠ ᠴᠡᠪᠡᠷ ᠴᠢᠨᠠᠷ᠎ᠢ ᠪᠠᠲᠤᠯᠠᠬᠤ᠂ ᠨᠠᠮ᠎ᠤᠨ ᠤᠷᠳᠤ ᠬᠤᠭᠤᠴᠠᠭ᠎ᠠ᠎ᠪᠠᠷ ᠲᠦᠷᠦ᠍ ᠪᠠᠷᠢᠬᠤ ᠪᠠᠶ᠋ᠢᠷᠢ ᠰᠠᠭᠤᠷᠢ᠎ᠶᠢ ᠪᠡᠬᠢᠵᠢᠭᠦᠯᠬᠦ᠌᠎ᠳᠦ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠶᠢ ᠠᠬᠢᠭᠤᠯᠬᠤ ᠰᠦᠷ ᠳᠠᠯᠠᠶ᠋ᠢᠴᠠᠲᠠᠢ ᠬᠦᠴᠦᠨ᠎ᠢ ᠨᠡᠩ ᠥᠷᠭᠡᠨ᠎ᠢᠶᠡᠷ ᠨᠢᠭᠲᠠᠷᠠᠭᠤᠯᠬᠤ᠎ᠳᠤ ᠴᠢᠬᠤᠯᠠ ᠶᠡᠬᠡ ᠪᠥᠭᠡᠳ ᠠᠯᠤᠰ ᠬᠡᠳᠤ᠎ᠶᠢᠨ ᠠᠴᠢ ᠬᠣᠯᠪᠣᠭᠳᠠᠯ᠎ᠲᠠᠶ ᠶᠤᠮ᠃
ᠡᠨᠳᠡ《ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠬᠤ》᠂ 《ᠳᠡᠭᠡᠳᠦ ᠲᠤᠤᠷᠠᠳᠤ ᠱᠠᠳᠤ᠎ᠪᠠᠷ᠎ᠢᠶᠠᠨ ᠨᠡᠪᠲᠡᠷᠡᠯᠴᠡᠭᠰᠡᠨ᠂ ᠬᠡᠷᠡᠭᠵᠢᠭᠦᠯᠦᠯᠲᠡ ᠬᠦᠴᠦᠲᠡᠢ ᠵᠣᠬᠢᠶᠠᠨ ᠪᠠᠶ᠋ᠢᠭᠤᠯᠤᠯᠲᠠ᠎ᠶᠢᠨ ᠰᠢᠰᠲ᠋ᠧᠮ᠎ᠢ ᠪᠦᠷᠢᠨᠰᠢᠬᠦᠯᠬᠦ᠌ ᠵᠢ ᠪᠠᠷᠢᠮᠲᠠᠯᠠᠬᠤ 》 ᠪᠡᠷ ᠵᠢᠱ᠌ᠢᠢ᠎ᠡ ᠪᠣᠯᠭᠠᠵᠤ ᠭᠦᠨᠵᠡᠭᠡᠢ ᠲᠣᠳᠣᠷᠬᠠᠶ᠋ᠢᠯᠠᠨ ᠥᠭᠦᠯᠡᠵᠦ᠍᠂ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢᠨ ᠨᠠᠮ᠎ᠢ ᠬᠦᠴᠦᠷᠬᠡᠭᠵᠢᠭᠦᠯᠵᠦ᠍ ᠤᠯᠤᠰᠢ᠋ ᠬᠦᠴᠦᠷᠬᠡᠭᠵᠢᠭᠦᠯᠬᠦ᠌᠎ᠳᠦ ᠦᠵᠡᠭᠦᠯᠬᠦ᠌ ᠴᠢᠬᠤᠯᠠ ᠶᠡᠬᠡ ᠪᠣᠳᠠᠲᠤ᠌ ᠠᠴᠢ ᠬᠣᠯᠪᠣᠭᠳᠠᠯ ᠪᠠ ᠠᠯᠤᠰ ᠬᠡᠳᠤ᠎ᠶᠢᠨ ᠵᠢᠯᠣᠭᠣᠳᠬᠤ ᠠᠴᠢ ᠬᠣᠯᠪᠣᠭᠳᠠᠯ᠎ᠤᠨ ᠲᠤᠬᠠᠢ ᠲᠠᠨᠢᠯᠲᠠ᠎ᠶᠢ ᠭᠦᠨᠵᠡᠭᠡᠶ᠋ᠢᠷᠡᠭᠦᠯᠪᠡ᠃
《ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠬᠤ》 ᠪᠣᠯ ᠨᠠᠮ᠎ᠤᠨ ᠤᠳᠤᠷᠢᠳᠤᠯᠭ᠎ᠠ᠎ᠶᠢᠨ ᠬᠠᠮᠤᠭ᠎ᠤᠨ ᠳᠡᠭᠡᠳᠦ ᠤᠯᠤᠰ ᠲᠦᠷᠦ᠎ᠶᠢᠨ ᠵᠠᠷᠴᠢᠮ ᠪᠣᠯᠤᠨ᠎ᠠ᠃ ᠶᠡᠷᠦᠩᠬᠡᠢ ᠱᠦᠵᠢ ᠰᠢ ᠵᠢᠨ ᠫᠢᠩ᠄ 《ᠮᠠᠨ᠎ᠤ ᠡᠶ᠋ᠢᠮᠦ᠍ ᠨᠢᠭᠡᠨ ᠲᠤᠮᠤ ᠨᠠᠮ᠂ ᠡᠶ᠋ᠢᠮᠦ᠍ ᠨᠢᠭᠡᠨ ᠲᠤᠮᠤ ᠤᠯᠤᠰ᠎ᠲᠤ᠌ ᠬᠡᠷᠪᠡ ᠨᠠᠮ᠎ᠤᠨ ᠲᠥᠪ ᠬᠣᠷᠢᠶ᠎ᠠ ᠴᠢᠩᠭ᠎ᠠ ᠬᠦᠴᠦᠲᠡᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠬᠡᠷᠡᠭᠵᠢᠭᠦᠯᠬᠦ᠌ ᠦᠭᠡᠢ ᠪᠣᠯ ᠳᠠᠷᠤᠢ ᠲᠤᠰ ᠲᠤᠰ᠎ᠲᠠᠭᠠᠨ ᠲᠤᠭ ᠪᠤᠰᠬᠠᠵᠤ᠂ ᠪᠤᠳᠤᠭᠰᠠᠨ᠎ᠢᠶᠠᠷ᠎ᠢᠶᠠᠨ ᠬᠢᠬᠦ᠌ ᠪᠠᠶ᠋ᠢᠳᠠᠯ ᠭᠠᠷᠴᠤ᠌᠂ ᠶᠠᠮᠠᠷ ᠴᠤ᠌ ᠶᠠᠪᠤᠳᠠᠯ᠎ᠢ ᠪᠦᠲᠦᠭᠡᠵᠦ᠍ ᠴᠢᠳᠠᠬᠤ ᠦᠭᠡᠢ ᠪᠣᠯᠤᠨ᠎ᠠ》 ᠭᠡᠵᠤ ᠵᠢᠭᠠᠵᠤ ᠭᠠᠷᠭᠠᠪᠠ᠃
ᠮᠠᠨ᠎ᠤ ᠨᠠᠮ ᠰᠢ ᠵᠢᠨ ᠫᠢᠩ ᠨᠥᠬᠥᠷ᠎ᠦᠨ ᠨᠠᠮ᠎ᠤᠨ ᠲᠥᠪ ᠬᠣᠷᠢᠶ᠎ᠠ ᠵᠢᠨ ᠭᠣᠣᠯᠯᠠᠭᠴᠢ᠂ ᠪᠦᠬᠦ᠌ ᠨᠠᠮ᠎ᠤᠨ ᠭᠣᠣᠯᠯᠠᠭᠴᠢ᠎ᠶᠢᠨ ᠪᠠᠶ᠋ᠢᠷᠢ ᠰᠠᠭᠤᠷᠢ᠎ᠶᠢ ᠲᠣᠭᠲᠠᠭᠠᠵᠤ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭᠠᠨ᠎ᠤ ᠵᠢᠯᠣᠭᠣᠳᠬᠤ ᠪᠠᠶ᠋ᠢᠷᠢ ᠰᠠᠭᠤᠷᠢ᠎ᠶᠢ ᠲᠣᠭᠲᠠᠭᠠᠵᠤ᠂ ᠨᠠᠮ᠎ᠤᠨ ᠤᠳᠤᠷᠢᠳᠤᠯᠭ᠎ᠠ ᠵᠢᠨ ᠲᠦᠷᠢᠮ᠎ᠦᠨ ᠰᠢᠰᠲ᠋ᠧᠮ᠎ᠢ ᠪᠠᠷᠢᠮᠲᠠᠯᠠᠨ ᠲᠡᠭᠦᠯᠳᠡᠷᠵᠢᠭᠦᠯᠵᠦ᠍᠂ ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠤᠯᠤᠰ᠎ᠤᠨ ᠵᠠᠰᠠᠯᠲᠠ᠎ᠶᠢᠨ ᠡᠯ᠎ᠡ ᠬᠦᠷᠢᠶ᠎ᠡ ᠡᠯ᠎ᠡ ᠲᠠᠯ᠎ᠠ ᠡᠯ᠎ᠡ ᠭᠣᠭᠴᠣᠭ᠎ᠠ᠎ᠳᠤ ᠨᠠᠶ᠋ᠢᠳᠠᠪᠤᠷᠢᠵᠢᠭᠤᠯᠬᠤ ᠨᠢ ᠰᠢᠨ᠎ᠡ ᠴᠠᠭ ᠦᠶ᠎ᠡ᠎ᠶᠢᠨ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠲᠡᠦᠬᠡᠨ ᠠᠬᠢᠴᠠ᠎ᠶᠢ ᠠᠬᠢᠭᠤᠯᠬᠤ᠎ᠳᠤ ᠰᠢ᠌ᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠲᠠᠶ ᠶᠤᠮ᠃
