ᠮᠠᠨ ᠤ᠋ ᠤᠷᠤᠨ ᠳᠠᠪᠤᠨ ᠰᠠᠷ᠎ᠠ ᠶ᠋ᠢᠨ ᠰᠢᠨ᠎ᠠ ᠶ᠋ᠢᠨ ᠳᠠᠪᠤᠨ ᠤ᠋ ᠠᠮᠠᠷᠠᠯᠳᠠ ᠳ᠋ᠦ 1000 ᠲᠦᠮᠡ ᠭᠠᠷᠤᠢ ᠵᠢᠭᠤᠯᠴᠢᠯᠠᠭᠴᠢ ᠵᠢ ᠬᠦᠯᠢᠶᠡᠨ ᠠᠪᠴᠠᠢ
2026-06-23 09:45:01
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

ᠦᠪᠤᠷ ᠮᠤᠩᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ ᠡᠴᠡ ᠤᠢᠯᠠᠭᠠᠭᠰᠠᠨ ᠢ᠋ᠶ᠋ᠡᠷ᠂ ᠰᠠᠶᠢᠬᠠᠨ ᠦᠩᠬᠡᠷᠡᠭᠰᠡᠨ ᠳᠠᠪᠤᠨ ᠰᠠᠷ᠎ᠠ ᠶ᠋ᠢᠨ ᠰᠢᠨ᠎ᠠ ᠶ᠋ᠢᠨ ᠳᠠᠪᠤᠨ ᠤ᠋ ᠠᠮᠠᠷᠠᠯᠲᠠ ᠳ᠋ᠦ ᠮᠠᠨ ᠤ᠋ ᠤᠷᠤᠨ ᠤᠯᠤᠰ ᠤ᠋ᠨ ᠳᠣᠲᠣᠭᠠᠳᠤ ᠶ᠋ᠢᠨ ᠵᠢᠭᠤᠯᠴᠢᠯᠠᠭᠴᠢ ᠵᠢ 1001.88 ᠲᠦᠮᠡᠨ ᠬᠥᠮᠦᠨ ᠤᠳᠠᠭ᠎ᠠ ᠬᠦᠯᠢᠶᠡᠨ ᠠᠪᠴᠠᠢ᠃ ᠲᠤᠰ ᠠᠮᠠᠷᠠᠯᠳᠠ ᠵᠢᠨ ᠬᠤᠭᠤᠴᠠᠭᠠᠨ ᠳ᠋ᠤ ᠪᠦᠬᠦ ᠤᠷᠤᠨ ᠤ᠋ ᠡᠯ᠎ᠠ ᠭᠠᠵᠠᠷ ᠤ᠋ᠨ ᠭᠠᠷᠭᠠᠭᠰᠠᠨ ᠰᠢᠨ᠎ᠠ ᠵᠢᠭᠤᠯᠴᠢᠯᠠᠯ ᠤ᠋ᠨ ᠲᠦᠷᠦᠯ ᠵᠦᠢᠯ ᠬᠢᠭᠡᠳ ᠰᠢᠯᠢᠳᠡᠭ ᠰᠠᠢᠨ ᠦᠢᠯᠡᠴᠢᠯᠡᠬᠡ ᠨᠢ ᠬᠦᠮᠦᠰ ᠤ᠋ᠨ ᠬᠦᠷᠢᠶᠡᠯᠡᠯ ᠢ᠋ ᠤᠯᠵᠦ᠂ ᠬᠦᠯᠢᠶᠡᠨ ᠠᠪᠤᠭᠰᠠᠨ ᠬᠡᠪᠴᠢᠶ᠎ᠡ᠂ ᠬᠣᠨᠣᠭ ᠤ᠋ᠨ ᠬᠡᠷᠡᠭᠯᠡᠭᠡ ᠪᠠ ᠰᠦᠯᠵᠢᠶᠡᠨ ᠳᠡᠭᠡᠷ᠎ᠡ ᠤᠷᠢᠳᠴᠢᠯᠠᠨ ᠵᠠᠬᠢᠶᠠᠯᠠᠭᠰᠠᠨ ᠬᠡᠮᠵᠢᠶ᠎ᠠ ᠢᠯᠡᠷᠬᠡᠢ ᠨᠡᠮᠡᠭᠳᠡᠵᠦ᠂ ᠦᠪᠤᠷ ᠮᠤᠩᠭᠤᠯ ᠤ᠋ᠨ ᠠᠮᠠᠷᠠᠯᠲᠠ ᠶ᠋ᠢᠨ ᠡᠳᠦᠷ ᠤ᠋ᠨ ᠰᠤᠶᠤᠯ ᠵᠢᠭᠤᠯᠴᠢᠯᠠᠯ ᠢ᠋ ᠶᠡᠬᠡ ᠪᠡᠷ ᠬᠦᠭᠵᠢᠬᠡᠪᠡ᠃

ᠮᠧᠢ ᠲᠤᠧᠠᠨ ᠰᠦᠯᠵᠢᠶ᠎ᠡ ᠶ᠋ᠢᠨ ᠲᠣᠭ᠎ᠠ ᠪᠠᠷᠢᠮᠲᠠ ᠵᠢ ᠦᠨᠳᠦᠰᠦᠯᠡᠪᠡᠯ᠂ ᠡᠨᠡ ᠵᠢᠯ ᠤ᠋ᠨ ᠳᠠᠪᠤᠨ ᠰᠠᠷ᠎ᠠ ᠶ᠋ᠢᠨ ᠰᠢᠨ᠎ᠠ ᠶ᠋ᠢᠨ ᠳᠠᠪᠤᠨ ᠤ᠋ ᠠᠮᠠᠷᠠᠯᠲᠠ ᠳ᠋ᠦ ᠦᠪᠤᠷ ᠮᠤᠩᠭᠤᠯ ᠤ᠋ᠨ ᠬᠤᠨᠤᠭ ᠪᠠᠭᠤᠳᠠᠯ᠂ ᠠᠷᠠᠳ ᠤ᠋ᠨ ᠰᠠᠭᠤᠴᠠ ᠵᠢ ᠤᠷᠢᠳᠴᠢᠯᠠᠨ ᠵᠠᠬᠢᠶᠠᠯᠠᠭᠰᠠᠨ ᠬᠡᠮᠵᠢᠶ᠎ᠡ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 51.1% ᠢ᠋ᠶ᠋ᠡᠷ ᠨᠡᠮᠡᠭᠳᠡᠵᠦ᠂ ᠨᠡᠮᠡᠭᠳᠡᠯ ᠤ᠋ᠨ ᠨᠤᠷᠮ᠎ᠠ ᠨᠢ ᠪᠦᠬᠦ ᠤᠯᠤᠰ ᠤ᠋ᠨ ᠳᠤᠮᠳᠠᠴᠢ ᠲᠦᠪᠰᠢᠨ ᠡᠴᠡ ᠢᠯᠡᠷᠬᠡᠢ ᠳᠠᠪᠠᠪᠠ; ᠹᠧᠢ ᠵᠣ᠌ ᠰᠦᠯᠵᠢᠶᠡᠨ ᠤ᠋ ᠲᠤᠭ᠎ᠠ ᠪᠠᠷᠢᠮᠳᠠ ᠵᠢ ᠦᠨᠳᠦᠰᠦᠯᠡᠪᠡᠯ᠂ ᠬᠥᠬᠡᠬᠣᠲᠠ ᠪᠤᠯᠤᠨ ᠬᠥᠯᠥᠨ ᠪᠤᠢᠷ ᠬᠤᠳᠠ ᠪᠦᠬᠦ ᠣᠷᠣᠨ ᠤ᠋ ᠬᠣᠶᠠᠷ ᠶᠡᠬᠡ ᠬᠠᠯᠠᠮᠰᠢᠯ ᠭᠠᠵᠠᠷ ᠪᠣᠯᠵᠠᠢ᠃ ᠤᠷᠤᠨ ᠤ᠋ ᠭᠠᠳᠠᠨᠠᠬᠢ ᠵᠢᠭᠤᠯᠴᠢᠯᠠᠭᠰᠠᠳ ᠳᠤᠳᠤᠷ᠎ᠠ ᠨᠠᠨᠵᠢᠩ᠂ ᠭᠤᠸᠠᠩᠵᠧᠦ᠂ ᠱᠠᠩᠬᠠᠢ᠂ ᠬᠠᠩᠵᠧᠦ ᠶ᠋ᠢᠨ ᠵᠢᠭᠤᠯᠴᠢᠯᠠᠭᠴᠢ ᠬᠠᠮᠤᠭ ᠤ᠋ᠨ ᠤᠯᠠᠨ ᠪᠠᠢᠵᠦ᠂ ᠥᠪᠡᠷ ᠵᠢᠡᠨ ᠮᠠᠰᠢᠨ ᠪᠠᠷᠢᠵᠤ ᠵᠢᠭᠤᠯᠴᠢᠯᠠᠬᠤ᠂ ᠣᠳᠣᠳᠦ ᠣᠭᠲᠠᠷᠭᠤᠢ ᠵᠢ ᠰᠤᠨᠢᠷᠬᠠᠵᠦ ᠬᠡᠭᠡᠷ᠎ᠡ ᠪᠠᠭᠤᠳᠠᠯᠯᠠᠬᠤ᠂ ᠮᠠᠯᠴᠢᠨ ᠠᠢᠯ ᠳ᠋ᠦ ᠪᠡᠶᠡᠴᠢᠯᠡᠨ ᠣᠢᠯᠠᠭᠠᠬᠤ ᠨᠢ ᠵᠢᠭᠤᠯᠴᠢᠯᠠᠭᠰᠠᠳ ᠤ᠋ᠨ ᠬᠠᠯᠠᠮᠰᠢᠯ ᠰᠤᠩᠭᠤᠯᠳᠠ ᠪᠣᠯᠤᠭᠰᠠᠨ ᠪᠠᠢᠨ᠎ᠠ᠃

ᠡᠨᠡ ᠵᠢᠯ ᠤ᠋ᠨ ᠳᠠᠪᠤᠨ ᠰᠠᠷ᠎ᠠ ᠶ᠋ᠢᠨ ᠰᠢᠨ᠎ᠠ ᠶ᠋ᠢᠨ ᠳᠠᠪᠤᠨ ᠤ᠋ ᠠᠮᠠᠷᠠᠯᠲᠠ ᠳ᠋ᠦ ᠮᠠᠨ ᠤ᠋ ᠣᠷᠣᠨ ᠤᠯᠠᠮᠵᠢᠯᠠᠯᠲᠤ ᠪᠠᠶᠠᠷ ᠤ᠋ᠨ ᠡᠳᠦᠷ ᠤ᠋ᠨ ᠤᠳᠬ᠎ᠠ ᠠᠭᠤᠯᠬᠤᠨ ᠢ᠋ ᠭᠦᠨᠵᠡᠭᠡᠢ ᠠᠭᠤᠳᠠᠯᠤᠨ ᠢᠯᠡᠷᠡᠬᠦᠯᠵᠦ᠂ ᠲᠠᠯ᠎ᠠ ᠨᠤᠲᠤᠭ ᠤ᠋ᠨ ᠦᠨᠳᠦᠰᠦᠲᠡᠨ ᠤ᠋ ᠣᠨᠴᠠᠯᠢᠭ ᠲᠠᠢ ᠠᠭᠤᠰᠤᠯᠴᠠᠭᠤᠯᠤᠨ ᠳᠡᠰ ᠳᠠᠪᠬᠤᠷᠭ᠎ᠠ ᠬᠤᠪᠢᠶᠠᠨ ᠰᠣᠶᠣᠯ ᠵᠢᠭᠤᠯᠴᠢᠯᠠᠯ ᠤ᠋ᠨ ᠬᠡᠷᠡᠭᠴᠡᠬᠡ ᠵᠢ ᠪᠦᠳᠦᠮᠵᠢᠳᠡᠢ ᠬᠠᠩᠭᠠᠪᠠ᠃ ᠪᠤᠭᠤᠲᠤ ᠬᠤᠳᠠ᠂ ᠦᠬᠠᠢ ᠬᠤᠳᠠ ᠶ᠋ᠢᠨ ᠯᠤᠤᠲᠤ ᠣᠩᠭᠣᠴᠠ ᠶ᠋ᠢᠨ ᠤᠷᠤᠯᠳᠤᠭᠠᠨ᠂ ᠲᠦᠩᠯᠢᠶᠣᠣ ᠬᠣᠲᠠ ᠶ᠋ᠢᠨ 《ᠱᠤᠩᠬᠤᠷ ᠤ᠋ᠨ ᠴᠤᠭᠯᠠᠭᠠᠨ》 ᠪᠥᠬᠡ ᠶ᠋ᠢᠨ ᠨᠠᠢᠷ᠂ ᠬᠥᠯᠥᠨ ᠪᠤᠢᠷ ᠤ᠋ᠨ ᠣᠷᠴᠣᠨ ᠦᠨᠳᠦᠰᠦᠲᠡᠨ ᠤ᠋ ᠲᠦᠳᠡᠭ ᠭᠠᠯ ᠤ᠋ᠨ ᠨᠠᠢᠷ ᠵᠡᠷᠭᠡ ᠤᠯᠠᠮᠵᠢᠯᠠᠯᠲᠤ ᠵᠠᠩ ᠳᠠᠳᠬᠠᠯ ᠨᠢ ᠪᠣᠳᠠᠰ ᠤ᠋ᠨ ᠪᠤᠰᠤ ᠰᠣᠶᠣᠯ ᠤ᠋ᠨ ᠥᠪ ᠯᠤᠭᠡ ᠭᠦᠨᠵᠡᠭᠡᠢ ᠠᠭᠤᠰᠤᠯᠴᠠᠵᠠᠢ; ᠦᠪᠡᠷ ᠵᠢᠡᠨ ᠮᠠᠰᠢᠨ ᠪᠠᠷᠢᠵᠤ ᠵᠢᠭᠤᠯᠴᠢᠯᠠᠬᠤ ᠵᠢᠭᠤᠯᠴᠢᠯᠠᠯ ᠬᠠᠯᠠᠮᠰᠢᠯ ᠪᠤᠯᠵᠦ᠂ ᠰᠢᠯᠢ ᠶ᠋ᠢᠨ ᠭᠣᠣᠯ ᠠᠢᠮᠠᠭ ᠤ᠋ᠨ 99 ᠨᠣᠮᠧᠷᠲᠦ ᠲᠠᠯ᠎ᠠ ᠨᠤᠲᠤᠭ ᠤ᠋ᠨ ᠵᠠᠰᠠᠮᠠᠯ ᠵᠠᠮ ᠤ᠋ᠨ ᠲᠠᠪᠤᠨ ᠰᠠᠷ᠎ᠠ ᠶ᠋ᠢᠨ ᠰᠢᠨ᠎ᠡ ᠶ᠋ᠢᠨ ᠲᠠᠪᠤᠨ ᠳ᠋ᠦ ᠮᠠᠰᠢᠨ ᠪᠠᠷᠢᠵᠤ ᠵᠢᠭᠤᠯᠴᠢᠯᠠᠬᠤ ᠠᠵᠢᠯᠯᠠᠭ᠎ᠠ ᠳ᠋ᠦ 10 ᠭᠠᠷᠤᠢ ᠮᠤᠵᠢ ᠬᠤᠳᠠ ᠶ᠋ᠢᠨ ᠮᠠᠰᠢᠨ ᠲᠡᠷᠭᠡᠨ ᠤ᠋ ᠪᠠᠬᠠᠳᠠᠳ ᠤᠷᠤᠯᠴᠠᠵᠦ᠂ ᠬᠦᠢᠲᠡᠨᠰᠢᠯᠢ᠂ ᠤᠯᠠᠭᠠᠨᠪᠣᠳᠣᠩ᠂ ᠮᠥᠩᠭᠥᠨ ᠲᠤᠬᠤᠢ ᠶ᠋ᠢᠨ ᠡᠯᠡᠰᠦ ᠵᠡᠷᠭᠡ ᠦᠵᠡᠮᠵᠢ ᠶ᠋ᠢᠨ ᠣᠷᠣᠨ ᠨᠢ ᠵᠢᠭᠤᠯᠴᠢᠯᠠᠭᠰᠠᠳ ᠵᠢᠡᠷ ᠲᠦᠬᠦᠷᠴᠡᠢ᠃ ᠡᠬᠦᠨ ᠤ᠋ ᠬᠠᠮᠳᠤ ᠡᠯ᠎ᠡ ᠭᠠᠵᠠᠷ ᠤ᠋ᠨ ᠬᠢᠨ ᠳᠠᠭᠤᠤ ᠬᠥᠭᠵᠢᠮ ᠤ᠋ᠨ ᠴᠤᠭᠯᠠᠭᠠᠨ᠂ ᠡᠯᠡᠰᠦᠨ ᠳᠠᠩ ᠤ᠋ᠨ ᠤᠳᠬ᠎ᠠ ᠤᠷᠠᠯᠢᠭ ᠤ᠋ᠨ ᠠᠵᠢᠯᠯᠠᠭ᠎ᠠ᠂ ᠬᠡᠷ ᠪᠦᠯᠢ ᠪᠡᠷ ᠢ᠋ᠶ᠋ᠡᠨ ᠡᠷᠳᠡᠨᠢ ᠬᠠᠢᠬᠤ ᠵᠡᠷᠭᠡ ᠰᠢᠨ᠎ᠡ ᠤᠷᠤᠰᠬᠠᠯ ᠤ᠋ᠨ ᠠᠵᠢᠯᠯᠠᠭ᠎ᠠ ᠵᠢ ᠶᠡᠬᠡ ᠪᠡᠷ ᠳᠡᠯᠭᠡᠷᠡᠭᠦᠯᠵᠦ᠂ ᠵᠢᠭᠤᠯᠴᠢᠯᠠᠭᠰᠠᠳ ᠤ᠋ᠨ ᠬᠤᠷᠭᠤᠳᠠᠨ ᠵᠤᠭᠠᠯᠠᠬᠤ ᠴᠠᠭ ᠢ᠋ ᠤᠷᠲᠤᠳᠬᠠᠨ᠂ ᠬᠤᠨᠤᠭ ᠤ᠋ᠨ ᠵᠢᠭᠤᠯᠴᠢᠯᠠᠭᠰᠠᠳ ᠤ᠋ᠨ ᠬᠠᠷᠢᠴᠠᠯ ᠲᠣᠭᠲᠠᠭᠤᠨ ᠢ᠋ᠶ᠋ᠠᠷ ᠨᠡᠮᠡᠭᠳᠡᠪᠡ᠃

ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ ᠤ᠋ᠨ ᠬᠠᠷᠢᠭᠤᠴᠠᠯᠭᠠᠳᠠᠨ ᠤ᠋ ᠲᠠᠨᠢᠯᠴᠠᠭᠤᠯᠤᠭᠰᠠᠨ ᠢ᠋ᠶ᠋ᠠᠷ᠂ ᠡᠨᠡ ᠵᠢᠯ ᠤ᠋ᠨ ᠳᠠᠪᠤᠨ ᠰᠠᠷ᠎ᠠ ᠶ᠋ᠢᠨ ᠰᠢᠨ᠎ᠠ ᠶ᠋ᠢᠨ ᠳᠠᠪᠤᠨ ᠤ᠋ ᠠᠮᠠᠷᠠᠯᠲᠠ ᠶ᠋ᠢᠨ ᠬᠤᠭᠤᠴᠠᠭᠠᠨ ᠳ᠋ᠦ ᠦᠪᠡᠷᠳᠡᠬᠡᠨ ᠵᠠᠰᠠᠬᠤ ᠤᠷᠤᠨ ᠡᠴᠡ ᠦᠵᠡᠮᠵᠢ ᠶ᠋ᠢᠨ ᠣᠷᠣᠨ ᠤ᠋ ᠡᠮᠬᠢ ᠳᠢᠭᠯᠢᠮ ᠢ᠋ ᠬᠠᠮᠠᠭᠠᠯᠠᠬᠤ᠂ ᠵᠠᠮ ᠬᠠᠷᠢᠯᠴᠠᠭ᠎ᠠ ᠵᠢ ᠰᠢᠯᠤᠭᠤᠨ ᠪᠠᠢᠯᠭᠠᠬᠤ ᠪᠠ ᠰᠣᠶᠣᠯ ᠵᠢᠭᠤᠯᠴᠢᠯᠠᠯ ᠳ᠋ᠦ ᠠᠰᠢᠭ ᠬᠦᠷᠲᠡᠭᠡᠬᠦ ᠦᠢᠯᠡᠴᠢᠯᠡᠭᠡ ᠵᠢ ᠨᠢᠭᠡᠳᠦᠯᠲᠡᠢ ᠲᠥᠯᠥᠪᠯᠡᠵᠦ᠂ ᠲᠠᠯ᠎ᠠ ᠨᠤᠲᠤᠭ ᠤ᠋ᠨ ᠦᠵᠡᠮᠵᠢ ᠶ᠋ᠢᠨ ᠣᠷᠣᠨ ᠤ᠋ ᠢᠵᠢ ᠪᠦᠷᠢᠳᠦᠭᠰᠡᠨ ᠪᠠᠲᠤᠯᠠᠭ᠎ᠠ ᠵᠢ ᠲᠡᠭᠦᠯᠳᠡᠷᠵᠢᠭᠦᠯᠵᠠᠢ᠃ ᠪᠠᠰᠠ ᠢᠳᠡ ᠵᠤᠨ ᠤ᠋ ᠰᠠᠢᠬᠠᠨ ᠴᠠᠭ ᠢ᠋ ᠠᠮᠵᠢᠨ︽ᠲᠠᠪᠤᠨ ᠰᠠᠷ᠎ᠠ ᠶ᠋ᠢᠨ ᠰᠢᠨ᠎ᠡ ᠶ᠋ᠢᠨ ᠲᠠᠪᠤᠨ ᠤ᠋ ᠵᠠᠩ ᠦᠢᠯᠡ + ᠦᠪᠦᠷ ᠮᠤᠨᠭᠭᠤᠯ ᠤ᠋ᠨ ᠥᠩᠭᠡ ᠦᠵᠡᠮᠵᠢ︾ᠶ᠋ᠢᠨ ᠥᠪᠡᠷᠮᠢᠴᠡ ᠳᠠᠪᠠᠭᠤᠯᠢᠭ ᠢ᠋ ᠥᠷᠭᠡᠳᠬᠡᠨ᠂ ᠰᠦᠯᠵᠢᠶᠡᠨ ᠳᠡᠭᠡᠷᠡᠬᠢ ᠬᠠᠯᠠᠮᠰᠢᠯ ᠢ᠋ ᠪᠣᠳᠠᠳᠦ ᠭᠠᠵᠠᠷ ᠳᠠᠬᠢ ᠵᠢᠭᠤᠯᠴᠢᠯᠠᠭᠴᠢ ᠶ᠋ᠢᠨ ᠤᠷᠤᠰᠬᠠᠯ ᠪᠣᠯᠭᠠᠨ ᠬᠤᠪᠢᠷᠠᠭᠤᠯᠵᠤ᠂ ᠰᠣᠶᠣᠯ ᠵᠢᠭᠤᠯᠴᠢᠯᠠᠯ ᠤ᠋ᠨ ᠠᠮᠢᠵᠢᠷᠠᠯ ᠤ᠋ᠨ ᠬᠦᠴᠦᠨ ᠢ᠋ ᠬᠦᠭᠵᠢᠬᠡᠨ᠂ ᠵᠤᠨ ᠤ᠋ ᠤᠯᠠᠷᠢᠯ ᠤ᠋ᠨ ᠪᠦᠬᠦ ᠣᠷᠣᠨ ᠪᠦᠰᠡ ᠶ᠋ᠢᠨ ᠵᠢᠭᠤᠯᠴᠢᠯᠠᠯ ᠤ᠋ᠨ ᠦᠢᠯᠡᠰ ᠤ᠋ᠨ ᠬᠦᠭᠵᠢᠯᠳᠡ ᠵᠢ ᠪᠦᠳᠦᠮᠵᠢᠳᠠᠢ ᠲᠠᠢᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号