ᠥᠪᠥᠷ ᠮᠣᠩᠭᠣᠯ ᠤ᠋ᠨ ᠮᠦᠽᠧᠢ 5 ᠲᠦᠮᠡ ᠭᠠᠷᠤᠢ ᠵᠢᠭᠤᠯᠴᠢᠯᠠᠭᠴᠢ ᠵᠢ ᠬᠦᠯᠢᠶᠡᠨ ᠠᠪᠴᠠᠢ
2026-06-23 09:48:36
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

ᠡᠨᠡ ᠵᠢᠯ ᠤ᠋ᠨ ᠲᠠᠪᠤᠨ ᠰᠠᠷ᠎ᠠ ᠶ᠋ᠢᠨ ᠰᠢᠨ᠎ᠠ ᠵᠢᠨ ᠲᠠᠪᠤᠨ ᠤ᠋ ᠠᠮᠠᠷᠠᠯᠲᠠ ᠵᠢᠨ 3 ᠡᠳᠤᠷ ᠲᠦ᠍ ᠥᠪᠥᠷ ᠮᠣᠩᠭᠣᠯ ᠤ᠋ᠨ ᠮᠦᠽᠧᠢ 52548 ᠬᠥᠮᠦᠨ ᠤᠳᠠᠭ᠎ᠠ ᠶ᠋ᠢᠨ ᠵᠢᠭᠤᠯᠴᠢᠯᠠᠭᠴᠢ ᠵᠢ ᠬᠦᠯᠢᠶᠡᠨ ᠠᠪᠴᠤ᠂ ᠡᠳᠦᠷ ᠪᠦᠷᠢ ᠳᠤᠮᠳᠠᠴᠢ ᠪᠠᠷ 17516 ᠬᠥᠮᠦᠨ ᠲᠤᠭᠤᠷᠢᠨ ᠦᠵᠡᠵᠦ᠂ ᠦᠪᠦᠷ ᠮᠤᠨᠭᠭᠤᠯ ᠤ᠋ᠨ ᠰᠤᠶᠤᠯ ᠵᠢᠭᠤᠯᠴᠢᠯᠠᠯ ᠤ᠋ᠨ ᠭᠤᠤᠯ ᠵᠤᠷᠢᠯᠳᠠᠳᠦ ᠤᠷᠤᠨ ᠤ᠋ ᠨᠢᠭᠡ ᠪᠤᠯᠵᠠᠢ᠃

ᠲᠠᠪᠤᠨ ᠰᠠᠷ᠎ᠠ ᠶ᠋ᠢᠨ ᠰᠢᠨ᠎ᠠ  ᠵᠢᠨ ᠲᠠᠪᠤᠨ ᠤ᠋ ᠠᠮᠠᠷᠠᠯᠲᠠ ᠪᠡᠷ ᠥᠪᠥᠷ ᠮᠣᠩᠭᠣᠯ ᠤ᠋ᠨ ᠮᠦᠽᠧᠢ ᠳ᠋ᠤ ᠤᠷᠤᠭᠰᠠᠨ ᠬᠦᠮᠦᠰ ᠤ᠋ᠨ ᠲᠤᠳᠤᠷ᠎ᠠ ᠭᠠᠳᠠᠨ᠎ᠠ ᠣᠷᠣᠨ ᠡᠴᠡ ᠢᠷᠡᠭᠰᠡᠨ ᠵᠢᠭᠤᠯᠴᠢᠯᠠᠭᠴᠢ ᠭᠣᠣᠯ ᠪᠣᠯᠵᠦ᠂ 60.38% ᠶ᠋ᠢ ᠡᠵᠡᠯᠡᠨ᠂ ᠱᠠᠨ ᠱ᠋ᠢ᠂ ᠾᠧᠪᠧᠢ᠂ ᠪᠡᠭᠡᠵᠢᠩ ᠵᠡᠷᠭᠡ ᠭᠠᠵᠠᠷ ᠤ᠋ᠨ ᠵᠢᠭᠤᠯᠴᠢᠯᠠᠭᠰᠠᠳ ᠣᠯᠠᠨ ᠲᠤᠭ᠎ᠠ ᠵᠢ ᠡᠵᠡᠯᠡᠨ᠂ ᠰᠢᠶᠠᠩᠭᠠᠩ ᠣᠣᠮᠧᠨ ᠲᠠᠢᠸᠠᠨ ᠵᠢᠴᠢ ᠭᠠᠳᠠᠭᠠᠳᠦ ᠤᠯᠤᠰ ᠤ᠋ᠨ ᠵᠢᠭᠤᠯᠴᠢᠯᠠᠭᠰᠠᠳ ᠵᠤᠬᠢᠬᠤ ᠬᠡᠮᠵᠢᠶ᠎ᠠ ᠵᠢ ᠡᠵᠡᠯᠡᠵᠡᠢ᠃ ᠲᠤᠭᠤᠷᠢᠨ ᠦᠵᠡᠭᠴᠢᠳ ᠰᠦᠯᠵᠢᠶᠡᠨ ᠳᠡᠭᠡᠷ᠎ᠡ ᠤᠷᠢᠳᠴᠢᠯᠠᠨ ᠪᠣᠯᠵᠣᠵᠤ ᠪᠠᠢᠬᠤ ᠨᠢ ᠤᠯᠠᠮ ᠤᠯᠠᠰᠢᠷᠡᠵᠦ᠂ 93.24% ᠵᠢᠨ ᠵᠢᠭᠤᠯᠴᠢᠯᠠᠭᠰᠠᠳ︽ᠰᠦᠯᠵᠢᠶᠡᠨ ᠵᠢᠭᠤᠯᠴᠢᠯᠠᠯ ᠥᠪᠥᠷ ᠮᠣᠩᠭᠣᠯ ᠤ᠋ᠨ ᠮᠦᠽᠧᠢ︾ᠵᠢᠵᠢᠭ ᠫᠷᠤᠭ᠌ᠷᠠᠮ ᠢ᠋ᠶ᠋ᠠᠷ ᠤᠷᠢᠳᠴᠢᠯᠠᠨ ᠪᠣᠯᠵᠣᠭᠰᠠᠨ ᠪᠠᠢᠨ᠎ᠠ᠃ ᠡᠨᠡ ᠬᠦ᠌ ᠬᠤᠭᠤᠴᠠᠭᠠᠨ ᠳ᠋ᠤ ᠰᠦᠯᠵᠢᠶᠡᠨ ᠳᠡᠭᠡᠷᠡᠬᠢ ᠰᠣᠶᠣᠯ ᠤ᠋ᠨ ᠦᠵᠡᠰᠬᠦᠯᠡᠩ ᠮᠠᠰᠢ ᠬᠥᠭᠵᠢᠶᠡᠨ ᠲᠡᠢ ᠶᠠᠪᠤᠭᠳᠠᠵᠤ᠂ ᠠᠮᠠᠷᠠᠯᠳᠠ ᠵᠢᠨ 3 ᠡᠳᠦᠷ ᠲᠦ᠍ ᠰᠦᠯᠵᠢᠶᠡᠨ ᠲᠠᠬᠡᠷ᠎ᠠ ᠥᠪᠥᠷ ᠮᠣᠩᠭᠣᠯ ᠤ᠋ᠨ ᠮᠦᠽᠧᠢ ᠪᠡᠷ ᠲᠤᠭᠤᠷᠢᠭᠰᠠᠳ 5.36 ᠲᠦᠮᠡᠨ ᠬᠥᠮᠦᠨ ᠤᠳᠠᠭ᠎ᠠ ᠳ᠋ᠦ ᠬᠦᠷᠴᠦ᠂ ᠰᠦᠯᠵᠢᠶᠡᠨ ᠳᠡᠭᠡᠷᠡᠬᠢ ᠦᠵᠡᠬᠦᠯᠬᠡ ᠨᠢ ᠮᠦᠽᠧᠢ ᠶ᠋ᠢᠨ ᠨᠡᠷ᠎ᠠ ᠨᠦᠯᠦᠬᠡ ᠪᠠ ᠳᠠᠮᠵᠢᠭᠤᠯᠭ᠎ᠠ᠎ᠶ᠋ᠢ ᠤᠯᠠᠮ ᠥᠷᠭᠡᠳᠬᠡᠵᠡᠢ᠃