ᠲᠠᠪᠤᠨ ᠵᠢᠯ᠎ᠦᠨ ᠲᠥᠯᠥᠪᠵᠢᠭᠦᠯᠭᠡ ᠪᠣᠯ ᠨᠢᠭᠡᠨ ᠴᠢᠬᠤᠯᠠ ᠠᠵᠢᠭᠯᠠᠯᠲᠠ᠎ᠶᠢᠨ ᠬᠠᠷᠠᠭᠠᠰᠤ ᠮᠥᠨ᠃ ᠰᠢᠨ᠎ᠡ ᠴᠠᠭ ᠦᠶ᠎ᠡ᠎ᠡᠴᠡ ᠨᠠᠭᠠᠰᠢ᠂ ᠶᠡᠷᠦᠩᠬᠡᠢ ᠱᠦᠵᠢ ᠰᠢ ᠵᠢᠨ ᠫᠢᠩ ᠪᠡᠶ᠎ᠡ᠎ᠪᠡᠷ᠎ᠢᠶᠡᠨ ᠲᠥᠯᠥᠪᠵᠢᠭᠦᠯᠭᠡ᠎ᠶᠢᠨ ᠰᠠᠨᠠᠭᠤᠯᠭ᠎ᠠ᠎ᠶᠢᠨ ᠪᠢᠴᠢᠭ ᠮᠠᠲ᠋ᠧᠷᠢᠶᠠᠯ᠎ᠢ ᠲᠤᠭᠤᠷᠪᠢᠬᠤ ᠳᠤᠭᠤᠶ᠋ᠢᠯᠠᠩ᠎ᠤᠨ ᠳᠠᠷᠤᠭ᠎ᠠ᠎ᠶᠢᠨ ᠲᠤᠰᠢᠶᠠᠯ᠎ᠢ ᠡᠭᠦᠷᠭᠡᠯᠡᠵᠦ᠍᠂ ᠤᠯᠤᠰ᠎ᠤᠨ ᠬᠥᠭᠵᠢᠯᠲᠡ᠎ᠶᠢᠨ ᠲᠥᠯᠥᠪᠵᠢᠭᠦᠯᠭᠡ᠎ᠶᠢᠨ ᠠᠵᠢᠯ᠎ᠢ ᠪᠡᠶ᠎ᠡ᠎ᠪᠡᠷ᠎ᠢᠶᠡᠨ ᠲᠥᠯᠥᠪᠵᠢᠭᠦᠯᠵᠦ᠍᠂ ᠪᠠᠶ᠋ᠢᠷᠢᠯᠠᠭᠤᠯᠤᠨ ᠠᠬᠢᠭᠤᠯᠵᠤ᠂ ᠴᠢᠨᠡᠭᠡᠯᠢᠭ ᠨᠡᠶ᠋ᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠰᠢ᠌ᠳᠪᠦᠷᠢᠲᠦ᠍ ᠢᠯᠠᠯᠲᠠ᠎ᠶᠢ ᠤᠯᠬᠤ ᠪᠠ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠶ᠋ᠢᠭᠤᠯᠬᠤ ᠲᠤᠬᠠᠢ ᠪᠠᠶ᠋ᠢᠯᠳᠤᠬᠤ ᠪᠤᠳᠤᠯᠭ᠎ᠠ᠎ᠶᠢᠨ ᠪᠠᠶ᠋ᠢᠷᠢᠯᠠᠭᠤᠯᠤᠯᠲᠠ ᠬᠢᠵᠡᠢ᠃ ᠨᠠᠮ᠎ᠤᠨ ᠲᠥᠪ ᠬᠣᠷᠢᠢ᠎ᠠ ᠴᠢᠭᠯᠡᠯ᠎ᠢ ᠡᠵᠡᠮᠳᠡᠵᠦ᠍᠂ ᠶᠡᠬᠡ ᠲᠠᠯ᠎ᠠ᠎ᠶᠢ ᠪᠣᠳᠣᠯᠬᠢᠯᠠᠨ᠂ ᠲᠦᠷᠦ᠎ᠶᠢᠨ ᠪᠤᠳᠤᠯᠭ᠎ᠠ ᠲᠣᠭᠲᠠᠭᠠᠵᠤ᠂ ᠥᠭᠡᠷᠡᠴᠢᠯᠡᠯᠲᠡ᠎ᠶᠢ ᠠᠬᠢᠭᠤᠯᠪᠠ᠂ ᠲᠠᠪᠤᠨ ᠵᠢᠯ᠎ᠦᠨ ᠲᠥᠯᠥᠪᠵᠢᠭᠦᠯᠭᠡ ᠨᠢ ᠠᠵᠢᠯ ᠦᠢᠯᠡᠰ᠎ᠦᠨ ᠱᠠᠳᠤ ᠮᠡᠲᠦ᠍ ᠪᠠᠶ᠋ᠢᠵᠤ᠂ 《ᠨᠢᠭᠡ ᠨᠢᠭᠡ ᠱᠠᠳᠤ᠎ᠪᠠᠷ ᠤᠷᠤᠭᠰᠢ ᠠᠬᠢᠵᠤ》᠂ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠯᠠᠪᠳᠠᠭᠤᠨ᠎ᠢᠶᠠᠷ ᠬᠤᠯᠠ ᠠᠶᠠᠯᠠᠬᠤ᠎ᠶᠢ ᠪᠠᠲᠤᠯᠠᠪᠠ᠃
ᠨᠠᠮ᠎ᠤᠨ ᠲᠥᠪ ᠬᠤᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠬᠤ ᠪᠣᠯ ᠪᠢᠳᠡᠨ᠎ᠦ ᠲᠠᠰᠤᠷᠠᠯᠳᠠ ᠦᠭᠡᠢ ᠢᠯᠠᠯᠲᠠ ᠤᠯᠬᠤ᠎ᠶᠢᠨ ᠦᠨᠳᠦᠰᠦ ᠮᠥᠨ᠃ ᠨᠠᠮ᠎ᠤᠨ ᠲᠥᠪ ᠬᠤᠷᠢᠶ᠎ᠠ ᠵᠢᠨ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠤᠬᠠᠮᠰᠠᠷ᠎ᠡᠴᠡ᠎ᠪᠠᠨ ᠬᠠᠮᠠᠭᠠᠯᠠᠵᠤ᠂ ᠪᠦᠬᠦ᠌ ᠨᠠᠮ᠎ᠤᠨ ᠤᠯᠤᠰ ᠲᠦᠷᠦ᠎ᠶᠢᠨ ᠵᠣᠭᠰᠣᠯᠲᠠ᠂ ᠤᠯᠤᠰ ᠲᠦᠷᠦ᠎ᠶᠢᠨ ᠴᠢᠭᠯᠡᠯ᠂ ᠤᠯᠤᠰ ᠲᠦᠷᠦ᠎ᠶᠢᠨ ᠵᠠᠷᠴᠢᠮ᠂ ᠤᠯᠤᠰ ᠲᠦᠷᠦ᠎ᠶᠢᠨ ᠵᠠᠮ ᠳᠡᠭᠡᠷ᠎ᠡ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠢ᠎ᠠ᠎ᠲᠠᠶ ᠳᠡᠭᠡᠳᠦ ᠬᠡᠮᠵᠢᠢ᠎ᠡ᠎ᠪᠡᠷ ᠨᠢᠭᠡᠳᠦᠯᠲᠡᠢ ᠪᠠᠶ᠋ᠢᠬᠤ᠎ᠶᠢ ᠦᠨᠡᠨ ᠬᠦ᠌ ᠪᠠᠲᠤᠯᠠᠪᠠᠯ ᠪᠢᠳᠠ ᠠᠯᠢᠪᠠ ᠬᠦᠴᠢᠷ ᠪᠡᠷᠬᠡᠰᠢᠶᠡᠯ ᠥᠷᠢᠰᠥᠯᠳᠦᠭᠡᠨ᠎ᠢ ᠠᠷᠭᠠᠴᠠᠭᠠᠵᠤ᠂ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠎ᠶᠢ ᠠᠬᠢᠭᠤᠯᠬᠤ᠎ᠳᠤ ᠲᠦᠰᠢᠭ ᠲᠤᠯᠭᠠᠭᠤᠷᠢ᠎ᠲᠠᠶ ᠪᠤᠯᠵᠤ᠂ ᠲᠣᠭᠲᠠᠯ ᠬᠦᠴᠦᠨ᠎ᠲᠡᠶ ᠪᠣᠯᠤᠨ᠎ᠠ᠃
《ᠳᠡᠭᠡᠷ᠎ᠡ ᠲᠤᠤᠷ᠎ᠠ ᠱᠠᠳᠤ ᠪᠠᠷ᠎ᠢᠶᠠᠨ ᠨᠡᠪᠲᠡᠷᠡᠯᠴᠡᠭᠰᠡᠨ᠂ ᠬᠡᠷᠡᠭᠵᠢᠭᠦᠯᠦᠯᠲᠡ ᠬᠦᠴᠦᠲᠡᠢ ᠵᠣᠬᠢᠶᠠᠨ ᠪᠠᠶ᠋ᠢᠭᠤᠯᠤᠯᠲᠠ᠎ᠶᠢᠨ ᠰᠢᠰᠲ᠋ᠧᠮ᠎ᠢ ᠪᠦᠷᠢᠨᠰᠢᠬᠦᠯᠬᠦ᠌》 ᠪᠣᠯ ᠨᠠᠮ᠎ᠤᠨ ᠳᠠᠪᠠᠭᠤᠯᠢᠭ ᠪᠠ ᠬᠦᠴᠦᠨ ᠴᠢᠳᠠᠯ ᠪᠣᠯᠤᠨ᠎ᠠ᠃
ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭᠠᠨ᠎ᠤ ᠢᠯᠠᠯᠲᠠ᠎ᠶᠢ ᠤᠯᠬᠤ᠎ᠶᠢᠨ ᠲᠥᠯᠥᠭᠡ ᠶᠡᠷᠦᠩᠬᠡᠢ ᠱᠦᠵᠢ ᠰᠢ ᠵᠢᠨ ᠫᠢᠩ ᠪᠡᠶ᠎ᠡ᠎ᠪᠡᠷ᠎ᠢᠶᠡᠨ ᠮᠠᠨᠭᠯᠠᠢ᠌ᠯᠠᠵᠤ᠂ ᠪᠡᠶ᠎ᠡ᠎ᠪᠡᠷ᠎ᠢᠶᠡᠨ ᠮᠣᠷᠳᠠᠵᠤ᠂ ᠪᠡᠶ᠎ᠡ᠎ᠪᠡᠷ᠎ᠢᠶᠡᠨ ᠬᠢᠨᠠᠨ ᠵᠢᠯᠣᠭᠣᠳᠴᠤ᠌᠂ ᠲᠠᠪᠤᠨ ᠱᠠᠲᠤᠨ᠎ᠤ ᠱᠦᠵᠢ ᠶᠠᠳᠠᠭᠤ᠎ᠶᠢ ᠲᠡᠳᠬᠦᠬᠦ᠌ ᠠᠵᠢᠯ᠎ᠢ ᠠᠳᠬᠤᠵᠤ᠂ ᠪᠦᠬᠦ᠌ ᠨᠠᠮ᠎ᠢᠶᠠᠷ᠎ᠢᠶᠠᠨ ᠲᠠᠢ᠌ᠴᠢᠯᠠᠨ ᠪᠣᠭᠣᠮᠲᠠ ᠰᠢᠪᠲᠤᠯᠬᠤ᠎ᠶᠢ ᠠᠬᠢᠭᠤᠯᠵᠤ᠂ 25.5 ᠲᠦᠮᠡᠨ ᠲᠣᠰᠬᠣᠨ᠎ᠳᠤ ᠰᠠᠭᠤᠭ᠎ᠠ ᠠᠵᠢᠯᠯᠠᠬᠤ ᠠᠩᠬᠢ᠂ 300 ᠭᠠᠷᠤᠢ ᠲᠦᠮᠡᠨ ᠨᠢᠭᠡᠳᠦᠭᠡᠷ ᠱᠦᠵᠢ ᠪᠣᠯᠤᠨ ᠲᠣᠰᠬᠣᠨ᠎ᠳᠤ ᠰᠠᠭᠤᠭ᠎ᠠ ᠺᠠᠳ᠋ᠷ᠂ 200 ᠲᠦᠮᠡ ᠰᠢᠬᠠᠮ ᠰᠢᠶᠠᠩ ᠪᠠᠯᠭᠠᠰᠤᠨ᠎ᠤ ᠺᠠᠳ᠋ᠷ ᠪᠣᠯᠤᠨ ᠬᠡᠳᠦᠨ ᠵᠠᠭᠤᠨ ᠲᠦᠮᠡᠨ ᠲᠣᠰᠬᠣᠨ᠎ᠤ ᠺᠠᠳ᠋ᠷ᠎ᠲᠠᠶ ᠬᠠᠮᠲᠤ᠎ᠪᠠᠷ ᠶᠠᠳᠠᠭᠤ᠎ᠶᠢ ᠲᠡᠳᠬᠦᠬᠦ᠌ ᠡᠮᠦᠨ᠎ᠡ ᠹᠷᠣᠨᠲ᠎ᠲᠤ᠌ ᠲᠡᠮᠡᠴᠡᠪᠡ;ᠡᠷᠡᠨ ᠵᠠᠭᠤᠨ᠎ᠤ ᠬᠢᠵᠢᠭ᠎ᠦᠨ ᠳᠠᠭᠠᠷᠢᠯᠳᠠ᠎ᠶᠢᠨ ᠡᠮᠦᠨ᠎ᠡ᠂ ᠨᠠᠮ᠎ᠤᠨ ᠲᠥᠪ ᠬᠣᠷᠢᠢ᠎ᠠ ᠵᠠᠷᠯᠢᠭ ᠪᠠᠭᠤᠯᠭᠠᠵᠤ᠂ 460 ᠭᠠᠷᠤᠢ ᠲᠦᠮᠡᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠭᠠᠪᠰᠢᠭᠠᠶ᠋ᠢᠯᠠᠨ ᠤᠷᠤᠭᠰᠢᠯᠠᠵᠤ᠂ ᠨᠠᠮ᠎ᠤᠨ ᠲᠤᠭ᠎ᠢ ᠬᠢᠵᠢᠭ᠎ᠲᠡᠶ ᠲᠡᠮᠡᠴᠡᠬᠦ᠌ ᠡᠮᠦᠨ᠎ᠡ ᠹᠷᠣᠨᠲ᠎ᠲᠤ᠌ ᠥᠨᠳᠥᠷ ᠨᠠᠮᠢᠷᠠᠭᠤᠯᠪᠠ ᠁
ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠳᠡᠭᠡᠷ᠎ᠡ ᠳᠣᠣᠷᠠᠳᠤ ᠱᠠᠲᠤ᠌ ᠪᠠᠷ᠎ᠢᠶᠠᠨ ᠨᠡᠪᠲᠡᠷᠡᠯᠴᠡᠭᠰᠡᠨ᠂ ᠬᠡᠷᠡᠭᠵᠢᠭᠦᠯᠦᠯᠲᠡ ᠬᠦᠴᠦᠲᠡᠢ ᠵᠣᠬᠢᠶᠠᠨ ᠪᠠᠶ᠋ᠢᠭᠤᠯᠤᠯᠲᠠ᠎ᠶᠢᠨ ᠰᠢᠰᠲ᠋ᠧᠮ᠎ᠢ ᠪᠦᠷᠢᠯᠳᠦᠭᠦᠯᠵᠦ᠍᠂ ᠮᠠᠨ᠎ᠤ ᠨᠠᠮ᠎ᠢ ᠬᠢᠵᠠᠭᠠᠯᠠᠰᠢ ᠦᠭᠡᠢ ᠪᠠᠲᠤ᠌ ᠴᠢᠩᠭ᠎ᠠ ᠤᠳᠤᠷᠢᠳᠬᠤ ᠬᠦᠴᠦᠨ᠂ ᠵᠣᠬᠢᠶᠠᠨ ᠪᠠᠶ᠋ᠢᠭᠤᠯᠬᠤ ᠬᠦᠴᠦᠨ᠂ ᠭᠡᠷᠡᠭᠵᠢᠬᠦᠯᠬᠦ ᠬᠦᠴᠦᠨ ᠲᠠᠢ ᠪᠣᠯᠭᠠᠵᠤ᠂ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠦᠴᠢᠷ᠎ᠢ ᠲᠤᠭᠤᠯᠤᠨ ᠪᠡᠷᠬᠡ᠎ᠶᠢ ᠳᠠᠪᠠᠬᠤ᠂ ᠵᠠᠮ ᠨᠡᠭᠡᠭᠡᠨ ᠤᠷᠤᠭᠰᠢᠯᠠᠬᠤ ᠬᠠᠮᠤᠭ᠎ᠤᠨ ᠨᠠᠶ᠋ᠢᠳᠠᠪᠤᠷᠢᠲᠠᠢ ᠤᠳᠤᠷᠢᠳᠬᠤ ᠬᠦᠴᠦᠨ ᠪᠣᠯᠭᠠᠪᠠ᠃
ᠨᠠᠮ᠎ᠤᠨ ᠬᠦᠴᠦᠨ ᠵᠣᠬᠢᠶᠠᠨ ᠪᠠᠶ᠋ᠢᠭᠤᠯᠤᠯᠲᠠ᠎ᠡᠴᠡ ᠢᠷᠡᠳᠡᠭ᠃ ᠨᠠᠮ᠎ᠤᠨ ᠪᠦᠬᠦ᠌ ᠲᠠᠯ᠎ᠠ᠎ᠶᠢᠨ ᠤᠳᠤᠷᠢᠳᠤᠯᠭ᠎ᠠ᠂ ᠨᠠᠮ᠎ᠤᠨ ᠪᠦᠬᠦ᠌ ᠠᠵᠢᠯ᠎ᠢ ᠨᠠᠮ᠎ᠤᠨ ᠪᠠᠲᠤ᠌ ᠴᠢᠩᠭ᠎ᠠ ᠵᠣᠬᠢᠶᠠᠨ ᠪᠠᠶ᠋ᠢᠭᠤᠯᠤᠯᠲᠠ᠎ᠶᠢᠨ ᠰᠢᠰᠲ᠋ᠧᠮ᠎ᠳᠦ ᠲᠦᠰᠢᠭᠯᠡᠨ ᠪᠡᠶᠡᠯᠡᠭᠦᠯᠬᠦ᠌ ᠬᠡᠷᠡᠭᠲᠡᠢ᠃ ᠰᠢᠨ᠎ᠡ ᠴᠠᠭ ᠦᠶ᠎ᠡ᠎ᠶᠢᠨ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠱᠤᠭᠤᠮ᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠡᠯ᠎ᠡ ᠱᠠᠳᠤ ᠳᠠᠪᠬᠤᠷᠭ᠎ᠠ᠂ ᠡᠯ᠎ᠡ ᠬᠦᠷᠢᠶᠡᠨ᠎ᠦ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠴᠣᠭᠴᠠᠯᠠᠯᠲᠠ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠤᠯᠤᠰ ᠲᠦᠷᠦ᠎ᠶᠢᠨ ᠴᠢᠳᠠᠮᠵᠢ ᠪᠣᠯᠤᠨ ᠵᠣᠬᠢᠶᠠᠨ ᠪᠠᠶ᠋ᠢᠭᠤᠯᠤᠯᠲᠠ᠎ᠶᠢᠨ ᠴᠢᠳᠠᠮᠵᠢ᠎ᠶᠢ ᠴᠢᠩᠭᠠᠳᠬᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠪᠦᠬᠦ᠌ ᠲᠠᠯ᠎ᠠ᠎ᠪᠠᠷ ᠲᠠᠪᠰᠢᠬᠤ᠂ ᠪᠦᠬᠦ᠌ ᠲᠠᠯ᠎ᠠ᠎ᠪᠠᠷ ᠬᠠᠲᠠᠭᠤᠵᠢᠬᠤ᠎ᠶᠢ ᠠᠬᠢᠭᠤᠯᠪᠠᠯ ᠬᠦᠴᠦᠷᠭᠡᠭ ᠤᠯᠤᠰ᠎ᠤᠨ ᠪᠦᠳᠦᠭᠡᠨ ᠪᠠᠶ᠋ᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠠᠬᠢᠭᠤᠯᠬᠤ᠎ᠳᠤ ᠪᠠᠲᠤ᠌ ᠴᠢᠩᠭ᠎ᠠ ᠵᠣᠬᠢᠶᠠᠨ ᠪᠠᠶ᠋ᠢᠭᠤᠯᠤᠯᠲᠠ᠎ᠶᠢᠨ ᠪᠠᠲᠤᠯᠠᠭ᠎ᠠ ᠬᠠᠩᠭᠠᠵᠤ ᠴᠢᠳᠠᠨ᠎ᠠ᠃
