ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠡᠭᠬᠢᠮ ᠡᠴᠡ ᠤᠢᠯᠠᠭᠠᠭᠰᠠᠨ ᠢ᠋ᠢᠡᠷ᠂ ᠰᠠᠶᠢᠬᠠᠨ ᠦᠩᠬᠡᠷᠡᠭᠰᠡᠨ ᠲᠠᠪᠤᠨ ᠰᠠᠷ᠎ᠠ ᠵᠢᠨ ᠰᠢᠨ᠎ᠡ ᠵᠢᠨ ᠲᠠᠪᠤᠨ ᠤ᠋ ᠠᠮᠠᠷᠠᠯᠲᠠ ᠳ᠋ᠤ ᠪᠦᠬᠦ ᠤᠷᠤᠨ ᠤ᠋ ᠵᠠᠮ ᠤ᠋ᠨ ᠲᠤᠤᠷ ᠤ᠋ᠨ ᠠᠵᠢᠯᠯᠠᠭᠠᠨ ᠲᠣᠭᠲᠠᠭᠤᠨ ᠪᠠᠶ᠋ᠢᠵᠤ᠂ ᠣᠷᠣᠨ ᠪᠦᠰᠡ ᠠᠯᠤᠰᠯᠠᠨ ᠵᠤᠷᠴᠢᠭᠰᠠᠨ ᠠᠶᠠᠨᠴᠢᠨ 1350.31 ᠲᠦᠮᠡᠨ ᠬᠥᠮᠦᠨ ᠤᠳᠠᠭ᠎ᠠ ᠳ᠋ᠤ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 6.08% ᠪᠠᠷ ᠨᠡᠮᠡᠭᠳᠡᠪᠡ᠃
ᠲᠠᠪᠤᠨ ᠰᠠᠷ᠎ᠠ ᠵᠢᠨ ᠰᠢᠨ᠎ᠡ ᠵᠢᠨ ᠲᠠᠪᠤᠨ ᠤ᠋ ᠠᠮᠠᠷᠠᠯᠲᠠ ᠵᠢᠨ ᠬᠤᠭᠤᠴᠠᠭᠠᠨ ᠳ᠋ᠤ ᠪᠥᠬᠥ᠌ ᠣᠷᠣᠨ ᠤ᠋ ᠡᠵᠡᠩᠨᠡᠯᠲᠡ ᠵᠢᠨ ᠴᠢᠨᠠᠷᠲᠠᠶ ᠠᠶᠠᠨᠴᠢᠳ ᠤ᠋ᠨ ᠵᠦᠭᠡᠭᠡᠪᠦᠷᠢ ᠢ᠋ᠢᠨ ᠬᠡᠮᠵᠢᠶ᠎ᠠ ᠨᠡᠶ᠋ᠢᠲᠡ 245.63 ᠲᠦᠮᠡᠨ ᠬᠥᠮᠦᠨ ᠤᠳᠠᠭ᠎ᠠ ᠳ᠋ᠤ ᠬᠦᠷᠴᠤ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 7.76% ᠪᠠᠷ ᠨᠡᠮᠡᠭᠳᠡᠪᠠ᠃ ᠡᠭᠦᠨ ᠳ᠋ᠤ ᠲᠡᠮᠦᠷ ᠵᠠᠮ ᠤ᠋ᠨ ᠠᠶᠠᠨᠴᠢᠳ ᠤ᠋ᠨ ᠵᠥᠭᠡᠭᠡᠪᠦᠷᠢ ᠵᠢᠨ ᠬᠡᠮᠵᠢᠶ᠎ᠡ 79.28 ᠲᠦᠮᠡᠨ ᠬᠥᠮᠦᠨ ᠤᠳᠠᠭ᠎ᠠ᠂ ᠵᠠᠰᠠᠮᠠᠯ ᠵᠠᠮ ᠤ᠋ᠨ ᠠᠶᠠᠨᠴᠢᠳ ᠤ᠋ᠨ ᠵᠦᠭᠡᠭᠡᠪᠦᠷᠢ ᠵᠢᠨ ᠬᠡᠮᠵᠢᠶ᠎ᠡ 145.12 ᠲᠦᠮᠡᠨ ᠬᠥᠮᠦᠨ ᠤᠳᠠᠭ᠎ᠠ᠂ ᠠᠷᠠᠳ ᠤ᠋ᠨ ᠠᠭᠠᠷ ᠤ᠋ᠨ ᠲᠡᠭᠡᠭᠡᠪᠦᠷᠢ ᠵᠢᠨ ᠠᠶᠠᠨᠴᠢᠳ ᠤ᠋ᠨ ᠵᠦᠭᠡᠭᠡᠪᠦᠷᠢ ᠵᠢᠨ ᠬᠡᠮᠵᠢᠶ᠎ᠡ 21.24 ᠲᠦᠮᠡᠨ ᠬᠥᠮᠦᠨ ᠤᠳᠠᠭ᠎ᠠ ᠳ᠋ᠤ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ ᠲᠤᠰ ᠲᠤᠰ 10.24%᠂ 5.85% ᠪᠠ 12.2% ᠵᠢᠡᠷ ᠨᠡᠮᠡᠭᠳᠡᠵᠡᠢ᠃ ᠪᠥᠬᠥ᠌ ᠣᠷᠣᠨ ᠤ᠋ ᠲᠦᠷᠭᠡᠨ ᠤ᠋ ᠵᠠᠰᠠᠮᠠᠯ ᠵᠠᠮ ᠤ᠋ᠨ ᠲᠡᠷᠭᠡᠨ ᠤᠷᠤᠰᠬᠠᠯ ᠤ᠋ᠨ ᠶᠡᠷᠦᠩᠬᠡᠶ ᠬᠡᠮᠵᠢᠶ᠎ᠡ 145.49 ᠲᠦᠮᠡ ᠳ᠋ᠤ ᠬᠦᠷᠴᠤ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 9.72% ᠵᠢᠡᠷ ᠨᠡᠮᠡᠭᠳᠠᠪᠠ᠃
ᠡᠨᠡ ᠵᠢᠯ ᠤ᠋ᠨ ᠲᠠᠪᠤᠨ ᠰᠠᠷ᠎ᠠ ᠵᠢᠨ ᠰᠢᠨ᠎ᠡ ᠵᠢᠨ ᠲᠠᠪᠤᠨ ᠤ᠋ ᠠᠮᠠᠷᠠᠯᠲᠠ ᠡᠴᠡ ᠡᠮᠤᠨ᠎ᠠ ᠥᠪᠥᠷ ᠮᠣᠩᠭᠣᠯ ᠤ᠋ᠨ ᠵᠠᠮ ᠬᠠᠷᠢᠯᠴᠠᠭ᠎ᠠ ᠲᠡᠭᠡᠭᠡᠪᠦᠷᠢ ᠵᠢᠨ ᠰᠠᠯᠠᠭ᠎ᠠ ᠮᠥᠴᠢᠷ ᠤ᠋ᠨ ᠬᠢᠨ ᠵᠠᠮ ᠤ᠋ᠨ ᠲᠤᠤᠷ ᠤ᠋ᠨ ᠠᠵᠢᠯᠯᠠᠭᠠᠨ ᠤ᠋ ᠪᠠᠢᠳᠠᠯ ᠢ᠋ ᠤᠷᠢᠳᠴᠢᠯᠠᠨ ᠰᠤᠳᠤᠯᠤᠨ ᠮᠠᠭᠠᠳᠯᠠᠵᠤ᠂ ᠠᠳᠠᠯ ᠠᠮᠠᠷᠬᠠᠨ ᠡᠭᠦᠰᠳᠡᠭ ᠵᠠᠮ ᠤ᠋ᠨ ᠬᠡᠰᠡᠭ ᠢ᠋ ᠨᠢᠬᠡᠳ ᠨᠢᠬᠡ ᠪᠡᠷ ᠵᠢᠭᠰᠠᠭᠠᠨ ᠪᠠᠶ᠋ᠢᠴᠠᠭᠠᠵᠤ ᠴᠡᠭᠴᠡᠯᠡᠨ ᠵᠠᠰᠠᠵᠤ᠂ ᠪᠠᠴᠢᠮ ᠪᠠᠶ᠋ᠢᠳᠠᠯ ᠢ᠋ ᠠᠷᠭᠠᠴᠠᠭᠠᠬᠤ ᠨᠥᠭᠡᠴᠡ ᠵᠢ ᠢᠵᠢ ᠪᠦᠷᠢᠳᠦᠬᠦᠯᠬᠦ ᠵᠢᠨ ᠬᠠᠮᠳᠤ ᠦᠢᠯᠡᠴᠢᠯᠡᠭᠡᠨ ᠤ᠋ ᠲᠣᠭᠣᠷᠢᠭ ᠤ᠋ᠨ ᠪᠠᠲᠤᠯᠠᠭ᠎ᠠ ᠵᠢ ᠰᠢᠯᠢᠳᠡᠭᠵᠢᠭᠦᠯᠵᠤ᠂ ᠣᠯᠠᠨ ᠲᠦᠮᠡᠨ ᠤ᠋ ᠠᠮᠠᠷᠠᠯᠳᠠ ᠵᠢᠨ ᠬᠤᠭᠤᠴᠠᠭᠠᠨ ᠳ᠋ᠡᠬᠢ ᠠᠮᠤᠷ ᠲᠦᠪᠰᠢᠨ ᠠᠶᠠᠯᠠᠯ ᠢ᠋ ᠪᠥᠬᠥ᠌ ᠬᠦᠴᠦᠨ ᠵᠢᠡᠷ ᠵᠢᠡᠨ ᠪᠠᠲᠤᠯᠠᠪᠠ᠃ ᠠᠮᠠᠷᠠᠯᠲᠠ ᠵᠢᠨ ᠬᠤᠭᠤᠴᠠᠭᠠᠨ ᠳ᠋ᠤ᠂ 12328 ᠬᠠᠯᠠᠮᠰᠢᠯ ᠤᠲᠠᠰᠤ ᠪᠡᠷ ᠨᠡᠶ᠋ᠢᠲᠡ 3511 ᠬᠤᠪᠢ ᠲᠤᠬᠠᠶ᠋ᠢᠯᠠᠭᠰᠠᠨ ᠠᠵᠢᠯ ᠢ᠋ ᠭᠥᠯᠢᠶᠡᠨ ᠠᠪᠴᠤ᠌᠂ 3043 ᠬᠤᠪᠢ ᠵᠢ ᠳᠠᠷᠤᠶ ᠳ᠋ᠤᠨᠢ ᠰᠢᠢᠳᠪᠦᠷᠢᠯᠡᠪᠠ; ᠲᠦᠷᠭᠡᠨ ᠤ᠋ ᠵᠠᠰᠠᠮᠠᠯ ᠵᠠᠮ ᠤ᠋ᠨ ᠴᠠᠬᠢᠯᠭᠠᠨ ᠴᠡᠨᠡᠭᠯᠡᠬᠦ᠌ ᠦᠢᠯᠡᠴᠢᠯᠡᠭᠡᠨ ᠤ᠋ ᠲᠠᠯ᠎ᠠ ᠪᠠᠷ ᠪᠥᠬᠥ᠌ ᠣᠷᠣᠨ ᠳ᠋ᠤ ᠨᠡᠶ᠋ᠢᠲᠡ 1818 ᠴᠡᠨᠡᠭᠯᠡᠭᠦᠷ᠂ 8 ᠢᠵᠢ ᠰᠢᠯᠵᠢᠮᠡᠯ ᠴᠠᠬᠢᠯᠭᠠᠨ ᠴᠡᠨᠡᠭᠯᠡᠬᠦ᠌ ᠲᠥᠬᠥᠭᠡᠷᠦᠮᠵᠢ ᠲᠣᠬᠢᠷᠠᠭᠤᠯᠬᠤ ᠵᠢᠨ ᠬᠠᠮᠳᠤ ᠠᠵᠢᠯᠯᠠᠭᠤᠯᠵᠤ ᠬᠠᠮᠠᠭᠠᠯᠠᠬᠤ ᠪᠠ ᠲᠣᠭᠣᠷᠢᠨ ᠪᠠᠶ᠋ᠢᠴᠠᠭᠠᠬᠤ ᠠᠵᠢᠯᠴᠢᠨ ᠢ᠋ 1090 ᠬᠥᠮᠦᠨ ᠤᠳᠠᠭ᠎ᠠ᠂ ᠲᠤᠬᠠᠶ ᠵᠢᠨ ᠲᠠᠯᠠᠪᠠᠶ ᠵᠢᠨ ᠡᠮᠬᠢ ᠳᠢᠭᠯᠢᠮ ᠤ᠋ᠨ ᠬᠥᠲᠥᠯᠥᠨ ᠵᠢᠯᠣᠭᠣᠳᠬᠤ ᠠᠵᠢᠯᠴᠢᠨ ᠢ᠋ 980 ᠬᠥᠮᠦᠨ ᠤᠳᠠᠭ᠎ᠠ ᠲᠣᠬᠢᠷᠠᠭᠤᠯᠵᠤ᠂ 2.98 ᠲᠦᠮᠡᠨ ᠲᠡᠷᠭᠡ ᠤᠳᠠᠭ᠎ᠠ ᠳ᠋ᠤ ᠨᠡᠢᠲᠡ 60.19 ᠲᠦᠮᠡᠨ ᠭᠷᠠᠳᠦ᠋ᠰ ᠴᠠᠬᠢᠯᠭᠠᠨ ᠴᠡᠨᠡᠭᠯᠡᠵᠤ ᠦᠭᠬᠦᠨ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ ᠲᠣᠰ ᠲᠤᠰ 157.05% ᠪᠠ 154.51% ᠪᠠᠷ ᠨᠡᠮᠡᠭᠳᠡᠵᠠᠢ᠃