ᠦᠵᠡᠭᠦᠯᠭᠡ ᠦᠵᠡᠰᠬᠦᠯᠡᠩ ᠤ᠋ᠨ ᠲᠠᠯ᠎ᠠ ᠪᠡᠷ᠂ ᠥᠪᠥᠷ ᠮᠣᠩᠭᠣᠯ ᠤ᠋ᠨ ᠮᠦᠽᠧᠢ ᠵᠢ︽ᠠᠭᠤᠰᠤᠯᠴᠠᠨ ᠪᠡᠬᠢᠵᠢᠭᠰᠡᠨ ᠤᠮᠠᠷᠠᠲᠤ ᠬᠢᠯᠢ ︱ ᠥᠪᠥᠷ ᠮᠣᠩᠭᠣᠯ ᠤ᠋ᠨ ᠡᠷᠲᠡᠨ ᠤ᠋ ᠲᠡᠦᠬᠡ ᠶ᠋ᠢᠨ ᠦᠵᠡᠰᠬᠦᠯᠡᠩ︾ᠢ᠋ ᠬᠠᠮᠤᠭ ᠡᠴᠡ ᠤᠯᠠᠨ ᠬᠦᠮᠦᠨ ᠰᠤᠨᠢᠷᠬᠠᠵᠦ᠂︽ᠪᠠᠯᠠᠷ ᠡᠷᠲᠡᠨ ᠤ᠋ ᠶᠢᠷᠲᠢᠨᠴᠦ︾ᠦᠵᠡᠬᠦᠯᠬᠡ ᠨᠢ ᠬᠡᠷ ᠪᠦᠯᠢ ᠵᠢᠨ ᠵᠢᠭᠤᠯᠴᠢᠯᠠᠯ ᠳ᠋ᠤ ᠬᠠᠮᠤᠭ ᠳᠠᠭᠠᠯᠠᠭᠳᠠᠵᠠᠢ᠃ ᠲᠦᠷ ᠴᠠᠭ ᠤ᠋ᠨ 3 ᠶᠡᠬᠡ ᠦᠵᠡᠰᠬᠦᠯᠡᠩ ᠨᠢ ᠲᠤᠰ ᠲᠤᠰ ᠤ᠋ᠨ ᠣᠨᠴᠠᠯᠢᠭ ᠲᠠᠢ ᠪᠠᠢᠵᠤ᠂ ᠲᠤᠮᠳᠠᠳᠦ ᠤᠯᠤᠰ ᠤ᠋ᠨ ᠲᠡᠥᠬᠡᠨ ᠳ᠋ᠡᠬᠢ ᠡᠯ᠎ᠡ ᠦᠶ᠎ᠡ ᠶ᠋ᠢᠨ ᠠᠯᠲᠠ ᠬᠠᠰ ᠡᠳ᠋ᠯᠡᠯ᠂ ᠪᠠᠷᠠᠭᠤᠨ ᠬᠢᠵᠠᠭᠠᠷ ᠣᠷᠣᠨ ᠤ᠋ ᠲᠡᠦᠬᠡ ᠶ᠋ᠢᠨ ᠬᠣᠪᠣᠷ ᠡᠷᠳᠡᠨᠢ᠂ ᠣᠢᠷ᠎ᠠ ᠦᠶ᠎ᠡ ᠶ᠋ᠢᠨ ᠳᠤᠮᠳᠠᠳᠤ ᠭᠠᠳᠠᠭᠠᠳᠤ ᠶ᠋ᠢᠨ ᠤᠷᠠᠯᠢᠭ ᠤ᠋ᠨ ᠬᠣᠪᠣᠷ ᠡᠷᠳᠡᠨᠢ ᠶ᠋ᠢ ᠳᠡᠯᠭᠡᠨ ᠦᠵᠡᠭᠦᠯᠵᠦ᠂ ᠦᠨᠢᠷ ᠪᠠᠶᠠᠯᠢᠭ ᠲᠤᠮᠳᠠᠳᠦ ᠤᠯᠤᠰ ᠤ᠋ᠨ ᠭᠠᠢᠬᠠᠮᠰᠢᠭ ᠢ᠋ ᠬᠠᠷᠠᠭᠤᠯᠵᠠᠢ᠃ ᠢᠯᠠᠩᠭᠤᠶ᠎ᠠ ᠲᠣᠭᠠᠴᠢᠯᠠᠭᠰᠠᠨ ᠦᠢᠯᠡᠳᠦᠯᠴᠡᠯ ᠣᠢᠯᠠᠭᠠᠯᠲᠠ ᠶ᠋ᠢᠨ ᠲᠥᠷᠥᠯ ᠵᠦᠢᠯ ᠨᠢ ᠵᠠᠯᠠᠭᠤᠴᠤᠳ ᠪᠣᠯᠤᠨ ᠬᠡᠷ ᠪᠦᠯᠢ ᠪᠡᠷ ᠵᠢᠡᠨ ᠵᠢᠭᠤᠯᠴᠢᠯᠠᠬᠤ ᠬᠦᠮᠦᠰ ᠤ᠋ᠨ ᠪᠠᠬ᠎ᠠ ᠵᠢ ᠳᠠᠳᠠᠵᠦ᠂ ᠲᠡᠥᠬᠡ ᠬᠢᠭᠡᠳ ᠰᠤᠶᠤᠯ ᠢ᠋ ᠬᠦᠨᠵᠡᠬᠡᠢ ᠪᠡᠶᠡᠴᠢᠯᠡᠨ ᠤᠢᠯᠠᠭᠠᠬᠤ ᠲᠤᠮᠳᠠ ᠰᠤᠶᠤᠯ ᠤ᠋ᠨ ᠦᠵᠡᠰᠬᠦᠯᠡᠩ ᠤ᠋ᠨ ᠰᠤᠳᠤᠨ ᠰᠠᠢᠬᠠᠨ ᠢ᠋ ᠠᠮᠳᠠᠷᠬᠠᠪᠠ᠃ ᠡᠨᠡ ᠨᠢ ᠲᠦᠷᠪᠡᠨ ᠵᠦᠭ ᠨᠠᠢ᠍ᠮᠠᠨ ᠵᠤᠪᠬᠢᠰ ᠤ᠋ᠨ ᠵᠢᠭᠤᠯᠴᠢᠯᠠᠭᠰᠠᠳ ᠦᠪᠦᠷ ᠮᠤᠨᠭᠭᠤᠯ ᠤ᠋ᠨ᠎ᠲᠡᠦᠬᠡ ᠰᠣᠶᠣᠯ ᠳ᠋ᠦ ᠳᠤᠷ᠎ᠠ ᠰᠣᠨᠢᠷᠬᠠᠯ ᠲᠠᠢ ᠪᠠᠢᠬᠤ ᠶ᠋ᠢ ᠬᠠᠷᠠᠭᠤᠯᠵᠦ᠂ ᠮᠦᠽᠧᠢ ᠨᠢ ᠨᠢᠭᠡᠨᠲᠡ ᠪᠦᠬᠦ ᠠᠷᠠᠳ ᠤ᠋ᠨ ᠵᠤᠭ᠎ᠠ ᠰᠡᠯᠡᠭᠦᠴᠡᠯ ᠰᠣᠶᠣᠯ ᠵᠢᠭᠤᠯᠴᠢᠯᠠᠯ ᠤ᠋ᠨ ᠭᠤᠤᠯ ᠲᠠᠯᠠᠪᠤᠷ ᠪᠣᠯᠤᠭᠰᠠᠨ ᠢ᠋ ᠬᠠᠷᠠᠭᠤᠯᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号