ᠮᠠᠨ᠎ᠤ ᠤᠯᠤᠰ᠎ᠤᠨ ᠬᠥᠭᠵᠢᠯᠲᠡ ᠨᠢᠭᠡᠨᠲᠡ ᠨᠡᠶ᠋ᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ᠌ ᠰᠠᠭᠤᠷᠢ᠎ᠶᠢ ᠪᠡᠬᠢᠵᠢᠭᠦᠯᠬᠦ᠌᠂ ᠪᠦᠬᠦ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶᠢᠨ ᠴᠠᠭ ᠦᠶ᠎ᠡ᠎ᠳᠦ ᠣᠷᠣᠵᠤ᠂ ᠪᠠᠶ᠋ᠢᠯᠳᠤᠬᠤ ᠪᠤᠳᠤᠯᠭ᠎ᠠ᠎ᠶᠢᠨ ᠠᠵᠠ ᠲᠣᠬᠢᠶᠠᠯ ᠪᠠ ᠠᠶᠤᠯ ᠲᠦᠭᠰᠢᠭᠦᠷᠢ ᠥᠷᠢᠰᠥᠯᠳᠦᠭᠡᠨ ᠵᠡᠷᠭᠡ᠎ᠪᠡᠷ ᠣᠷᠣᠰᠢᠵᠤ᠂ ᠲᠣᠭᠲᠠᠭᠠᠯᠲᠤ᠌ ᠪᠤᠰᠤ ᠲᠥᠰᠦᠭᠡᠯᠡᠬᠦᠶ᠎ᠡ ᠪᠡᠷᠬᠡ ᠬᠦᠴᠦᠨ ᠵᠦᠢᠯ ᠨᠡᠮᠡᠭᠳᠡᠵᠦ᠍ ᠪᠠᠶ᠋ᠢᠨ᠎ᠠ᠃ ᠡᠭᠦᠨ᠎ᠦ ᠵᠡᠷᠭᠡ᠎ᠪᠡᠷ᠂ ᠨᠠᠮ᠎ᠳᠤ ᠲᠤᠯᠭᠠᠷᠠᠵᠤ ᠪᠠᠶ᠋ᠢᠭ᠎ᠠ 《ᠲᠦᠷᠪᠡᠨ ᠶᠡᠬᠡ ᠰᠢᠯᠭᠠᠯᠲᠠ》᠂ 《ᠲᠦᠷᠪᠡᠨ ᠵᠦᠢᠯ᠎ᠦᠨ ᠠᠶᠤᠯ ᠲᠦᠭᠰᠢᠭᠦᠷᠢ》 ᠪᠣᠯ ᠤᠷᠳᠤ ᠬᠤᠭᠤᠴᠠᠭᠠᠨ᠎ᠤ᠂ ᠨᠠᠷᠢᠨ ᠪᠤᠳᠤᠯᠢᠶᠠᠨᠲᠠᠢ᠂ ᠬᠦᠨᠳᠦ ᠨᠣᠴᠢᠲᠠᠢ ᠶᠤᠮ᠃ ᠨᠠᠮ᠎ᠤᠨ ᠪᠠᠶ᠋ᠢᠭᠤᠯᠤᠯᠲᠠ᠎ᠳᠤ ᠣᠷᠣᠰᠢᠵᠤ ᠪᠠᠶ᠋ᠢᠭ᠎ᠠ ᠲᠤᠪᠤᠢ᠌ᠮ᠎ᠠ ᠠᠰᠠᠭᠤᠳᠠᠯ᠎ᠢ ᠦᠨᠡᠨ ᠬᠦ᠌ ᠰᠢ᠌ᠳᠪᠦᠷᠢᠯᠡᠵᠦ᠍᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠡᠯ᠎ᠡ ᠵᠦᠢᠯ᠎ᠦᠨ ᠠᠶᠤᠯ ᠲᠦᠭᠰᠢᠭᠦᠷᠢ ᠥᠷᠢᠰᠥᠯᠳᠦᠭᠡᠨ᠎ᠢ ᠪᠦᠲᠦᠮᠵᠢᠲᠡᠢ ᠠᠷᠭᠠᠴᠠᠭᠠᠵᠤ᠂ ᠲᠡᠦᠬᠡ᠎ᠶᠢᠨ ᠠᠭᠤᠤ ᠦᠢᠯᠡᠰ᠎ᠢ ᠠᠬᠢᠭᠤᠯᠬᠤ ᠡᠭᠦᠷᠭᠡ ᠬᠠᠷᠢᠭᠤᠴᠠᠯᠭ᠎ᠠ᠎ᠶᠢ ᠡᠭᠦᠷᠭᠡᠯᠡᠬᠦ᠌᠎ᠳᠦ ᠡᠷᠬᠡᠪᠰᠢ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠨᠡᠪᠲᠡᠷᠬᠡᠢ ᠣᠶ᠋ᠢᠯᠠᠭᠠᠵᠤ᠂ ᠲᠡᠦᠬᠡ ᠪᠠ ᠪᠦᠬᠦ᠌ ᠲᠠᠯ᠎ᠠ᠎ᠶᠢᠨ ᠦᠨᠳᠦᠷᠴᠡ ᠡᠴᠡ ᠨᠠᠮ᠎ᠢ ᠨᠡᠩ ᠪᠠᠲᠤ᠌ ᠴᠢᠩᠭ᠎ᠠ ᠬᠦᠴᠦᠨ᠎ᠲᠡᠶ ᠪᠣᠯᠭᠠᠨ ᠪᠠᠶ᠋ᠢᠭᠤᠯᠵᠤ᠂ ᠨᠠᠮ ᠢᠮᠠᠭᠲᠠ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠢᠯᠡᠰ᠎ᠦᠨ ᠤᠳᠤᠷᠢᠳᠬᠤ ᠭᠣᠣᠯᠯᠠᠭᠴᠢ ᠪᠣᠯᠬᠤ᠎ᠶᠢ ᠪᠠᠲᠤᠯᠠᠬᠤ ᠬᠡᠷᠡᠭᠲᠡᠢ᠃
