ᠦᠪᠤᠷ ᠮᠤᠩᠭᠤᠯ ᠵᠣᠨ ᠤ᠋ ᠠᠮᠠᠷᠠᠯᠳᠠ ᠵᠢᠨ ᠵᠢᠭᠤᠯᠴᠢᠯᠠᠯ ᠤ᠋ᠨ ᠠᠮᠤᠷ ᠲᠦᠪᠱᠢᠨ ᠤ᠋ ᠰᠠᠨᠠᠭᠤᠯᠤᠮᠵᠢ ᠵᠢ ᠨᠡᠢᠳᠡᠯᠡᠪᠡ
2026-06-23 10:25:20
ᠵᠣᠬᠢᠶᠠᠭ᠍ᠴᠢ᠄
​ᠬᠦᠭᠵᠢᠯᠳᠦ
ᠣᠩᠱᠢᠭ᠍ᠰᠠᠨ ᠣᠳᠠᠭ᠎ᠠ᠄
★★★☆☆

 ᠵᠤᠨ ᠤ᠋ ᠠᠮᠠᠷᠠᠯᠳᠠ ᠵᠢᠨ ᠬᠤᠭᠤᠴᠠᠭ᠎ᠠ ᠤᠢᠷᠠᠳᠤᠯ᠎ᠠ᠃ ᠡᠬᠦᠨ ᠳ᠋ᠤ ᠦᠪᠤᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠩᠬᠢᠮ ᠵᠣᠨ ᠤ᠋ ᠠᠮᠠᠷᠠᠯᠳᠠ ᠵᠢᠨ ᠵᠢᠭᠤᠯᠴᠢᠯᠠᠯ ᠤ᠋ᠨ ᠠᠮᠤᠷ ᠲᠦᠪᠱᠢᠨ ᠤ᠋ ᠰᠠᠨᠠᠭᠤᠯᠤᠮᠵᠢ ᠵᠢ ᠤᠷᠢᠳᠴᠢᠯᠠᠨ ᠨᠡᠢᠲᠡᠯᠡᠵᠦ᠂ ᠵᠢᠭᠤᠯᠴᠢᠯᠠᠭᠰᠠᠳ ᠲᠦ᠍ ᠠᠮᠤᠷ ᠲᠦᠪᠰᠢᠨ ᠳᠠᠭᠠᠯᠠᠮᠵᠢᠳᠠᠢ ᠤᠷᠴᠢᠨ ᠨᠦᠬᠦᠴᠡᠯ ᠢ᠋ ᠪᠦᠷᠢᠳᠦᠬᠦᠯᠬᠦ ᠳ᠋ᠦ ᠪᠠᠳᠤᠯᠠᠭ᠎ᠠ ᠬᠠᠩᠭᠠᠬᠤ ᠵᠢ ᠵᠤᠷᠢᠪᠠ᠃

ᠦᠪᠡᠷᠳᠡᠭᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠩᠬᠢᠮ ᠡᠴᠡ ᠵᠢᠭᠤᠯᠴᠢᠯᠠᠭᠰᠠᠳ ᠴᠠᠭ ᠠᠭᠤᠷ ᠤ᠋ᠨ ᠤᠷᠢᠳᠴᠢᠯᠠᠭᠰᠠᠨ ᠮᠡᠳᠡᠭᠡ ᠵᠢ ᠨᠢᠭ᠍ᠲᠠ ᠠᠩᠬᠠᠷᠴᠤ᠌᠂ ᠠᠶᠠᠯᠠᠯ ᠢ᠋ᠶ᠋ᠠᠨ ᠱᠢᠨᠵᠢᠯᠡᠬᠦ᠌ ᠤᠬᠠᠭᠠᠨᠴᠢ ᠪᠠᠷ ᠲᠥᠯᠥᠪᠵᠢᠭᠦᠯᠦᠨ᠂ ᠵᠣᠷᠢᠭ᠍ᠰᠠᠨ ᠭᠠᠵᠠᠷ ᠵᠢᠴᠢ ᠵᠠᠮ ᠳᠠᠭᠠᠤ ᠭᠠᠵᠠᠷ ᠤ᠋ᠨ ᠴᠠᠭ ᠠᠭᠤᠷ ᠤ᠋ᠨ ᠤᠷᠢᠳᠴᠢᠯᠠᠭᠰᠠᠨ ᠮᠡᠳᠡᠭᠡ ᠪᠠ ᠴᠠᠭ ᠠᠭᠤᠷ ᠤ᠋ᠨ ᠭᠠᠮᠱᠢᠭ ᠤ᠋ᠨ ᠰᠡᠷᠡᠮᠵᠢᠯᠡᠭᠦᠯᠦᠯ ᠢ᠋ ᠨᠢᠭ᠍ᠲᠠ ᠠᠩᠬᠠᠷᠴᠤ᠌᠂ ᠨᠡᠭᠡᠭᠡᠯᠲᠡ ᠬᠢᠭᠡᠳᠦᠶ ᠭᠠᠵᠠᠷ ᠲᠦ᠍ ᠬᠦᠷᠴᠦ ᠵᠢᠭᠤᠯᠴᠢᠯᠠᠬᠤ ᠦᠬᠡᠢ᠂ ᠠᠭᠤᠯᠠᠨ ᠦᠶᠡᠷ ᠢ᠋ ᠰᠡᠷᠭᠡᠢᠯᠡᠨ᠂ ᠭᠤᠤᠯ ᠤ᠋ᠨ ᠬᠥᠨᠳᠡᠶ᠂ ᠦᠶᠡᠷ ᠵᠠᠯᠠᠬᠤ ᠵᠠᠮ᠂ ᠭᠤᠤ ᠰᠤᠪᠠᠭ ᠪᠠ ᠬᠣᠲᠣᠭᠣᠷ ᠭᠠᠵᠠᠷ ᠲᠦ᠍ ᠬᠣᠨᠣᠭ᠍ᠯᠠᠬᠤ ᠵᠢ ᠴᠢᠩᠭ᠎ᠠ ᠴᠠᠭᠠᠵᠠᠯᠠᠬᠤ ᠬᠡᠷᠡᠭᠳᠠᠢ; ᠥᠪᠡᠷ ᠵᠢᠡᠨ ᠮᠠᠰᠢᠨ ᠪᠠᠷᠢᠵᠤ ᠵᠢᠭᠤᠯᠴᠢᠯᠠᠬᠤ ᠡᠴᠡ ᠪᠠᠨ ᠡᠮᠦᠨ᠎ᠡ ᠡᠷᠬᠡᠪᠰᠢ ᠲᠡᠷᠭᠡ ᠪᠠᠨ ᠰᠠᠢᠨ ᠪᠠᠢᠴᠠᠭᠠᠵᠦ᠂ ᠬᠡᠳᠦ ᠶᠠᠳᠠᠷᠠᠭ᠎ᠠ ᠲᠠᠢ ᠪᠡᠷ ᠲᠡᠷᠭᠡ ᠵᠢᠯᠣᠭᠣᠳᠭᠤ ᠪᠠ ᠠᠷᠢᠬᠢ ᠤᠤᠭᠤᠭᠠᠳ ᠲᠡᠷᠭᠡ ᠵᠢᠯᠣᠭᠣᠳᠭᠤ ᠵᠢ ᠴᠡᠭᠡᠷᠯᠡᠬᠦ ᠬᠡᠷᠡᠭᠳᠠᠢ; ᠨᠡᠢᠲᠡ ᠶ᠋ᠢᠨ ᠮᠠᠰᠢᠨ ᠳ᠋ᠦ ᠰᠠᠭᠤᠬᠤ ᠳ᠋ᠠᠭᠠᠨ ᠠᠮᠤᠷ ᠲᠦᠪᠰᠢᠨ ᠤ᠋ ᠪᠦᠰᠡ ᠪᠠᠨ ᠪᠦᠰᠡᠯᠡᠨ᠂ ᠦᠨᠡᠮᠯᠡᠯ ᠦᠬᠡᠢ ᠲᠡᠷᠭᠡ ᠬᠦᠰᠬᠡ ᠳ᠋ᠦ ᠰᠠᠭᠤᠬᠤ ᠦᠬᠡᠢ᠂ ᠳᠠᠭᠠᠭᠠᠴᠠ ᠡᠴᠡ ᠬᠡᠲᠦᠷᠡᠭᠦᠯᠦᠭᠰᠡᠨ ᠲᠡᠷᠭᠡ ᠬᠥᠰᠭᠡ ᠳ᠋ᠦ ᠰᠠᠭᠤᠬᠤ ᠥᠬᠡᠶ; ᠣᠩᠭᠣᠴᠠ ᠰᠡᠯᠢᠬᠦ᠌᠂ ᠲᠦᠷᠭᠡᠨ ᠵᠠᠪᠢ᠂ ᠠᠷᠠᠰᠤᠨ ᠵᠠᠪᠢ ᠵᠡᠷᠭᠡ ᠤᠰᠤᠨ ᠳᠡᠭᠡᠷᠡᠬᠢ ᠵᠢᠭᠤᠯᠴᠢᠯᠠᠯ ᠤ᠋ᠨ ᠲᠥᠷᠥᠯ ᠵᠦᠢᠯ ᠳ᠋ᠦ ᠣᠷᠣᠯᠴᠠᠬᠤ ᠳ᠋ᠠᠭᠠᠨ ᠡᠷᠬᠡᠪᠰᠢ ᠦᠨᠡᠮᠯᠡᠯ ᠨᠢ ᠪᠦᠷᠢᠨ ᠭᠦᠢᠴᠡᠳ ᠦᠢᠯᠡᠴᠢᠯᠡᠬᠡᠨ ᠤ᠋ ᠭᠠᠵᠠᠷ ᠢ᠋ ᠰᠣᠩᠭᠣᠵᠤ᠂ ᠲᠣᠭ᠍ᠲᠠᠭᠠᠯ ᠶᠣᠰᠣᠭᠠᠷ ᠠᠪᠤᠷᠠᠯᠳᠠ ᠶ᠋ᠢᠨ ᠬᠤᠪᠴᠠᠰᠤ ᠡᠮᠦᠰᠤᠨ᠂ ᠲᠤᠰᠭᠠᠶ ᠮᠡᠷᠭᠡᠵᠢᠯ ᠤ᠋ᠨ ᠠᠵᠢᠯᠲᠠᠨ ᠤ᠋ ᠵᠢᠯᠣᠭᠣᠳᠣᠯᠭ᠎ᠠ ᠵᠢ ᠳᠠᠭᠠᠬᠤ ᠬᠡᠷᠡᠭᠳᠠᠢ; ᠨᠠᠷᠠᠱᠢᠬᠤ ᠵᠢ ᠰᠡᠷᠭᠡᠢᠯᠡᠬᠦ ᠪᠡᠯᠡᠳᠬᠡᠯ ᠢ᠋ᠶ᠋ᠡᠨ ᠰᠠᠢᠳᠤᠷ ᠬᠢᠵᠦ᠂ ᠤᠰᠤ ᠬᠦᠢᠴᠡᠳ ᠤᠤᠭᠤᠵᠦ᠂ ᠶᠡᠬᠡ ᠬᠠᠯᠠᠭᠤᠨ ᠦᠶ᠎ᠡ ᠳ᠋ᠦ ᠵᠣᠬᠢᠰᠲᠠᠶ ᠠᠮᠠᠷᠠᠨ᠂ ᠪᠦᠷᠢᠨ ᠬᠦᠢᠴᠡᠳ ᠦᠨᠡᠮᠯᠡᠯ ᠪᠤᠯᠤᠨ ᠬᠢᠷᠢ ᠬᠡᠮ ᠲᠡᠶ ᠢᠳᠡᠭᠡᠨ ᠤᠮᠳᠠᠭᠠᠨ ᠤ᠋ ᠭᠠᠵᠠᠷ ᠢ᠋ ᠰᠣᠩᠭᠣᠨ ᠬᠣᠭᠣᠯᠠ ᠢᠳᠡᠵᠦ᠂ ᠢᠳᠡᠭᠡᠨ ᠤᠮᠳᠠᠭᠠᠨ ᠤ᠋ ᠠᠷᠢᠭᠤᠨ ᠴᠡᠪᠡᠷ ᠢ᠋ ᠠᠩᠬᠠᠷᠬᠤ ᠬᠡᠷᠡᠭᠳᠠᠢ; ᠤᠬᠠᠭᠠᠨᠯᠢᠭ ᠢ᠋ᠶ᠋ᠡᠷ ᠬᠡᠷᠡᠭ᠌ᠯᠡᠭᠡ ᠬᠢᠵᠦ᠍᠂ ᠵᠢᠷᠤᠮᠵᠢᠭ᠍ᠰᠠᠨ ᠵᠢᠭᠤᠯᠴᠢᠯᠠᠯ ᠤ᠋ᠨ ᠭᠡᠷ᠎ᠡ ᠲᠣᠭ᠍ᠲᠠᠨ᠂ ᠬᠤᠳᠠᠯ ᠬᠠᠭᠤᠷᠮᠠᠭ ᠤᠬᠠᠭᠤᠯᠭ᠎ᠠ ᠳ᠋ᠦ ᠮᠡᠬᠡᠯᠡᠭᠳᠡᠬᠦ ᠡᠴᠡ ᠰᠡᠷᠬᠡᠢᠯᠡᠬᠦ ᠬᠡᠷᠡᠭᠳᠠᠢ; ᠦᠵᠡᠮᠵᠢ ᠶ᠋ᠢᠨ ᠣᠷᠣᠨ ᠡᠴᠡ ᠪᠠᠷᠠᠭ᠎ᠠ ᠬᠤᠳᠠᠯᠳᠤᠨ ᠠᠪᠬᠤ ᠳ᠋ᠤ ᠪᠣᠯᠭᠣᠮᠵᠢᠲᠠᠶ ᠪᠠᠢᠵᠤ᠂ ᠰᠤᠯᠠ ᠪᠣᠭᠣᠳᠠᠯ ᠲᠠᠶ ᠣᠨᠴᠠ ᠭᠠᠷᠤᠯᠲᠠ ᠨᠡᠯᠢᠶᠡᠳ ᠦᠨᠡᠲᠡᠶ ᠮᠥᠷᠲᠡᠭᠡᠨ ᠢᠳᠡᠭᠡᠨ ᠤ᠋ ᠠᠮᠤᠷ ᠲᠦᠪᠱᠢᠨ ᠤ᠋ ᠪᠠᠲᠤᠯᠠᠭ᠎ᠠ ᠠᠨᠠᠢ ᠪᠣᠯᠬᠣᠷ ᠬᠣᠲᠠ ᠲᠣᠭᠣᠷᠢᠭ ᠤ᠋ᠨ ᠵᠢᠩᠬᠢᠨᠢ ᠳᠡᠯᠭᠡᠭᠦᠷ ᠡᠴᠡ ᠬᠤᠳᠠᠯᠳᠤᠨ ᠠᠪᠤᠪᠠᠯ ᠰᠠᠢᠨ; ᠠᠶᠤᠯ ᠭᠠᠷᠪᠠᠯ ᠲᠣᠭ᠍ᠲᠠᠭᠤᠨ ᠪᠠᠢᠵᠤ᠂ ᠲᠡᠷᠡ ᠳᠠᠷᠤᠢ ᠳ᠋ᠤᠨᠢ 110᠂ 119 ᠪᠤᠶᠤ 120 ᠳ᠋ᠦ ᠤᠲᠠᠰᠤᠳᠠᠵᠤ ᠲᠤᠰᠠᠯᠠᠮᠵᠢ ᠭᠤᠶᠤᠴᠢᠯᠠᠬᠤ ᠬᠡᠷᠡᠭᠳᠠᠢ ᠬᠡᠵᠤ ᠰᠠᠨᠠᠭᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号