ᠬᠡᠬᠦᠳᠡᠭ ᠴᠡᠭᠡᠵᠢᠨ᠎ᠳᠡᠭᠡᠨ ᠠᠯᠤᠰ ᠬᠡᠳᠤ᠎ᠶᠢᠨ ᠬᠠᠷᠠᠯᠲᠠ᠎ᠶᠢ ᠪᠠᠭᠲᠠᠭᠠᠵᠤ᠂ ᠳᠤᠮᠳᠠᠳᠤ᠎ᠶᠢᠨ ᠦᠨᠳᠦᠰᠦᠲᠡᠨ᠎ᠦ ᠮᠢᠩᠭᠠᠨ ᠣᠨ᠎ᠤ ᠠᠤᠭ᠎ᠠ ᠦᠢᠯᠡᠰ᠎ᠢ ᠪᠦᠲᠦᠭᠡᠬᠦ᠌᠎ᠪᠡᠷ ᠵᠣᠷᠢᠭ ᠰᠢᠭᠤᠳᠴᠤ᠌᠂ ᠮᠠᠨ᠎ᠤ ᠨᠠᠮ ᠲᠦᠭ ᠲᠦᠮᠡᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶᠢ ᠪᠡᠶᠡᠯᠡᠭᠦᠯᠬᠦ᠌ ᠰᠢᠨ᠎ᠡ ᠠᠶᠠᠨ᠎ᠳᠤ ᠤᠮᠤᠭ ᠵᠤᠷᠢᠭ ᠪᠠᠳᠠᠷᠠᠨᠭᠭᠤᠢ ᠪᠡᠷ ᠤᠷᠤᠭᠰᠢᠯᠠᠨ᠎ᠠ᠃ ᠰᠢᠨ᠎ᠡ ᠠᠶᠠᠨ ᠪᠣᠯ ᠰᠢᠨ᠎ᠡ ᠤᠷᠳᠤ ᠵᠠᠮ᠎ᠤᠨ ᠠᠶᠠᠨ ᠳᠠᠢ᠌ᠨ ᠮᠥᠨ᠃ ᠪᠢᠳᠡ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠭᠰᠠᠨ ᠨᠠᠮ᠎ᠤᠨ ᠲᠥᠪ ᠬᠤᠷᠢᠶ᠎ᠠ ᠵᠢᠨ ᠲᠣᠭᠣᠷᠢᠨ᠎ᠳᠤ ᠨᠡᠩ ᠢᠯᠡᠭᠦᠦ ᠨᠢᠭᠲᠠᠷᠠᠨ ᠪᠦᠯᠬᠦᠮᠳᠡᠵᠦ᠍᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠢᠯᠠᠩᠭᠤᠶ᠎ᠠ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠡᠷᠴᠢ ᠵᠣᠷᠢᠭ᠎ᠢᠶᠠᠨ ᠬᠥᠪᠴᠢᠯᠡᠨ ᠡᠷᠡᠯᠬᠡᠭᠯᠡᠨ ᠤᠷᠤᠭᠰᠢᠯᠠᠬᠤ ᠵᠣᠷᠢᠭ ᠰᠠᠨᠠᠭᠠᠨ᠎ᠤ ᠬᠥᠳᠡᠯᠭᠡᠭᠴᠢ ᠬᠦᠴᠦᠨ᠎ᠢᠶᠡᠷ ᠮᠠᠨ᠎ᠤ ᠨᠠᠮ᠎ᠢᠶᠠᠨ ᠰᠠᠶ᠋ᠢᠲᠤᠷ ᠪᠦᠳᠦᠭᠡᠨ ᠪᠠᠶ᠋ᠢᠭᠤᠯᠵᠤ ᠬᠦᠴᠦᠷᠬᠡᠭᠵᠢᠭᠦᠯᠦᠨ᠂ ᠬᠦᠴᠦᠷᠬᠡᠭ ᠤᠯᠤᠰ᠎ᠤᠨ ᠪᠦᠳᠦᠭᠡᠨ ᠪᠠᠶ᠋ᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠲᠠᠰᠤᠷᠠᠯᠳᠠ ᠦᠭᠡᠢ ᠠᠬᠢᠭᠤᠯᠤᠨ ᠤᠷᠤᠭᠰᠢᠯᠠᠭᠤᠯᠤᠶ᠎ᠠ᠃
(ᠰᠢᠨᠬᠤᠸᠠ ᠬᠤᠷᠢᠶ᠎ᠠ ᠵᠢᠨ ᠪᠡᠭᠡᠵᠢᠩ ᠤ᠋ᠨ ᠴᠠᠬᠢᠯᠭᠠᠨ ᠮᠡᠳᠡᠭᠡ)